ᠰᠢ ᠶᠢᠨ ᠫᠢᠩ ᠶᠡᠷᠦᠩᠬᠡᠢ ᠱᠦᠵᠢ ᠶᠢᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ | ᠪᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠦ᠂ ᠠᠷᠠᠳ | ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠦᠨᠡᠨᠬᠦ ᠬᠠᠮᠠᠭᠠᠯᠠᠬᠤ ᠶᠢᠨ ᠲᠥᠯᠥᠭᠡ᠂ | ᠣᠶᠢᠷ᠎ᠠ ᠳᠤ᠂ ᠵᠢᠨᠢᠩ ᠲᠣᠭᠤᠷᠢᠭ ᠤᠨ ᠴᠡᠴᠡᠷᠯᠢᠭ ᠣᠷᠴᠢᠨ ᠲᠣᠭᠤᠷᠢᠨ ᠤ ᠠᠷᠢᠭᠤᠨ ᠴᠡᠪᠡᠷ ᠤᠨ ᠦᠢᠯᠡᠴᠢᠯᠡᠭᠡᠨ ᠤ | ᠲᠥᠪ ᠨᠢ ᠬᠤᠲᠠ ᠲᠣᠭᠤᠷᠢᠭ ᠤᠨ ᠡᠯ᠎ᠡ ᠴᠡᠴᠡᠷᠯᠢᠭ ᠠᠭᠤᠳᠠᠮ ᠲᠠᠯᠠᠪᠠᠢ ᠶᠢ ᠲᠣᠭᠤᠷᠢᠨ ᠪᠠᠶᠢᠴᠠᠭᠠᠬᠤ ᠪᠠᠨ | ᠴᠢᠩᠭᠠᠳᠬᠠᠵᠤ᠂ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠨ᠂ ᠡᠯ᠎ᠡ ᠲᠥᠷᠥᠯ ᠤᠨ ᠳᠠᠯᠳᠠ | ᠭᠡᠮ ᠢ ᠠᠷᠢᠯᠭᠠᠵᠤ᠂ ᠡᠪᠦᠯ ᠤᠨ ᠤᠯᠠᠷᠢᠯ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ | ᠴᠣᠭᠴᠠᠯᠠᠪᠠ᠃ | ᠲᠣᠰ ᠤᠳᠠᠭᠠᠨ ᠤ ᠠᠮᠤᠷ ᠲᠦᠪᠰᠢᠨ ᠤ ᠪᠠᠶᠢᠴᠠᠭᠠᠯᠲᠠ ᠳᠤ ︽ᠪᠦᠬᠦᠨ ᠢ ᠬᠠᠮᠤᠷᠴᠤ ᠥᠨᠴᠥᠭ ᠪᠤᠯᠤᠩ | ᠥᠯᠡᠳᠡᠭᠡᠬᠦ ᠥᠬᠡᠶ᠂ ᠳᠠᠯᠳᠠ ᠬᠡᠮ ᠢ ᠥᠴᠦᠬᠡᠨ ᠴᠦ ᠠᠭᠤᠴᠢᠯᠠᠬᠤ ᠥᠬᠡᠶ ᠪᠠᠶᠢᠬᠤ︾ ᠵᠠᠷᠴᠢᠮ ᠶᠣᠰᠣᠭᠠᠷ᠂ | ᠤᠷᠭᠤᠮᠠᠯ ᠤᠨ ᠬᠦᠷᠢᠶᠡᠯᠡᠩ᠂ ᠪᠠᠶ ᠬᠠᠶ ᠽᠢ ᠨᠤᠭᠤ ᠭᠠᠵᠠᠷ ᠤᠨ ᠴᠡᠴᠡᠷᠯᠢᠭ ᠵᠡᠷᠭᠡ ᠴᠡᠴᠡᠷᠯᠢᠭ ᠤᠨ ᠲᠠᠯᠠᠪᠠᠶ ᠶᠢᠨ | ᠴᠠᠬᠢᠯᠭᠠᠨ ᠬᠡᠷᠡᠭᠯᠡᠬᠦ᠂ ᠤᠰᠤ ᠬᠡᠷᠡᠭᠯᠡᠬᠦ ᠪᠠ ᠭᠠᠯ ᠰᠡᠷᠭᠡᠶᠢᠯᠡᠬᠦ ᠵᠡᠷᠭᠡ ᠠᠮᠤᠷ ᠲᠦᠪᠰᠢᠨ ᠤ ᠳᠠᠯᠳᠠ ᠬᠡᠮ ᠤᠨ | ᠴᠡᠭ ᠲᠤ ︽ᠲᠣᠤᠷ ᠲᠠᠲᠠᠬᠤ ᠮᠠᠶ᠋ᠢᠭ︾ ᠤᠨ ᠶᠡᠭᠡ ᠪᠠᠶᠢᠴᠠᠭᠠᠯᠲᠠ ᠬᠢᠵᠦ᠂ ᠡᠯ᠎ᠡ ᠬᠦᠷᠢᠶᠡᠯᠡᠩ ᠲᠣᠭᠤᠷᠢᠭ ᠤᠨ | ᠳᠣᠲᠣᠷᠠᠬᠢ ᠴᠠᠬᠢᠯᠭᠠᠨ ᠡᠭᠦᠰᠭᠡᠭᠴᠢ ᠶᠢᠨ ᠱᠤᠭᠤᠮ ᠢ ᠳᠠᠭᠠᠭᠠᠴᠠ ᠠᠴᠠ ᠬᠡᠲᠦᠷᠡᠭᠦᠯᠦᠨ ᠬᠡᠷᠡᠭᠯᠡᠭᠰᠡᠨ ᠡᠰᠡᠬᠦ᠂ | ᠲᠣᠭᠲᠠᠭᠠᠯ ᠠᠴᠠ ᠵᠥᠷᠢᠴᠡᠨ ᠴᠠᠬᠢᠯᠭᠠᠨ ᠬᠡᠷᠡᠭᠰᠡᠯ ᠢ ᠬᠡᠷᠡᠭᠯᠡᠭᠰᠡᠨ ᠡᠰᠡᠬᠦ᠂ ᠴᠠᠬᠢᠯᠭᠠᠨ ᠰᠤᠷᠪᠤᠯᠵᠢ ᠶᠢ ᠴᠠᠭ | ᠲᠤᠬᠠᠶ ᠳᠤᠨᠢ ᠬᠠᠭᠠᠭᠰᠠᠨ ᠡᠰᠡᠬᠦ ᠵᠡᠷᠭᠡ ᠶᠢ ᠭᠤᠤᠯᠳᠠᠯᠭ᠎ᠠ ᠲᠠᠢ ᠪᠠᠶᠢᠴᠠᠭᠠᠪᠠ᠃ ᠪᠠᠶᠢᠴᠠᠭᠠᠯᠲᠠ ᠶᠢᠨ ᠳᠤᠮᠳᠠ ᠣᠯᠵᠤ | ᠮᠡᠳᠡᠭᠰᠡᠨ ᠳᠠᠯᠳᠠ ᠬᠡᠮ ᠤᠨ ᠠᠰᠠᠭᠤᠳᠠᠯ ᠳᠤ ᠲᠤᠬᠠᠶ ᠶᠢᠨ ᠲᠠᠯᠠᠪᠤᠷ ᠲᠤ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ | ᠪᠠ ᠰᠠᠨᠠᠯ ᠳᠤᠷᠠᠳᠬᠤ ᠶᠢᠨ ᠬᠠᠮᠲᠤ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠵᠤ᠂ ᠠᠶᠤᠯ ᠥᠬᠡᠶ | ᠦᠢᠯᠡᠳᠪᠦᠷᠢᠯᠡᠯ ᠤᠨ ᠠᠵᠢᠯ ᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠪᠠ᠃ | ᠲᠠᠷᠠᠭᠠᠴᠢ ᠶᠢᠨ ᠠᠯᠬᠤᠮ ᠳᠤ᠂ ᠲᠥᠪ ᠠᠴᠠ ᠠᠶᠤᠯᠭᠦᠢ ᠦᠢᠯᠡᠳᠪᠦᠷᠢᠯᠡᠯ ᠤᠨ ᠬᠡᠮ ᠰᠣᠭᠤᠭ ᠢ ᠵᠢᠭᠰᠠᠭᠠᠨ | ᠪᠠᠶᠢᠴᠠᠭᠠᠬᠤ᠂ ᠥᠪᠡᠰᠦᠪᠡᠨ ᠪᠠᠶᠢᠴᠠᠭᠠᠬᠤ ᠶᠢ ᠦᠷᠭᠦᠯᠵᠢᠯᠡᠨ ᠥᠷᠨᠢᠭᠦᠯᠵᠦ᠂ ᠡᠯ᠎ᠡ ᠵᠦᠢᠯ ᠤᠨ ᠠᠶᠤᠯᠭᠦᠢ | ᠦᠢᠯᠡᠳᠪᠦᠷᠢᠯᠡᠯ ᠤᠨ ᠠᠵᠢᠯ ᠢ ᠴᠢᠩᠭ᠎ᠠ ᠨᠢᠮᠪᠠᠢ ᠨᠠᠶᠢᠳᠠᠪᠤᠷᠢᠵᠢᠭᠤᠯᠵᠤ᠂ ᠭᠤᠣᠯ ᠴᠣᠭᠴᠠ ᠶᠢᠨ ᠬᠠᠷᠢᠭᠤᠴᠠᠯᠭ᠎ᠠ ᠶᠢ | ᠪᠣᠳᠠᠲᠠᠶᠢᠵᠢᠭᠤᠯᠵᠤ᠂ ᠠᠮᠤᠷ ᠲᠦᠪᠰᠢᠨ ᠤ ︽ᠬᠠᠷᠢᠭᠤᠴᠠᠯᠭ᠎ᠠ ᠶᠢᠨ ᠨᠡᠭᠡᠯᠡᠬᠡᠶ︾ ᠶᠢ ᠴᠠᠭ ᠢᠮᠠᠭᠲᠠ ᠴᠢᠩᠭᠠᠯᠠᠵᠤ᠂ | ︽ᠠᠮᠤᠷ ᠲᠦᠪᠰᠢᠨ ᠤ ᠱᠤᠭᠤᠮ︾ ᠢ ᠪᠠᠲᠤ ᠴᠣᠭᠴᠠᠯᠠᠵᠤ᠂ ᠥᠷᠭᠡᠨ ᠤᠯᠠᠨ ᠬᠤᠳᠠ ᠶᠢᠨ ᠠᠷᠠᠳ ᠤᠨ | ᠵᠢᠭᠤᠯᠴᠢᠯᠠᠭᠴᠢᠳ ᠲᠤ ᠡᠶ᠎ᠡ ᠵᠣᠬᠢᠴᠠᠩᠭᠤᠢ᠂ ᠠᠮᠤᠷ ᠲᠦᠪᠰᠢᠨ᠂ ᠪᠣᠯᠪᠠᠰᠤᠨ ᠵᠤᠭᠠᠴᠠᠯ ᠤᠨ ᠴᠡᠴᠡᠷᠯᠢᠭ ᠤᠨ | ᠣᠷᠴᠢᠨ ᠲᠣᠭᠤᠷᠢᠨ ᠢ ᠦᠨᠡᠨᠬᠦ ᠬᠠᠩᠭᠠᠨ᠎ᠠ᠃ | | | ᠣᠷᠴᠢᠭᠤᠯᠤᠭᠴᠢ᠄ ᠳ᠋ᠥᠩ ᠾᠦᠢ | | |