ᠵᠢᠨᠢᠩ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠮᠡᠳᠡᠭᠡ ᠵᠠᠩᠭᠢ ᠶᠢᠨ ᠲᠥᠪ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠰᠢᠨ᠎ᠡ ᠴᠢᠨᠠᠷ ᠤᠨ ᠳᠠᠶᠢᠴᠢᠨ ᠬᠦᠴᠦᠨ ᠢ ᠳᠡᠭᠡᠭᠰᠢᠯᠡᠭᠦᠯᠬᠦ ᠵᠢᠴᠢ ᠪᠥᠬᠦ ᠬᠤᠲᠠ ᠶᠢᠨ ᠪᠠᠶᠢᠳᠠᠯ ᠢ ᠵᠢᠯᠣᠭᠤᠳᠬᠤ ᠰᠠᠯᠠᠭ᠎ᠠ ᠮᠥᠴᠢᠷ ᠤᠨ ᠴᠠᠭᠳᠠᠭᠠᠨ ᠤ ᠶᠠᠪᠤᠳᠠᠯ ᠤᠨ ᠤᠷ᠎ᠠ ᠴᠢᠳᠠᠪᠤᠷᠢ ᠶᠢᠨ ᠮᠥᠷᠦ᠋ᠢᠴᠡᠭᠡᠨ ᠳᠤᠮᠳᠠ ᠰᠢᠯᠢᠳᠡᠭ ᠠᠮᠵᠢᠯᠲᠠ ᠣᠯᠪᠠ
ᠨᠡᠶᠢᠲᠡᠯᠡᠭᠰᠡᠨ ᠴᠠᠭ᠄
2024/12/21
     12 ᠰᠠᠷ᠎ᠠ ᠶᠢᠨ 19 ᠤ ᠡᠳᠦᠷ᠂ 2024 ᠣᠨ ᠳᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠰᠢᠨ᠎ᠡ ᠴᠢᠨᠠᠷ ᠤᠨ ᠳᠠᠶᠢᠴᠢᠨ ᠬᠦᠴᠦᠨ ᠢ ᠳᠡᠭᠡᠭᠰᠢᠯᠡᠭᠦᠯᠬᠦ ᠵᠢᠴᠢ ᠪᠥᠬᠦ ᠬᠤᠲᠠ ᠶᠢᠨ ᠮᠡᠳᠡᠭᠡ ᠵᠠᠩᠭᠢ ᠶᠢᠨ ᠲᠥᠪ ᠤᠨ ᠴᠠᠭᠳᠠᠭᠠᠨ ᠤ ᠶᠠᠪᠤᠳᠠᠯ ᠤᠨ ᠤᠷ᠎ᠠ ᠴᠢᠳᠠᠪᠤᠷᠢ ᠶᠢᠨ ᠮᠥᠷᠦ᠋ᠢᠴᠡᠭᠡᠨ ᠥᠨᠳᠥᠷᠯᠡᠵᠦ᠂ ᠵᠢᠨᠢᠩ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠲᠥᠯᠥᠭᠡᠯᠡᠭᠴᠢᠳ ᠤᠨ ᠠᠩᠭᠢ ᠶᠡᠭᠡ ᠮᠥᠷᠦ᠋ᠢᠴᠡᠭᠡᠨ ᠤ ᠠᠵᠢᠯᠯᠠᠭ᠎ᠠ ᠶᠢᠨ ᠳᠥᠷᠪᠡᠨ ᠲᠥᠷᠥᠯ ᠵᠦᠢᠯ ᠤᠨ ᠳᠣᠲᠣᠷ᠎ᠠ ᠭᠤᠷᠪᠠᠨ ᠵᠦᠢᠯ ᠤᠨ ᠨᠢᠭᠡᠳᠦᠭᠡᠷ᠂ ᠨᠢᠭᠡ ᠵᠦᠢᠯ ᠤᠨ ᠬᠤᠶᠠᠳᠤᠭᠠᠷ ᠤᠨ ᠰᠢᠯᠢᠳᠡᠭ ᠬᠢᠷᠢ ᠪᠦᠲᠦᠮᠵᠢ ᠶᠢ ᠣᠯᠪᠠ︕    ᠲᠣᠰ ᠤᠳᠠᠭᠠᠨ ᠤ ᠮᠥᠷᠦ᠋ᠢᠴᠡᠭᠡᠨ ᠳᠡᠭᠡᠷ᠎ᠡ ᠰᠠᠭᠤᠷᠢ ᠣᠨᠣᠯ ᠤᠨ ᠮᠡᠳᠡᠯᠭᠡ ᠶᠢᠨ ᠮᠥᠷᠦ᠋ᠢᠴᠡᠭᠡᠨ᠂ ᠪᠠᠶᠢᠯᠳᠤᠬᠤ ᠪᠣᠳᠣᠯᠭ᠎ᠠ ᠶᠢᠨ ᠰᠤᠳᠤᠯᠤᠨ ᠮᠠᠭᠠᠳᠯᠠᠯᠲᠠ ᠶᠢᠨ ᠮᠥᠷᠦ᠋ᠢᠴᠡᠭᠡᠨ᠂ ᠴᠠᠭᠳᠠᠭᠠᠨ ᠤ ᠪᠠᠶᠢᠳᠠᠯ ᠢ ᠰᠤᠳᠤᠯᠤᠨ ᠮᠠᠭᠠᠳᠯᠠᠬᠤ ᠮᠥᠷᠦ᠋ᠢᠴᠡᠭᠡᠨ ᠵᠡᠷᠭᠡ 3 ᠬᠤᠪᠢ ᠬᠥᠮᠦᠨ ᠤ ᠲᠥᠷᠥᠯ ᠵᠦᠢᠯ ᠢ ᠳᠣᠭᠢᠷᠠᠭᠤᠯᠵᠤ᠂ ᠪᠠᠴᠢᠮ ᠪᠠᠶᠢᠳᠠᠯ ᠢ ᠠᠷᠭᠠᠴᠠᠭᠠᠨ ᠵᠢᠯᠣᠭᠤᠳᠴᠤ ᠰᠢᠢᠳᠪᠦᠷᠢᠯᠡᠬᠦ ᠪᠣᠳᠠᠲᠤ ᠪᠠᠶᠢᠯᠳᠤᠭᠠᠨ ᠤ ᠮᠥᠷᠦ᠋ᠢᠴᠡᠭᠡᠨ ᠨᠢ 1 ᠪᠦᠯᠬᠦᠮ ᠨᠡᠶᠢᠲᠡ ᠶᠢᠨ ᠲᠥᠷᠥᠯ ᠵᠦᠢᠯ ᠢ ᠢᠯᠡᠷᠡᠭᠦᠯᠪᠡ᠃ ᠬᠤᠶᠠᠷ ᠡᠳᠦᠷ ᠤᠨ ᠬᠤᠭᠤᠴᠠᠭ᠎ᠠ ᠲᠠᠢ ᠬᠤᠷᠴᠠ ᠰᠢᠷᠦᠭᠦᠨ ᠥᠷᠢᠰᠥᠯᠳᠦᠭᠡᠨ ᠢᠶᠠᠷ ᠳᠡᠮᠵᠢᠨ᠂ ᠵᠢᠨᠢᠩ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠨᠢᠭᠤᠴᠠ ᠮᠡᠳᠡᠭᠡᠨ ᠤ ᠵᠢᠯᠣᠭᠤᠳᠬᠤ ᠲᠥᠪ ︽ᠪᠠᠴᠢᠮ ᠪᠠᠶᠢᠳᠠᠯ ᠢ ᠠᠷᠭᠠᠴᠠᠭᠠᠬᠤ ᠵᠢᠯᠣᠭᠤᠳᠣᠯᠭ᠎ᠠ ᠶᠢᠨ ᠪᠣᠳᠠᠲᠤ ᠪᠠᠶᠢᠯᠳᠤᠭᠠᠨ︾ ᠤ ᠨᠢᠭᠡᠳᠦᠭᠡᠷ ᠳᠡᠰ ᠤᠨ ᠱᠠᠩᠨᠠᠯ ᠭᠥᠷᠳᠡᠵᠦ᠂ ᠠᠷᠠᠳ ᠤᠨ ᠴᠠᠭᠳᠠᠭ᠎ᠠ ᠹᠦ᠋ ᠰᠢᠶᠤᠤ ᠢᠦᠶ ︽ᠪᠠᠶᠢᠯᠳᠤᠬᠤ ᠪᠣᠳᠣᠯᠭ᠎ᠠ ᠶᠢᠨ ᠰᠤᠳᠤᠯᠤᠨ ᠮᠠᠭᠠᠳᠯᠠᠯᠲᠠ︾ ᠶᠢᠨ ᠨᠢᠭᠡᠳᠦᠭᠡᠷ ᠳᠡᠰ ᠤᠨ ᠱᠠᠩᠨᠠᠯ᠂ ᠠᠷᠠᠳ ᠤᠨ ᠴᠠᠭᠳᠠᠭ᠎ᠠ ᠭᠦᠸᠧ ᠰᠢᠶᠤᠤ ᠫᠧᠩ ︽ᠴᠠᠭᠳᠠᠭᠠᠨ ᠤ ᠪᠠᠶᠢᠳᠠᠯ ᠢ ᠰᠤᠳᠤᠯᠤᠨ ᠮᠠᠭᠠᠳᠯᠠᠬᠤ︾ ᠨᠢᠭᠡᠳᠦᠭᠡᠷ ᠳᠡᠰ ᠤᠨ ᠱᠠᠩᠨᠠᠯ ᠭᠥᠷᠳᠡᠪᠡ᠃    ᠬᠤᠪᠢᠶᠠᠷᠢ ᠲᠣᠪᠴᠢᠶ᠎ᠠ ᠶᠢᠨ ᠨᠠᠮ ᠤᠨ ᠬᠤᠷᠢᠶ᠎ᠠ ᠲᠣᠰ ᠤᠳᠠᠭᠠᠨ ᠤ ᠮᠥᠷᠦ᠋ᠢᠴᠡᠬᠦ ᠠᠵᠢᠯᠯᠠᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠡᠯ᠎ᠡ ᠵᠦᠢᠯ ᠤᠨ ᠤᠷᠤᠯᠳᠤᠭᠠᠨ ᠤ ᠪᠡᠯᠡᠳᠬᠡᠯ ᠠᠵᠢᠯ ᠢ ᠶᠡᠬᠡᠪᠡᠷ ᠳᠡᠮᠵᠢᠵᠦ᠂ ︽ᠪᠠᠶᠢᠳᠠᠯ ᠤᠨ ᠵᠢᠯᠣᠭᠤᠳᠤᠮᠵᠢ︾ ᠨᠢᠭᠡ ᠴᠣᠭᠴᠠᠵᠢᠭᠤᠯᠤᠭᠰᠠᠨ ᠠᠵᠢᠯᠯᠠᠭᠠᠨ ᠤ ᠲᠣᠭᠲᠠᠴᠠ ᠪᠠᠷ ᠬᠥᠲᠥᠯᠦᠮᠵᠢ ᠪᠣᠯᠭᠠᠵᠤ᠂ ᠲᠦᠷᠦᠭᠦᠯᠡᠨ ᠡᠷᠡᠭᠦᠤ ᠶᠢᠨ ᠬᠡᠷᠡᠭ ᠢ ᠲᠤᠷᠰᠢᠨ ᠪᠠᠶᠢᠴᠠᠭᠠᠬᠤ ᠶᠡᠭᠡ ᠠᠩᠭᠢ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ᠂ ᠰᠦᠷᠳᠡᠭᠦᠯᠦᠯ ᠢ ᠡᠰᠡᠷᠭᠦᠴᠡᠬᠦ ᠪᠠ ᠣᠨᠴᠠ ᠴᠠᠭᠳᠠᠭᠠᠨ ᠤ ᠶᠡᠭᠡ ᠠᠩᠭᠢ᠂ ᠴᠢᠤᠸᠠᠨ ᠱᠠᠨ ᠲᠣᠮᠢᠯᠠᠭᠰᠠᠨ ᠰᠠᠯᠪᠤᠷᠢ᠂ ᠪᠠᠶ ᠬᠠᠶ ᠽᠢ ᠲᠣᠮᠢᠯᠠᠭᠰᠠᠨ ᠰᠠᠯᠪᠤᠷᠢ ᠶᠢᠨ ᠪᠠᠴᠢᠮ ᠪᠠᠶᠢᠳᠠᠯ ᠢ ᠠᠷᠭᠠᠴᠠᠨ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠠᠩᠭᠢ ᠲᠠᠢ ᠬᠠᠮᠲᠤᠷᠠᠨ᠂ ᠣᠯᠠᠨ ᠤᠳᠠᠭ᠎ᠠ ᠳᠠᠬᠢᠨ ᠳᠠᠪᠲᠠᠨ ᠪᠣᠯᠪᠠᠰᠤᠷᠠᠬᠤ ᠪᠠᠷ ᠳᠠᠮᠵᠢᠭᠤᠯᠤᠨ᠂ ᠲᠤᠷᠰᠢᠯᠭ᠎ᠠ ᠪᠠᠨ ᠲᠠᠰᠤᠷᠠᠯᠲᠠ ᠥᠬᠡᠶ ᠳ᠋ᠦᠩᠨᠡᠵᠦ᠂ ᠲᠣᠭᠲᠠᠴᠠ ᠪᠠᠨ ᠲᠡᠭᠦᠯᠳᠡᠷᠵᠢᠭᠦᠯᠦᠨ᠂ ᠡᠯ᠎ᠡ ᠵᠦᠢᠯ ᠤᠨ ᠪᠣᠳᠠᠲᠤ ᠪᠠᠶᠢᠯᠳᠤᠭᠠᠨ ᠤ ᠤᠷ᠎ᠠ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠪᠡ᠃     ᠪᠠᠴᠢᠮ ᠪᠠᠶᠢᠳᠠᠯ ᠢ ᠠᠷᠭᠠᠴᠠᠨ ᠵᠢᠯᠣᠭᠤᠳᠤᠨ ᠰᠢᠢᠳᠪᠦᠷᠢᠯᠡᠬᠦ ᠪᠣᠳᠠᠲᠤ ᠪᠠᠶᠢᠯᠳᠤᠭᠠᠨ ᠤ ᠮᠥᠷᠦ᠋ᠢᠴᠡᠬᠦ ᠶᠠᠪᠤᠴᠠ ᠳᠤ᠂ ᠮᠡᠳᠡᠭᠡ ᠵᠠᠩᠭᠢ ᠶᠢᠨ ᠵᠢᠭᠠᠨ ᠵᠢᠯᠣᠭᠤᠳᠬᠤ ᠲᠥᠪ ᠨᠢ ᠨᠢᠭᠡᠳᠦᠯᠲᠡᠶ ᠵᠠᠷᠯᠢᠭ ᠪᠠᠭᠤᠯᠭᠠᠵᠤ᠂ ᠡᠯ᠎ᠡ ᠪᠠᠴᠢᠮ ᠪᠠᠶᠢᠳᠠᠯ ᠢ ᠠᠷᠭᠠᠴᠠᠨ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠠᠩᠭᠢ ᠶᠢᠨ ᠬᠤᠭᠤᠷᠣᠨᠳᠣ ᠪᠦᠯᠬᠦᠮᠳᠡᠨ ᠬᠠᠮᠵᠢᠯᠴᠠᠵᠤ᠂ ᠰᠡᠳᠬᠢᠯ ᠰᠠᠨᠠᠭ᠎ᠠ ᠪᠠᠨ ᠣᠯᠣᠯᠴᠠᠵᠤ᠂ ᠪᠠᠴᠢᠮ ᠪᠠᠶᠢᠳᠠᠯ ᠢ ᠠᠷᠭᠠᠴᠠᠨ ᠵᠢᠯᠣᠭᠤᠳᠬᠤ᠂ ᠲᠤᠬᠠᠶ ᠶᠢᠨ ᠲᠠᠯᠠᠪᠤᠷ ᠲᠤ ᠰᠢᠢᠳᠪᠦᠷᠢᠯᠡᠬᠦ᠂ ᠴᠠᠭᠳᠠᠭᠠᠨ ᠤ ᠲᠥᠷᠥᠯ ᠤᠨ ᠲᠤᠰᠠᠯᠠᠮᠵᠢ ᠦᠵᠡᠭᠦᠯᠬᠦ ᠵᠡᠷᠭᠡ ᠡᠯ᠎ᠡ ᠵᠦᠢᠯ ᠤᠨ ᠠᠵᠢᠯ ᠢ ᠡᠮᠬᠢ ᠵᠢᠷᠤᠮ ᠲᠠᠢ ᠥᠷᠨᠢᠭᠦᠯᠪᠡ᠃ ᠡᠯ᠎ᠡ ᠴᠠᠭᠳᠠᠭᠠᠨ ᠤ ᠨᠢᠭᠡᠴᠡ ᠬᠡᠬᠦᠳᠡᠭ ᠳᠦᠭᠦᠷᠡᠩ ᠪᠠᠶᠢᠳᠠᠯ᠂ ᠴᠢᠩᠭ᠎ᠠ ᠨᠢᠮᠪᠠᠶ ᠣᠪᠣᠷ᠂ ᠲᠤᠰᠬᠠᠶ ᠮᠡᠷᠭᠡᠵᠢᠯ ᠤᠨ ᠬᠡᠪ ᠪᠣᠯᠪᠠᠰᠤᠷᠠᠯ ᠢᠶᠠᠷ᠂ ᠯᠠᠪᠳᠠᠭᠤᠨ ᠲᠣᠭᠲᠠᠭᠤᠨ ᠢᠶᠠᠷ ᠳᠠᠶᠢᠨ ᠳᠤ ᠣᠷᠣᠯᠴᠠᠵᠤ᠂ ᠯᠠᠪᠳᠠᠭᠤᠨ ᠲᠣᠭᠲᠠᠭᠤᠨ ᠢᠶᠠᠷ ᠪᠠᠳᠠᠷᠠᠭᠤᠯᠵᠤ᠂ ᠢᠳᠡᠪᠬᠢᠲᠡᠶ ᠤᠷᠤᠭᠰᠢᠯᠠᠨ ᠳᠠᠪᠰᠢᠬᠤ ᠴᠤᠭ ᠪᠠᠳᠠᠷᠠᠩᠭᠤᠶ ᠲᠡᠮᠡᠴᠡᠯ ᠤᠨ ᠵᠣᠷᠢᠭ᠂ ᠯᠠᠪᠳᠠᠭᠤᠨ ᠪᠠᠲᠤᠲᠠᠶ ᠰᠢᠯᠭᠠᠷᠠᠭᠰᠠᠨ ᠲᠤᠰᠬᠠᠶ ᠮᠡᠷᠭᠡᠵᠢᠯ ᠤᠨ ᠤᠷ᠎ᠠ ᠴᠢᠳᠠᠪᠤᠷᠢ ᠶᠢ ᠭᠠᠷᠭᠠᠵᠤ᠂ ︽ᠡᠩᠨᠡᠭᠡ ᠪᠠᠨ ᠳᠠᠪᠲᠠᠨ ᠪᠣᠯᠪᠠᠰᠤᠷᠠᠭᠤᠯᠵᠤ᠂ ᠴᠢᠳᠠᠪᠤᠷᠢ ᠪᠠᠨ ᠳᠡᠭᠡᠭᠰᠢᠯᠡᠭᠦᠯᠦᠨ᠂ ᠪᠣᠳᠠᠲᠤ ᠳᠠᠶᠢᠨ ᠳᠤ ᠦᠢᠯᠡᠴᠢᠯᠡᠵᠦ᠂ ᠠᠵᠢᠯ ᠢᠶᠠᠨ ᠠᠬᠢᠭᠤᠯᠬᠤ︾ ᠬᠠᠷᠠᠯᠲᠠ ᠳᠤ ᠬᠦᠷᠴᠦ᠂ ᠮᠠᠰᠢ ᠰᠠᠶᠢᠨ ᠦᠷ᠎ᠡ ᠪᠦᠲᠦᠮᠵᠢ ᠤᠯᠪᠠ᠃    ᠵᠢᠨᠢᠩ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠲᠣᠰ ᠤᠳᠠᠭᠠᠨ ᠤ ᠪᠣᠳᠠᠲᠤ ᠪᠠᠶᠢᠯᠳᠤᠭᠠᠨ ᠤ ᠶᠡᠭᠡ ᠮᠥᠷᠦ᠋ᠢᠴᠡᠭᠡᠨ ᠢᠶᠠᠷ ᠠᠵᠠ ᠲᠣᠬᠢᠶᠠᠯ ᠪᠣᠯᠭᠠᠵᠤ᠂ ᠲᠦᠷᠭᠡᠨ ᠲᠤᠰᠬᠠᠬᠤ᠂ ᠥᠨᠳᠥᠷ ᠪᠦᠲᠦᠮᠵᠢᠲᠡᠶ ᠪᠠᠷ ᠵᠢᠯᠣᠭᠤᠳᠬᠤ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠪᠠ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠬᠤ ᠬᠢᠷᠢ ᠲᠦᠪᠰᠢᠨ ᠢ ᠤᠯᠠᠮ ᠨᠢᠭᠡ ᠠᠯᠬᠤᠮ ᠴᠢᠩᠭᠠᠳᠬᠠᠵᠤ᠂ ᠪᠥᠬᠦ ᠴᠠᠭᠳᠠᠭ᠎ᠠ ᠶᠢᠨ ᠲᠦᠷᠭᠡᠨ ᠳᠠᠭᠠᠬᠤ᠂ ᠲᠦᠷᠭᠡᠨ ᠲᠤᠰᠠᠯᠠᠬᠤ᠂ ᠬᠠᠮᠵᠢᠯᠴᠠᠨ ᠪᠠᠶᠢᠯᠳᠤᠬᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠨᠡᠶᠢᠭᠡᠮ ᠤᠨ ᠠᠮᠤᠷ ᠲᠦᠪᠰᠢᠨ ᠤ ᠶᠡᠭᠡ ᠲᠠᠯ᠎ᠠ ᠶᠢᠨ ᠦᠷᠭᠦᠯᠵᠢᠯᠡᠨ ᠲᠣᠭᠲᠠᠭᠤᠨ ᠪᠠᠶᠢᠬᠤ ᠶᠢ ᠬᠠᠮᠠᠭᠠᠯᠠᠵᠤ᠂ ᠠᠮᠤᠷ ᠠᠮᠤᠭᠤᠯᠠᠩ ᠵᠢᠨᠢᠩ ᠤᠨ ᠪᠥᠲᠥᠭᠡᠨ ᠪᠠᠶᠢᠭᠤᠯᠤᠯᠲᠠ ᠶᠢ ᠬᠠᠮᠠᠭᠠᠯᠠᠨ᠎ᠠ᠃              ᠣᠷᠴᠢᠭᠤᠯᠤᠭᠴᠢ᠄ ᠳ᠋ᠥᠩ ᠾᠦᠢ
 
ᠢᠷᠡᠯᠲᠡ᠄ ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2