ᠡᠩᠨᠡᠭᠡᠨ ᠤ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠲᠤᠬᠠᠶᠢᠯᠠᠭᠰᠠᠨ ᠠᠵᠢᠯ ᠤᠨ ᠬᠢᠷᠢ | ᠬᠡᠮᠵᠢᠶ᠎ᠡ ᠶᠢ ᠳᠡᠭᠡᠭᠰᠢᠯᠡᠭᠦᠯᠦᠨ᠂ ᠡᠯ᠎ᠡ ᠵᠦᠢᠯ ᠤᠨ ᠠᠵᠢᠯ ᠢ ᠪᠠᠬᠢᠵᠢᠭᠦᠯᠬᠦ ᠶᠢᠨ ᠲᠥᠯᠥᠭᠡ᠂ ᠣᠶᠢᠷ᠎ᠠ ᠳᠤ᠂ ᠵᠢᠨᠢᠩ | ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠤᠰᠤᠨ ᠠᠰᠢᠭᠯᠠᠯᠲᠠ ᠶᠢᠨ ᠲᠣᠪᠴᠢᠶ᠎ᠠ ᠠᠴᠠ ᠵᠢᠨᠢᠩ | ᠲᠣᠭᠤᠷᠢᠭ ᠤᠨ ᠠᠮᠢᠲᠠᠨ ᠤ ᠬᠢᠵᠢᠭ ᠰᠡᠷᠭᠡᠶᠢᠯᠡᠬᠦ ᠦᠶᠯᠡᠴᠢᠯᠡᠭᠡᠨ ᠤ ᠲᠥᠪ ᠲᠤ ᠨᠠᠶᠢᠳᠠᠵᠤ᠂ ᠮᠠᠯ ᠡᠮᠨᠡᠯᠭᠡ ᠶᠢᠨ | ᠨᠡᠶᠢᠭᠡᠮᠴᠢᠯᠡᠭᠰᠡᠨ ᠦᠶᠯᠡᠴᠢᠯᠡᠭᠡᠨ ᠬᠠᠩᠭᠠᠬᠤ ᠭᠤᠷᠪᠠᠳᠠᠬᠢ ᠡᠲᠡᠭᠡᠳ ᠤᠨ ᠺᠣᠮᠫᠠᠨᠢ ᠳᠤ ᠤᠷᠢᠨ ᠲᠣᠮᠢᠯᠠᠭᠰᠠᠨ | ᠦᠨᠳᠦᠰᠦᠨ ᠱᠠᠲᠤᠨ ᠤ ᠠᠮᠢᠲᠠᠨ ᠤ ᠬᠢᠵᠢᠭ ᠰᠡᠷᠭᠡᠶᠢᠯᠡᠭᠴᠢ ᠳᠤ ᠠᠮᠢᠲᠠᠨ ᠤ ᠬᠢᠵᠢᠭ ᠰᠡᠷᠭᠡᠶᠢᠯᠡᠬᠦ ᠬᠠᠮᠢᠶ᠎ᠠ ᠪᠦᠬᠦᠢ | ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠠᠵᠢᠯ ᠥᠷᠨᠢᠭᠦᠯᠪᠡ᠃ | ᠵᠢᠨᠢᠩ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠤᠰᠤᠨ ᠠᠰᠢᠭᠯᠠᠯᠲᠠ ᠶᠢᠨ ᠲᠣᠪᠴᠢᠶ᠎ᠠ ᠮᠠᠯ | ᠡᠮᠨᠡᠯᠭᠡ ᠶᠢᠨ ᠨᠡᠶᠢᠭᠡᠮᠴᠢᠯᠡᠭᠰᠡᠨ ᠦᠶᠯᠡᠴᠢᠯᠡᠭᠡᠨ ᠤ ᠠᠵᠢᠯ ᠤᠨ ᠬᠢᠨᠠᠨ ᠰᠢᠯᠭᠠᠬᠤ ᠤᠳᠤᠷᠢᠳᠬᠤ ᠳᠤᠭᠤᠶᠢᠯᠠᠩ ᠢ | ᠪᠠᠶᠢᠭᠤᠯᠵᠤ᠂ ᠵᠢᠨᠢᠩ ᠲᠣᠭᠤᠷᠢᠭ ᠤᠨ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠶᠯᠡᠴᠢᠯᠡᠭᠡᠨ ᠤ ᠭᠤᠷᠪᠠᠳᠠᠬᠢ | ᠡᠲᠡᠭᠡᠳ ᠤᠨ ᠺᠣᠮᠫᠠᠨᠢ ᠵᠢᠴᠢ ᠦᠨᠳᠦᠰᠦᠨ ᠱᠠᠲᠤᠨ ᠤ ᠠᠮᠢᠲᠠᠨ ᠤ ᠬᠢᠵᠢᠭ ᠰᠡᠷᠭᠡᠶᠢᠯᠡᠭᠴᠢ ᠶᠢ ᠳᠤᠭᠤᠶᠢᠯᠠᠩ | ᠬᠤᠪᠢᠶᠠᠨ ᠬᠢᠨᠠᠨ ᠰᠢᠯᠭᠠᠬᠤ ᠠᠵᠢᠯ ᠢ ᠥᠷᠨᠢᠭᠦᠯᠪᠡ᠃ ᠬᠢᠨᠠᠨ ᠰᠢᠯᠭᠠᠬᠤ ᠶᠢ ᠬᠤᠶᠠᠷ ᠬᠡᠰᠡᠭ ᠠᠭᠤᠯᠭ᠎ᠠ ᠬᠤᠪᠢᠶᠠᠨ᠎ᠠ᠄ | ᠨᠢᠭᠡ ᠳᠤ᠂ ᠡᠷᠦᠬᠡ ᠠᠮᠠ ᠶᠢᠨ ᠰᠤᠷᠪᠤᠯᠵᠢᠯᠠᠭ᠎ᠠ᠂ ᠬᠤᠶᠠᠷ ᠳᠤᠭᠤᠶᠢᠯᠠᠩ ᠲᠣᠰ ᠲᠣᠰ ᠬᠤᠶᠠᠷ ᠠᠶᠢᠯ ᠲᠣᠰᠬᠤᠨ᠂ | 10 ᠲᠡᠵᠢᠭᠡᠨ ᠦᠷᠡᠵᠢᠭᠦᠯᠬᠦ ᠡᠷᠦᠬᠡ ᠶᠢ ᠰᠤᠭᠤᠴᠢᠨ ᠪᠠᠶᠢᠴᠠᠭᠠᠵᠤ᠂ ᠮᠠᠯ ᠡᠮᠨᠡᠯᠭᠡ ᠶᠢᠨ ᠨᠡᠶᠢᠭᠡᠮᠴᠢᠯᠡᠭᠰᠡᠨ | ᠦᠢᠯᠡᠴᠢᠯᠡᠭᠡᠨ ᠤ ᠭᠤᠷᠪᠠᠳᠠᠬᠢ ᠡᠲᠡᠭᠡᠳ ᠤᠨ ᠺᠣᠮᠫᠠᠨᠢ ᠶᠢᠨ ᠤᠷᠢᠨ ᠲᠣᠮᠢᠯᠠᠭᠰᠠᠨ ᠦᠨᠳᠦᠰᠦᠨ ᠱᠠᠲᠤᠨ ᠤ | ᠠᠮᠢᠲᠠᠨ ᠤ ᠬᠢᠵᠢᠭ ᠰᠡᠷᠭᠡᠶᠢᠯᠡᠭᠴᠢ ᠶᠢᠨ ᠬᠠᠮᠢᠶ᠎ᠠ ᠪᠥᠬᠦᠶ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠯᠠᠪᠯᠠᠨ | ᠠᠰᠠᠭᠤᠵᠤ᠂ ᠲᠡᠳᠡᠨ ᠤ ᠡᠯ᠎ᠡ ᠵᠦᠢᠯ ᠤᠨ ᠬᠢᠵᠢᠭ ᠡᠪᠡᠳᠴᠢᠨ ᠤ ᠡᠭᠡᠯᠢᠯᠡᠭᠡ ᠶᠢᠨ ᠪᠠᠶᠢᠳᠠᠯ ᠪᠠ ᠡᠷᠦᠬᠡ ᠠᠮᠠ ᠶᠢᠨ | ᠳᠡᠪᠲᠡᠷ᠂ ᠡᠬᠡ ᠲᠠᠩᠰᠠ ᠶᠢ ᠲᠠᠭᠯᠠᠨ ᠪᠢᠴᠢᠭᠰᠡᠨ ᠪᠠᠶᠢᠳᠠᠯ ᠵᠡᠷᠭᠡ ᠶᠢ ᠪᠠᠶᠢᠴᠠᠭᠠᠪᠠ᠃ ᠬᠤᠶᠠᠷ ᠲᠤ ᠡᠭᠡᠯᠢᠯᠡᠭᠡ ᠶᠢᠨ | ᠦᠷ᠎ᠡ ᠳ᠋ᠦᠩ ᠵᠢᠴᠢ ᠡᠪᠡᠳᠴᠢᠨ ᠡᠭᠦᠰᠭᠡᠭᠴᠢ ᠶᠢᠨ ᠰᠤᠳᠤᠯᠤᠯ ᠤᠨ ᠬᠢᠨᠠᠨ ᠬᠡᠮᠵᠢᠬᠦ ᠠᠵᠢᠯ ᠳᠤ ᠮᠠᠯ ᠵᠢᠭᠦᠷᠲᠡᠨ ᠤ | ᠦᠯᠦ ᠬᠠᠯᠳᠠᠭᠠᠬᠤ ᠨᠢᠭᠲᠠᠴᠠ ᠶᠢ 100% ᠳᠤ ᠬᠦᠷᠦᠭᠦᠯᠵᠦ᠂ ᠡᠭᠡᠯᠢᠯᠡᠭᠡ ᠶᠢᠨ ᠡᠰᠡᠷᠭᠦᠴᠡᠭᠴᠢ ᠶᠢᠨ ᠬᠢᠷᠢ | ᠲᠡᠩᠴᠡᠭᠰᠡᠨ ᠨᠣᠷᠮ᠎ᠠ ᠶᠢ ᠵᠢᠯ ᠲᠤᠷᠰᠢ 70% ᠠᠴᠠ ᠳᠡᠭᠡᠭᠰᠢ ᠪᠠᠶᠢᠯᠭᠠᠬᠤ ᠶᠢ ᠦᠨᠡᠨᠬᠦ ᠪᠠᠲᠤᠯᠠᠨ᠎ᠠ᠃ ᠬᠢᠨᠠᠨ | ᠰᠢᠯᠭᠠᠬᠤ ᠪᠠᠷ ᠳᠠᠮᠵᠢᠭᠠᠳ᠂ ᠭᠤᠷᠪᠠᠳᠠᠬᠢ ᠡᠲᠡᠭᠡᠳ ᠤᠨ ᠺᠣᠮᠫᠠᠨᠢ ᠲᠥᠪ ᠤᠨ ᠪᠠᠭᠤᠯᠭᠠᠭᠰᠠᠨ ᠡᠯ᠎ᠡ ᠵᠦᠢᠯ ᠤᠨ | ᠠᠵᠢᠯ ᠤᠨ ᠬᠦᠢᠴᠡᠳᠬᠡᠯ ᠲᠤᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠦᠨᠳᠦᠰᠦᠨ ᠱᠠᠲᠤᠨ ᠤ ᠠᠮᠢᠲᠠᠨ ᠤ ᠬᠢᠵᠢᠭ | ᠰᠡᠷᠭᠡᠶᠢᠯᠡᠭᠴᠢ ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠬᠦᠢᠴᠡᠳᠬᠡᠵᠦ ᠴᠢᠳᠠᠭᠰᠠᠨ ᠪᠠᠶᠢᠨ᠎ᠠ᠃ ᠮᠠᠯ ᠤᠨ | ᠡᠭᠡᠯᠢᠯᠡᠭᠡ ᠶᠢᠨ ᠡᠰᠡᠷᠭᠦᠴᠡᠭᠴᠢ ᠶᠢ ᠰᠤᠭᠤᠴᠢᠨ ᠪᠠᠶᠢᠴᠠᠭᠠᠬᠤ ᠳᠤ ᠬᠢᠷᠢ ᠲᠡᠩᠴᠡᠭᠰᠡᠨ ᠨᠣᠷᠮ᠎ᠠ ᠲᠠᠢ ᠤᠶᠠᠯᠳᠤᠭᠤᠯᠤᠨ | ᠂ ᠦᠨᠳᠦᠰᠦᠨ ᠱᠠᠲᠤᠨ ᠤ ᠠᠮᠢᠲᠠᠨ ᠤ ᠬᠢᠵᠢᠭ ᠰᠡᠷᠭᠡᠶᠢᠯᠡᠭᠴᠢ ᠶᠢ ᠵᠡᠷᠭᠡ ᠳᠡᠰ ᠢᠶᠠᠷ ᠠᠳᠠᠯᠢᠳᠬᠠᠨ ᠰᠢᠯᠭᠠᠷᠠᠭᠤᠯᠵᠤ᠂ | ᠠᠳᠠᠯᠢᠳᠬᠠᠬᠤ᠂ ᠰᠤᠷᠤᠯᠴᠠᠬᠤ᠂ ᠭᠦᠢᠴᠡᠬᠦ᠂ ᠳᠠᠪᠠᠭ᠋ᠤ ᠭᠦᠨ ᠵᠤᠵᠠᠭᠠᠨ ᠠᠵᠢᠯ ᠤᠨ ᠠᠭᠤᠷ ᠠᠮᠢᠰᠬᠤᠯ ᠢ ᠪᠣᠶ | ᠪᠣᠯᠭᠠᠪᠠ᠃ | 12 ᠰᠠᠷ᠎ᠠ ᠶᠢᠨ 24 ᠤ ᠡᠳᠦᠷ᠂ ᠮᠠᠨ ᠤ ᠲᠥᠪ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡ ᠶᠢ | ᠬᠢᠨᠠᠨ ᠰᠢᠯᠭᠠᠬᠤ ᠠᠵᠢᠯ ᠢ ᠪᠥᠬᠦ ᠲᠠᠯ᠎ᠠ ᠪᠠᠷ ᠪᠡᠶᠡᠯᠡᠭᠦᠯᠪᠡ᠃ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠢ | ᠥᠷᠨᠢᠭᠦᠯᠬᠦ ᠪᠠᠷ ᠳᠠᠮᠵᠢᠭᠤᠯᠤᠨ᠂ ᠮᠠᠨ ᠤ ᠲᠥᠪ ᠤᠨ ᠵᠢᠯᠣᠭᠤᠳᠣᠯᠭ᠎ᠠ ᠳᠣᠤᠷ᠎ᠠ᠂ ᠮᠠᠯ ᠵᠢᠭᠦᠷᠲᠡᠨ ᠤ ᠠᠮᠤᠷ | ᠲᠦᠪᠰᠢᠨ ᠤ ︽ᠰᠡᠷᠭᠡᠶᠢᠯᠡᠨ ᠬᠠᠮᠠᠭᠠᠯᠠᠬᠤ ᠲᠣᠤᠷ︾ ᠢ ᠤᠯᠠᠮ ᠨᠢᠭᠡ ᠠᠯᠬᠤᠮ ᠪᠠᠬᠢᠵᠢᠭᠦᠯᠦᠨ᠎ᠡ︔ ᠬᠢᠨᠠᠨ | ᠰᠢᠯᠭᠠᠯᠲᠠ ᠪᠠᠷ ᠳᠠᠮᠵᠢᠨ᠂ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠡᠩᠨᠡᠭᠡᠨ ᠤ | ᠪᠠᠶᠢᠭᠤᠯᠤᠯᠲᠠ ᠶᠢᠨ ᠠᠵᠢᠯ ᠢ ᠲᠠᠰᠤᠷᠠᠯᠲᠠ ᠦᠭᠡᠢ ᠴᠢᠩᠭᠠᠳᠬᠠᠵᠤ᠂ ᠦᠨᠳᠦᠰᠦᠨ ᠱᠠᠲᠤᠨ ᠤ ᠠᠮᠢᠲᠠᠨ ᠤ ᠬᠢᠵᠢᠭ | ᠰᠡᠷᠭᠡᠶᠢᠯᠡᠭᠴᠢ ᠶᠢᠨ ᠬᠠᠷᠢᠭᠤᠴᠠᠯᠭᠠᠲᠤ ᠰᠡᠳᠬᠢᠯᠭᠡ᠂ ᠲᠤᠯᠭᠠᠮ᠎ᠠ ᠰᠡᠳᠬᠢᠯᠭᠡ ᠶᠢ ᠨᠡᠮᠡᠭᠳᠡᠭᠦᠯᠵᠦ᠂ ᠠᠮᠢᠲᠠᠨ ᠤ ᠬᠢᠵᠢᠭ | ᠰᠡᠷᠭᠡᠶᠢᠯᠡᠬᠦ ᠬᠠᠮᠢᠶ᠎ᠠ ᠪᠦᠬᠦᠢ ᠠᠵᠢᠯ ᠢ ᠦᠷᠭᠦᠯᠵᠢᠯᠡᠨ ᠠᠬᠢᠭᠤᠯᠬᠤ ᠳᠤ ᠬᠦᠴᠦᠲᠡᠶ ᠪᠠᠲᠤᠯᠠᠭ᠎ᠠ ᠬᠠᠩᠭᠠᠬᠤ ᠬᠡᠷᠡᠭᠲᠡᠶ᠃ | | | ᠣᠷᠴᠢᠭᠤᠯᠤᠭᠴᠢ᠄ ᠳ᠋ᠥᠩ ᠾᠦᠢ | |