| 12 ᠰᠠᠷ᠎ᠠ ᠶᠢᠨ 23 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ | ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ | ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠵᠢᠨᠢᠩ ᠲᠣᠭᠤᠷᠢᠭ ᠤᠨ ᠥᠭᠡᠷᠡᠴᠢᠯᠡᠯᠲᠡ ᠶᠢ ᠪᠥᠬᠦ ᠲᠠᠯ᠎ᠠ ᠪᠠᠷ | ᠭᠦᠨᠵᠡᠭᠡᠶᠢᠷᠡᠭᠦᠯᠬᠦ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ᠂ ᠤᠯᠤᠰ ᠤᠨ ᠠᠮᠤᠷ ᠲᠦᠪᠰᠢᠨ | ᠵᠡᠷᠭᠡ ᠬᠤᠯᠪᠣᠭᠳᠠᠯ ᠪᠥᠬᠦᠶ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠮᠢᠶ᠎ᠠ ᠪᠥᠬᠦᠶ | ᠠᠵᠢᠯ ᠢ ᠰᠤᠳᠤᠯᠤᠨ ᠪᠠᠶᠢᠷᠢᠯᠠᠭᠤᠯᠪᠠ᠃ | ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ | ᠱᠦᠵᠢ ᠵᠠᠩ ᠶᠦᠩ ᠸᠧᠨ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃ᠬᠤᠷᠠᠯ ᠠᠴᠠ᠂ ᠶᠡᠷᠦᠩᠬᠡᠶ ᠱᠦᠵᠢ | ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ ᠲᠤᠭᠤᠰᠢᠯᠠᠭᠤᠯᠵᠤ᠂ | ᠭᠤᠤᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠥᠷᠭᠡᠨ ᠣᠯᠠᠨ ᠨᠠᠮ ᠤᠨ | ᠭᠡᠰᠢᠭᠦᠨ ᠺᠠᠳ᠋ᠷ ᠢ ᠬᠥᠲᠥᠯᠥᠨ ᠵᠢᠯᠣᠭᠤᠳᠴᠤ ᠪᠠᠶᠢᠭᠠᠳ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠣᠭ | ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠬᠦᠯᠵᠦ᠂ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ | ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠬᠡᠷᠡᠭᠲᠡᠶ ᠭᠡᠵᠦ ᠴᠢᠬᠤᠯᠠᠴᠢᠯᠠᠪᠠ᠃ᠠᠷᠠᠳ ᠤᠨ | ᠠᠮᠢᠳᠤᠷᠠᠯ ᠤᠨ ᠪᠠᠲᠤᠯᠠᠭ᠎ᠠ ᠪᠣᠯᠤᠨ ᠨᠡᠶᠢᠭᠡᠮ ᠤᠨ ᠵᠠᠰᠠᠯᠲᠠ ᠶᠢᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ | ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠪᠠᠲᠤ ᠰᠠᠬᠢᠵᠤ᠂《ᠨᠠᠰᠤᠲᠠᠨ ᠨᠢᠯᠬᠠᠰ》ᠵᠡᠷᠭᠡ ᠠᠷᠠᠳ ᠤᠨ | ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠬᠦ ᠬᠡᠷᠡᠭᠲᠡᠢ᠃《ᠬᠤᠶᠠᠷ ᠪᠠᠶᠠᠷ》 ᠤᠨ ᠬᠤᠭᠤᠴᠠᠭᠠᠨ ᠳᠠᠬᠢ | ᠡᠯ᠎ᠡ ᠵᠦᠢᠯ ᠤᠨ ᠠᠵᠢᠯ ᠢ ᠰᠠᠶᠢᠲᠤᠷ ᠠᠳᠬᠤᠵᠤ᠂ ᠡᠳ᠋ ᠪᠣᠳᠠᠰ᠂ ᠡᠨᠧᠷᠭᠢ ᠵᠡᠷᠭᠡ ᠬᠠᠩᠭᠠᠯᠭ᠎ᠠ ᠶᠢ ᠪᠠᠲᠤᠯᠠᠬᠤ | ᠠᠵᠢᠯ ᠢ ᠰᠠᠶᠢᠲᠤᠷ ᠬᠢᠵᠦ᠂ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢ ᠭᠦᠨᠵᠡᠭᠡᠢ ᠥᠷᠨᠢᠭᠦᠯᠵᠦ᠂ | ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠩᠭᠤᠢ ᠲᠣᠭᠲᠠᠭᠤᠨ ᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ | ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠨᠡᠪᠲᠡᠷᠡᠲᠡᠯ᠎ᠡ ᠣᠶᠢᠯᠠᠭᠠᠵᠤ᠂ ᠨᠠᠮ ᠤᠨ ᠲᠥᠪ ᠬᠤᠷᠢᠶᠠᠨ ᠤ | ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠣᠯᠤᠨ ᠳᠡᠭᠡᠳᠦ ᠱᠠᠲᠤᠨ ᠤ ᠨᠠᠮ ᠤᠨ ᠬᠤᠷᠢᠶᠠᠨ ᠤ | ᠥᠭᠡᠷᠡᠴᠢᠯᠡᠯᠲᠡ ᠶᠢᠨ ᠱᠠᠭᠠᠷᠳᠠᠯᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠬᠥᠭᠵᠢᠯᠲᠡ ᠶᠢ ᠠᠬᠢᠭᠤᠯᠬᠤ《ᠵᠠᠩᠭᠢᠯᠠᠭ᠎ᠠ ᠶᠢᠨ ᠠᠷᠭ᠎ᠠ》 ᠶᠢ | ᠰᠠᠶᠢᠲᠤᠷ ᠬᠡᠷᠡᠭᠯᠡᠵᠦ᠂ ᠪᠥᠬᠦ ᠲᠤᠭᠤᠷᠢᠭ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ | ᠬᠦᠴᠦᠷᠬᠡᠭ ᠶᠡᠭᠡ ᠬᠥᠳᠡᠯᠭᠡᠬᠦ ᠡᠨᠧᠷᠭᠢ ᠬᠠᠩᠭᠠᠬᠤ ᠬᠡᠷᠡᠭᠲᠡᠶ ᠭᠡᠵᠦ ᠴᠢᠬᠤᠯᠠᠴᠢᠯᠠᠪᠠ᠃ᠦᠷᠭᠦᠯᠵᠢᠯᠡᠨ ᠦᠷ᠎ᠡ | ᠪᠦᠲᠦᠮᠵᠢ ᠶᠢ ᠨᠢ ᠮᠥᠷᠳᠡᠨ ᠠᠰᠠᠭᠤᠵᠤ᠂ ᠨᠢᠭᠡᠨᠲᠡ ᠪᠡᠶᠡᠯᠡᠭᠦᠯᠦᠭᠰᠡᠨ ᠥᠭᠡᠷᠡᠴᠢᠯᠡᠯᠲᠡ ᠶᠢᠨ ᠡᠭᠦᠷᠭᠡ ᠶᠢ | ᠰᠢᠰᠲ᠋ᠧᠮ ᠲᠠᠢ ᠳ᠋ᠦᠩᠨᠡᠨ ᠡᠮᠬᠢᠯᠡᠵᠦ᠂ ᠨᠡᠶᠢᠲᠡᠯᠢᠭ ᠵᠢᠱᠢᠶ᠎ᠡ ᠶᠢ ᠪᠣᠶ ᠪᠣᠯᠭᠠᠬᠤ ᠪᠠ ᠠᠵᠢᠯ ᠤᠨ ᠰᠣᠯᠢᠯᠴᠠᠭ᠎ᠠ ᠪᠠᠨ | ᠴᠢᠩᠭᠠᠳᠬᠠᠵᠤ᠂ ᠥᠭᠡᠷᠡᠴᠢᠯᠡᠯᠲᠡ ᠶᠢᠨ ᠡᠭᠦᠷᠭᠡ ᠶᠢ ᠪᠣᠳᠠᠲᠠᠶ ᠬᠡᠷᠡᠭᠵᠢᠭᠦᠯᠵᠦ᠂ ᠪᠣᠳᠠᠲᠠᠶ ᠳᠤ | ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ᠨᠠᠮ ᠤᠨ ᠬᠤᠷᠢᠳᠤᠭᠠᠷ ᠬᠤᠭᠤᠴᠠᠭᠠᠨ ᠤ ᠲᠥᠪ | ᠬᠤᠷᠢᠶᠠᠨ ᠤ ᠭᠤᠷᠪᠠᠳᠤᠭᠠᠷ ᠪᠦᠬᠦᠳᠠ ᠬᠤᠷᠠᠯ ᠤᠨ ᠥᠭᠡᠷᠡᠴᠢᠯᠡᠯᠲᠡ ᠶᠢᠨ ᠬᠠᠷᠠᠯᠲᠠ ᠡᠭᠦᠷᠭᠡ ᠲᠠᠢ ᠬᠠᠷᠭᠤᠭᠤᠯᠵᠤ᠂ | ᠢᠷᠡᠬᠦ ᠵᠢᠯ ᠤᠨ ᠥᠭᠡᠷᠡᠴᠢᠯᠡᠯᠲᠡ ᠶᠢᠨ ᠠᠵᠢᠯ ᠢ ᠲᠥᠯᠥᠪᠵᠢᠭᠦᠯᠵᠦ᠂ ᠥᠭᠡᠷᠡᠴᠢᠯᠡᠯᠲᠡ ᠪᠠᠷ ᠪᠠᠭᠤᠷᠠᠢ ᠲᠠᠯ᠎ᠠ ᠪᠠᠨ | ᠬᠦᠴᠦᠷᠬᠡᠭᠵᠢᠭᠦᠯᠵᠦ᠂ ᠠᠶᠤᠯ ᠲᠦᠭᠰᠢᠭᠦᠷᠢ ᠶᠢ ᠰᠡᠷᠭᠡᠶᠢᠯᠡᠵᠦ᠂ ᠬᠥᠭᠵᠢᠯᠲᠡ ᠶᠢ ᠠᠬᠢᠭᠤᠯᠬᠤ ᠬᠡᠷᠡᠭᠲᠡᠢ᠃ | ᠬᠤᠷᠠᠯ ᠠᠴᠠ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠳᠡᠭᠡᠳᠦ ᠬᠡᠮᠵᠢᠶᠡᠨ ᠤ ᠤᠯᠤᠰ ᠲᠥᠷᠥ ᠶᠢᠨ | ᠤᠬᠠᠮᠰᠠᠷ ᠢᠶᠠᠷ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠠᠬᠢᠭᠤᠯᠵᠤ᠂ ᠣᠨᠣᠯ ᠢᠶᠠᠷ | ᠵᠡᠪᠰᠡᠭᠯᠡᠬᠦ ᠶᠢ ᠴᠢᠨᠠᠭᠰᠢᠳᠠ ᠴᠢᠩᠭᠠᠳᠬᠠᠨ᠂ ᠤᠯᠤᠰ ᠲᠥᠷᠥ ᠶᠢᠨ ᠪᠠᠶᠢᠭᠤᠯᠤᠯᠲᠠ ᠶᠢ ᠴᠢᠩᠭᠠᠳᠬᠠᠵᠤ᠂ | ᠬᠠᠷᠢᠴᠠᠯᠠᠰᠢ ᠥᠬᠡᠶ ᠦᠨᠡᠨᠴᠢ ᠰᠢᠳᠤᠷᠭᠤ ᠪᠠᠷ《ᠬᠤᠶᠠᠷ ᠢ ᠲᠣᠭᠲᠠᠭᠠᠬᠤ》 ᠶᠢ ᠬᠠᠮᠠᠭᠠᠯᠠᠵᠤ᠂ ᠪᠣᠳᠠᠲᠠᠶ | ᠠᠵᠢᠯᠯᠠᠵᠤ ᠪᠣᠳᠠᠲᠠᠶ ᠠᠮᠵᠢᠯᠲᠠ ᠪᠠᠷ ᠢᠶᠠᠨ《ᠬᠤᠶᠠᠷ ᠢ ᠬᠠᠮᠠᠭᠠᠯᠠᠬᠤ》 ᠶᠢ ᠪᠡᠶᠡᠯᠡᠭᠦᠯᠬᠦ ᠬᠡᠷᠡᠭᠲᠡᠶ᠃ ᠰᠠᠬᠢᠯᠭ᠎ᠠ | ᠪᠠᠲᠤ ᠶᠢ ᠴᠢᠩᠳᠠᠯᠠᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠴᠥᠬᠦᠷᠡᠰᠢ ᠥᠬᠡᠶ | ᠨᠠᠶᠢᠳᠠᠪᠤᠷᠢᠵᠢᠭᠤᠯᠵᠤ᠂《ᠳᠥᠷᠪᠡᠨ ᠰᠤᠷᠲᠠᠯ》 ᠢ ᠵᠠᠯᠠᠷᠠᠭᠤᠯᠤᠨ ᠵᠠᠰᠠᠬᠤ ᠶᠢ ᠦᠷᠭᠦᠯᠵᠢᠯᠡᠨ ᠭᠦᠨᠵᠡᠭᠡᠶᠢᠷᠡᠭᠦᠯᠵᠦ᠂ | ᠰᠤᠷᠲᠠᠯ ᠤᠨ ᠪᠠᠶᠢᠭᠤᠯᠤᠯᠲᠠ ᠶᠢᠨ ᠰᠢᠨ᠎ᠡ ᠦᠷ᠎ᠡ ᠪᠦᠲᠦᠮᠵᠢ ᠪᠠᠷ ᠪᠥᠬᠦ ᠲᠤᠭᠤᠷᠢᠭ ᠤᠨ ᠴᠢᠨᠠᠷ ᠰᠠᠶᠢᠲᠠᠶ | ᠬᠥᠭᠵᠢᠯᠲᠡ ᠳᠤ ᠦᠨᠡᠨ ᠬᠦ ᠬᠦᠴᠦᠨ ᠨᠡᠮᠡᠷᠢᠯᠡᠬᠦ ᠬᠡᠷᠡᠭᠲᠡᠶ ᠭᠡᠵᠦ ᠴᠢᠬᠤᠯᠠᠴᠢᠯᠠᠪᠠ᠃ᠬᠤᠷᠠᠯ ᠠᠴᠠ᠂ ᠤᠯᠤᠰ ᠤᠨ | ᠠᠮᠤᠷ ᠲᠦᠪᠰᠢᠨ ᠤ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠦᠨᠡᠨ ᠬᠦ ᠴᠢᠩᠭᠠᠳᠬᠠᠨ ᠰᠠᠶᠢᠵᠢᠷᠠᠭᠤᠯᠵᠤ᠂ | ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂《ᠱᠠᠯᠠᠪᠳᠠᠭᠤᠯᠬᠤ᠂ ᠰᠢᠯᠭᠠᠬᠤ᠂ ᠲᠣᠭᠤᠷᠢᠨ | ᠦᠵᠡᠬᠦ》ᠠᠵᠢᠯ ᠤᠨ ᠲᠣᠭᠲᠠᠴᠠ ᠶᠢ ᠪᠦᠷᠢᠨᠰᠢᠬᠦᠯᠵᠦ᠂ ᠨᠠᠮ ᠤᠨ ᠤᠳᠤᠷᠢᠳᠤᠯᠭ᠎ᠠ ᠶᠢ ᠠᠵᠢᠯ ᠤᠨ ᠪᠠᠶᠢᠷᠢ ᠨᠢᠭᠡᠪᠦᠷᠢ | ᠂ ᠡᠯ᠎ᠡ ᠭᠤᠭᠴᠤᠭ᠎ᠠ ᠳᠤ ᠲᠤᠭᠤᠰᠢᠯᠠᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ᠤᠯᠤᠰ ᠤᠨ ᠠᠮᠤᠷ | ᠲᠦᠪᠰᠢᠨ ᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠡᠯ᠎ᠡ ᠬᠦᠷᠢᠶᠡᠨ ᠤ ᠠᠮᠤᠷ ᠲᠦᠪᠰᠢᠨ ᠤ ᠠᠵᠢᠯ ᠢ | ᠥᠴᠦᠬᠡᠨ ᠴᠦ ᠰᠤᠯᠠᠷᠠᠭᠤᠯᠤᠯ ᠦᠭᠡᠢ ᠰᠠᠶᠢᠲᠤᠷ ᠠᠳᠬᠤᠵᠤ᠂ ᠬᠦᠨᠳᠦ ᠶᠡᠭᠡ ᠠᠶᠤᠯ ᠲᠦᠭᠰᠢᠭᠦᠷᠢ ᠬᠡᠮ | ᠰᠣᠭᠤᠭ ᠢ ᠪᠦᠲᠦᠮᠵᠢᠲᠡᠢ ᠰᠡᠷᠭᠡᠶᠢᠯᠡᠨ ᠠᠷᠢᠯᠭᠠᠬᠤ ᠬᠡᠷᠡᠭᠲᠡᠢ᠃ᠺᠠᠳ᠋ᠷ ᠤᠨ ᠡᠩᠨᠡᠭᠡ ᠶᠢᠨ ᠪᠠᠶᠢᠭᠤᠯᠤᠯᠲᠠ ᠶᠢ | ᠲᠣᠪᠤᠶᠢᠮ᠎ᠠ ᠰᠠᠶᠢᠲᠤᠷ ᠠᠳᠬᠤᠵᠤ᠂ ᠤᠯᠤᠰ ᠤᠨ ᠶᠡᠷᠦᠩᠬᠡᠶ ᠠᠮᠤᠷ ᠲᠦᠪᠰᠢᠨ ᠤ ᠦᠵᠡᠯᠲᠡ ᠶᠢᠨ ᠰᠤᠷᠤᠯᠴᠠᠯᠭ᠎ᠠ | ᠬᠥᠮᠦᠵᠢᠯ ᠢ ᠴᠢᠩᠭᠠᠳᠬᠠᠵᠤ᠂ ᠤᠯᠤᠰ ᠤᠨ ᠠᠮᠤᠷ ᠲᠦᠪᠰᠢᠨ ᠤ ᠴᠢᠬᠤᠯᠠ ᠴᠢᠨᠠᠷ ᠤᠨ ᠲᠠᠨᠢᠯᠲᠠ ᠶᠢ | ᠳᠡᠭᠡᠭᠰᠢᠯᠡᠭᠦᠯᠵᠦ᠂ ᠤᠯᠤᠰ ᠲᠥᠷᠥ ᠶᠢᠨ ᠬᠡᠪ ᠴᠢᠨᠠᠷ ᠢᠶᠠᠷ ᠥᠨᠳᠥᠷ᠂ ᠠᠵᠢᠯ ᠤᠨ ᠴᠢᠳᠠᠪᠤᠷᠢ ᠪᠠᠷ ᠴᠢᠩᠭ᠎ᠠ᠂ | ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠳᠡᠭ ᠤᠯᠤᠰ ᠤᠨ ᠠᠮᠤᠷ ᠲᠦᠪᠰᠢᠨ ᠤ ᠺᠠᠳ᠋ᠷ ᠤᠨ ᠡᠩᠨᠡᠭᠡ ᠶᠢ ᠴᠢᠷᠮᠠᠶᠢᠨ | ᠪᠠᠶᠢᠭᠤᠯᠬᠤ ᠬᠡᠷᠡᠭᠲᠡᠶ ᠃ᠬᠤᠷᠠᠯ ᠠᠴᠠ᠂《ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠤᠰ ᠲᠦᠷᠦ ᠬᠠᠤᠯᠢ | ᠴᠠᠭᠠᠵᠠ ᠶᠢᠨ ᠠᠵᠢᠯ ᠤᠨ ᠲᠦᠷᠢᠮ》 ᠢ ᠭᠦᠨᠵᠡᠭᠡᠢ ᠨᠠᠶᠢᠳᠠᠪᠤᠷᠢᠵᠢᠭᠤᠯᠵᠤ᠂ ᠤᠯᠤᠰ ᠲᠦᠷᠦ ᠬᠠᠤᠯᠢ ᠴᠠᠭᠠᠵᠠ ᠶᠢᠨ | ᠡᠯ᠎ᠡ ᠨᠢᠭᠡᠴᠢ ᠶᠢᠨ ᠤᠯᠤᠰ ᠲᠦᠷᠦ ᠶᠢᠨ ᠪᠠᠶᠢᠭᠤᠯᠤᠯᠲᠠ ᠪᠣᠯᠤᠨ ᠰᠠᠬᠢᠯᠭ᠎ᠠ ᠪᠠᠲᠤ ᠣᠪᠣᠷ ᠰᠤᠷᠲᠠᠯ ᠤᠨ | ᠪᠠᠶᠢᠭᠤᠯᠤᠯᠲᠠ ᠶᠢ ᠴᠢᠩᠭᠠᠳᠬᠠᠵᠤ᠂ ᠤᠯᠤᠰ ᠲᠦᠷᠦ ᠬᠠᠤᠯᠢ ᠴᠠᠭᠠᠵᠠ ᠶᠢᠨ ᠵᠥᠪᠯᠡᠯ ᠤᠨ ᠠᠵᠢᠯ ᠤᠨ ᠳᠦᠷᠢᠮᠵᠢᠯᠲᠡ | ᠂ ᠵᠢᠷᠤᠮᠵᠢᠯᠲᠠ᠂ ᠰᠢᠨᠵᠢᠯᠡᠬᠦ ᠤᠬᠠᠭᠠᠨᠴᠢᠯᠠᠯᠲᠠ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ | ᠤᠯᠠᠨ ᠨᠡᠶᠢᠲᠡ ᠶᠢᠨ ᠠᠮᠤᠷ ᠲᠦᠪᠰᠢᠨ ᠢ ᠪᠠᠲᠤᠯᠠᠬᠤ ᠴᠢᠳᠠᠪᠤᠷᠢ ᠶᠢ ᠳᠡᠭᠡᠭᠰᠢᠯᠡᠭᠦᠯᠵᠦ᠂ ᠨᠡᠶᠢᠭᠡᠮ ᠤᠨ ᠶᠡᠭᠡ | ᠲᠠᠯ᠎ᠠ ᠶᠢᠨ ᠲᠣᠭᠲᠠᠭᠤᠨ ᠢ ᠬᠠᠮᠠᠭᠠᠯᠠᠬᠤ ᠬᠡᠷᠡᠭᠲᠡᠢ᠃ᠰᠢᠨ᠎ᠡ ᠴᠠᠭ ᠦᠶ᠎ᠡ ᠶᠢᠨ《ᠹᠧᠩ ᠴᠢᠶᠣᠤ ᠶᠢᠨ | ᠲᠤᠷᠰᠢᠯᠭ᠎ᠠ》 ᠶᠢ ᠪᠠᠷᠢᠮᠲᠠᠯᠠᠨ ᠬᠥᠭᠵᠢᠭᠦᠯᠵᠦ᠂ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ | ᠲᠥᠪ ᠤᠨ ᠴᠢᠳᠠᠪᠤᠷᠢ ᠶᠢᠨ ᠪᠠᠶᠢᠭᠤᠯᠤᠯᠲᠠ ᠶᠢ ᠳᠡᠭᠡᠭᠰᠢᠯᠡᠭᠦᠯᠵᠦ᠂ ᠦᠨᠳᠦᠰᠦᠨ ᠱᠠᠲᠤᠨ ᠤ ᠨᠡᠶᠢᠭᠡᠮ ᠤᠨ | ᠵᠠᠰᠠᠯᠲᠠ ᠶᠢᠨ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ᠵᠥᠷᠢᠴᠡᠯ ᠵᠢᠭᠤᠷᠠᠯᠳᠤᠭᠠᠨ ᠢ ᠦᠨᠳᠦᠰᠦᠨ ᠱᠠᠲᠤᠨ ᠳᠤ | ᠠᠷᠢᠯᠭᠠᠵᠤ᠂ ᠴᠤᠬᠤᠶᠢᠵᠤ ᠪᠠᠶᠢᠬᠤ ᠦᠶ᠎ᠡ ᠳᠤᠨᠢ ᠠᠷᠢᠯᠭᠠᠬᠤ ᠪᠠᠷ ᠴᠢᠷᠮᠠᠶᠢᠬᠤ ᠬᠡᠷᠡᠭᠲᠡᠢ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | ᠨᠠᠶᠢᠷᠠᠭᠤᠯᠤᠭᠴᠢ᠄ ᠸᠠᠩ ᠵᠢᠩ ᠵᠢᠩ᠂ ᠴᠢᠶᠤᠤ ᠮᠢᠨ ᠮᠢᠨ | ᠤᠷᠴᠢᠭᠤᠯᠤᠭᠴᠢ᠄ ᠲᠤᠶᠠᠭ᠎ᠠ |