ᠤᠯᠤᠰ ᠢᠶᠠᠨ ᠬᠦᠴᠦᠷᠬᠡᠭᠵᠢᠭᠦᠯᠵᠦ ᠴᠡᠷᠢᠭ ᠢᠶᠠᠨ ᠬᠦᠴᠦᠷᠬᠡᠭᠵᠢᠭᠦᠯᠬᠦ ᠤᠷᠢᠶᠠᠯᠠᠭ᠎ᠠ ᠶᠢ ᠢᠳᠡᠪᠬᠢᠲᠡᠢ | ᠴᠤᠤᠷᠢᠶᠠᠲᠤᠨ ᠳᠠᠭᠠᠬᠤ ᠶᠢᠨ ᠲᠥᠯᠥᠭᠡ᠂ 2025 ᠣᠨ ᠤ ᠳᠡᠭᠡᠷ᠎ᠡ ᠬᠠᠭᠠᠰ ᠵᠢᠯ ᠤᠨ ᠴᠡᠷᠢᠭ ᠡᠯᠰᠡᠬᠦ ᠠᠵᠢᠯ ᠢ | ᠰᠠᠶᠢᠲᠤᠷ ᠬᠢᠵᠦ᠂ ᠴᠡᠷᠢᠭ ᠡᠯᠰᠡᠬᠦ ᠤᠬᠠᠭᠤᠯᠭ᠎ᠠ ᠶᠢᠨ ᠠᠭᠤᠷ ᠠᠮᠢᠰᠬᠤᠯ ᠢ ᠶᠡᠬᠡᠪᠡᠷ ᠪᠤᠢ ᠪᠣᠯᠭᠠᠵᠤ᠂ ᠵᠣᠬᠢᠬᠤ | ᠨᠠᠰᠤᠨ ᠤ ᠵᠠᠯᠠᠭᠤᠴᠤᠳ ᠤᠨ ᠴᠡᠷᠢᠭ ᠲᠤ ᠡᠯᠰᠡᠭᠳᠡᠬᠦ ᠬᠠᠯᠠᠭᠤᠨ ᠰᠡᠳᠬᠢᠯᠭᠡ ᠶᠢ ᠬᠥᠭᠵᠢᠭᠡᠪᠡ᠃ ᠣᠶᠢᠷ᠎ᠠ ᠳᠤ᠂ | ᠴᠢᠶᠠᠨ ᠶᠢᠨ ᠯᠦ ᠶᠡᠭᠡ ᠵᠡᠭᠡᠯᠢ ᠶᠢᠨ ᠹᠠᠨ ᠷᠦᠩ ᠨᠡᠶᠢᠭᠡᠮ ᠲᠣᠭᠤᠷᠢᠭ 2025 ᠣᠨ ᠤ ᠴᠡᠷᠢᠭ ᠡᠯᠰᠡᠬᠦ | ᠤᠬᠠᠭᠤᠯᠤᠨ ᠳᠠᠶᠢᠴᠢᠯᠠᠬᠤ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ ᠥᠷᠭᠡᠨ ᠣᠯᠠᠨ ᠵᠣᠬᠢᠬᠤ ᠨᠠᠰᠤᠨ ᠤ | ᠵᠠᠯᠠᠭᠤᠴᠤᠳ ᠢᠳᠡᠪᠬᠢᠲᠡᠶ ᠪᠠᠷ ᠴᠡᠷᠢᠭ ᠲᠤ ᠣᠷᠣᠬᠤ ᠪᠠᠷ ᠨᠡᠷ᠎ᠡ ᠮᠡᠳᠡᠭᠦᠯᠬᠦ ᠶᠢ ᠵᠣᠷᠢᠭᠵᠢᠭᠤᠯᠪᠠ᠃ | ᠢᠳᠡᠪᠬᠢᠲᠡᠢ ᠪᠠᠶᠢᠷᠢᠯᠠᠭᠤᠯᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠪᠠ᠃ ᠨᠡᠶᠢᠭᠡᠮ | ᠲᠣᠭᠤᠷᠢᠭ ᠤᠨ ᠬᠢᠨ ᠴᠡᠷᠢᠭ ᠡᠯᠰᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ︽ᠤᠷᠢᠳᠴᠢᠯᠠᠨ | ᠪᠠᠶᠢᠷᠢᠯᠠᠭᠤᠯᠬᠤ᠂ ᠨᠠᠷᠢᠨ ᠨᠢᠮᠪᠠᠢ ᠲᠥᠯᠥᠪᠵᠢᠭᠦᠯᠬᠦ᠂ ᠤᠨᠢᠨ ᠳᠡᠭᠡᠷ᠎ᠡ ᠨᠢ ᠳᠠᠶᠢᠴᠢᠯᠠᠬᠤ᠂ ᠪᠣᠭᠤᠮᠲᠠ ᠶᠢ ᠴᠢᠩᠭ᠎ᠠ | ᠠᠳᠬᠤᠬᠤ︾ ᠠᠵᠢᠯ ᠤᠨ ᠱᠠᠭᠠᠷᠳᠠᠯᠭ᠎ᠠ ᠶᠣᠰᠣᠭᠠᠷ᠂ ᠴᠡᠷᠢᠭ ᠡᠯᠰᠡᠬᠦ ᠠᠵᠢᠯ ᠢ ᠠᠬᠢᠭᠤᠯᠬᠤ ᠬᠤᠷᠠᠯ | ᠬᠤᠷᠠᠯᠳᠤᠭᠤᠯᠵᠤ᠂ ᠲᠤᠰᠬᠠᠢ ᠺᠠᠳ᠋ᠷ 2025 ᠣᠨ ᠤ ᠬᠠᠪᠤᠷ ᠤᠨ ᠤᠯᠠᠷᠢᠯ ᠤᠨ ᠴᠡᠷᠢᠭ ᠡᠯᠰᠡᠬᠦ ᠬᠠᠮᠢᠶ᠎ᠠ ᠪᠦᠬᠦᠢ | ᠲᠦᠷᠦ ᠶᠢᠨ ᠪᠤᠳᠤᠯᠭ᠎ᠠ ᠶᠢ ᠨᠠᠷᠢᠨ ᠲᠠᠶᠢᠯᠪᠤᠷᠢᠯᠠᠪᠠ᠃ ᠬᠤᠷᠠᠯ ᠠᠴᠠ ᠱᠠᠭᠠᠷᠳᠠᠭᠰᠠᠨ ᠨᠢ᠂ ᠨᠡᠶᠢᠭᠡᠮ ᠲᠣᠭᠤᠷᠢᠭ ᠤᠨ | ᠠᠵᠢᠯᠲᠠᠨ ᠵᠢᠴᠢ ᠲᠣᠣᠷᠵᠢᠯ ᠤᠨ ᠬᠠᠮᠢᠶᠠᠷᠤᠯᠲᠠ ᠶᠢᠨ ᠠᠵᠢᠯᠲᠠᠨ ᠴᠡᠷᠢᠭ ᠡᠯᠰᠡᠬᠦ ᠬᠠᠮᠢᠶ᠎ᠠ ᠪᠦᠬᠦᠢ ᠲᠥᠷᠥ ᠶᠢᠨ | ᠪᠣᠳᠣᠯᠭ᠎ᠠ ᠶᠢ ᠣᠶᠢᠯᠠᠭᠠᠵᠤ᠂ ᠲᠣᠣᠷᠵᠢᠯ ᠤᠨ ᠳᠣᠲᠣᠷ᠎ᠠ ᠠᠵᠢᠯ ᠢᠶᠠᠨ ᠥᠷᠨᠢᠭᠦᠯᠬᠦ ᠦᠶ᠎ᠡ ᠳᠤ᠂ ᠠᠰᠠᠭᠤᠯᠲᠠ | ᠬᠠᠷᠢᠭᠤᠯᠲᠠ ᠤᠯᠤᠰ ᠲᠦᠷᠦ ᠶᠢᠨ ᠪᠤᠳᠤᠯᠭ᠎ᠠ ᠲᠣᠳᠣᠷᠬᠠᠢ ᠪᠠᠶᠢᠬᠤ ᠶᠢ ᠪᠡᠶᠡᠯᠡᠭᠦᠯᠬᠦ ᠬᠡᠷᠡᠭᠲᠡᠢ᠃ | ᠨᠠᠷᠢᠯᠢᠭ ᠣᠨᠣᠪᠴᠢᠲᠠᠢ ᠪᠠᠷ ᠳᠠᠶᠢᠴᠢᠯᠠᠵᠤ᠂ ᠴᠡᠷᠢᠭ ᠡᠯᠰᠡᠬᠦ ᠶᠠᠰᠤ ᠴᠢᠨᠠᠷ ᠢ ᠦᠨᠡᠨ ᠬᠦ ᠪᠠᠲᠤᠯᠠᠨ᠎ᠠ᠃ ᠬᠠᠷᠢᠶ᠎ᠠ | ᠣᠷᠣᠨ ᠤ ᠳᠣᠲᠣᠷᠠᠬᠢ ᠴᠡᠷᠢᠭ ᠡᠯᠰᠡᠬᠦ ᠨᠥᠬᠦᠴᠡᠯ ᠳᠤ ᠨᠡᠶᠢᠴᠡᠬᠦ ᠵᠣᠬᠢᠬᠤ ᠨᠠᠰᠤᠨ ᠤ ᠵᠠᠯᠠᠭᠤᠴᠤᠳ ᠢ ᠡᠮᠬᠢᠯᠡᠨ | ᠲᠢᠭᠯᠡᠵᠦ᠂ ︽ᠨᠠᠷᠢᠯᠢᠭ ᠣᠨᠣᠪᠴᠢᠲᠠᠢ ᠪᠠᠷ ᠴᠢᠬᠢ ᠪᠤᠶᠢᠵᠢᠭᠤᠯᠬᠤ︾ ᠬᠥᠮᠥᠷᠭᠡ ᠪᠠᠶᠢᠭᠤᠯᠵᠤ᠂ ᠤᠲᠠᠰᠤ ᠪᠠᠷ | ᠨᠡᠪᠲᠡᠷᠡᠯᠴᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠴᠡᠷᠢᠭ ᠲᠤ ᠡᠯᠰᠡᠭᠳᠡᠬᠦ ᠬᠦᠰᠡᠯ ᠲᠠᠢ ᠪᠠ ᠨᠥᠬᠦᠴᠡᠯ ᠳᠤ | ᠨᠡᠶᠢᠴᠡᠬᠦ ᠬᠥᠮᠦᠰ ᠢ ᠴᠠᠭ ᠲᠤᠬᠠᠶ ᠳᠤᠨᠢ ᠨᠡᠪᠲᠡᠷᠡᠯᠴᠡᠵᠦ᠂ ᠲᠡᠳᠡᠨ ᠤ ᠪᠣᠳᠣᠯ ᠪᠠ ᠬᠡᠷ ᠤᠨ ᠠᠬᠠᠮᠠᠳ ᠤᠨ ᠰᠠᠨᠠᠯ ᠢ | ᠡᠵᠡᠮᠰᠢᠭᠦᠯᠵᠦ᠂ ᠲᠡᠳᠡᠨ ᠳᠤ ᠬᠠᠮᠤᠭ ᠤᠨ ᠰᠢᠨ᠎ᠡ ᠴᠡᠷᠢᠭ ᠡᠯᠰᠡᠬᠦ ᠲᠥᠷᠥ ᠶᠢᠨ ᠪᠣᠳᠣᠯᠭ᠎ᠠ ᠶᠢ ᠭᠦᠨᠵᠡᠭᠡᠶ ᠪᠥᠭᠡᠳ | ᠣᠨᠣᠪᠴᠢᠲᠠᠶ ᠣᠶᠢᠯᠠᠭᠠᠭᠤᠯᠤᠨ ᠡᠵᠡᠮᠰᠢᠭᠦᠯᠵᠦ᠂ ᠴᠡᠷᠢᠭ ᠲᠤ ᠡᠯᠰᠡᠭᠳᠡᠬᠦ ᠵᠠᠯᠠᠭᠤᠴᠤᠳ ᠤᠨ ᠬᠤᠶᠢᠰᠢᠳᠠ ᠶᠢᠨ | ᠵᠣᠪᠠᠨᠢᠯ ᠢ ᠠᠷᠢᠯᠭᠠᠵᠤ᠂ ᠴᠡᠷᠢᠭ ᠲᠤ ᠡᠯᠰᠡᠭᠳᠡᠬᠦ ᠵᠠᠯᠠᠭᠤᠴᠤᠳ ᠤᠨ ᠴᠡᠷᠢᠭ ᠲᠤ ᠣᠷᠣᠬᠤ ᠳᠣᠲᠣᠭᠠᠳᠤ ᠬᠥᠳᠡᠯᠭᠡᠬᠦ | ᠬᠦᠴᠦᠨ ᠢ ᠦᠨᠡᠨ ᠬᠦ ᠴᠢᠩᠭᠠᠷᠠᠭᠤᠯᠪᠠ᠃ | ᠤᠬᠠᠭᠤᠯᠤᠨ ᠬᠥᠲᠥᠯᠥᠨ ᠵᠢᠯᠣᠭᠤᠳᠴᠤ᠂ ᠴᠡᠷᠢᠭ ᠢ ᠬᠦᠴᠦᠷᠬᠡᠭᠵᠢᠭᠦᠯᠬᠦ ᠪᠦᠷᠢᠶ᠎ᠡ ᠶᠢ ᠬᠠᠩᠭᠢᠨᠠᠭᠤᠯᠤᠨ᠎ᠠ᠃ | ᠬᠠᠷᠢᠶᠠᠲᠤ ᠣᠷᠣᠨ ᠤ ᠳᠣᠲᠣᠷ᠎ᠠ ᠬᠥᠨᠳᠡᠯᠡᠨ ᠪᠢᠴᠢᠭᠡᠰᠦ ᠡᠯᠭᠦᠬᠦ᠂ ᠵᠠᠷᠯᠠᠯ ᠨᠠᠭᠠᠬᠤ᠂ ᠤᠬᠠᠭᠤᠯᠭ᠎ᠠ ᠶᠢᠨ ᠭᠠᠷ | ᠳᠡᠪᠲᠡᠷ ᠲᠠᠷᠬᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠰᠠᠭᠤᠭᠠᠯᠢ ᠠᠷᠠᠳ ᠲᠤ ᠴᠡᠷᠢᠭ ᠡᠯᠰᠡᠬᠦ ᠬᠠᠮᠢᠶ᠎ᠠ | ᠪᠥᠬᠦᠶ ᠲᠥᠷᠥ ᠶᠢᠨ ᠪᠣᠳᠣᠯᠭ᠎ᠠ ᠶᠢ ᠢᠳᠡᠪᠬᠢᠲᠡᠶ ᠤᠬᠠᠭᠤᠯᠵᠤ᠂ ᠴᠡᠷᠢᠭ ᠡᠯᠰᠡᠬᠦ ᠬᠤᠯᠪᠣᠭᠳᠠᠯ ᠪᠥᠬᠦᠶ ᠠᠰᠠᠭᠤᠳᠠᠯ ᠢ | ᠬᠠᠷᠢᠭᠤᠯᠵᠤ᠂ ᠵᠣᠬᠢᠬᠤ ᠨᠠᠰᠤᠨ ᠤ ᠵᠠᠯᠠᠭᠤᠴᠤᠳ ᠤᠨ ᠴᠡᠷᠢᠭ ᠲᠤ ᠣᠷᠣᠬᠤ ᠨᠥᠬᠦᠴᠡᠯ᠂ ᠡᠳ᠋ᠯᠡᠬᠦ ᠬᠠᠷᠠᠭᠠᠯᠵᠠᠯ ᠤᠨ | ᠲᠥᠷᠥ ᠶᠢᠨ ᠪᠣᠳᠣᠯᠭ᠎ᠠ ᠵᠢᠴᠢ ᠠᠯᠪᠠᠨ ᠵᠢᠷᠤᠮ ᠤᠨ ᠴᠡᠷᠢᠭ ᠤᠨ ᠠᠯᠪᠠ ᠬᠠᠭᠠᠬᠤ ᠬᠤᠭᠤᠴᠠᠭᠠᠨ ᠳᠠᠬᠢ | ᠣᠯᠭᠤᠮᠵᠢ ᠶᠢ ᠭᠤᠤᠯᠳᠠᠯᠭ᠎ᠠ ᠲᠠᠢ ᠲᠠᠨᠢᠯᠴᠠᠭᠤᠯᠪᠠ᠃ ᠡᠭᠦᠨ ᠤ ᠬᠠᠮᠲᠤ᠂ ᠰᠠᠭᠤᠭᠠᠯᠢ ᠠᠷᠠᠳ ᠤᠨ ᠸᠢᠴᠠᠲ ᠤᠨ | ᠬᠤᠯᠪᠤᠭ᠎ᠠ ᠪᠠᠷ ᠳᠠᠮᠵᠢᠭᠤᠯᠤᠨ᠂ ᠴᠡᠷᠢᠭ ᠡᠯᠰᠡᠬᠦ ᠤᠬᠠᠭᠤᠯᠭ᠎ᠠ ᠶᠢᠨ ᠮᠡᠳᠡᠭᠡ ᠵᠠᠩᠭᠢ ᠶᠢ ᠴᠠᠭ ᠲᠤᠬᠠᠶ ᠳᠤᠨᠢ | ᠬᠦᠷᠭᠡᠵᠦ᠂ ᠤᠬᠠᠭᠤᠯᠭ᠎ᠠ ᠶᠢᠨ ᠬᠠᠮᠤᠷᠬᠤ ᠬᠡᠪᠴᠢᠶ᠎ᠡ ᠪᠠ ᠮᠡᠳᠡᠬᠦ ᠨᠣᠷᠮ᠎ᠠ ᠶᠢ ᠥᠷᠭᠡᠳᠬᠡᠨ᠂ ᠵᠣᠬᠢᠬᠤ ᠨᠠᠰᠤᠨ ᠤ | ᠵᠠᠯᠠᠭᠤᠴᠤᠳ ᠤᠨ ᠨᠡᠷ᠎ᠡ ᠮᠡᠳᠡᠭᠦᠯᠬᠦ ᠢᠳᠡᠪᠬᠢᠵᠢᠯ ᠢ ᠳᠡᠭᠡᠭᠰᠢᠯᠡᠭᠦᠯᠦᠨ᠎ᠡ᠃ | ᠳᠠᠷᠠᠭᠠᠴᠢ ᠶᠢᠨ ᠠᠯᠬᠤᠮ ᠳᠤ᠂ ᠴᠢᠶᠠᠨ ᠶᠢᠨ ᠯᠦ ᠶᠡᠭᠡ ᠵᠡᠭᠡᠯᠢ ᠶᠢᠨ ᠹᠠᠨ ᠷᠥᠩ ᠨᠡᠶᠢᠭᠡᠮ ᠲᠣᠭᠤᠷᠢᠭ | ᠤᠬᠠᠭᠤᠯᠭ᠎ᠠ ᠪᠠᠨ ᠤᠯᠠᠮ ᠨᠢᠭᠡ ᠠᠯᠬᠤᠮ ᠥᠷᠭᠡᠳᠬᠡᠵᠦ᠂ ᠴᠡᠷᠢᠭ ᠲᠤ ᠣᠷᠣᠬᠤ ᠢᠷᠠᠭᠤ ᠠᠯᠳᠠᠷᠲᠤ ᠰᠠᠶᠢᠨ | ᠰᠠᠶᠢᠬᠠᠨ ᠠᠭᠤᠷ ᠠᠮᠢᠰᠬᠤᠯ ᠢ ᠭᠦᠢᠴᠡᠳ ᠪᠣᠶ ᠪᠣᠯᠭᠠᠵᠤ᠂ ᠥᠷᠭᠡᠨ ᠤᠯᠠᠨ ᠵᠣᠬᠢᠬᠤ ᠨᠠᠰᠤᠨ ᠤ ᠵᠠᠯᠠᠭᠤᠴᠤᠳ ᠤᠨ | ᠴᠡᠷᠢᠭ ᠲᠤ ᠣᠷᠣᠬᠤ ᠪᠠᠷ ᠨᠡᠷ᠎ᠡ ᠮᠡᠳᠡᠭᠦᠯᠬᠦ᠂ ᠤᠯᠤᠰ ᠤᠨ ᠪᠠᠲᠤᠯᠠᠨ ᠬᠠᠮᠠᠭᠠᠯᠠᠯᠲᠠ ᠳᠤ ᠠᠮᠢ ᠪᠡᠶ᠎ᠡ ᠪᠠᠨ | ᠵᠣᠷᠢᠭᠤᠯᠬᠤ ᠢᠳᠡᠪᠬᠢᠵᠢᠯ ᠢ ᠬᠥᠭᠵᠢᠭᠡᠵᠦ᠂ ᠥᠷᠭᠡᠨ ᠤᠯᠠᠨ ᠰᠠᠭᠤᠭᠠᠯᠢ ᠠᠷᠠᠳ ᠤᠨ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠦᠵᠡᠯᠲᠡ ᠪᠠ ᠬᠠᠤᠯᠢ ᠶᠣᠰᠣᠭᠠᠷ ᠴᠡᠷᠢᠭ ᠤᠨ ᠠᠯᠪᠠ ᠬᠠᠭᠠᠬᠤ ᠤᠬᠠᠮᠰᠠᠷ ᠢ ᠴᠢᠩᠭᠠᠳᠬᠠᠵᠤ᠂ | ︽ᠴᠡᠷᠢᠭ ᠲᠤ ᠡᠯᠰᠡᠭᠳᠡᠬᠦ᠂ ᠡᠬᠡ ᠤᠯᠤᠰ ᠲᠠᠭᠠᠨ ᠬᠦᠴᠦ ᠪᠠᠨ ᠡᠷᠭᠦᠬᠦ︾ ᠡᠷᠬᠢᠮ ᠳᠡᠭᠡᠳᠦ ᠣᠶᠢᠯᠠᠭᠠᠭᠳᠠᠬᠤᠨ ᠢ | ᠪᠤᠢ ᠪᠣᠯᠭᠠᠵᠤ᠂ 2025 ᠣᠨ ᠤ ᠴᠡᠷᠢᠭ ᠡᠯᠰᠡᠬᠦ ᠠᠵᠢᠯ ᠳᠤ ᠪᠠᠲᠤ ᠪᠠᠬᠢ ᠰᠠᠭᠤᠷᠢ ᠶᠢ ᠲᠠᠯᠪᠢᠨ᠎ᠠ᠃ | | ᠣᠷᠴᠢᠭᠤᠯᠤᠭᠴᠢ᠄ ᠳ᠋ᠥᠩ ᠾᠦᠢ |