ᠴᠢᠶᠠᠨ ᠶᠢᠨ ᠯᠦ ᠵᠡᠭᠡᠯᠢ ᠭᠤᠳᠤᠮᠵᠢ ᠄ ︽ᠰᠦᠯᠵᠢᠶᠡᠨ ᠳᠤ ᠰᠢᠨᠤᠬᠤ ᠶᠢ ᠲᠡᠪᠴᠢᠵᠦ ᠪᠣᠯᠪᠠᠰᠤᠨ ᠰᠠᠶᠢᠨ ᠪᠠᠭᠠᠴᠤᠳ ᠪᠣᠯᠬᠤ ᠪᠠᠷ ᠴᠢᠷᠮᠠᠶᠢᠬᠤ︾ ᠵᠠᠯᠠᠭᠤᠴᠤᠳ ᠪᠠᠭᠠᠴᠤᠳ ᠤᠨ ᠡᠷᠡᠭᠦᠯ ᠢᠶᠠᠷ ᠦᠰᠦᠨ ᠪᠤᠶᠢᠵᠢᠬᠤ ᠶᠢ ᠰᠠᠬᠢᠨ ᠬᠠᠮᠠᠭᠠᠯᠠᠬᠤ ᠤᠬᠠᠭᠤᠯᠭ᠎ᠠ ᠶᠢᠨ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2024/12/17
    ᠬᠠᠷᠢᠶᠠᠲᠤ ᠣᠷᠣᠨ ᠤ ᠵᠠᠯᠠᠭᠤᠴᠤᠳ ᠪᠠᠭᠠᠴᠤᠳ ᠤᠨ ᠰᠦᠯᠵᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠪᠠ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠤᠯᠠᠮ ᠨᠢᠭᠡ ᠠᠯᠬᠤᠮ ᠴᠢᠩᠭᠠᠳᠬᠠᠵᠤ᠂ ᠵᠠᠯᠠᠭᠤᠴᠤᠳ ᠪᠠᠭᠠᠴᠤᠳ ᠢ ᠬᠥᠲᠥᠯᠥᠨ ᠵᠢᠯᠣᠭᠤᠳᠴᠤ ᠪᠠᠶᠢᠭᠠᠳ ᠪᠣᠯᠪᠠᠰᠤᠨ ᠢᠶᠠᠷ ᠰᠦᠯᠵᠢᠶᠡᠨ ᠳᠤ ᠭᠠᠷᠭᠠᠵᠤ᠂ ᠵᠣᠬᠢᠰᠲᠠᠶ ᠪᠠᠷ ᠰᠦᠯᠵᠢᠶᠡᠨ ᠳᠤ ᠭᠠᠷᠴᠤ᠂  ᠴᠢᠶᠠᠨ ᠶᠢᠨ ᠯᠦ ᠵᠡᠭᠡᠯᠢ ᠭᠤᠳᠤᠮᠵᠢ ᠶᠢᠨ ᠴᠢᠯᠥᠭᠡᠯᠡᠯᠲᠡ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠶᠯᠡᠳᠦᠯᠭᠡ ᠶᠢᠨ ᠥᠷᠲᠡᠭᠡ ︽ᠰᠦᠯᠵᠢᠶᠡᠨ ᠳᠤ ᠰᠢᠨᠤᠬᠤ ᠶᠢ ᠲᠡᠪᠴᠢᠵᠦ ᠪᠣᠯᠪᠠᠰᠤᠨ ᠰᠠᠶᠢᠨ ᠪᠠᠭᠠᠴᠤᠳ ᠪᠣᠯᠬᠤ ᠪᠠᠷ ᠴᠢᠷᠮᠠᠶᠢᠬᠤ︾ ᠵᠠᠯᠠᠭᠤᠴᠤᠳ ᠪᠠᠭᠠᠴᠤᠳ ᠤᠨ ᠡᠷᠡᠭᠦᠯ ᠢᠶᠠᠷ ᠦᠰᠦᠨ ᠪᠤᠶᠢᠵᠢᠬᠤ ᠶᠢ ᠰᠠᠬᠢᠨ ᠬᠠᠮᠠᠭᠠᠯᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃    ᠠᠵᠢᠯᠯᠠᠭ᠎ᠠ ᠶᠢᠨ ᠳᠤᠮᠳᠠ᠂ ᠨᠡᠶᠢᠭᠡᠮ ᠲᠣᠭᠤᠷᠢᠭ ᠤᠨ ᠠᠵᠢᠯᠲᠠᠳ ᠬᠡᠦᠬᠡᠳ ᠤᠳ ᠲᠤ ᠰᠦᠯᠵᠢᠶᠡᠨ ᠤ ᠠᠮᠤᠷ ᠲᠦᠪᠰᠢᠨ ᠤ ᠬᠠᠮᠢᠶ᠎ᠠ ᠪᠥᠬᠦᠶ ᠮᠡᠳᠡᠯᠭᠡ ᠶᠢ ᠲᠠᠶᠢᠯᠪᠤᠷᠢᠯᠠᠨ ᠥᠭᠴᠦ᠂ ᠣᠯᠠᠨ ᠤ ᠰᠦᠯᠵᠢᠶᠡᠨ ᠳᠡᠭᠡᠷ᠎ᠡ ᠵᠥᠪ ᠪᠤᠷᠤᠭᠤ ᠶᠢ ᠢᠯᠭᠠᠨ ᠲᠠᠨᠢᠬᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠨᠠᠰᠤᠨ ᠳᠤ ᠥᠯᠥ ᠭᠦᠷᠦᠭᠰᠡᠳ ᠤᠨ ᠥᠪᠡᠷ ᠢ ᠪᠠᠨ ᠬᠠᠮᠠᠭᠠᠯᠠᠬᠤ ᠤᠬᠠᠮᠰᠠᠷ ᠢ ᠴᠢᠩᠭᠠᠳᠬᠠᠬᠤ ᠶᠢᠨ ᠬᠠᠮᠲᠤ ᠬᠡᠦᠬᠡᠳ ᠤᠳ ᠲᠤ ᠠᠮᠤᠷ ᠲᠦᠪᠰᠢᠨ ᠢᠶᠠᠷ ᠰᠦᠯᠵᠢᠶᠡᠨ ᠳᠤ ᠭᠠᠷᠬᠤ᠂ ᠰᠦᠯᠵᠢᠶᠡᠨ ᠤ ᠮᠡᠬᠡᠯᠡᠯ ᠢ ᠰᠡᠷᠭᠡᠶᠢᠯᠡᠬᠦ ᠵᠡᠷᠭᠡ ᠮᠡᠳᠡᠯᠭᠡ ᠶᠢ ᠭᠦᠨᠵᠡᠭᠡᠶ ᠪᠥᠭᠡᠳ ᠣᠶᠢᠯᠠᠭᠠᠮᠵᠢᠲᠠᠶ ᠪᠠᠷ ᠲᠠᠨᠢᠯᠴᠠᠭᠤᠯᠵᠤ᠂ ᠣᠯᠠᠨ ᠳᠤ ᠳᠡᠷᠭᠡᠳᠡᠬᠢ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠰᠡᠷᠡᠮᠵᠢᠯᠡᠬᠦᠯᠬᠦ ᠶᠢ ᠰᠠᠨᠠᠭᠤᠯᠪᠠ᠃ ᠡᠭᠦᠨ ᠤ ᠬᠠᠮᠲᠤ ᠬᠡᠦᠬᠡᠳ ᠢ ᠰᠦᠯᠵᠢᠶᠡᠨ ᠳᠤ ᠰᠢᠨᠤᠬᠤ ᠠᠴᠠ ᠵᠠᠶᠢᠯᠠᠰᠬᠢᠵᠦ᠂ ᠢᠨᠲ᠋ᠧᠷ ᠰᠦᠯᠵᠢᠶ᠎ᠡ ᠶᠢ ᠬᠡᠷᠡᠭᠯᠡᠬᠦ ᠦᠶ᠎ᠡ ᠳᠤ᠂ ᠪᠣᠯᠪᠠᠰᠤᠨ ᠢᠶᠠᠷ ᠰᠦᠯᠵᠢᠶᠡᠨ ᠳᠤ ᠭᠠᠷᠬᠤ ᠤᠬᠠᠮᠰᠠᠷ ᠢ ᠪᠣᠶ ᠪᠣᠯᠭᠠᠵᠤ᠂ ᠡᠷᠡᠭᠦᠯ ᠪᠤᠰᠤ ᠮᠡᠳᠡᠭᠡ ᠵᠠᠩᠭᠢ ᠠᠴᠠ ᠬᠤᠯᠠ ᠪᠠᠶᠢᠯᠭᠠᠨ᠎ᠠ᠂ ᠡᠨᠡ ᠬᠤᠭᠤᠴᠠᠭᠠᠨ ᠳᠤ ᠬᠡᠤᠬᠡᠳ ᠤᠳ ᠲᠤ ᠨᠠᠰᠤᠨ ᠳᠤ ᠥᠯᠥ ᠭᠦᠷᠦᠭᠰᠡᠳ ᠤᠨ ᠰᠦᠯᠵᠢᠶᠡᠨ ᠳᠤ ᠭᠠᠷᠬᠤ ᠦᠶ᠎ᠡ ᠳᠤ ᠶᠠᠮᠠᠷ ᠶᠠᠮᠠᠷ ᠬᠤᠤᠷ ᠬᠥᠨᠥᠭᠡᠯ᠂ ᠵᠠᠯᠠᠭᠤᠴᠤᠳ ᠪᠠᠭᠠᠴᠤᠳ ᠤᠨ ᠰᠦᠯᠵᠢᠶᠡᠨ ᠳᠤ ᠭᠠᠷᠬᠤ ᠠᠮᠤᠷ ᠲᠦᠪᠰᠢᠨ ᠤ ᠲᠦᠷᠢᠮ᠂ ᠪᠥᠬᠦ ᠤᠯᠤᠰ ᠤᠨ ᠵᠠᠯᠠᠭᠤᠴᠤᠳ ᠪᠠᠭᠠᠴᠤᠳ ᠤᠨ ᠰᠦᠯᠵᠢᠶᠡᠨ ᠤ ᠪᠣᠯᠪᠠᠰᠤᠨ ᠤ ᠨᠡᠶᠢᠲᠡ ᠶᠢᠨ ᠭᠡᠷ᠎ᠡ᠂ ᠵᠠᠯᠠᠭᠤᠴᠤᠳ ᠪᠠᠭᠠᠴᠤᠳ ᠤᠨ ᠠᠮᠤᠷ ᠲᠦᠪᠰᠢᠨ ᠤ ᠰᠦᠯᠵᠢᠶᠡᠨ ᠳᠤ ᠭᠠᠷᠬᠤ ᠵᠦᠭᠯᠡᠭᠦᠷ ᠵᠡᠷᠭᠡ ᠲᠠᠯ᠎ᠠ ᠪᠠᠷ ᠨᠠᠷᠢᠨ ᠲᠠᠶᠢᠯᠪᠤᠷᠢᠯᠠᠵᠤ᠂ ᠣᠯᠠᠨ ᠲᠦᠮᠡᠨ ᠳᠤ ᠰᠦᠯᠵᠢᠶᠡᠨ ᠳᠡᠭᠡᠷ᠎ᠡ ᠣᠷᠣᠰᠢᠵᠤ ᠪᠠᠶᠢᠭ᠎ᠠ ᠡᠯ᠎ᠡ ᠵᠦᠢᠯ ᠤᠨ ᠳᠠᠯᠳᠠ ᠬᠡᠮ ᠢ ᠲᠣᠳᠣᠷᠬᠠᠶ ᠲᠠᠨᠢᠭᠤᠯᠵᠤ᠂ ᠡᠯ᠎ᠡ ᠵᠦᠢᠯ ᠤᠨ ᠥᠳᠥᠭᠡᠯᠭᠡ  ᠳᠤ ᠤᠶᠤᠨᠴᠢ ᠪᠠᠷ ᠬᠠᠨᠲᠤᠵᠤ᠂ ᠡᠷᠡᠭᠦᠯ ᠪᠤᠰᠤ ᠦᠵᠡᠯ ᠰᠠᠨᠠᠭᠠᠨ ᠤ ᠨᠡᠷᠪᠡᠯᠲᠡ ᠶᠢ ᠡᠷᠡᠰ ᠬᠤᠷᠢᠭᠯᠠᠵᠤ᠂ ᠬᠡᠤᠬᠡᠳ ᠤᠳ ᠤᠨ ︽ᠪᠣᠯᠪᠠᠰᠤᠨ ᠢᠶᠠᠷ ᠰᠦᠯᠵᠢᠶᠡᠨ ᠳᠤ ᠭᠠᠷᠬᠤ᠂ ᠡᠷᠡᠭᠦᠯ ᠮᠡᠨᠳᠦ ᠪᠠᠷ ᠰᠦᠯᠵᠢᠶᠡᠨ ᠳᠤ ᠭᠠᠷᠬᠤ᠂ ᠪᠣᠬᠢᠷᠲᠤᠯ ᠥᠬᠡᠶ ᠪᠠᠷ ᠰᠦᠯᠵᠢᠶᠡᠨ ᠳᠤ ᠭᠠᠷᠬᠤ︾ ᠳᠠᠳᠬᠠᠯ ᠢ ᠪᠣᠶ ᠪᠣᠯᠭᠠᠵᠤ᠂ ᠵᠠᠯᠠᠭᠤᠴᠤᠳ ᠪᠠᠭᠠᠴᠤᠳ ᠤᠨ ᠰᠦᠯᠵᠢᠶᠡᠨ ᠤ ᠠᠮᠤᠷ ᠲᠦᠪᠰᠢᠨ ᠤ ᠤᠬᠠᠮᠰᠠᠷ ᠪᠠ ᠰᠡᠷᠭᠡᠶᠢᠯᠡᠨ ᠬᠠᠮᠠᠭᠠᠯᠠᠬᠤ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠬᠦ ᠬᠡᠷᠡᠭᠲᠡᠶ ᠭᠡᠵᠦ ᠤᠷᠢᠶᠠᠯᠠᠪᠠ᠃    ᠳᠠᠷᠠᠭᠠᠴᠢ ᠶᠢᠨ ᠠᠯᠬᠤᠮ ᠳᠤ᠂ ᠴᠢᠯᠥᠭᠡᠯᠡᠯᠲᠡ ᠨᠡᠶᠢᠭᠡᠮ ᠲᠣᠭᠤᠷᠢᠭ ᠤᠨ ᠬᠢᠨ ᠨᠠᠰᠤᠨ ᠳᠤ ᠦᠯᠦ ᠬᠦᠷᠦᠭᠰᠡᠳ ᠤᠨ ᠰᠦᠯᠵᠢᠶᠡᠨ ᠤ ᠶᠠᠷᠢᠶ᠎ᠠ ᠬᠡᠯᠡᠯᠴᠡᠭᠡᠨ ᠤ ᠪᠠᠶᠢᠳᠠᠯ ᠤᠨ ᠠᠮᠤᠷ ᠲᠦᠪᠰᠢᠨ ᠤ ᠬᠥᠮᠦᠵᠢᠯ ᠢ ᠴᠢᠩᠭᠠᠳᠬᠠᠵᠤ᠂ ᠨᠡᠩ ᠤᠯᠠᠨ ᠬᠡᠯᠪᠡᠷᠢ ᠮᠠᠶ᠋ᠢᠭ ᠨᠢ ᠤᠯᠠᠨ ᠶᠠᠩᠵᠤ ᠶᠢᠨ᠂ ᠠᠭᠤᠯᠭ᠎ᠠ ᠪᠠᠷ ᠪᠠᠶᠠᠯᠢᠭ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠰᠤᠷᠲᠠᠯ ᠴᠢᠬᠡᠴᠢ ᠣᠪᠣᠷ ᠲᠥᠪ ᠨᠡᠶᠢᠭᠡᠮ ᠤᠨ ᠰᠣᠶᠣᠯ ᠤᠨ ᠣᠷᠴᠢᠨ ᠲᠣᠭᠤᠷᠢᠨ ᠢ ᠦᠷᠭᠦᠯᠵᠢᠯᠡᠨ ᠪᠤᠢ ᠪᠣᠯᠭᠠᠨ᠎ᠠ᠃                   ᠣᠷᠴᠢᠭᠤᠯᠤᠭᠴᠢ᠄ ᠳ᠋ᠥᠩ ᠾᠦᠢ
 
ᠢᠷᠡᠯᠲᠡ᠄ ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2