ᠰᠢᠨ ᠲᠢ ᠯᠦ ᠵᠡᠭᠡᠯᠢ ᠭᠤᠳᠤᠮᠵᠢ ᠵᠢᠯ ᠤᠨ ᠡᠴᠦᠰ ᠵᠢᠯ ᠤᠨ ᠡᠬᠢᠨ ᠤ ᠠᠶᠤᠯᠭᠦᠶ ᠦᠶᠯᠡᠳᠪᠦᠷᠢᠯᠡᠯ ᠵᠢᠴᠢ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠢ ᠥᠷᠨᠢᠭᠦᠯᠪᠡ
ᠨᠡᠶᠢᠲᠡᠯᠡᠭᠰᠡᠨ ᠴᠠᠭ᠄
2024/12/24
     12 ᠰᠠᠷ᠎ᠠ ᠶᠢᠨ 23 ᠤ ᠡᠳᠦᠷ᠂ ᠰᠢᠨ ᠲᠢ ᠯᠦ ᠵᠡᠭᠡᠯᠢ ᠭᠤᠳᠤᠮᠵᠢ ᠵᠢᠯ ᠤᠨ ᠡᠴᠦᠰ ᠵᠢᠯ ᠤᠨ ᠡᠬᠢᠨ ᠤ ᠠᠶᠤᠯᠭᠦᠶ ᠦᠶᠯᠡᠳᠪᠦᠷᠢᠯᠡᠯ ᠵᠢᠴᠢ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠢ ᠥᠷᠨᠢᠭᠦᠯᠵᠦ᠂ ᠬᠤᠷᠠᠯ ᠢ ᠰᠢᠨ ᠲᠢ  ᠯᠦ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠶᠢᠨ ᠳᠡᠳ᠋ ᠱᠦᠵᠢ᠂ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ ᠸᠠᠩ ᠯᠦ ᠡᠷᠭᠢᠯᠡᠵᠦ᠂ ᠵᠡᠭᠡᠯᠢ ᠭᠤᠳᠤᠮᠵᠢ ᠶᠢᠨ ᠤᠳᠤᠷᠢᠳᠬᠤ ᠪᠠᠭ᠂ ᠡᠯ᠎ᠡ ᠨᠡᠶᠢᠭᠡᠮ ᠲᠣᠭᠤᠷᠢᠭ ᠤᠨ ᠱᠦᠵᠢ ᠣᠷᠣᠯᠴᠠᠵᠤ᠂ ᠬᠤᠷᠠᠯ ᠠᠴᠠ ᠳᠡᠭᠡᠳᠦ ᠱᠠᠲᠤᠨ ᠤ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠪᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠰᠤᠷᠤᠯᠴᠠᠬᠤ ᠶᠢᠨ ᠬᠠᠮᠲᠤ ᠣᠶ ᠰᠢᠭᠤᠶ ᠶᠢᠨ ᠭᠠᠯ ᠰᠡᠷᠭᠡᠶᠢᠯᠡᠨ ᠤᠨᠲᠠᠷᠠᠭᠠᠬᠤ ᠭᠤᠤᠯᠳᠠᠯᠭ᠎ᠠ ᠲᠠᠢ ᠠᠵᠢᠯ ᠢ ᠪᠠᠶᠢᠷᠢᠯᠠᠭᠤᠯᠪᠠ᠃     ᠬᠤᠷᠠᠯ ᠠᠴᠠ᠂ ᠨᠠᠮᠤᠷ ᠡᠪᠦᠯ ᠤᠨ ᠤᠯᠠᠷᠢᠯ ᠪᠣᠯ ᠠᠶᠤᠯᠭᠦᠶ ᠦᠢᠯᠡᠳᠪᠦᠷᠢᠯᠡᠯ ᠤᠨ ᠠᠳᠡᠯ ᠣᠯᠠᠨ ᠭᠠᠷᠳᠠᠭ ᠬᠤᠭᠤᠴᠠᠭ᠎ᠠ ᠪᠣᠯᠤᠨ᠎ᠠ᠂ ᠴᠠᠰᠤ ᠪᠣᠷᠣᠭᠠᠨ᠂ ᠮᠥᠰᠥᠲᠦᠯ ᠵᠡᠷᠭᠡ ᠬᠠᠲᠠᠭᠤ ᠠᠭᠤᠷ ᠠᠮᠢᠰᠬᠤᠯ ᠨᠡᠮᠡᠭᠳᠡᠵᠦ᠂ ᠡᠯ᠎ᠡ ᠠᠵᠢᠯ ᠲᠥᠷᠥᠯ ᠤᠨ ᠬᠦᠷᠢᠶᠡᠨ ᠳᠠᠬᠢ ᠠᠶᠤᠯᠭᠦᠶ ᠦᠢᠯᠡᠳᠪᠦᠷᠢᠯᠡᠯ ᠤᠨ ᠳᠠᠯᠳᠠ ᠬᠡᠮ ᠲᠣᠪᠤᠶᠢᠮ᠎ᠠ ᠪᠠᠶᠢᠨ᠎ᠠ᠂ ᠡᠯ᠎ᠡ ᠨᠡᠶᠢᠭᠡᠮ ᠲᠣᠭᠤᠷᠢᠭ ᠤᠨ ᠬᠢᠨ ᠪᠠᠶᠢᠳᠠᠯ ᠢ ᠭᠦᠢᠴᠡᠳ ᠲᠠᠨᠢᠵᠤ᠂ ᠮᠢᠨᠴᠦᠭᠦᠷᠡᠬᠦ ᠦᠵᠡᠯ ᠰᠠᠨᠠᠭ᠎ᠠ ᠪᠠ ᠠᠵᠠ ᠵᠠᠪᠰᠢᠶᠠᠨ ᠢ ᠡᠷᠢᠬᠦ ᠪᠣᠳᠣᠯ ᠢ ᠲᠡᠪᠴᠢᠵᠦ᠂ ᠠᠵᠢᠯ ᠤᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠠᠶᠤᠯᠭᠦᠶ ᠦᠢᠯᠡᠳᠪᠦᠷᠢᠯᠡᠯ ᠤᠨ ︽ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ ᠪᠠᠶᠢᠷᠢ ᠳᠤ ᠬᠤᠤᠰ ᠬᠠᠷᠢᠭᠤᠴᠠᠯᠭ᠎ᠠ ᠡᠭᠦᠷᠭᠡᠯᠡᠬᠦ᠂ ᠵᠡᠷᠭᠡ ᠪᠠᠷ ᠠᠳᠬᠤᠨ ᠬᠠᠮᠲᠤ ᠪᠠᠷ ᠬᠠᠮᠢᠶᠠᠷᠬᠤ᠂ ᠲᠤᠰᠢᠶᠠᠯ ᠳᠠᠭᠠᠨ ᠣᠰᠣᠯᠳᠠᠪᠠᠯ ᠬᠠᠷᠢᠭᠤᠴᠠᠯᠭ᠎ᠠ ᠨᠡᠬᠡᠮᠵᠢᠯᠡᠬᠦ︾ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠡᠯ᠎ᠡ ᠲᠥᠷᠥᠯ ᠤᠨ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠶ ᠭᠡᠵᠦ ᠵᠢᠭᠠᠵᠤ ᠭᠠᠷᠭᠠᠪᠠ᠃    ᠬᠤᠷᠠᠯ ᠠᠴᠠ᠂ ᠪᠠᠶᠢᠳᠠᠯ ᠢ ᠲᠣᠳᠣᠷᠬᠠᠶ ᠲᠠᠨᠢᠵᠤ᠂ ᠲᠠᠨᠢᠯᠲᠠ ᠪᠠᠨ ᠳᠡᠭᠡᠭᠰᠢᠯᠡᠭᠦᠯᠵᠦ᠂ ᠨᠠᠮᠤᠷ ᠡᠪᠦᠯ ᠤᠨ ᠤᠯᠠᠷᠢᠯ ᠤᠨ ᠠᠶᠤᠯᠭᠦᠶ ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠣᠯᠤᠨ ᠲᠤᠯᠭᠠᠮ᠎ᠠ ᠰᠡᠳᠬᠢᠯᠭᠡ ᠪᠠᠨ ᠦᠨᠡᠨ ᠬᠦ ᠴᠢᠩᠭᠠᠳᠬᠠᠬᠤ ᠬᠡᠷᠡᠭᠲᠡᠶ᠃ ᠤᠯᠤᠰ ᠪᠠ ᠬᠤᠲᠠ ᠲᠣᠭᠤᠷᠢᠭ ᠤᠨ ᠠᠶᠤᠯᠭᠦᠶ ᠦᠢᠯᠡᠳᠪᠦᠷᠢᠯᠡᠯ ᠤᠨ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠵᠢᠯ ᠤᠨ ᠡᠴᠦᠰ ᠵᠢᠯ ᠤᠨ ᠡᠬᠢᠨ ᠤ ᠠᠶᠤᠯᠭᠦᠶ ᠦᠢᠯᠡᠳᠪᠦᠷᠢᠯᠡᠯ ᠵᠢᠴᠢ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠢ ᠰᠠᠶᠢᠲᠤᠷ ᠬᠢᠬᠦ ᠶᠢᠨ ᠴᠢᠬᠤᠯᠠ ᠴᠢᠨᠠᠷ ᠪᠠ ᠲᠤᠯᠭᠠᠮ᠎ᠠ ᠴᠢᠨᠠᠷ ᠢ ᠭᠦᠢᠴᠡᠳ ᠲᠠᠨᠢᠵᠤ᠂ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠨᠠᠮᠤᠷ ᠡᠪᠦᠯ ᠤᠨ ᠤᠯᠠᠷᠢᠯ ᠤᠨ ᠠᠶᠤᠯᠭᠦᠶ ᠦᠢᠯᠡᠳᠪᠦᠷᠢᠯᠡᠯ ᠤᠨ ᠠᠳᠡᠯ ᠭᠠᠷᠤᠭᠰᠠᠨ ᠣᠨᠴᠠᠯᠢᠭ ᠲᠠᠢ ᠤᠶᠠᠯᠳᠤᠭᠤᠯᠤᠨ᠂ ᠪᠠᠭᠤᠷᠠᠶ ᠭᠤᠭᠴᠤᠭ᠎ᠠ ᠪᠠ ᠲᠣᠪᠤᠶᠢᠮ᠎ᠠ ᠠᠰᠠᠭᠤᠳᠠᠯ ᠢ ᠭᠦᠨᠵᠡᠭᠡᠶ ᠵᠠᠳᠠᠯᠵᠤ᠂ ᠨᠠᠩ ᠡᠷᠡᠰ ᠪᠠᠲᠤ ᠵᠣᠷᠢᠭ᠂ ᠨᠠᠩ ᠬᠦᠴᠦᠲᠡᠶ ᠠᠷᠭ᠎ᠠ ᠬᠡᠮᠵᠢᠶ᠎ᠡ᠂ ᠨᠠᠩ ᠪᠣᠳᠠᠲᠠᠶ ᠶᠢ ᠡᠷᠬᠢᠮᠯᠡᠬᠦ ᠰᠤᠷᠲᠠᠯ ᠢᠶᠠᠷ ᠠᠶᠤᠯᠭᠦᠶ ᠦᠢᠯᠡᠳᠪᠦᠷᠢᠯᠡᠯ ᠳᠤ ᠣᠷᠣᠰᠢᠵᠤ ᠪᠠᠶᠢᠭ᠎ᠠ ᠳᠤᠲᠠᠭᠳᠠᠯ ᠪᠠ ᠪᠠᠯᠠᠶ ᠣᠷᠣᠨ ᠢ ᠪᠥᠬᠦ ᠲᠠᠯ᠎ᠠ ᠪᠠᠷ ᠨᠥᠬᠦᠪᠥᠷᠢᠯᠡᠵᠦ᠂ ᠠᠶᠤᠯᠭᠦᠶ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠬᠡᠷᠡᠭᠲᠡᠶ᠃               ᠣᠷᠴᠢᠭᠤᠯᠤᠭᠴᠢ᠄ ᠳ᠋ᠥᠩ ᠾᠦᠢ
 
ᠢᠷᠡᠯᠲᠡ᠄ ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2