ᠵᠢᠨᠢᠩ ᠲᠤᠭᠤᠷᠢᠭ ︽ᠱᠠᠯᠢᠭ ᠵᠠᠪᠬᠠᠶ ᠵᠦᠢᠯᠡᠰ ᠢ  ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠬᠤᠶᠠᠳᠤᠭᠠᠷ ᠤᠳᠠᠭᠠᠨ ᠤ ᠬᠠᠮᠲᠤᠷᠠᠭᠰᠠᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/12/19
    12 ᠳ᠋ᠤᠭᠠᠷ ᠰᠠᠷ᠎ᠠ ᠶᠢᠨ 16 ᠤ ᠡᠳᠦᠷ ᠮᠠᠨ ᠤ ᠲᠤᠭᠤᠷᠢᠭ ︽ᠱᠠᠯᠢᠭ ᠵᠠᠪᠬᠠᠶ ᠶᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠬᠤᠶᠠᠳᠤᠭᠠᠷ ᠤᠳᠠᠭᠠᠨ ᠤ ᠬᠠᠮᠲᠤᠷᠠᠭᠰᠠᠨ ᠬᠤᠷᠠᠯ ᠬᠤᠷᠠᠯᠳᠤᠭᠤᠯᠪᠠ᠃ ᠬᠤᠷᠠᠯ ᠳᠡᠭᠡᠷ᠎ᠡ᠂ ᠲᠤᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠪᠥᠬᠦ ᠬᠤᠲᠠ ᠵᠢᠴᠢ ᠮᠠᠨ ᠤ ᠲᠤᠭᠤᠷᠢᠭ ᠤᠨ 2024 ᠣᠨ ᠤ ︽ᠱᠠᠯᠢᠭ ᠵᠠᠪᠬᠠᠶ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠢ ᠥᠷᠨᠢᠭᠦᠯᠦᠭᠰᠡᠨ ᠪᠠᠶᠢᠳᠠᠯ ᠢ ᠮᠡᠳᠡᠭᠳᠡᠪᠡ     ᠬᠤᠷᠠᠯ ᠠᠴᠠ ᠴᠢᠬᠤᠯᠠᠴᠢᠯᠠᠭᠰᠠᠨ ᠨᠢ᠂ ᠦᠵᠡᠯ ᠰᠠᠨᠠᠭ᠎ᠠ ᠪᠠᠨ ᠦᠨᠡᠨᠬᠦ ᠨᠢᠭᠡᠳᠬᠡᠵᠦ᠂ ᠲᠠᠨᠢᠯᠲᠠ ᠪᠠᠨ ᠳᠡᠭᠡᠭᠰᠢᠯᠡᠭᠦᠯᠵᠦ᠂ ︽ᠱᠠᠯᠢᠭ ᠵᠠᠪᠬᠠᠶ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠢ ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠡᠭᠡᠨ ᠣᠷᠣᠭᠤᠯᠵᠤ᠂ ︽ᠱᠠᠯᠢᠭ ᠵᠠᠪᠬᠠᠶ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠤᠨ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠡᠭᠦᠷᠭᠡ ᠴᠢᠳᠠᠪᠤᠷᠢ ᠪᠠᠨ ᠭᠦᠢᠴᠡᠳ ᠪᠠᠳᠠᠷᠠᠭᠤᠯᠵᠤ᠂ ᠡᠳᠦᠷ ᠲᠤᠳᠤᠮ ᠤᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠡᠷᠬᠡ ᠳᠤ ᠬᠠᠯᠳᠠᠵᠤ ᠬᠡᠪᠯᠡᠯ ᠬᠤᠯᠠᠭᠠᠶᠢᠯᠠᠬᠤ᠂ ᠱᠠᠯᠢᠭ ᠵᠠᠪᠬᠠᠶ᠂ ᠤᠯᠤᠰ ᠤᠨ ᠠᠮᠤᠷ ᠲᠦᠪᠰᠢᠨ ᠳᠤ ᠬᠤᠤᠷ ᠬᠥᠨᠥᠭᠡᠯ ᠤᠴᠠᠷᠠᠭᠤᠯᠬᠤ ᠵᠡᠷᠭᠡ ᠬᠠᠤᠯᠢ ᠪᠤᠰᠤ ᠬᠡᠪᠯᠡᠭᠳᠡᠬᠦᠨ ᠳᠤ  ᠴᠣᠬᠢᠯᠲᠠ ᠥᠭᠴᠦ᠂ ᠬᠡᠪᠯᠡᠬᠦᠯᠬᠦ ᠪᠠ ᠬᠡᠪᠯᠡᠭᠳᠡᠬᠦᠨ ᠤ ᠵᠠᠬ᠎ᠠ ᠳᠡᠯᠭᠡᠭᠦᠷ ᠢ ᠴᠡᠪᠡᠷᠯᠡᠨ ᠪᠠᠶᠢᠴᠠᠭᠠᠬᠤ ᠬᠡᠷᠡᠭᠲᠡᠢ ᠃ ᠰᠦᠯᠵᠢᠶᠡᠨ ᠤ ᠡᠷᠬᠡ ᠳᠤ ᠬᠠᠯᠳᠠᠵᠤ ᠬᠡᠪᠯᠡᠯ ᠬᠤᠯᠠᠭᠠᠶᠢᠯᠠᠬᠤ ᠳᠤ ᠴᠣᠬᠢᠯᠲᠠ ᠥᠭᠬᠦ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠲᠥᠷᠥᠯ ᠬᠤᠪᠢᠶᠠᠨ ᠬᠠᠮᠢᠶᠠᠷᠬᠤ ᠪᠠᠨ ᠴᠢᠩᠭᠠᠳᠬᠠᠵᠤ᠂ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢ ᠬᠢᠨᠠᠨ ᠬᠡᠮᠵᠢᠵᠦ ᠬᠠᠮᠢᠶᠠᠷᠬᠤ ᠪᠠᠨ ᠴᠢᠩᠭᠠᠳᠬᠠᠵᠤ᠂ ᠬᠠᠤᠯᠢ ᠪᠤᠰᠤ ᠠᠵᠢᠯᠯᠠᠭ᠎ᠠ ᠶᠢ ᠴᠠᠭ ᠲᠤᠬᠠᠶ ᠳᠤᠨᠢ ᠢᠯᠡᠷᠡᠭᠦᠯᠬᠦ ᠪᠠ ᠪᠠᠶᠢᠴᠠᠭᠠᠨ ᠰᠢᠢᠳᠪᠦᠷᠢᠯᠡᠬᠦ ᠬᠡᠷᠡᠭᠲᠡᠶ ᠃ ︽ᠱᠠᠯᠢᠭ ᠵᠠᠪᠬᠠᠶ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠤᠨ ᠥᠷᠲᠡᠭᠡ ᠳᠤ ᠲᠦᠰᠢᠭᠯᠡᠨ᠂ ᠪᠠᠶᠢᠩᠭᠤᠵᠢᠭᠰᠠᠨ ︽ᠱᠠᠯᠢᠭ ᠵᠠᠪᠬᠠᠶ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠢ ᠥᠷᠨᠢᠭᠦᠯᠵᠦ᠂ ᠵᠣᠬᠢᠴᠠᠭᠤᠯᠤᠨ ᠬᠠᠮᠵᠢᠯᠴᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠬᠠᠤᠯᠢ ᠬᠡᠷᠡᠭᠵᠢᠭᠦᠯᠬᠦ ᠨᠡᠶᠢᠯᠡᠮᠡᠯ ᠬᠦᠴᠦᠨ ᠢ ᠨᠡᠮᠡᠭᠳᠡᠭᠦᠯᠵᠦ᠂ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠨᠡᠶᠢᠭᠡᠮ ᠤᠨ ᠡᠯ᠎ᠡ ᠡᠲᠡᠭᠡᠳ ᠤᠨ ᠬᠦᠴᠦᠨ ᠢ ᠳᠠᠶᠢᠴᠢᠯᠠᠨ ︽ᠱᠠᠯᠢᠭ ᠵᠠᠪᠬᠠᠶ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠳᠤ ᠣᠷᠣᠯᠴᠠᠭᠤᠯᠬᠤ ᠬᠡᠷᠡᠭᠲᠡᠶ᠃ ᠬᠤᠷᠠᠯ ᠤᠨ ᠳᠠᠷᠠᠭ᠎ᠠ᠂ ᠲᠤᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠬᠤᠲᠠ ᠶᠢᠨ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠂ ᠲᠤᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠂ ᠲᠤᠭᠤᠷᠢᠭ ᠤᠨ ᠢᠯᠡᠭᠡᠵᠦ ᠬᠦᠷᠭᠡᠬᠦ ᠦᠢᠯᠡᠰ ᠤᠨ ᠦᠢᠯᠡᠴᠢᠯᠡᠭᠡᠨ ᠤ ᠲᠥᠪ ᠢ ᠵᠣᠬᠢᠶᠠᠨ ᠪᠠᠶᠢᠭᠤᠯᠵᠤ᠂ ᠮᠠᠨ ᠤ ᠲᠤᠭᠤᠷᠢᠭ ᠤᠨ ᠨᠣᠮ ᠤᠨ ᠳᠡᠯᠭᠡᠭᠦᠷ᠂ ᠬᠡᠪᠯᠡᠬᠦ ᠠᠵᠤ ᠠᠬᠤᠶᠢᠯᠠᠯ᠂ ᠲᠦᠷᠭᠡᠨ ᠬᠦᠷᠭᠡᠯᠲᠡ ᠶᠢᠨ ᠲᠣᠤᠷ ᠴᠡᠭ ᠵᠡᠷᠭᠡ ᠳᠤ ᠰᠣᠶᠣᠯ ᠤᠨ ᠣᠷᠴᠢᠨ ᠲᠣᠭᠤᠷᠢᠨ ᠤ ᠲᠤᠰᠬᠠᠶ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠥᠷᠨᠢᠭᠦᠯᠪᠡ᠃    ᠪᠠᠶᠢᠴᠠᠭᠠᠯᠲᠠ ᠶᠢᠨ ᠳᠤᠮᠳᠠ᠂ ᠬᠠᠤᠯᠢ ᠬᠡᠷᠡᠭᠵᠢᠭᠦᠯᠬᠦ ᠠᠵᠢᠯᠲᠠᠨ ᠡᠵᠡᠩᠨᠡᠯᠲᠡ ᠶᠢᠨ ᠨᠢᠭᠡᠴᠢ ᠶᠢᠨ ᠡᠵᠡᠩᠨᠡᠯᠲᠡ ᠶᠢᠨ ᠬᠢᠷᠢ ᠬᠡᠮ᠂ ᠭᠡᠷᠡᠴᠢ ᠦᠨᠡᠮᠯᠡᠯ ᠨᠢ ᠪᠦᠷᠢᠨ ᠭᠦᠢᠴᠡᠳ ᠡᠰᠡᠬᠦ᠂ ᠪᠠᠷᠠᠭ᠎ᠠ ᠣᠷᠣᠭᠤᠯᠬᠤ ᠠᠷᠭ᠎ᠠ ᠵᠠᠮ ᠨᠢ ᠵᠢᠷᠤᠮᠵᠢᠭᠰᠠᠨ ᠡᠰᠡᠬᠦ᠂ ᠡᠷᠬᠡ ᠳᠤ ᠬᠠᠯᠳᠠᠵᠤ ᠬᠤᠯᠠᠭᠠᠶᠢᠯᠠᠨ ᠬᠡᠪᠯᠡᠭᠰᠡᠨ ᠨᠣᠮ ᠪᠢᠴᠢᠭ ᠢ ᠪᠣᠷᠣᠯᠠᠭᠤᠯᠤᠭᠰᠠᠨ ᠡᠰᠡᠬᠦ ᠵᠡᠷᠭᠡ ᠶᠢ ᠭᠤᠤᠯᠳᠠᠯᠭ᠎ᠠ ᠲᠠᠢ ᠪᠠᠶᠢᠴᠠᠭᠠᠵᠤ᠂ ᠲᠣᠭᠲᠠᠭᠠᠯ ᠠᠴᠠ ᠵᠥᠷᠢᠴᠡᠨ ᠡᠵᠡᠩᠨᠡᠭᠰᠡᠨ ᠦᠢᠯᠡ ᠠᠵᠢᠯᠯᠠᠭ᠎ᠠ ᠶᠢ ᠲᠤᠬᠠᠶ ᠶᠢᠨ ᠲᠠᠯᠠᠪᠤᠷ ᠲᠤᠨᠢ ᠪᠠᠶᠢᠴᠠᠭᠠᠨ ᠰᠢᠢᠳᠪᠦᠷᠢᠯᠡᠬᠦ ᠶᠢᠨ ᠬᠠᠮᠲᠤ ᠲᠤᠬᠠᠶ ᠶᠢᠨ ᠲᠠᠯᠠᠪᠤᠷ ᠲᠤᠨᠢ ᠵᠠᠷᠯᠢᠭᠳᠠᠨ ᠴᠡᠭᠴᠡᠯᠡᠨ ᠰᠠᠶᠢᠵᠢᠷᠠᠭᠤᠯᠪᠠ᠃ ᠡᠭᠦᠨ ᠤ ᠬᠠᠮᠲᠤ᠂ ᠬᠤᠳᠠᠯᠳᠤᠭᠠᠴᠢᠳ ᠲᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠬᠢᠵᠦ᠂ ᠬᠠᠮᠢᠶ᠎ᠠ ᠪᠥᠬᠦᠶ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠦᠨ᠂ ᠲᠡᠳᠡᠨ ᠤ ᠬᠠᠤᠯᠢ ᠶᠣᠰᠣᠭᠠᠷ ᠡᠵᠡᠩᠨᠡᠬᠦ ᠤᠬᠠᠮᠰᠠᠷ ᠢ ᠳᠡᠭᠡᠭᠰᠢᠯᠡᠭᠦᠯᠵᠦ᠂ ︽ᠱᠠᠯᠢᠭ ᠵᠠᠪᠬᠠᠶ ᠵᠦᠢᠯᠡᠰ ᠢ  ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠬᠠᠮᠠᠭᠠᠯᠠᠯᠲᠠ ᠶᠢᠨ ᠲᠣᠤᠷ ᠢ ᠪᠥᠬᠦ ᠲᠠᠯ᠎ᠠ ᠪᠠᠷ ᠪᠠᠶᠢᠭᠤᠯᠪᠠ᠃   
 
ᠢᠷᠡᠯᠲᠡ᠄ ᠵᠢᠨᠢᠩ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2