ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠤᠯᠠᠮ ᠨᠢᠭᠡ ᠠᠯᠬᠤᠮ | ᠨᠠᠶᠢᠳᠠᠪᠤᠷᠢᠵᠢᠭᠤᠯᠵᠤ᠂ ᠰᠦᠯᠵᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠦᠨᠡᠨ ᠬᠦ | ᠪᠠᠬᠢᠵᠢᠭᠦᠯᠬᠦ ᠶᠢᠨ ᠲᠥᠯᠥᠭᠡ᠂ 12 ᠰᠠᠷ᠎ᠠ ᠶᠢᠨ 26 ᠤ ᠡᠳᠦᠷ ᠤᠨ ᠦᠳᠡ ᠶᠢᠨ ᠬᠤᠶᠢᠨ᠎ᠠ᠂ ᠴᠢᠶᠣᠤ ᠰᠢ ᠵᠡᠭᠡᠯᠢ | ᠭᠤᠳᠤᠮᠵᠢ 2024 ᠣᠨ ᠤ ᠦᠵᠡᠯ ᠤᠬᠠᠮᠰᠠᠷ ᠤᠨ ᠬᠡᠯᠪᠡᠷᠢ ᠪᠠ ᠰᠦᠯᠵᠢᠶᠡᠨ ᠤ ᠶᠠᠷᠢᠶ᠎ᠠ ᠬᠡᠯᠡᠯᠴᠡᠭᠡᠨ ᠤ ᠪᠠᠶᠢᠳᠠᠯ ᠢ | ᠵᠠᠳᠠᠯᠤᠨ ᠰᠤᠳᠤᠯᠵᠤ ᠮᠠᠭᠠᠳᠯᠠᠬᠤ ᠬᠤᠷᠠᠯ ᠬᠢᠪᠠ᠃ ᠬᠤᠷᠠᠯ ᠢ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ | ᠬᠤᠷᠢᠶ᠎ᠠ ᠶᠢᠨ ᠱᠦᠵᠢ ᠰᠥᠩ ᠫᠧᠩ ᠡᠷᠭᠢᠯᠡᠵᠦ᠂ ᠵᠡᠭᠡᠯᠢ ᠭᠤᠳᠤᠮᠵᠢ ᠶᠢᠨ ᠤᠳᠤᠷᠢᠳᠬᠤ ᠪᠠᠭ ᠤᠨ ᠪᠦᠷᠢᠯᠳᠦᠬᠦᠨ᠂ | ᠡᠯ᠎ᠡ ᠰᠠᠯᠠᠭ᠎ᠠ ᠲᠠᠰᠤᠭ ᠵᠢᠴᠢ ᠡᠯ᠎ᠡ ᠨᠡᠶᠢᠭᠡᠮ ᠲᠣᠭᠤᠷᠢᠭ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃ | ᠬᠤᠷᠠᠯ ᠳᠡᠭᠡᠷ᠎ᠡ᠂ ᠤᠬᠠᠭᠤᠯᠬᠤ ᠭᠡᠰᠢᠭᠦᠨ ᠯᠢ ᠵᠢᠩ ᠱᠠ ᠵᠡᠭᠡᠯᠢ ᠭᠤᠳᠤᠮᠵᠢ ᠶᠢᠨ 2024 ᠣᠨ ᠤ ᠦᠵᠡᠯ | ᠤᠬᠠᠮᠰᠠᠷ ᠤᠨ ᠬᠡᠯᠪᠡᠷᠢ ᠪᠣᠯᠤᠨ ᠰᠦᠯᠵᠢᠶᠡᠨ ᠤ ᠶᠠᠷᠢᠶ᠎ᠠ ᠬᠡᠯᠡᠯᠴᠡᠭᠡᠨ ᠤ ᠪᠠᠶᠢᠳᠠᠯ ᠤᠨ ᠬᠦᠷᠢᠶᠡᠨ ᠳᠠᠬᠢ ᠠᠵᠢᠯ ᠤᠨ | ᠪᠠᠶᠢᠳᠠᠯ ᠢ ᠬᠠᠷᠢᠭᠤ ᠮᠡᠳᠡᠭᠦᠯᠬᠦ ᠶᠢᠨ ᠬᠠᠮᠲᠤ ᠳᠠᠷᠠᠭᠠᠴᠢ ᠶᠢᠨ ᠠᠯᠬᠤᠮ ᠤᠨ ᠠᠵᠢᠯ ᠢ ᠪᠠᠶᠢᠷᠢᠯᠠᠭᠤᠯᠤᠨ ᠲᠤᠬᠢᠷᠠᠭᠤᠯᠪᠠ᠃ | ᠡᠯ᠎ᠡ ᠨᠡᠶᠢᠭᠡᠮ ᠲᠣᠭᠤᠷᠢᠭ ᠤᠨ ᠬᠠᠷᠢᠭᠤᠴᠠᠯᠭᠠᠲᠠᠨ ᠲᠣᠰ ᠪᠡᠶ᠎ᠡ ᠶᠢᠨ ᠠᠵᠢᠯ ᠤᠨ ᠭᠤᠤᠯᠳᠠᠯᠭ᠎ᠠ ᠵᠢᠴᠢ ᠣᠷᠣᠰᠢᠵᠤ | ᠪᠠᠶᠢᠭ᠎ᠠ ᠠᠰᠠᠭᠤᠳᠠᠯ ᠲᠠᠢ ᠪᠠᠨ ᠤᠶᠠᠯᠳᠤᠭᠤᠯᠤᠨ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠪᠠ᠃ | ᠬᠤᠷᠠᠯ ᠠᠴᠠ᠂ ᠤᠨᠤᠯ ᠢᠶᠠᠷ ᠵᠡᠪᠰᠡᠭᠯᠡᠬᠦ ᠶᠢ ᠴᠢᠩᠭᠠᠳᠬᠠᠵᠤ᠂ ᠦᠵᠡᠯ ᠰᠠᠨᠠᠭᠠᠨ ᠤ ᠰᠠᠭᠤᠷᠢ ᠪᠠᠨ | ᠪᠠᠬᠢᠵᠢᠭᠦᠯᠵᠦ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ | ᠦᠷᠭᠦᠯᠵᠢᠯᠡᠨ ᠭᠦᠨᠵᠡᠭᠡᠢ ᠰᠤᠷᠤᠯᠴᠠᠨ ᠲᠤᠤᠱᠯᠠᠭᠤᠯᠵᠤ᠂ ᠨᠠᠮ ᠤᠨ ᠭᠡᠰᠢᠭᠦᠨ ᠺᠠᠳ᠋ᠷᠴᠤᠳ ᠤᠨ ᠤᠯᠤᠰ ᠲᠦᠷᠦ ᠶᠢᠨ | ᠵᠣᠭᠰᠣᠴᠠ ᠪᠣᠯᠤᠨ ᠤᠨᠤᠯ ᠤᠨ ᠬᠡᠪ ᠪᠣᠯᠪᠠᠰᠤᠷᠠᠯ ᠢ ᠴᠢᠨᠠᠭᠰᠢᠳᠠ ᠳᠡᠭᠡᠭᠰᠢᠯᠡᠭᠦᠯᠬᠦ ᠬᠡᠷᠡᠭᠲᠡᠢ᠃ ᠦᠨᠳᠦᠰᠦᠨ | ᠱᠠᠲᠤᠨ ᠤ ᠨᠠᠮ ᠤᠨ ᠭᠡᠰᠢᠭᠦᠳ ᠤᠨ ᠰᠤᠷᠤᠯᠴᠠᠯᠭ᠎ᠠ ᠬᠥᠮᠦᠵᠢᠯ ᠢ ᠴᠢᠩᠭᠠᠳᠬᠠᠵᠤ᠂ ᠨᠠᠮ ᠤᠨ ᠱᠤᠭᠤᠮ ᠴᠢᠭᠯᠡᠯᠲᠡ | ᠲᠦᠷᠦ ᠶᠢᠨ ᠪᠤᠳᠤᠯᠭ᠎ᠠ ᠶᠢ ᠦᠨᠳᠦᠰᠦᠨ ᠱᠠᠲᠤᠨ ᠳᠤ ᠪᠦᠲᠦᠮᠵᠢᠲᠡᠢ ᠨᠠᠶᠢᠳᠠᠪᠤᠷᠢᠵᠢᠭᠤᠯᠬᠤ ᠶᠢ ᠪᠠᠲᠤᠯᠠᠬᠤ | ᠬᠡᠷᠡᠭᠲᠡᠢ᠃ ᠶᠠᠷᠢᠶ᠎ᠠ ᠬᠡᠯᠡᠯᠴᠡᠭᠡ ᠪᠠᠷ ᠬᠥᠲᠥᠯᠦᠨ ᠵᠢᠯᠣᠭᠤᠳᠬᠤ ᠶᠢ ᠴᠢᠩᠭᠠᠳᠬᠠᠵᠤ᠂ ᠰᠠᠶᠢᠨ ᠰᠠᠶᠢᠬᠠᠨ ᠠᠭᠤᠷ | ᠠᠮᠢᠰᠬᠤᠯ ᠢ ᠪᠣᠶ ᠪᠣᠯᠭᠠᠵᠤ᠂ ᠵᠥᠪ ᠲᠠᠯ᠎ᠠ ᠶᠢᠨ ᠤᠬᠠᠭᠤᠯᠭ᠎ᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ | ᠢᠯᠠᠩᠭᠤᠶ᠎ᠠ ᠰᠢᠨ᠎ᠡ ᠵᠢᠯ᠂ ᠴᠠᠭᠠᠨ ᠰᠠᠷ᠎ᠠ ᠬᠦᠷᠴᠦ ᠢᠷᠡᠬᠦ ᠲᠠᠰᠢᠷᠠᠮ ᠳᠤ᠂ ᠨᠠᠷᠢᠨ ᠨᠢᠮᠪᠠᠶ ᠤᠬᠠᠭᠠᠯᠠᠨ ᠰᠡᠳᠦᠵᠦ᠂ | ᠪᠠᠶᠠᠷ ᠤᠨ ᠡᠳᠦᠷ ᠤᠨ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠤ᠂ ᠣᠯᠠᠨ ᠬᠡᠯᠪᠡᠷᠢ ᠶᠢᠨ ᠰᠣᠶᠣᠯ ᠤᠨ | ᠠᠵᠢᠯᠯᠠᠭ᠎ᠠ ᠶᠢ ᠥᠷᠨᠢᠭᠦᠯᠵᠦ᠂ ᠰᠠᠭᠤᠭᠠᠯᠢ ᠠᠷᠠᠳ ᠤᠨ ᠣᠶᠤᠨ ᠰᠠᠨᠠᠭ᠎ᠠ ᠰᠣᠶᠣᠯ ᠤᠨ ᠬᠡᠷᠡᠭᠴᠡᠭᠡ ᠶᠢ ᠬᠠᠩᠭᠠᠬᠤ | ᠬᠡᠷᠡᠭᠲᠡᠶ᠃ ᠰᠦᠯᠵᠢᠶᠡᠨ ᠤ ᠵᠢᠭᠰᠠᠭᠠᠯ ᠤᠨ ᠭᠠᠵᠠᠷ ᠢ ᠴᠢᠩᠭ᠎ᠠ ᠰᠠᠬᠢᠵᠤ᠂ ᠰᠦᠯᠵᠢᠶᠡᠨ ᠤ ᠣᠷᠴᠢᠨ ᠲᠣᠭᠤᠷᠢᠨ ᠢ | ᠴᠡᠪᠡᠷᠰᠢᠭᠦᠯᠵᠦ᠂ ᠰᠦᠯᠵᠢᠶᠡᠨ ᠤ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ | ᠴᠢᠩᠭ᠎ᠠ ᠨᠠᠶᠢᠳᠠᠪᠤᠷᠢᠵᠢᠭᠤᠯᠵᠤ᠂ ᠬᠠᠷᠢᠶ᠎ᠠ ᠣᠷᠣᠨ ᠤ ᠰᠦᠯᠵᠢᠶᠡᠨ ᠤ ᠶᠠᠷᠢᠶ᠎ᠠ ᠬᠡᠯᠡᠯᠴᠡᠭᠡᠨ ᠤ ᠪᠠᠶᠢᠳᠠᠯ ᠤᠨ | ᠪᠠᠶᠢᠳᠠᠯ ᠢ ᠳᠡᠭᠡᠳᠦ ᠬᠡᠮᠵᠢᠶ᠎ᠡ ᠪᠠᠷ ᠠᠩᠬᠠᠷᠴᠤ᠂ ᠡᠷᠡᠭᠦᠯ ᠪᠤᠰᠤ ᠮᠡᠳᠡᠭᠡ ᠵᠠᠩᠭᠢ ᠶᠢ ᠴᠠᠭ ᠲᠤᠬᠠᠢ ᠳᠤᠨᠢ ᠢᠯᠡᠷᠡᠭᠦᠯᠬᠦ | ᠪᠠ ᠰᠢᠢᠳᠪᠦᠷᠢᠯᠡᠵᠦ᠂ ᠠᠶᠤᠯ ᠲᠦᠭᠰᠢᠭᠦᠷᠢ ᠶᠢᠨ ᠬᠡᠮ ᠰᠣᠭᠤᠭ ᠢ ᠪᠠᠶᠢᠴᠠᠭᠠᠬᠤ ᠠᠵᠢᠯ ᠢ ᠰᠠᠶᠢᠲᠤᠷ ᠬᠢᠵᠦ᠂ ᠠᠮᠤᠷ | ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠬᠦ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ | ᠳᠡᠭᠡᠭᠰᠢᠯᠡᠭᠦᠯᠬᠦ ᠬᠡᠷᠡᠭᠲᠡᠢ᠃ | | | ᠣᠷᠴᠢᠭᠤᠯᠤᠭᠴᠢ᠄ ᠳ᠋ᠥᠩ ᠾᠦᠢ | | |