ᠵᠢᠨᠢᠩ ᠲᠣᠭᠤᠷᠢᠭ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠡᠮ ᠤᠨ ᠵᠦᠢᠯᠡᠰ ᠢ ᠮᠥᠷᠳᠡᠨ ᠤᠬᠤᠴᠢᠯᠠᠬᠤ ᠬᠢᠨᠠᠨ ᠬᠠᠮᠢᠶᠠᠷᠤᠯᠲᠠ ᠶᠢ ᠴᠢᠩᠭᠠᠳᠬᠠᠬᠤ ᠬᠡᠷᠡᠭᠯᠡᠭᠡᠨ ᠤ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/12/21
    ᠴᠢᠭ ᠲᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠥᠪᠡᠷ ᠢ ᠪᠠᠨ ᠬᠠᠮᠢᠶᠠᠷᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠲᠡᠭᠦᠨ ᠤ ᠲᠣᠭᠲᠠᠭᠠᠯ ᠳᠤ ᠨᠡᠶᠢᠴᠡᠬᠦ ᠡᠵᠡᠩᠨᠡᠯᠲᠡ ᠶᠢᠨ ᠤᠬᠠᠮᠰᠠᠷ ᠢ ᠴᠢᠩᠭᠠᠳᠬᠠᠵᠤ᠂ ᠳᠠᠭᠠᠳᠬᠠᠯ ᠳᠤ ᠣᠷᠣᠯᠴᠠᠭᠰᠠᠳ ᠢ ᠥᠳᠥᠭᠡᠨ ᠳᠠᠭᠠᠭᠤᠯᠬᠤ᠂ ᠡᠮ ᠤᠨ ᠵᠦᠢᠯ ᠢ ᠬᠤᠯᠪᠣᠬᠤ᠂ ᠡᠮ ᠤᠨ ᠵᠦᠢᠯ ᠢ ᠰᠠᠷᠢᠭᠠᠯᠠᠬᠤ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠰᠡᠷᠭᠡᠶᠢᠯᠡᠬᠦ ᠶᠢᠨ ᠲᠥᠯᠥᠭᠡ᠂ 2024 ᠣᠨ ᠤ 12 ᠰᠠᠷ᠎ᠠ ᠶᠢᠨ 20 ᠤ ᠡᠳᠦᠷ᠂ ᠵᠢᠨᠢᠩ ᠲᠣᠭᠤᠷᠢᠭ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠡᠮ ᠤᠨ ᠵᠦᠢᠯ ᠤᠨ ᠮᠥᠷᠳᠡᠨ ᠤᠬᠤᠴᠢᠯᠠᠬᠤ ᠪᠠ ᠡᠮ ᠡᠮᠨᠡᠯᠭᠡ ᠶᠢᠨ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠬᠡᠷᠡᠭᠯᠡᠭᠡᠨ ᠤ ᠶᠠᠷᠢᠯᠴᠠᠬᠤ ᠬᠤᠷᠠᠯ ᠬᠤᠷᠠᠯᠳᠤᠭᠤᠯᠵᠤ᠂ ᠬᠠᠷᠢᠶ᠎ᠠ ᠣᠷᠣᠨ ᠤ ᠪᠠᠨ 20 ᠬᠡᠯᠬᠢᠶ᠎ᠡ ᠡᠮ ᠤᠨ ᠳᠡᠯᠭᠡᠭᠦᠷ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠵᠢᠴᠢ ᠡᠮ ᠡᠮᠨᠡᠯᠭᠡ ᠶᠢᠨ ᠳᠠᠭᠠᠳᠬᠠᠯ ᠤᠨ ᠲᠤᠰᠬᠠᠶ ᠲᠤᠰᠢᠶᠠᠯᠲᠠᠨ ᠬᠤᠷᠠᠯ ᠳᠤ ᠣᠷᠣᠯᠴᠠᠪᠠ᠃    ᠬᠤᠷᠠᠯ ᠳᠡᠭᠡᠷ᠎ᠡ᠂ ᠲᠤᠭᠤᠷᠢᠭ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ ᠯᠢ ᠸᠧᠶ ᠫᠢᠩ ᠪᠥᠬᠦ ᠲᠤᠭᠤᠷᠢᠭ ᠤᠨ ᠡᠮ ᠤᠨ ᠵᠦᠶᠯ ᠤᠨ ᠮᠥᠷᠳᠡᠨ ᠤᠬᠤᠴᠢᠯᠠᠬᠤ ᠨᠣᠮᠧᠷ ᠢ ᠴᠤᠭᠯᠠᠭᠤᠯᠤᠨ ᠬᠡᠷᠡᠭᠯᠡᠭᠰᠡᠨ ᠪᠠᠶᠢᠳᠠᠯ ᠢ ᠵᠠᠷᠯᠠᠨ ᠮᠡᠳᠡᠭᠳᠡᠭᠰᠡᠨ ᠪᠥᠭᠡᠳ ︽ᠡᠮ ᠡᠮᠨᠡᠯᠭᠡ ᠶᠢᠨ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠡᠷᠡᠭᠯᠡᠯᠲᠡ ᠳᠤ ᠬᠢᠨᠠᠯᠲᠠ ᠲᠠᠯᠪᠢᠵᠤ ᠬᠠᠮᠢᠶᠠᠷᠬᠤ ᠲᠦᠷᠢᠮ︾ ︽ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠭᠲᠠᠭᠰᠠᠨ ᠴᠢᠭ ᠤᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ︵ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠶᠢᠨ 3 ᠳ᠋ᠤᠭᠠᠷ ᠲᠣᠭᠠᠲᠤ ᠵᠠᠷᠯᠢᠭ︶ ︽ᠴᠢᠭ ᠲᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠬᠠᠮᠢᠶ᠎ᠠ ᠪᠥᠬᠦᠶ ᠬᠥᠮᠦᠰ ᠤᠨ ᠡᠮ ᠡᠮᠨᠡᠯᠭᠡ ᠶᠢᠨ ᠳᠠᠭᠠᠳᠬᠠᠯ ᠤᠨ ᠲᠣᠭᠠᠴᠠᠭ᠎ᠠ ᠬᠢᠬᠦ ᠬᠢᠷᠢ ᠬᠡᠮ ᠤᠨ ᠬᠠᠮᠢᠶᠠᠷᠤᠯᠲᠠ ᠶᠢᠨ ᠲᠦᠷᠢᠮ ᠢ ᠪᠠᠶᠢᠭᠤᠯᠬᠤ ᠲᠤᠬᠠᠶ ᠵᠢᠯᠣᠭᠤᠳᠬᠤ ᠰᠠᠨᠠᠯ︾ ᠵᠡᠷᠭᠡ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠳᠤ ᠨᠠᠷᠢᠨ ᠲᠠᠶᠢᠯᠤᠮᠵᠢ ᠬᠢᠪᠠ᠃    ᠬᠤᠷᠠᠯ ᠠᠴᠠ᠂ ᠨᠢᠭᠡ ᠳᠤ᠂ ᠡᠯ᠎ᠡ ᠴᠢᠭ ᠲᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠲᠠᠨᠢᠯᠲᠠ ᠪᠠᠨ ᠳᠡᠭᠡᠭᠰᠢᠯᠡᠭᠦᠯᠵᠦ᠂ ᠡᠮ ᠤᠨ ᠵᠦᠢᠯᠡᠰ ᠢ ᠮᠥᠷᠳᠡᠨ ᠪᠠᠶᠢᠴᠠᠭᠠᠬᠤ ᠺᠣᠳ᠋ ᠤᠨ ᠮᠡᠳᠡᠭᠡ ᠵᠠᠩᠭᠢ ᠶᠢ ᠴᠤᠭᠯᠠᠭᠤᠯᠤᠨ ᠬᠡᠷᠡᠭᠯᠡᠬᠦ ᠶᠢ ᠲᠦᠷᠭᠡᠳᠬᠡᠨ ᠠᠬᠢᠭᠤᠯᠵᠤ᠂ ᠵᠢᠷᠤᠮᠵᠢᠭᠰᠠᠨ ᠤᠬᠠᠮᠰᠠᠷ ᠢᠶᠠᠨ ᠴᠢᠩᠭᠠᠳᠬᠠᠵᠤ᠂ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢ ᠬᠠᠤᠯᠢ ᠲᠣᠭᠲᠠᠭᠠᠯ ᠳᠤ ᠨᠡᠶᠢᠴᠡᠭᠦᠯᠦᠨ ᠬᠡᠷᠡᠭᠯᠡᠬᠦ ᠲᠤᠯᠭᠠᠮ᠎ᠠ ᠰᠡᠳᠬᠢᠯᠭᠡ᠂ ᠬᠠᠷᠢᠭᠤᠴᠠᠯᠭᠠᠲᠤ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢ ᠳᠦᠷᠢᠮᠵᠢᠭᠦᠯᠦᠨ ᠬᠡᠷᠡᠭᠯᠡᠬᠦ ᠬᠡᠷᠡᠭᠲᠡᠢ︔ ᠬᠤᠶᠠᠷ ᠲᠤ᠂ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢ ᠵᠢᠷᠤᠮᠵᠢᠭᠤᠯᠤᠨ ᠬᠡᠷᠡᠭᠯᠡᠬᠦ ᠶᠢ ᠴᠢᠬᠤᠯᠠᠴᠢᠯᠠᠬᠤ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠲᠣᠭᠲᠠᠮᠠᠯ ᠬᠤᠭᠤᠴᠠᠭ᠎ᠠ ᠲᠠᠢ ᠪᠠᠷ ᠬᠠᠤᠯᠢ ᠴᠠᠭᠠᠵᠠ ᠬᠠᠤᠯᠢ ᠲᠣᠭᠲᠠᠭᠠᠯ ᠤᠨ ᠰᠤᠷᠤᠯᠴᠠᠯᠭ᠎ᠠ ᠶᠢ ᠵᠣᠬᠢᠶᠠᠨ ᠪᠠᠶᠢᠭᠤᠯᠵᠤ᠂ ᠠᠵᠢᠯᠲᠠᠨ ᠠᠵᠢᠯᠴᠢᠨ ᠤ ᠬᠠᠤᠯᠢ ᠶᠢ ᠰᠠᠬᠢᠬᠤ ᠬᠥᠮᠦᠵᠢᠯ ᠪᠠ ᠡᠳᠦᠷ ᠲᠤᠲᠤᠮ ᠤᠨ ᠬᠠᠮᠢᠶᠠᠷᠤᠯᠲᠠ ᠶᠢ ᠦᠨᠡᠨ ᠬᠦ ᠴᠢᠩᠭᠠᠳᠬᠠᠵᠤ᠂ ᠲᠣᠭᠲᠠᠭᠠᠯ ᠳᠤ ᠨᠡᠶᠢᠴᠡᠭᠦᠯᠦᠨ ᠡᠵᠡᠩᠨᠡᠬᠦ ᠶᠢ ᠠᠵᠤ ᠠᠬᠤᠶᠢᠯᠠᠯ ᠤᠨ ᠬᠥᠭᠵᠢᠯᠲᠡ ᠶᠢᠨ ᠠᠮᠢ ᠨᠠᠰᠤ ᠪᠣᠯᠭᠠᠬᠤ ᠬᠡᠷᠡᠭᠲᠡᠶ︔ ᠭᠤᠷᠪᠠ ᠳᠤ᠂ ᠥᠪᠡᠷ ᠢ ᠪᠠᠨ ᠴᠢᠩᠭ᠎ᠠ ᠱᠠᠭᠠᠷᠳᠠᠵᠤ᠂ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠵᠠᠯᠠᠷᠠᠭᠤᠯᠬᠤ ᠶᠢ ᠴᠠᠭ ᠲᠤᠬᠠᠢ ᠳᠤᠨᠢ ᠥᠷᠨᠢᠭᠦᠯᠵᠦ᠂ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠲᠠᠢ ᠬᠠᠮᠵᠢᠯᠴᠠᠨ ᠬᠢᠨᠠᠨ ᠬᠠᠮᠢᠶᠠᠷᠴᠤ ᠬᠠᠷᠭᠤᠭᠤᠯᠤᠨ ᠪᠠᠶᠢᠴᠠᠭᠠᠬᠤ ᠵᠡᠷᠭᠡ ᠠᠵᠢᠯ ᠢ ᠥᠷᠨᠢᠭᠦᠯᠵᠦ᠂ ᠳᠠᠭᠠᠳᠬᠠᠯ ᠢ ᠮᠡᠬᠡᠯᠡᠨ ᠠᠪᠤᠭᠴᠢᠳ ᠲᠤ ᠴᠣᠬᠢᠯᠲᠠ ᠥᠭᠬᠦ ᠦᠢᠯᠡᠳᠦᠯ ᠢ ᠭᠦᠢᠴᠡᠳ ᠪᠠᠳᠠᠷᠠᠭᠤᠯᠵᠤ᠂ ᠠᠷᠠᠳ ᠣᠯᠠᠨ ᠤ ︽ᠡᠪᠡᠳᠴᠢᠨ ᠦᠵᠡᠭᠦᠯᠬᠦ ᠵᠣᠭᠤᠰ︾᠂ ︽ᠠᠮᠢ ᠠᠪᠤᠷᠠᠬᠤ ᠵᠣᠭᠤᠰ︾ ᠢ ᠬᠠᠮᠲᠤ ᠪᠠᠷ ᠰᠠᠶᠢᠲᠤᠷ ᠰᠠᠬᠢᠨ ᠬᠠᠮᠠᠭᠠᠯᠠᠬᠤ ᠬᠡᠷᠡᠭᠲᠡᠢ᠃         ᠣᠷᠴᠢᠭᠤᠯᠤᠭᠴᠢ᠄ ᠳ᠋ᠥᠩ ᠾᠦᠢ 
 
ᠢᠷᠡᠯᠲᠡ᠄ ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2