ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠠᠵᠢᠯ ᠢ ᠤᠯᠠᠮ ᠨᠢᠭᠡ ᠠᠯᠬᠤᠮ | ᠴᠢᠩᠭᠠᠳᠬᠠᠵᠤ᠂ ᠪᠠᠭᠰᠢ ᠰᠤᠷᠤᠭᠴᠢᠳ ᠤᠨ ᠰᠦᠷᠳᠡᠭᠦᠯᠦᠯ ᠢ ᠡᠰᠡᠷᠭᠦᠴᠡᠬᠦ ᠬᠦᠴᠦᠷᠬᠡᠭᠯᠡᠯ ᠢ ᠰᠡᠷᠭᠡᠶᠢᠯᠡᠬᠦ ᠤᠬᠠᠮᠰᠠᠷ | ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ 12 ᠰᠠᠷ᠎ᠠ ᠶᠢᠨ | 11 ᠤ ᠡᠳᠦᠷ᠂ ᠵᠢᠨᠢᠩ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠰᠢᠩ ᠹᠦ᠋ ᠵᠠᠮ ᠤᠨ | ᠲᠣᠮᠢᠯᠠᠭᠰᠠᠨ ᠰᠠᠯᠪᠤᠷᠢ ᠬᠠᠮᠲᠤᠷᠠᠨ ᠰᠦᠷᠳᠡᠭᠦᠯᠦᠯ ᠢ ᠡᠰᠡᠷᠭᠦᠴᠡᠬᠦ ᠪᠠ ᠣᠨᠴᠠ ᠴᠠᠭᠳᠠᠭᠠᠨ ᠤ ᠶᠡᠭᠡ ᠠᠩᠭᠢ | ᠬᠠᠮᠲᠤᠷᠠᠨ ᠬᠠᠷᠢᠶ᠎ᠠ ᠣᠷᠣᠨ ᠤ ᠪᠠᠭ᠎ᠠ ᠰᠤᠷᠭᠠᠭᠤᠯᠢ ᠳᠤ ᠬᠦᠷᠴᠦ ᠰᠦᠷᠳᠡᠭᠦᠯᠦᠯ ᠢ ᠡᠰᠡᠷᠭᠦᠴᠡᠬᠦ ᠰᠣᠷᠢᠯᠲᠠ ᠶᠢᠨ | ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ | ᠲᠣᠰ ᠤᠳᠠᠭᠠᠨ ᠤ ᠠᠵᠢᠯᠯᠠᠭ᠎ᠠ ᠶᠢᠨ ᠵᠣᠷᠢᠯᠭ᠎ᠠ ᠨᠢ ᠪᠣᠳᠠᠲᠤ ᠪᠠᠶᠢᠯᠳᠤᠭᠠᠨ ᠤ ᠰᠣᠷᠢᠯᠲᠠ ᠪᠠ ᠤᠬᠠᠭᠤᠯᠭ᠎ᠠ | ᠬᠥᠮᠦᠵᠢᠯ ᠢᠶᠠᠷ ᠳᠠᠮᠵᠢᠭᠤᠯᠤᠨ᠂ ᠪᠠᠭᠰᠢ ᠰᠤᠷᠤᠭᠴᠢᠳ ᠤᠨ ᠠᠮᠤᠷ ᠲᠦᠪᠰᠢᠨ ᠤ ᠦᠵᠡᠯ ᠤᠬᠠᠮᠰᠠᠷ ᠪᠠ | ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠨᠡᠮᠡᠭᠳᠡᠭᠦᠯᠬᠦ ᠶᠢᠨ ᠬᠠᠮᠲᠤ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ | ᠭᠡᠨᠡᠳᠲᠡ ᠶᠢᠨ ᠬᠡᠷᠡᠭ ᠢ ᠠᠷᠭᠠᠴᠠᠬᠤ ᠬᠠᠮᠵᠢᠯᠴᠠᠬᠤ ᠴᠢᠳᠠᠪᠤᠷᠢ ᠪᠠ ᠰᠢᠢᠳᠪᠦᠷᠢᠯᠡᠬᠦ ᠬᠢᠷᠢ ᠲᠦᠪᠰᠢᠨ ᠢ ᠰᠢᠯᠭᠠᠨ | ᠪᠠᠶᠢᠴᠠᠭᠠᠵᠤ ᠳᠡᠭᠡᠭᠰᠢᠯᠡᠭᠦᠯᠬᠦ ᠶᠢᠨ ᠲᠥᠯᠥᠭᠡ ᠶᠤᠮ᠃ | ᠰᠣᠷᠢᠯᠲᠠ ᠡᠬᠢᠯᠡᠬᠦ ᠠᠴᠠ ᠡᠮᠦᠨ᠎ᠡ᠂ ᠣᠨᠴᠠ ᠴᠠᠭᠳᠠᠭᠠᠨ ᠤ ᠶᠡᠭᠡ ᠠᠩᠭᠢ ᠶᠢᠨ ᠠᠷᠠᠳ ᠤᠨ ᠴᠠᠭᠳᠠᠭ᠎ᠠ | ᠰᠡᠵᠢᠭᠯᠡᠯᠲᠡᠶ ᠦᠢᠯᠡ ᠠᠵᠢᠯᠯᠠᠭ᠎ᠠ ᠪᠠ ᠰᠦᠷᠳᠡᠭᠦᠯᠦᠯ ᠢ ᠬᠡᠷᠬᠢᠨ ᠢᠯᠭᠠᠨ ᠲᠠᠨᠢᠬᠤ ᠵᠢᠴᠢ ᠰᠦᠷᠳᠡᠭᠦᠯᠦᠯ ᠤᠨ | ᠳᠠᠭᠠᠷᠢᠯᠲᠠ ᠡᠭᠦᠰᠬᠦ ᠦᠶ᠎ᠡ ᠶᠢᠨ ᠪᠠᠴᠢᠮ ᠪᠠᠶᠢᠳᠠᠯ ᠢ ᠠᠷᠭᠠᠴᠠᠬᠤ ᠠᠷᠭ᠎ᠠ ᠬᠡᠮᠵᠢᠶ᠎ᠡ ᠶᠢ ᠲᠠᠨᠢᠯᠴᠠᠭᠤᠯᠪᠠ᠃ | ᠰᠡᠷᠡᠮᠵᠢ ᠶᠢᠨ ᠳᠣᠬᠢᠶ᠎ᠠ ᠳᠤᠤᠭᠠᠷᠬᠤ ᠶᠢ ᠳᠠᠭᠠᠯᠳᠤᠨ᠂ ᠰᠦᠷᠳᠡᠭᠦᠯᠦᠯ ᠢ ᠡᠰᠡᠷᠭᠦᠴᠡᠬᠦ ᠰᠣᠷᠢᠯᠲᠠ ᠵᠢᠩᠬᠢᠨᠢ ᠪᠠᠷ | ᠡᠬᠢᠯᠡᠵᠦ᠂ ᠰᠤᠷᠭᠠᠭᠤᠯᠢ ᠶᠢᠨ ᠪᠠᠭᠰᠢ ᠵᠢᠴᠢ ᠠᠮᠤᠷ ᠢ ᠬᠠᠮᠠᠭᠠᠯᠠᠬᠤ ᠠᠵᠢᠯᠲᠠᠳ ᠳᠠᠷᠦ᠋ᠢᠬᠠᠨ ᠪᠠᠴᠢᠮ ᠪᠠᠶᠢᠳᠠᠯ ᠢ | ᠠᠷᠭᠠᠴᠠᠬᠤ ᠪᠡᠯᠡᠳᠬᠡᠯ ᠲᠥᠰᠦᠯ ᠢᠶᠠᠨ ᠡᠬᠢᠯᠡᠭᠦᠯᠵᠦ᠂ ᠲᠡᠷᠡ ᠳᠠᠷᠤᠶ ᠳᠤᠨᠢ ᠨᠢᠭᠡ ᠳᠠᠷᠤᠪᠴᠢ ᠪᠠᠷ ᠲᠦᠭᠰᠢᠭᠦᠷᠢ | ᠮᠡᠳᠡᠭᠡᠯᠡᠬᠦ ᠳᠠᠷᠤᠭᠤᠯ ᠢ ᠳᠠᠷᠤᠬᠤ ᠶᠢᠨ ᠬᠠᠮᠲᠤ ᠰᠤᠷᠭᠠᠭᠤᠯᠢ ᠶᠢᠨ ᠬᠦᠷᠢᠶᠡᠨ ᠤ ᠷᠠᠳᠢᠣ᠋ ᠨᠡᠪᠲᠡᠷᠡᠭᠦᠯᠭᠡ ᠪᠠᠷ | ᠳᠠᠮᠵᠢᠭᠤᠯᠤᠨ ᠪᠠᠭᠰᠢ ᠰᠤᠷᠤᠭᠴᠢᠳ ᠲᠤ ᠠᠮᠤᠷ ᠲᠦᠪᠰᠢᠨ ᠤ ᠣᠷᠣᠨ ᠪᠦᠰᠡ ᠳᠤ ᠲᠦᠷᠭᠡᠨ ᠤᠬᠤᠷᠢᠨ ᠭᠠᠷᠬᠤ ᠶᠢ | ᠮᠡᠳᠡᠭᠳᠡᠪᠡ᠃ ᠵᠢᠷᠭᠠᠯ ᠤᠨ ᠵᠠᠮ ᠤᠨ ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ ᠲᠦᠷᠭᠡᠨ ᠬᠦᠷᠦᠭᠰᠡᠨ ᠤ | ᠳᠠᠷᠠᠭ᠎ᠠ᠂ ᠠᠮᠤᠷ ᠲᠦᠪᠰᠢᠨ ᠤ ᠳᠠᠯᠳᠠ ᠬᠡᠮ ᠢ ᠴᠠᠭ ᠲᠤᠬᠠᠶ ᠳᠤᠨᠢ ᠠᠷᠢᠯᠭᠠᠪᠠ᠃ | ︽ᠭᠡᠨᠡᠳᠲᠡ ᠶᠢᠨ ᠬᠦᠴᠦᠷᠬᠡᠭᠯᠡᠯ ᠤᠨ ᠬᠡᠷᠡᠭ ᠭᠡᠨᠡᠳᠲᠡ ᠶᠢᠨ ᠴᠢᠨᠠᠷᠲᠠᠶ᠂ ᠵᠥᠷᠢᠶ᠎ᠡ ᠥᠬᠡᠶ ᠵᠡᠷᠭᠡ | ᠣᠨᠴᠠᠯᠢᠭ ᠲᠠᠢ ᠪᠠᠶᠢᠵᠤ᠂ ᠰᠣᠷᠢᠯᠲᠠ ᠪᠠᠷ ᠳᠡᠮᠵᠢᠨ᠂ ᠰᠤᠷᠭᠠᠭᠤᠯᠢ ᠶᠢᠨ ᠡᠯ᠎ᠡ ᠠᠵᠢᠯ ᠤᠨ ᠪᠠᠶᠢᠷᠢ᠂ ᠡᠯ᠎ᠡ | ᠭᠤᠭᠴᠤᠭ᠎ᠠ ᠰᠣᠷᠢᠯᠲᠠ ᠳᠤᠮᠳᠠ ᠳᠠᠪᠲᠠᠨ ᠪᠣᠯᠪᠠᠰᠤᠷᠠᠭᠤᠯᠵᠤ᠂ ᠳᠠᠲᠠᠭᠤᠷᠠᠯ ᠤᠨ ᠳᠤᠮᠳᠠ ᠰᠡᠷᠭᠡᠶᠢᠯᠡᠨ᠂ ᠪᠠᠭᠰᠢ | ᠰᠤᠷᠤᠭᠴᠢᠳ ᠤᠨ ᠠᠮᠤᠷ ᠲᠦᠪᠰᠢᠨ ᠤ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠢ ᠦᠨᠡᠨ ᠬᠦ ᠪᠠᠬᠢᠵᠢᠭᠦᠯᠬᠦ ᠶᠢ | ᠬᠦᠰᠡᠵᠦ ᠪᠠᠶᠢᠨ᠎ᠠ᠃ ᠨᠢᠭᠡ ᠤᠳᠠᠭᠠᠨ ᠤ ᠰᠣᠷᠢᠯᠲᠠ ᠨᠢ ᠯᠠᠪᠲᠠᠢ ᠬᠦᠷᠦᠯᠴᠡᠬᠦ ᠦᠭᠡᠢ ᠶᠤᠮ᠂ ᠪᠢᠳᠡ ᠪᠠᠰᠠ ᠨᠡᠩ | ᠤᠯᠠᠨ ᠪᠣᠯᠪᠠᠰᠤᠷᠠᠯ᠂ ᠨᠡᠩ ᠤᠯᠠᠨ ᠰᠣᠷᠢᠯᠲᠠ ᠶᠢ ᠵᠣᠬᠢᠶᠠᠨ ᠪᠠᠶᠢᠭᠤᠯᠵᠤ᠂ ᠰᠣᠷᠢᠯᠲᠠ ᠪᠠᠷ ᠪᠣᠯᠪᠠᠰᠤᠷᠠᠯ ᠢ | ᠠᠬᠢᠭᠤᠯᠵᠤ᠂ ᠪᠣᠯᠪᠠᠰᠤᠷᠠᠯ ᠢᠶᠠᠷ ᠰᠡᠷᠭᠡᠶᠢᠯᠡᠯᠲᠡ ᠶᠢ ᠠᠬᠢᠭᠤᠯᠵᠤ᠂ ᠪᠠᠭᠰᠢ ᠰᠤᠷᠤᠭᠴᠢᠳ ᠤᠨ ᠰᠡᠷᠭᠡᠶᠢᠯᠡᠬᠦ | ᠤᠬᠠᠮᠰᠠᠷ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠮᠤᠷ ᠢ ᠬᠠᠮᠠᠭᠠᠯᠠᠬᠤ ᠠᠵᠢᠯᠲᠠᠳ ᠤᠨ ᠬᠦᠴᠦᠷᠬᠡᠭᠯᠡᠯ ᠢ | ᠰᠡᠷᠭᠡᠶᠢᠯᠡᠬᠦ ᠤᠷ᠎ᠠ ᠴᠢᠳᠠᠪᠤᠷᠢ ᠶᠢ ᠳᠠᠪᠲᠠᠨ ᠪᠣᠯᠪᠠᠰᠤᠷᠠᠭᠤᠯᠵᠤ᠂ ᠪᠠᠭᠰᠢ ᠰᠤᠷᠤᠭᠴᠢᠳ ᠤᠨ ᠠᠮᠤᠷ ᠲᠦᠪᠰᠢᠨ ᠢ | ᠰᠠᠶᠢᠲᠤᠷ ᠰᠠᠬᠢᠨ ᠬᠠᠮᠠᠭᠠᠯᠠᠵᠤ᠂ ᠠᠮᠤᠷ ᠠᠮᠤᠭᠤᠯᠠᠩ ᠰᠤᠷᠭᠠᠭᠤᠯᠢ ᠶᠢᠨ ᠬᠦᠷᠢᠶ᠎ᠡ ᠶᠢ ᠰᠠᠶᠢᠲᠤᠷ ᠰᠠᠬᠢᠨ ᠬᠠᠮᠠᠭᠠᠯᠠᠨ᠎ᠠ | ︾ ᠭᠡᠵᠦ ᠬᠡᠯᠡᠪᠡ᠃ ᠰᠣᠷᠢᠯᠲᠠ ᠳᠠᠭᠤᠰᠤᠭᠰᠠᠨ ᠤ ᠳᠠᠷᠠᠭ᠎ᠠ᠂ ᠰᠢᠩ ᠹᠦ᠋ ᠵᠠᠮ ᠤᠨ ᠲᠣᠮᠢᠯᠠᠭᠰᠠᠨ ᠰᠠᠯᠪᠤᠷᠢ ᠶᠢᠨ | ᠳᠡᠳ᠋ ᠳᠠᠷᠤᠭ᠎ᠠ ᠮᠠ ᠭᠦᠩ ᠪᠢᠨ ᠬᠡᠯᠡᠪᠡ᠃ | ᠲᠤᠰ ᠤᠳᠠᠭᠠᠨ ᠤ ᠰᠦᠷᠳᠡᠭᠦᠯᠦᠯ ᠢ ᠡᠰᠡᠷᠭᠦᠴᠡᠬᠦ ᠰᠣᠷᠢᠯᠲᠠ ᠪᠠᠷ ᠳᠠᠮᠵᠢᠨ᠂ ᠪᠠᠭᠰᠢ ᠰᠤᠷᠤᠭᠴᠢᠳ ᠤᠨ | ᠠᠮᠤᠷ ᠲᠦᠪᠰᠢᠨ ᠤ ᠤᠬᠠᠮᠰᠠᠷ ᠪᠣᠯᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ | ᠳᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ᠂ ᠲᠣᠮᠢᠯᠠᠭᠰᠠᠨ ᠰᠠᠯᠪᠤᠷᠢ᠂ ᠣᠨᠴᠠ ᠴᠠᠭᠳᠠᠭᠠᠨ ᠤ ᠶᠡᠭᠡ ᠠᠩᠭᠢ ᠪᠣᠯᠤᠨ | ᠰᠤᠷᠭᠠᠭᠤᠯᠢ ᠶᠢᠨ ᠬᠤᠭᠤᠷᠣᠨᠳᠣᠬᠢ ᠬᠠᠮᠵᠢᠯᠴᠠᠭ᠎ᠠ ᠶᠢ ᠨᠡᠮᠡᠭᠳᠡᠭᠦᠯᠵᠦ᠂ ᠠᠮᠤᠷ ᠠᠮᠤᠭᠤᠯᠠᠩ ᠰᠤᠷᠭᠠᠭᠤᠯᠢ ᠶᠢᠨ | ᠬᠦᠷᠢᠶ᠎ᠡ ᠶᠢ ᠪᠠᠶᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ | ᠰᠢᠩ ᠹᠦ᠋ ᠵᠠᠮ ᠤᠨ ᠲᠣᠮᠢᠯᠠᠭᠰᠠᠨ ᠰᠠᠯᠪᠤᠷᠢ ᠰᠤᠷᠭᠠᠭᠤᠯᠢ ᠶᠢ ᠬᠠᠮᠠᠭᠠᠯᠠᠵᠤ ᠴᠡᠴᠡᠷᠯᠢᠭ ᠢ ᠠᠮᠤᠷᠵᠢᠭᠤᠯᠬᠤ | ᠡᠷᠴᠢᠮ ᠢᠶᠠᠨ ᠦᠷᠭᠦᠯᠵᠢᠯᠡᠨ ᠴᠢᠩᠭᠠᠳᠬᠠᠵᠤ᠂ ᠠᠮᠤᠷ ᠲᠦᠪᠰᠢᠨ ᠤ ᠭᠡᠮ ᠰᠣᠭᠤᠭ ᠢ ᠴᠤᠬᠤᠶᠢᠵᠤ ᠪᠠᠶᠢᠭ᠎ᠠ | ᠪᠠᠶᠢᠳᠠᠯ ᠳᠤᠨᠢ ᠦᠨᠡᠨᠬᠦ ᠠᠷᠢᠯᠭᠠᠵᠤ᠂ ᠰᠤᠷᠭᠠᠭᠤᠯᠢ ᠶᠢᠨ ᠬᠦᠷᠢᠶᠡᠨ ᠤ ᠣᠷᠴᠢᠨ ᠲᠣᠭᠤᠷᠢᠨ ᠤ ᠡᠶ᠎ᠡ ᠵᠣᠬᠢᠴᠠᠩᠭᠤᠢ᠂ | ᠠᠮᠤᠷ ᠲᠦᠪᠰᠢᠨ᠂ ᠲᠣᠭᠲᠠᠭᠤᠨ ᠪᠠᠶᠢᠬᠤ ᠶᠢ ᠪᠠᠲᠤᠯᠠᠬᠤ ᠪᠣᠯᠤᠨ᠎ᠠ᠃ | | | ᠣᠷᠴᠢᠭᠤᠯᠤᠭᠴᠢ᠄ ᠳ᠋ᠥᠩ ᠾᠦᠢ | | |