| 12 ᠰᠠᠷ᠎ᠠ ᠶᠢᠨ 17 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ | ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ | ᠵᠣᠷᠢᠭ ᠰᠠᠨᠠᠭ᠎ᠠ ᠪᠣᠯᠤᠨ ᠲᠥᠪ ᠤᠨ ᠬᠤᠯᠪᠣᠭᠳᠠᠯ ᠪᠥᠬᠦᠶ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ | ᠰᠤᠷᠤᠯᠴᠠᠵᠤ᠂ ᠬᠤᠯᠪᠣᠭᠳᠠᠯ ᠪᠥᠬᠦᠶ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠤᠯ ᠰᠢᠵᠢᠮ᠂ | ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠵᠡᠷᠭᠡ ᠠᠵᠢᠯ ᠢ ᠰᠤᠳᠤᠯᠤᠨ ᠪᠠᠶᠢᠷᠢᠯᠠᠭᠤᠯᠪᠠ᠃ ᠬᠤᠲᠠ ᠶᠢᠨ ᠨᠠᠮ ᠤᠨ | ᠬᠤᠷᠢᠶᠠᠨ ᠤ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠶᠦᠩ ᠸᠧᠨ | ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃ | ᠬᠤᠷᠠᠯ ᠠᠴᠠ᠂ ᠰᠢᠨ᠎ᠡ ᠨᠢᠭᠡ ᠡᠭᠡᠯᠵᠢ ᠶᠢᠨ ᠲᠦᠷᠦ ᠶᠢᠨ ᠪᠤᠳᠤᠯᠭ᠎ᠠ ᠶᠢᠨ ᠠᠵᠠ ᠲᠣᠬᠢᠶᠠᠯ ᠢ ᠠᠮᠵᠢᠵᠤ᠂ | ᠠᠵᠢᠯ ᠤᠨ ᠰᠡᠳᠬᠢᠴᠡ ᠪᠣᠯᠤᠨ ᠭᠤᠣᠯᠳᠠᠯᠭ᠎ᠠ ᠲᠠᠢ ᠡᠭᠦᠷᠭᠡ ᠶᠢ ᠴᠢᠨᠠᠭᠰᠢᠳᠠ ᠰᠢᠯᠢᠳᠡᠭᠵᠢᠭᠦᠯᠦᠨ ᠲᠡᠭᠦᠯᠳᠡᠷᠵᠢᠭᠦᠯᠵᠦ | ᠂ ᠠᠯᠢ ᠤᠯᠠᠨ ᠨᠡᠮᠡᠭᠳᠡᠯ ᠤᠨ ᠲᠦᠷᠦ ᠶᠢᠨ ᠪᠤᠳᠤᠯᠭ᠎ᠠ ᠶᠢ ᠭᠦᠢᠴᠡᠳ ᠰᠠᠶᠢᠲᠤᠷ ᠬᠡᠷᠡᠭᠯᠡᠵᠦ᠂ ᠠᠵᠤ ᠠᠬᠤᠢ ᠶᠢᠨ | ᠬᠥᠭᠵᠢᠯᠲᠡ ᠶᠢᠨ ᠰᠢᠨ᠎ᠡ ᠠᠮᠢᠵᠢᠷᠠᠯ ᠤᠨ ᠬᠦᠴᠦᠨ ᠢ ᠲᠠᠰᠤᠷᠠᠯᠲᠠ ᠦᠭᠡᠢ ᠬᠥᠭᠵᠢᠭᠡᠬᠦ ᠬᠡᠷᠡᠭᠲᠡᠢ᠃ ᠪᠦᠬᠦ ᠲᠠᠯ᠎ᠠ ᠪᠠᠷ | ᠨᠠᠮ ᠢ ᠴᠢᠩᠭ᠎ᠠ ᠵᠠᠰᠠᠬᠤ ᠶᠢ ᠭᠤᠶᠢᠪᠢᠰᠢ ᠦᠭᠡᠢ ᠠᠬᠢᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ | ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠭᠦᠨᠵᠡᠭᠡᠶᠢᠷᠡᠭᠦᠯᠵᠦ᠂ ᠲᠥᠪ ᠤᠨ ᠨᠠᠢᠮᠠᠨ ᠲᠣᠭᠲᠠᠭᠠᠯ ᠤᠨ ᠵᠣᠷᠢᠭ | ᠰᠠᠨᠠᠭ᠎ᠠ ᠶᠢ ᠴᠥᠬᠦᠷᠡᠰᠢ ᠦᠭᠡᠢ ᠨᠠᠶᠢᠳᠠᠪᠤᠷᠢᠵᠢᠭᠤᠯᠵᠤ᠂ ᠲᠤᠰᠬᠠᠢ ᠴᠡᠭᠴᠡᠯᠡᠨ ᠵᠠᠰᠠᠯᠲᠠ ᠶᠢ ᠦᠷᠭᠦᠯᠵᠢᠯᠡᠨ | ᠭᠦᠨᠵᠡᠭᠡᠶᠢᠷᠡᠭᠦᠯᠵᠦ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠶᠢ ᠴᠢᠨᠠᠭᠰᠢᠳᠠ ᠪᠤᠢ | ᠪᠣᠯᠭᠠᠬᠤ ᠬᠡᠷᠡᠭᠲᠡᠢ᠃ ᠠᠵᠤ ᠠᠬᠤᠢ ᠶᠢᠨ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠴᠢᠩᠭᠠᠳᠬᠠᠵᠤ᠂ ᠦᠵᠡᠯ | ᠰᠠᠨᠠᠭ᠎ᠠ ᠤᠯᠤᠰ ᠲᠦᠷᠦ ᠶᠢᠨ ᠬᠦᠳᠦᠯᠦᠨ ᠳᠠᠭᠠᠭᠤᠯᠬᠤ ᠠᠵᠢᠯ ᠢ ᠰᠠᠶᠢᠲᠤᠷ ᠬᠢᠵᠦ᠂ ᠨᠠᠮ ᠤᠨ ᠲᠥᠪ ᠬᠤᠷᠢᠶᠠᠨ ᠤ | ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ | ᠵᠢᠯ ᠤᠨ ᠡᠴᠦᠰ ᠵᠢᠯ ᠤᠨ ᠡᠬᠢᠨ ᠤ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠰᠠᠶᠢᠲᠤᠷ ᠠᠳᠬᠤᠵᠤ᠂ | ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠪᠠᠲᠤ ᠰᠠᠬᠢᠵᠤ᠂ ᠠᠮᠤᠷ ᠲᠦᠪᠰᠢᠨ ᠬᠥᠭᠵᠢᠯᠲᠡ ᠶᠢᠨ ︽ᠬᠤᠣᠰ | ᠬᠤᠷᠢᠭ᠎ᠠ ᠱᠤᠭᠤᠮ︾ ᠢ ᠪᠠᠲᠤ ᠰᠠᠬᠢᠵᠤ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ | ᠪᠣᠯᠤᠨ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠦᠨᠡᠨᠬᠦ ᠬᠠᠮᠠᠭᠠᠯᠠᠬᠤ ᠬᠡᠷᠡᠭᠲᠡᠢ᠃ ᠬᠤᠷᠠᠯ ᠠᠴᠠ᠂ | ᠥᠭᠡᠷᠡᠴᠢᠯᠡᠯᠲᠡ ᠶᠢᠨ ᠨᠠᠶᠢᠳᠠᠪᠤᠷᠢᠵᠢᠭᠤᠯᠤᠯᠲᠠ ᠶᠢ ᠲᠦᠷᠦᠭᠦᠯᠡᠨ ᠰᠠᠶᠢᠲᠤᠷ ᠠᠳᠬᠤᠵᠤ᠂ ᠳᠡᠭᠡᠳᠦ ᠲᠤᠤᠷᠠᠳᠤ | ᠱᠠᠳᠤ ᠪᠠᠷ ᠢᠶᠠᠨ ᠬᠤᠯᠪᠣᠭᠠᠯᠠᠨ ᠬᠥᠳᠡᠯᠦᠯᠴᠡᠬᠦ᠂ ᠱᠠᠳᠤ ᠱᠠᠳᠤ ᠪᠠᠷ ᠬᠠᠷᠢᠭᠤᠴᠠᠬᠤ᠂ ᠥᠨᠳᠥᠷ ᠪᠦᠲᠦᠮᠵᠢᠲᠡᠢ | ᠬᠠᠮᠵᠢᠯᠴᠠᠬᠤ ᠠᠵᠢᠯ ᠤᠨ ᠲᠣᠭᠲᠠᠴᠠ ᠶᠢ ᠪᠠᠶᠢᠭᠤᠯᠵᠤ᠂ ᠦᠷ᠎ᠡ ᠪᠦᠲᠦᠮᠵᠢ ᠶᠢ ᠮᠥᠷᠳᠡᠨ ᠠᠰᠠᠭᠤᠬᠤ ᠶᠢ | ᠴᠢᠩᠭᠠᠳᠬᠠᠵᠤ᠂ ᠡᠯ᠎ᠡ ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ ᠮᠠᠨ ᠤ ᠲᠤᠭᠤᠷᠢᠭ ᠲᠤ ᠦᠨᠳᠦᠰᠦᠯᠡᠭᠦᠯᠵᠦ | ᠠᠬᠢᠭᠤᠯᠬᠤ ᠬᠡᠷᠡᠭᠲᠡᠢ᠃ ᠪᠦᠬᠦ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠪᠦᠬᠦ ᠦᠶᠡᠯᠡᠯ ᠤᠨ ᠬᠤᠭᠤᠴᠠᠭᠠᠨ ᠤ | ᠦᠢᠯᠡᠴᠢᠯᠡᠭᠡ ᠬᠠᠮᠢᠶᠠᠷᠤᠯᠲᠠ᠂ ᠪᠦᠬᠦ ᠶᠠᠪᠤᠴᠠ ᠶᠢ ᠱᠠᠯᠠᠪᠳᠠᠭᠤᠯᠤᠨ ᠠᠬᠢᠭᠤᠯᠬᠤ ᠶᠢ ᠪᠠᠷᠢᠮᠲᠠᠯᠠᠵᠤ᠂ ᠡᠯ᠎ᠡ | ᠲᠦᠷᠦᠯ ᠤᠨ ᠬᠦᠴᠢᠷ ᠠᠰᠠᠭᠤᠳᠠᠯ ᠢ ᠭᠦᠨᠵᠡᠭᠡᠢ ᠪᠣᠳᠣᠯᠬᠢᠯᠠᠨ ᠰᠤᠳᠤᠯᠵᠤ᠂ ᠬᠦᠴᠦᠨ ᠤ ᠥᠭᠡᠷᠡᠴᠢᠯᠡᠯᠲᠡ ᠶᠢ | ᠲᠥᠪᠯᠡᠷᠡᠭᠦᠯᠬᠦ᠂ ᠠᠰᠠᠭᠤᠳᠠᠯ ᠢ ᠦᠨᠳᠦᠰᠦᠨ ᠱᠠᠲᠤᠨ ᠳᠤ ᠰᠢᠢᠳᠪᠦᠷᠢᠯᠡᠬᠦ ᠶᠢ ᠪᠠᠲᠤᠯᠠᠬᠤ ᠬᠡᠷᠡᠭᠲᠡᠢ᠃ ᠬᠤᠷᠠᠯ ᠠᠴᠠ | ᠂ ᠦᠨᠳᠦᠰᠦᠲᠡᠨ ᠤ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠭᠤᠣᠯ ᠰᠢᠵᠢᠮ ᠢ ᠡᠯ᠎ᠡ ᠵᠦᠢᠯ ᠤᠨ | ᠠᠵᠢᠯ ᠳᠠᠭᠠᠨ ᠣᠷᠣᠭᠤᠯᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠤᠨ ᠵᠥᠪ ᠵᠠᠮ ᠢᠶᠠᠷ | ᠤᠷᠤᠭᠰᠢ ᠠᠬᠢᠬᠤ ᠶᠢ ᠪᠠᠲᠤᠯᠠᠬᠤ ᠬᠡᠷᠡᠭᠲᠡᠢ᠃ ᠠᠵᠤ ᠦᠢᠯᠡᠰ ᠤᠨ ᠬᠥᠭᠵᠢᠯᠲᠡ ᠶᠢ ᠴᠢᠩᠭ᠎ᠠ ᠠᠩᠬᠠᠷᠴᠤ᠂ | ᠦᠨᠳᠦᠰᠦᠨ ᠠᠷᠠᠳ ᠤᠨ ᠠᠮᠢᠳᠤᠷᠠᠯ ᠢ ᠪᠠᠲᠤ ᠰᠠᠬᠢᠵᠤ᠂ ᠬᠠᠮᠲᠤ ᠪᠠᠷ ᠴᠢᠨᠡᠭᠡᠯᠢᠭᠵᠢᠬᠦ ᠶᠢ ᠠᠬᠢᠭᠤᠯᠬᠤ ᠳᠤ ᠰᠠᠶᠢᠨ | ᠰᠠᠶᠢᠬᠠᠨ ᠰᠠᠭᠤᠷᠢ ᠶᠢ ᠲᠠᠯᠪᠢᠬᠤ ᠬᠡᠷᠡᠭᠲᠡᠢ᠃ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ | ᠠᠭᠤᠰᠤᠯᠴᠠᠯ ᠢ ᠴᠢᠩᠭᠠᠳᠬᠠᠵᠤ᠂ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠤ ᠬᠥᠮᠦᠰ ᠤᠨ ᠰᠡᠳᠬᠢᠯ ᠢ | ᠲᠦᠰᠢᠭᠯᠡᠬᠦ ᠶᠢ ᠠᠬᠢᠭᠤᠯᠵᠤ᠂ ︽ᠤᠮᠠᠷᠠᠲᠤ ᠶᠢᠨ ᠰᠣᠶᠣᠯ︾ ᠢ ᠶᠡᠭᠡ ᠪᠠᠷ ᠪᠠᠳᠠᠷᠠᠭᠤᠯᠵᠤ᠂ | ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠠᠮᠲᠤ ᠶᠢᠨ ᠰᠣᠶᠣᠯ ᠤᠨ ᠭᠡᠷ ᠣᠷᠣᠨ ᠢ ᠪᠠᠶᠢᠭᠤᠯᠵᠤ᠂ | ᠦᠨᠳᠦᠰᠦᠲᠡᠨ ᠨᠦᠭᠦᠳ ᠤᠨ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠳᠤᠮᠳᠠ ᠬᠠᠷᠢᠯᠴᠠᠨ ᠰᠤᠷᠤᠯᠴᠠᠵᠤ | ᠬᠠᠷᠢᠯᠴᠠᠨ ᠲᠤᠯᠢᠳᠠᠬᠤ᠂ ᠬᠠᠷᠢᠯᠴᠠᠨ ᠬᠠᠪᠰᠤᠷᠤᠯᠴᠠᠬᠤ ᠶᠢ ᠠᠬᠢᠭᠤᠯᠬᠤ ᠬᠡᠷᠡᠭᠲᠡᠢ᠃ ᠬᠤᠷᠠᠯ ᠠᠴᠠ᠂ ᠦᠨᠳᠦᠰᠦᠨ | ᠱᠠᠳᠤ ᠶᠢ ᠶᠡᠬᠡᠪᠡᠷ ᠠᠳᠬᠤᠬᠤ ᠢᠯᠡ ᠲᠣᠳᠣ ᠤᠳᠤᠷᠢᠳᠤᠮᠵᠢ ᠶᠢ ᠪᠠᠲᠤ ᠪᠤᠢ ᠪᠣᠯᠭᠠᠵᠤ᠂ ᠳᠤᠲᠠᠭᠤᠳᠠᠯ ᠢᠶᠠᠨ | ᠬᠦᠴᠦᠯᠡᠨ ᠨᠥᠬᠦᠪᠥᠷᠢᠯᠡᠵᠦ᠂ ᠪᠠᠭᠤᠷᠠᠢ ᠲᠠᠯ᠎ᠠ ᠪᠠᠨ ᠬᠦᠴᠦᠷᠬᠡᠭᠵᠢᠭᠦᠯᠵᠦ᠂ ᠦᠨᠳᠦᠰᠦᠨ ᠱᠠᠲᠤᠨ ᠤ ᠨᠠᠮ ᠤᠨ | ᠵᠣᠬᠢᠶᠠᠨ ᠪᠠᠶᠢᠭᠤᠯᠤᠯᠲᠠ ᠶᠢᠨ ᠪᠦᠬᠦ ᠲᠠᠯ᠎ᠠ ᠪᠠᠷ ᠲᠠᠪᠰᠢᠬᠤ᠂ ᠪᠦᠬᠦ ᠲᠠᠯ᠎ᠠ ᠪᠠᠷ ᠴᠠᠭᠠᠷᠠᠬᠤ ᠶᠢ ᠠᠬᠢᠭᠤᠯᠬᠤ ᠬᠡᠷᠡᠭᠲᠡᠢ | ᠃ ᠦᠷᠭᠦᠯᠵᠢᠯᠡᠨ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ ᠢᠯᠵᠢᠷᠡᠯ ᠢ ᠡᠰᠡᠷᠭᠦᠴᠡᠵᠦ᠂ ᠨᠠᠮ ᠤᠨ | ᠡᠯ᠎ᠡ ᠵᠦᠢᠯ ᠤᠨ ᠰᠠᠬᠢᠯᠭ᠎ᠠ ᠪᠠᠲᠤ ᠲᠣᠭᠲᠠᠭᠠᠯ ᠢ ᠬᠢᠨᠠᠮᠠᠭᠠᠢ ᠬᠡᠷᠡᠭᠵᠢᠭᠦᠯᠵᠦ᠂ ᠪᠦᠬᠦ ᠲᠠᠯ᠎ᠠ ᠪᠠᠷ ᠨᠠᠮ ᠢ ᠴᠢᠩᠭ᠎ᠠ | ᠵᠠᠰᠠᠬᠤ ᠠᠵᠢᠯ ᠤᠨ ᠭᠦᠨᠵᠡᠭᠡᠶᠢᠷᠡᠨ ᠬᠥᠭᠵᠢᠬᠦ ᠶᠢ ᠠᠬᠢᠭᠤᠯᠬᠤ ᠬᠡᠷᠡᠭᠲᠡᠢ᠃ ᠨᠠᠮ ᠤᠨ ᠪᠠᠶᠢᠭᠤᠯᠤᠯᠲᠠ ᠶᠢ ᠴᠢᠩᠭ᠎ᠠ | ᠪᠣᠳᠠᠲᠠᠢ ᠠᠳᠬᠤᠵᠤ᠂ ᠨᠠᠮ ᠢ ᠬᠠᠮᠢᠶᠠᠷᠴᠤ ᠨᠠᠮ ᠢ ᠵᠠᠰᠠᠬᠤ ᠬᠠᠷᠢᠭᠤᠴᠠᠯᠭ᠎ᠠ ᠶᠢ ᠪᠠᠲᠤ ᠡᠭᠦᠷᠭᠡᠯᠡᠵᠦ᠂ ᠳᠡᠭᠡᠳᠦ | ᠱᠠᠳᠤ ᠨᠢ ᠳᠤᠤᠷᠠᠳᠦ ᠱᠠᠳᠤ ᠪᠠᠨ ᠳᠠᠭᠠᠭᠤᠯᠬᠤ ᠶᠢ ᠪᠠᠷᠢᠮᠲᠠᠯᠠᠵᠤ᠂ ᠦᠨᠳᠦᠰᠦᠨ ᠱᠠᠲᠤᠨ ᠤ ᠨᠠᠮ ᠤᠨ | ᠪᠠᠶᠢᠭᠤᠯᠤᠯᠲᠠ ᠶᠢᠨ ᠠᠵᠢᠯ ᠢ ᠭᠤᠣᠯᠳᠠᠯᠭ᠎ᠠ ᠲᠠᠢ ᠠᠵᠢᠯ ᠲᠠᠢ ᠤᠶᠠᠯᠳᠤᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ | ᠵᠠᠰᠠᠬᠤ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠴᠢᠨᠠᠷ ᠰᠠᠶᠢᠲᠠᠢ ᠨᠠᠮ ᠤᠨ ᠪᠠᠶᠢᠭᠤᠯᠤᠯᠲᠠ ᠪᠠᠷ ᠴᠢᠨᠠᠷ | ᠰᠠᠶᠢᠲᠠᠢ ᠬᠥᠭᠵᠢᠯᠲᠡ ᠶᠢ ᠦᠨᠡᠨᠬᠦ ᠬᠦᠳᠦᠯᠦᠨ ᠳᠠᠭᠠᠭᠤᠯᠬᠤ ᠬᠡᠷᠡᠭᠲᠡᠢ᠃ ᠬᠤᠷᠠᠯ ᠠᠴᠠ᠂ ᠪᠣᠳᠠᠲᠤ | ᠪᠠᠶᠢᠳᠠᠯ ᠲᠠᠢ ᠪᠠᠨ ᠤᠶᠠᠯᠳᠤᠭᠤᠯᠤᠨ᠂ ᠢᠵᠢ ᠪᠦᠷᠢᠳᠦᠭᠦᠯᠬᠦ ᠲᠥᠬᠦᠭᠡᠷᠦᠮᠵᠢ ᠪᠠ ᠠᠵᠢᠯ ᠤᠨ ᠲᠣᠭᠲᠠᠴᠠ ᠶᠢ | ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠡᠬᠢ ᠪᠠᠶᠠᠯᠢᠭ ᠤᠨ ᠬᠦᠴᠦᠨ ᠢ ᠡᠮᠬᠢᠯᠡᠨ ᠨᠡᠶᠢᠯᠡᠭᠦᠯᠵᠦ᠂ ᠨᠡᠶᠢᠭᠡᠮ ᠤᠨ | ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠲᠥᠪ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠠᠵᠢᠯ ᠢ | ᠪᠣᠳᠠᠲᠠᠶ ᠳᠤ ᠨᠠᠶᠢᠳᠠᠪᠤᠷᠢᠵᠢᠭᠤᠯᠤᠨ᠂ ᠦᠢᠯᠡᠳᠦᠯ ᠢ ᠨᠢ ᠪᠠᠳᠠᠷᠠᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠡᠯ᠎ᠡ | ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠢ ᠢᠳᠡᠪᠬᠢᠲᠡᠶ ᠪᠠᠷ ᠵᠣᠬᠢᠴᠠᠭᠤᠯᠵᠤ᠂ ᠠᠵᠢᠯ ᠤᠨ ᠬᠠᠮᠵᠢᠯᠴᠠᠬᠤ | ᠲᠣᠭᠲᠠᠴᠠ ᠶᠢ ᠪᠠᠶᠢᠭᠤᠯᠤᠨ᠂ ᠳᠡᠭᠡᠳᠦ ᠳᠣᠤᠷᠠᠳᠤ ᠱᠠᠲᠤ ᠬᠤᠯᠪᠣᠭᠠᠯᠠᠨ ᠬᠥᠳᠡᠯᠦᠯᠴᠡᠬᠦ᠂ ᠰᠠᠯᠠᠭ᠎ᠠ ᠮᠥᠴᠢᠷ | ᠬᠠᠮᠵᠢᠯᠴᠠᠬᠤ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ ᠠᠵᠢᠯ ᠤᠨ ᠨᠡᠶᠢᠯᠡᠮᠡᠯ ᠬᠦᠴᠦᠨ ᠢ ᠪᠣᠶ ᠪᠣᠯᠭᠠᠵᠤ᠂ | ᠨᠡᠶᠢᠭᠡᠮ ᠤᠨ ᠵᠠᠰᠠᠯᠲᠠ ᠳᠤ ᠪᠦᠲᠦᠮᠵᠢᠲᠡᠶ ᠲᠤᠯᠭᠠᠭᠤᠷᠢᠯᠠᠯ ᠬᠠᠩᠭᠠᠬᠤ ᠬᠡᠷᠡᠭᠲᠡᠶ᠃ ᠬᠤᠷᠠᠯ ᠠᠴᠠ᠂ ᠶᠣᠰᠣ | ᠰᠤᠷᠲᠠᠬᠤᠨ ᠢ ᠪᠤᠢ ᠪᠣᠯᠭᠠᠵᠤ ᠬᠥᠮᠦᠨ ᠢ ᠬᠥᠮᠦᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠯᠠᠮᠵᠢᠯᠠᠨ | ᠬᠠᠶᠢᠷᠠᠯᠠᠬᠤ ᠢᠨᠵᠧᠨᠧᠷᠢᠩ ᠢ ᠶᠡᠬᠡᠪᠡᠷ ᠠᠬᠢᠭᠤᠯᠵᠤ᠂ ᠰᠤᠷᠭᠠᠨ ᠬᠥᠮᠦᠵᠢᠯ ᠤᠨ ᠬᠠᠶᠢᠷ᠎ᠠ ᠬᠠᠯᠠᠮᠵᠢ ᠶᠢᠨ ᠠᠷᠭ᠎ᠠ | ᠵᠠᠮ ᠢ ᠦᠷᠭᠦᠯᠵᠢᠯᠡᠨ ᠥᠷᠭᠡᠳᠬᠡᠵᠦ᠂ ᠠᠵᠢᠯᠯᠠᠭ᠎ᠠ ᠶᠢᠨ ᠠᠴᠢᠶᠠᠯᠠᠪᠤᠷᠢ᠂ ᠠᠷᠭ᠎ᠠ ᠬᠡᠯᠪᠡᠷᠢ ᠶᠢᠨ ᠲᠠᠯ᠎ᠠ ᠪᠠᠷ | ᠲᠠᠰᠤᠷᠠᠯᠲᠠ ᠦᠭᠡᠢ ᠰᠢᠨ᠎ᠡ ᠶᠢ ᠡᠭᠦᠳᠴᠦ᠂ ᠨᠢᠭᠡ ᠪᠦᠯᠦᠭ ᠬᠠᠯᠠᠮᠵᠢᠯᠠᠨ ᠬᠠᠶᠢᠷᠠᠯᠠᠬᠤ ᠰᠤᠷᠭᠠᠨ ᠬᠥᠮᠦᠵᠢᠯ ᠤᠨ | ᠤᠨᠴᠠᠯᠢᠬᠳᠤ ᠲᠦᠷᠦᠯ ᠲᠡᠮᠳᠡᠭ ᠢ ᠬᠦᠴᠦᠯᠡᠨ ᠡᠭᠦᠳᠬᠦ ᠬᠡᠷᠡᠭᠲᠡᠢ᠃ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ | ᠠᠵᠢᠯ ᠢ ᠨᠡᠩ ᠴᠢᠬᠤᠯᠠ ᠪᠠᠶᠢᠷᠢᠨ ᠳᠤ ᠲᠠᠯᠪᠢᠨ ᠠᠳᠬᠤᠵᠤ᠂ ᠠᠵᠢᠯ ᠤᠨ ᠳᠤᠮᠳᠠ ᠲᠤᠯᠭᠠᠷᠠᠭᠰᠠᠨ ᠬᠦᠴᠢᠷ | ᠠᠰᠠᠭᠤᠳᠠᠯ ᠢ ᠦᠨᠡᠨ ᠬᠦ ᠬᠠᠪᠰᠤᠷᠤᠨ ᠰᠢᠢᠳᠪᠦᠷᠢᠯᠡᠵᠦ᠂ ᠠᠵᠢᠯ ᠤᠨ ᠬᠠᠮᠲᠤᠷᠠᠯ ᠬᠦᠴᠦᠨ ᠢ ᠪᠦᠷᠢᠯᠳᠦᠭᠦᠯᠵᠦ᠂ | ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠢ ᠬᠠᠮᠲᠤ ᠪᠠᠷ ᠴᠢᠩᠭ᠎ᠠ ᠠᠳᠬᠤᠨ ᠪᠣᠳᠠᠲᠠᠢ ᠠᠳᠬᠤᠵᠤ᠂ ᠦᠷ᠎ᠡ | ᠪᠦᠲᠦᠮᠵᠢ ᠭᠠᠷᠭᠠᠬᠤ ᠬᠡᠷᠡᠭᠲᠡᠢ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ |