ᠠᠮᠤᠷ ᠲᠦᠪᠰᠢᠨ ᠤ ᠮᠡᠳᠡᠯᠭᠡ ᠶᠢ ᠵᠢᠨᠢᠩ ᠲᠣᠭᠤᠷᠢᠭ ᠤᠨ ᠬᠤ᠋ ᠱᠠᠨ ᠵᠡᠭᠡᠯᠢ ᠭᠤᠳᠤᠮᠵᠢ ᠶᠢᠨ ᠰᠣᠶᠣᠯ ᠤᠨ ᠲᠣᠭᠤᠷᠢᠭ ᠤᠨ ᠰᠠᠭᠤᠭᠠᠯᠢ ᠠᠷᠠᠳ ᠲᠤ ᠳᠠᠮᠵᠢᠭᠤᠯᠪᠠ
ᠨᠡᠶᠢᠲᠡᠯᠡᠭᠰᠡᠨ ᠴᠠᠭ᠄
2024/12/25
     ᠠᠭᠠᠷ ᠤᠨ ᠳᠤᠯᠠᠭᠠᠨ ᠪᠠᠭᠤᠷᠠᠬᠤ ᠶᠢ ᠳᠠᠭᠠᠯᠳᠤᠨ᠂ ᠰᠠᠭᠤᠭᠠᠯᠢ ᠠᠷᠠᠳ ᠤᠨ ᠡᠳᠦᠷ ᠲᠤᠲᠤᠮ ᠤᠨ ᠭᠠᠯ ᠬᠡᠷᠡᠭᠯᠡᠬᠦ᠂ ᠴᠠᠬᠢᠯᠭᠠᠨ ᠬᠡᠷᠡᠭᠯᠡᠬᠦ ᠳᠠᠪᠲᠠᠮᠵᠢ ᠢᠯᠡᠳᠲᠡ ᠨᠡᠮᠡᠭᠳᠡᠵᠦ᠂ ᠭᠠᠯ ᠤᠨ ᠠᠶᠤᠯ ᠤᠨ ᠳᠠᠯᠳᠠ ᠭᠡᠮ ᠴᠦ ᠳᠠᠭᠠᠯᠳᠤᠨ ᠨᠡᠮᠡᠭᠳᠡᠪᠡ᠃ ᠰᠠᠭᠤᠭᠠᠯᠢ ᠠᠷᠠᠳ ᠤᠨ ᠭᠠᠯ ᠤᠨᠲᠠᠷᠠᠭᠠᠬᠤ ᠠᠮᠤᠷ ᠲᠦᠪᠰᠢᠨ ᠤ ᠤᠬᠠᠮᠰᠠᠷ ᠢ ᠪᠦᠲᠦᠮᠵᠢᠲᠡᠶ ᠳᠡᠭᠡᠭᠰᠢᠯᠡᠭᠦᠯᠬᠦ ᠶᠢᠨ ᠲᠥᠯᠥᠭᠡ᠂ ᠵᠢᠨᠢᠩ ᠲᠣᠭᠤᠷᠢᠭ ᠤᠨ ᠬᠤ᠋ ᠱᠠᠨ ᠵᠡᠭᠡᠯᠢ ᠭᠤᠳᠤᠮᠵᠢ ᠶᠢᠨ ᠰᠣᠶᠣᠯ ᠤᠨ ᠲᠣᠭᠤᠷᠢᠭ ᠤᠨ ᠨᠡᠶᠢᠭᠡᠮ ᠲᠣᠭᠤᠷᠢᠭ ᠣᠶᠢᠷ᠎ᠠ ᠶᠢᠨ ᠬᠤᠭᠤᠴᠠᠭᠠᠨ ᠳᠤ ᠬᠠᠷᠢᠶ᠎ᠠ ᠣᠷᠣᠨ ᠳᠤ ᠡᠪᠦᠯ ᠤᠨ ᠤᠯᠠᠷᠢᠯ ᠤᠨ ᠭᠠᠯ ᠤᠨᠲᠠᠷᠠᠭᠠᠬᠤ ᠠᠮᠤᠷ ᠲᠦᠪᠰᠢᠨ ᠤ ᠤᠬᠠᠭᠤᠯᠭ᠎ᠠ ᠶᠢᠨ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ ᠭᠠᠯ ᠤᠨᠲᠠᠷᠠᠭᠠᠬᠤ ᠮᠡᠳᠡᠯᠭᠡ ᠶᠢ ᠰᠠᠭᠤᠭᠠᠯᠢ ᠠᠷᠠᠳ ᠨᠢᠭᠡᠪᠦᠷᠢ ᠳᠤ ᠳᠠᠮᠵᠢᠭᠤᠯᠵᠤ᠂ ᠭᠠᠯ ᠰᠡᠷᠭᠡᠶᠢᠯᠡᠬᠦ ᠠᠮᠤᠷ ᠲᠦᠪᠰᠢᠨ ᠤ ᠲᠣᠤᠷ ᠢ ᠬᠠᠮᠲᠤᠪᠠᠷ ᠪᠠᠶᠢᠭᠤᠯᠬᠤ ᠪᠠᠷ ᠴᠢᠷᠮᠠᠶᠢᠪᠠ᠃    ᠰᠣᠶᠣᠯ ᠤᠨ ᠲᠣᠭᠤᠷᠢᠭ ᠤᠨ ᠨᠡᠶᠢᠭᠡᠮ ᠲᠣᠭᠤᠷᠢᠭ ᠤᠨ ᠠᠵᠢᠯᠲᠠᠨ ᠤ ᠲᠠᠨᠢᠯᠴᠠᠭᠤᠯᠤᠭᠰᠠᠨ ᠢᠶᠠᠷ᠂ ᠬᠡᠷ ᠪᠦᠯᠢ ᠶᠢᠨ ᠭᠠᠯ ᠤᠨ ᠠᠶᠤᠯ ᠤᠨ ᠳᠤᠮᠳᠠᠬᠢ ᠣᠯᠠᠨᠲᠠ ᠡᠭᠦᠰᠬᠦ ᠴᠢᠨᠠᠷ ᠢ ᠦᠨᠳᠦᠰᠦᠯᠡᠨ᠂ ᠭᠠᠯ ᠰᠡᠷᠭᠡᠶᠢᠯᠡᠬᠦ ᠤᠬᠠᠭᠤᠯᠭ᠎ᠠ ᠨᠢ ᠨᠢᠭᠡᠨᠲᠡ ᠨᠡᠶᠢᠭᠡᠮ ᠲᠣᠭᠤᠷᠢᠭ ᠤᠨ ᠵᠢᠯ ᠪᠦᠷᠢ ᠶᠢᠨ ᠳᠤᠲᠠᠭᠳᠠᠵᠤ ᠪᠣᠯᠤᠰᠢ ᠥᠬᠡᠶ ᠴᠢᠬᠤᠯᠠ ᠠᠵᠢᠯ ᠪᠣᠯᠤᠭᠰᠠᠨ ᠪᠠᠶᠢᠨ᠎ᠠ᠃ ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠨᠢ ᠣᠯᠠᠨ ᠨᠡᠶᠢᠲᠡ ᠶᠢᠨ ᠣᠷᠣᠨ ᠪᠦᠰᠡ ᠶᠢᠨ ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠪᠠ ᠰᠠᠭᠤᠭᠠᠯᠢ ᠠᠷᠠᠳ ᠤᠨ ᠬᠡᠷ ᠪᠦᠯᠢ ᠶᠢᠨ ᠭᠠᠯ ᠰᠡᠷᠭᠡᠶᠢᠯᠡᠬᠦ ᠮᠡᠳᠡᠯᠭᠡ ᠶᠢᠨ ᠬᠤᠶᠠᠷ ᠶᠡᠭᠡ ᠭᠤᠤᠯᠳᠠᠯᠭ᠎ᠠ ᠶᠢᠨ ᠲᠣᠭᠤᠷᠢᠨ ᠳᠤ ᠶᠠᠪᠤᠭᠳᠠᠪᠠ᠃    ᠤᠬᠠᠭᠤᠯᠭ᠎ᠠ ᠶᠢᠨ ᠶᠠᠪᠤᠴᠠ ᠳᠤ᠂ ᠨᠡᠶᠢᠭᠡᠮ ᠲᠣᠭᠤᠷᠢᠭ ᠤᠨ ᠠᠵᠢᠯᠲᠠᠳ ᠡᠯ᠎ᠡ ᠰᠠᠭᠤᠭᠠᠯᠢ ᠲᠣᠭᠤᠷᠢᠭ ᠲᠤ ᠭᠦᠨᠵᠡᠭᠡᠶᠢᠷᠡᠨ᠂ ᠰᠠᠭᠤᠭᠠᠯᠢ ᠠᠷᠠᠳ ᠲᠤ ᠴᠠᠬᠢᠯᠭᠠᠨ ᠬᠥᠳᠡᠯᠭᠡᠭᠦᠷᠲᠦ ᠲᠡᠷᠭᠡ᠂ ᠮᠣᠲ᠋ᠣᠷ ᠲᠡᠷᠭᠡ ᠶᠢ ᠵᠥᠪ ᠵᠣᠭᠰᠣᠭᠠᠬᠤ ᠣᠷᠣᠨ ᠪᠠᠶᠢᠷᠢ ᠶᠢ ᠲᠣᠳᠣᠷᠬᠠᠶᠢᠯᠠᠵᠤ᠂ ᠠᠰᠠᠷ ᠤᠨ ᠵᠠᠮ᠂ ᠴᠠᠬᠢᠯᠭᠠᠨ ᠱᠠᠲᠤ ᠶᠢᠨ ᠲᠠᠰᠤᠯᠭ᠎ᠠ᠂ ᠠᠮᠤᠷ ᠲᠦᠪᠰᠢᠨ ᠭᠠᠷᠬᠤ ᠡᠭᠦᠳᠡ ᠵᠡᠷᠭᠡ ᠵᠠᠩᠭᠢᠯᠠᠭ᠎ᠠ ᠶᠢᠨ ᠣᠷᠣᠨ ᠪᠦᠰᠡ ᠳᠤ ᠵᠣᠭᠰᠣᠭᠠᠬᠤ ᠪᠤᠶᠤ ᠴᠠᠬᠢᠯᠭᠠᠨ ᠴᠡᠨᠡᠭᠯᠡᠬᠦ ᠶᠢ ᠴᠢᠩᠭ᠎ᠠ ᠴᠠᠭᠠᠵᠠᠯᠠᠵᠤ᠂ ᠭᠠᠯ ᠤᠨᠲᠠᠷᠠᠭᠠᠬᠤ ᠵᠠᠮ ᠤᠨ ᠰᠠᠭᠠᠳ ᠥᠬᠡᠶ ᠨᠡᠪᠲᠡᠷᠡᠬᠦ ᠶᠢ ᠪᠠᠲᠤᠯᠠᠬᠤ ᠬᠡᠷᠡᠭᠲᠡᠶ᠃ ᠡᠭᠦᠨ ᠤ ᠬᠠᠮᠲᠤ᠂ ᠲᠡᠳᠡ ᠪᠠᠰᠠ ᠵᠡᠭᠡᠯᠢ ᠳᠠᠭᠠᠤ ᠰᠢᠩᠭᠡᠨᠵᠢᠮᠡᠯ ᠬᠡᠶ ᠶᠢᠨ ᠰᠠᠪᠠ ᠳᠤ ᠠᠮᠤᠷ ᠲᠦᠪᠰᠢᠨ ᠤ ᠮᠡᠳᠡᠯᠭᠡ ᠶᠢ ᠲᠦᠭᠡᠮᠡᠯᠵᠢᠭᠦᠯᠦᠭᠰᠡᠨ ᠪᠥᠭᠡᠳ ᠬᠤᠳᠠᠯᠳᠤᠭᠠᠨ ᠤ ᠳᠡᠯᠭᠡᠭᠦᠷ ᠤᠨ ᠭᠠᠯ ᠤᠨᠲᠠᠷᠠᠭᠠᠬᠤ ᠨᠡᠪᠲᠡᠷᠡᠬᠦ ᠵᠠᠮ ᠤᠨ ᠡᠵᠡᠯᠡᠨ ᠬᠡᠷᠡᠭᠯᠡᠭᠰᠡᠨ ᠪᠠᠶᠢᠳᠠᠯ᠂ ᠭᠠᠯ ᠤᠨᠲᠠᠷᠠᠭᠠᠭᠤᠷ ᠤᠨ ᠬᠦᠴᠦᠨ ᠲᠠᠢ ᠬᠤᠭᠤᠴᠠᠭ᠎ᠠ ᠵᠡᠷᠭᠡ ᠶᠢ ᠨᠢᠭᠡᠳ ᠨᠢᠭᠡ ᠪᠠᠷ ᠪᠠᠶᠢᠴᠠᠭᠠᠪᠠ᠃ ᠪᠠᠶᠢᠴᠠᠭᠠᠯᠲᠠ ᠶᠢᠨ ᠳᠤᠮᠳᠠ ᠣᠯᠵᠤ ᠮᠡᠳᠡᠭᠰᠡᠨ ᠠᠰᠠᠭᠤᠳᠠᠯ ᠢ ᠠᠵᠢᠯᠲᠠᠳ ᠠᠴᠠ ᠬᠤᠳᠠᠯᠳᠤᠭᠠᠨ ᠤ ᠫᠦᠰᠡ ᠶᠢ ᠳᠠᠷᠦ᠋ᠢᠬᠠᠨ ᠴᠡᠭᠴᠡᠯᠡᠨ ᠰᠠᠶᠢᠵᠢᠷᠠᠭᠤᠯᠵᠤ᠂ ᠰᠠᠭᠤᠭᠠᠯᠢ ᠠᠷᠠᠳ ᠪᠣᠯᠤᠨ ᠬᠤᠳᠠᠯᠳᠤᠭᠠᠨ ᠤ ᠳᠡᠯᠭᠡᠭᠦᠷ ᠤᠨ ᠠᠮᠤᠷ ᠲᠦᠪᠰᠢᠨ ᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃     ᠳᠠᠷᠠᠭ᠎ᠠ ᠨᠢ᠂ ᠨᠡᠶᠢᠭᠡᠮ ᠲᠣᠭᠤᠷᠢᠭ ᠤᠨ ᠠᠵᠢᠯᠲᠠᠳ ᠰᠠᠭᠤᠭᠠᠯᠢ ᠠᠷᠠᠳ ᠤᠨ ᠬᠡᠷ ᠲᠤ ᠬᠦᠷᠴᠦ᠂ ᠬᠡᠷ ᠪᠦᠯᠢ ᠶᠢᠨ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢ ᠨᠢᠭᠤᠷᠲᠠᠨ ᠲᠠᠶᠢᠯᠪᠤᠷᠢᠯᠠᠪᠠ᠃ ᠲᠡᠳᠡ᠂ ᠬᠡᠷ ᠪᠦᠯᠢ ᠶᠢᠨ ᠰᠢᠲᠠᠮᠠᠬᠠᠶ ᠬᠡᠶ ᠬᠡᠷᠡᠭᠯᠡᠬᠦ ᠠᠮᠤᠷ ᠲᠦᠪᠰᠢᠨ ᠴᠢᠨᠠᠷ ᠵᠢᠴᠢ ᠴᠠᠬᠢᠯᠭᠠᠨ ᠳᠤᠯᠠᠭᠠᠯᠠᠭ᠎ᠠ ᠬᠠᠩᠭᠠᠬᠤ ᠵᠥᠪ ᠠᠷᠭ᠎ᠠ ᠶᠢ ᠣᠨᠴᠠᠭᠠᠶᠢᠯᠠᠨ ᠴᠢᠬᠤᠯᠠᠴᠢᠯᠠᠵᠤ᠂ ᠰᠠᠭᠤᠭᠠᠯᠢ ᠠᠷᠠᠳ ᠲᠤ ᠬᠡᠷ ᠤᠨ ᠴᠠᠬᠢᠯᠭᠠᠨ ᠬᠡᠷᠡᠭᠰᠡᠯ ᠬᠡᠷᠡᠭᠯᠡᠬᠦ ᠳᠡᠭᠡᠨ ᠳᠤᠷ᠎ᠠ ᠪᠠᠷ ᠢᠶᠠᠨ ᠴᠠᠬᠢᠯᠭᠠᠨ ᠤᠲᠠᠰᠤ ᠲᠠᠲᠠᠬᠤ᠂ ᠳᠠᠭᠠᠭᠠᠴᠠ ᠠᠴᠠ ᠬᠡᠲᠦᠷᠡᠭᠦᠯᠦᠨ ᠴᠠᠬᠢᠯᠭᠠᠨ ᠬᠡᠷᠡᠭᠯᠡᠬᠦ ᠶᠢ ᠰᠠᠨᠠᠭᠤᠯᠬᠤ ᠶᠢᠨ ᠬᠠᠮᠲᠤ ᠳᠤᠯᠠᠭᠠᠯᠠᠭ᠎ᠠ ᠶᠢᠨ ᠴᠠᠬᠢᠯᠭᠠᠨ ᠬᠡᠷᠡᠭᠰᠡᠯ ᠨᠢ ᠰᠢᠲᠠᠮᠠᠬᠠᠶ ᠪᠣᠳᠠᠰ ᠠᠴᠠ ᠬᠤᠯᠠ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠰᠠᠨᠠᠭᠤᠯᠪᠠ᠃ ᠡᠭᠦᠨ ᠠᠴᠠ ᠭᠠᠳᠠᠨ᠎ᠠ᠂ ᠠᠵᠢᠯᠲᠠᠳ ᠪᠠᠰᠠ ᠰᠠᠭᠤᠭᠠᠯᠢ ᠠᠷᠠᠳ ᠲᠤ ᠨᠠᠷᠠᠪᠴᠢ᠂ ᠠᠰᠠᠷ ᠤᠨ ᠬᠤᠩᠭᠢᠯ ᠤᠨ ᠳᠣᠲᠣᠷᠠᠬᠢ ᠡᠯᠳᠡᠪ ᠪᠣᠳᠠᠰ ᠢ ᠲᠣᠭᠲᠠᠮᠠᠯ ᠬᠤᠭᠤᠴᠠᠭ᠎ᠠ ᠲᠠᠢ ᠪᠠᠷ ᠴᠡᠪᠡᠷᠯᠡᠬᠦ ᠶᠢ ᠰᠠᠨᠠᠭᠤᠯᠵᠤ᠂ ᠬᠡᠤᠬᠡᠳ ᠲᠤ ᠠᠮᠤᠷ ᠲᠦᠪᠰᠢᠨ ᠤ ᠬᠥᠮᠦᠵᠢᠯ ᠬᠢᠬᠦ ᠵᠢᠴᠢ ᠭᠠᠳᠠᠭᠰᠢ ᠭᠠᠷᠬᠤ ᠳᠤ ᠡᠷᠬᠡᠪᠰᠢ ᠴᠠᠬᠢᠯᠭᠠᠨ ᠡᠭᠦᠰᠭᠡᠭᠴᠢ᠂ ᠰᠢᠲᠠᠮᠠᠬᠠᠶ ᠬᠡᠶ ᠪᠠ ᠡᠭᠦᠳᠡ ᠴᠣᠩᠬᠤ ᠶᠢ ᠬᠠᠭᠠᠬᠤ ᠬᠡᠷᠡᠭᠲᠡᠶ᠃ ᠡᠭᠦᠨ ᠤ ᠬᠠᠮᠲᠤ᠂ ᠲᠠᠳᠠ ᠪᠠᠰᠠ ᠰᠠᠭᠤᠭᠠᠯᠢ ᠠᠷᠠᠳ ᠲᠤ ᠴᠠᠬᠢᠯᠭᠠᠨ ᠤᠲᠠᠰᠤ᠂ ᠴᠠᠬᠢᠯᠭᠠᠨ ᠬᠡᠷᠡᠭᠰᠡᠯ ᠤᠨ ᠬᠠᠭᠤᠴᠢᠷᠠᠭᠰᠠᠨ ᠠᠰᠠᠭᠤᠳᠠᠯ ᠢ ᠠᠩᠬᠠᠷᠴᠤ᠂ ᠰᠠᠭᠤᠭᠠᠯᠢ ᠠᠷᠠᠳ ᠤᠨ ᠰᠠᠨᠠᠭᠠᠴᠢᠯᠠᠭ᠎ᠠ ᠠᠴᠠ ᠪᠠᠨ ᠵᠢᠭᠰᠠᠭᠠᠨ ᠪᠠᠶᠢᠴᠠᠭᠠᠬᠤ ᠶᠢᠨ ᠬᠠᠮᠲᠤ ᠳᠡᠷᠭᠡᠳᠡᠬᠢ ᠠᠮᠤᠷ ᠲᠦᠪᠰᠢᠨ ᠤ ᠬᠡᠮ ᠰᠣᠭᠤᠭ ᠢ ᠴᠡᠭᠴᠡᠯᠡᠨ ᠰᠠᠶᠢᠵᠢᠷᠠᠭᠤᠯᠬᠤ ᠶᠢ ᠵᠣᠷᠢᠭᠵᠢᠭᠤᠯᠵᠠᠶ᠃     ᠰᠠᠭᠤᠭᠠᠯᠢ ᠠᠷᠠᠳ ᠴᠢᠨ ᠬᠤᠤ ᠡᠭᠦᠨ ᠳᠤ᠄ ︽ᠨᠡᠶᠢᠭᠡᠮ ᠲᠣᠭᠤᠷᠢᠭ ᠤᠨ ᠤᠬᠠᠭᠤᠯᠭ᠎ᠠ ᠶᠢᠨ ᠠᠵᠢᠯᠯᠠᠭ᠎ᠠ ᠨᠢ ᠨᠠᠳᠠ ᠳᠤ ᠭᠠᠯ ᠰᠡᠷᠭᠡᠶᠢᠯᠡᠬᠦ ᠠᠮᠤᠷ ᠲᠦᠪᠰᠢᠨ ᠤ ᠴᠢᠬᠤᠯᠠ ᠴᠢᠨᠠᠷ ᠢ ᠨᠡᠩ ᠰᠠᠶᠢᠨ ᠲᠠᠨᠢᠭᠤᠯᠵᠤ ᠣᠯᠵᠠᠶ᠃ ᠪᠢᠳᠡ ᠴᠠᠭ ᠢᠮᠠᠭᠲᠠ ᠰᠡᠷᠡᠮᠵᠢᠯᠡᠵᠦ᠂ ᠭᠡᠷ ᠲᠡᠭᠡᠨ ᠨᠣᠴᠣᠮᠠᠲᠠᠭᠠᠶ ᠳᠡᠯᠪᠡᠷᠡᠮᠡᠲᠡᠭᠡᠶ ᠪᠣᠳᠠᠰ ᠣᠪᠣᠭᠠᠯᠠᠬᠤ ᠦᠭᠡᠶ ᠪᠠᠶᠢᠵᠤ᠂ ᠲᠠᠮᠠᠬᠢᠨ ᠤᠲᠤᠭ᠎ᠠ ᠶᠢ ᠳᠤᠷ᠎ᠠ ᠪᠠᠷ ᠢᠶᠠᠨ ᠬᠠᠶᠠᠬᠤ ᠦᠭᠡᠶ ᠪᠥᠭᠡᠳ ᠭᠠᠯ ᠤᠨᠲᠠᠷᠠᠭᠠᠭᠤᠷ ᠪᠣᠯᠤᠨ ᠭᠠᠯ ᠤᠨᠲᠠᠷᠠᠭᠠᠬᠤ ᠪᠠᠭᠠᠵᠢ ᠬᠡᠷᠡᠭᠰᠡᠯ ᠢ ᠵᠥᠪ ᠣᠨᠣᠪᠴᠢᠲᠠᠶ ᠬᠡᠷᠡᠭᠯᠡᠬᠦ ᠶᠢ ᠰᠤᠷᠬᠤ ᠬᠡᠷᠡᠭᠲᠡᠶ᠃ ᠭᠠᠯ ᠰᠡᠷᠭᠡᠶᠢᠯᠡᠬᠦ ᠠᠮᠤᠷ ᠲᠦᠪᠰᠢᠨ ᠪᠣᠯ ᠬᠥᠮᠦᠨ ᠨᠢᠭᠡᠪᠦᠷᠢ ᠶᠢᠨ ᠬᠠᠷᠢᠭᠤᠴᠠᠯᠭ᠎ᠠ ᠮᠥᠨ᠂ ᠪᠢᠳᠡ ᠭᠠᠷ ᠬᠤᠯᠪᠣᠯᠴᠠᠨ ᠨᠡᠶᠢᠭᠡᠮ ᠲᠣᠭᠤᠷᠢᠭ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠬᠠᠮᠲᠤ ᠪᠠᠷ ᠴᠣᠭᠴᠠᠯᠠᠰᠤᠭᠠᠢ︾ ᠭᠡᠵᠦ ᠬᠡᠯᠡᠪᠡ᠃     ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠪᠠᠷ ᠳᠠᠮᠵᠢᠭᠤᠯᠤᠨ᠂ ᠰᠣᠶᠣᠯ ᠤᠨ ᠲᠣᠭᠤᠷᠢᠭ ᠤᠨ ᠨᠡᠶᠢᠭᠡᠮ ᠲᠣᠭᠤᠷᠢᠭ ᠨᠢ ᠰᠠᠭᠤᠭᠠᠯᠢ ᠠᠷᠠᠳ ᠤᠨ ᠭᠠᠯ ᠤᠨᠲᠠᠷᠠᠭᠠᠬᠤ ᠠᠮᠤᠷ ᠲᠦᠪᠰᠢᠨ ᠤ ᠦᠵᠡᠯ ᠤᠬᠠᠮᠰᠠᠷ ᠢ ᠨᠡᠮᠡᠭᠳᠡᠭᠦᠯᠦᠭᠰᠡᠨ ᠢᠶᠠᠷ ᠪᠠᠷᠠᠬᠤ ᠥᠬᠡᠶ ᠪᠠᠰᠠ ᠲᠡᠳᠡᠨ ᠤ ᠥᠪᠡᠷ ᠢ ᠪᠠᠨ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠵᠦ᠂ ᠠᠮᠤᠷ ᠠᠮᠤᠭᠤᠯᠠᠩ ᠡᠶ᠎ᠡ ᠵᠣᠬᠢᠴᠠᠯ ᠲᠠᠢ ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠢ ᠪᠣᠶ ᠪᠣᠯᠭᠠᠬᠤ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃      ᠣᠷᠴᠢᠭᠤᠯᠤᠭᠴᠢ᠄ ᠳ᠋ᠥᠩ ᠾᠦᠢ
 
ᠢᠷᠡᠯᠲᠡ᠄ ᠵᠢᠨᠢᠩ ᠲᠣᠭᠣᠷᠢᠭ ᠤᠨ ᠠᠷᠠᠳ  ᠤᠨ ᠵᠠᠰᠠᠭ  ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2