ᠴᠡᠷᠢᠭ ᠤᠨ ᠠᠯᠪᠠᠨ ᠠᠴᠠ ᠪᠠᠭᠤᠭᠰᠠᠳ ᠤᠨ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠦᠨᠡᠨ ᠬᠦ ᠰᠠᠶᠢᠲᠤᠷ | ᠬᠢᠵᠦ᠂ ᠵᠡᠮᠳᠡᠭ ᠴᠡᠷᠢᠭ ᠤᠨ ᠠᠯᠪᠠᠨ ᠠᠴᠠ ᠪᠠᠭᠤᠭᠰᠠᠳ ᠤᠨ ᠪᠣᠳᠠᠲᠠᠶ ᠬᠦᠴᠢᠷᠳᠡᠯ ᠢ ᠰᠢᠢᠳᠪᠦᠷᠢᠯᠡᠬᠦ ᠶᠢᠨ ᠲᠥᠯᠥᠭᠡ᠂ | 12 ᠰᠠᠷ᠎ᠠ ᠶᠢᠨ 26 ᠤ ᠡᠳᠦᠷ᠂ ᠵᠢᠨᠢᠩ ᠲᠣᠭᠤᠷᠢᠭ ᠤᠨ ᠴᠡᠷᠢᠭ ᠤᠨ ᠠᠯᠪᠠᠨ ᠠᠴᠠ ᠪᠠᠭᠤᠭᠰᠠᠳ ᠤᠨ ᠬᠡᠷᠡᠭ | ᠶᠠᠪᠤᠳᠠᠯ ᠤᠨ ᠲᠣᠪᠴᠢᠶᠠᠨ ᠤ ᠠᠵᠢᠯᠲᠠᠳ ᠵᠡᠮᠳᠡᠭ ᠴᠡᠷᠢᠭ ᠤᠨ ᠠᠯᠪᠠᠨ ᠠᠴᠠ ᠪᠠᠭᠤᠭᠰᠠᠳ ᠲᠤ ᠡᠮᠴᠢ | ᠰᠤᠪᠢᠯᠠᠭᠴᠢ ᠶᠢᠨ ᠲᠤᠰᠠᠯᠠᠬᠤ ᠪᠠᠭᠠᠵᠢ ᠬᠡᠷᠡᠭᠰᠡᠯ ᠬᠦᠷᠭᠡᠪᠡ᠃ | ᠵᠡᠮᠳᠡᠭ ᠴᠡᠷᠢᠭ ᠤᠨ ᠠᠯᠪᠠᠨ ᠠᠴᠠ ᠪᠠᠭᠤᠭᠰᠠᠨ ᠴᠡᠷᠢᠭ ᠵᠠᠩ ᠸᠠᠨ ᠱᠧᠩ ᠤᠨ ᠬᠡᠷ ᠲᠤ᠂ ᠠᠵᠢᠯᠲᠠᠳ ᠪᠠᠭᠠᠵᠢ | ᠬᠡᠷᠡᠭᠰᠡᠯ ᠢᠶᠠᠨ ᠤᠭᠰᠠᠷᠠᠬᠤ ᠶᠢᠨ ᠳᠠᠭᠠᠤ ᠪᠠᠭᠠᠵᠢ ᠬᠡᠷᠡᠭᠰᠡᠯ ᠢ ᠬᠡᠷᠡᠭᠯᠡᠬᠦ ᠠᠷᠭ᠎ᠠ ᠪᠠ ᠠᠩᠬᠠᠷᠬᠤ ᠵᠦᠢᠯᠡᠰ ᠢ | ᠲᠠᠶᠢᠯᠪᠤᠷᠢᠯᠠᠪᠠ᠃ ᠵᠠᠩ ᠸᠠᠨ ᠱᠧᠩ ᠵᠢᠴᠢ ᠲᠡᠳᠡᠨ ᠤ ᠬᠡᠷ ᠤᠨ ᠬᠥᠮᠦᠰ᠄ ︽ᠡᠮᠴᠢ ᠰᠤᠪᠢᠯᠠᠭᠴᠢ ᠶᠢᠨ | ᠲᠤᠰᠠᠯᠠᠮᠵᠢ ᠶᠢᠨ ᠪᠠᠭᠠᠵᠢ ᠬᠡᠷᠡᠭᠰᠡᠯ ᠲᠣᠬᠢᠷᠠᠭᠤᠯᠬᠤ ᠪᠣᠯ ᠨᠠᠮ ᠪᠠ ᠤᠯᠤᠰ ᠤᠨ ᠰᠠᠶᠢᠨ ᠲᠥᠷᠥ ᠶᠢᠨ ᠪᠣᠳᠣᠯᠭ᠎ᠠ | ᠮᠥᠨ᠂ ᠪᠢᠳᠡᠨ ᠢ ᠬᠠᠪᠰᠤᠷᠤᠨ ᠬᠡᠷ ᠲᠤᠨᠢ ᠬᠦᠷᠭᠡᠵᠦ ᠳᠡᠶᠢᠯᠬᠦ ᠪᠥᠭᠡᠳ ᠰᠠᠶᠢᠲᠤᠷ ᠤᠭᠰᠠᠷᠠᠵᠤ ᠳᠡᠶᠢᠯᠦᠨ᠎ᠡ᠂ ᠲᠠ | ᠪᠣᠯ ᠠᠷᠠᠳ ᠲᠦᠮᠡᠨ ᠤ ᠰᠠᠶᠢᠨ ᠠᠯᠪᠠᠨ ᠵᠠᠷᠤᠴᠠ ᠮᠥᠨ᠂ ᠬᠠᠯᠠᠭᠤᠨ ᠳᠤᠯᠠᠭᠠᠨ ᠢ ᠦᠨᠡᠨ ᠬᠦ ᠪᠢᠳᠡᠨ ᠤ | ᠰᠡᠳᠬᠢᠯ ᠳᠤ ᠬᠦᠷᠭᠡᠵᠦ᠂ ᠪᠢᠳᠡᠨ ᠳᠤ ᠵᠣᠯ ᠵᠢᠷᠭᠠᠯᠲᠤ ᠲᠥᠷᠥᠭᠳᠡᠯ ᠪᠠ ᠬᠦᠷᠲᠡᠮᠵᠢ ᠶᠢᠨ ᠲᠥᠷᠥᠭᠳᠡᠯ ᠢ ᠦᠨᠡᠨ ᠬᠦ | ᠮᠡᠳᠡᠷᠡᠭᠦᠯᠦᠨ᠎ᠡ︾ ᠭᠡᠵᠦ ᠬᠡᠯᠡᠪᠡ᠃ | ᠠᠵᠢᠯᠲᠠᠳ ᠵᠡᠮᠳᠡᠭ ᠪᠣᠯᠤᠭᠰᠠᠨ ᠴᠡᠷᠢᠭ ᠤᠨ ᠠᠯᠪᠠᠨ ᠠᠴᠠ ᠪᠠᠭᠤᠭᠰᠠᠨ ᠸᠠᠩ ᠶᠤᠸᠠᠢ ᠶᠦᠨ ᠳᠤ ᠡᠮᠴᠢ | ᠰᠤᠪᠢᠯᠠᠭᠴᠢ ᠶᠢᠨ ᠲᠤᠰᠠᠯᠠᠬᠤ ᠪᠠᠭᠠᠵᠢ ᠬᠡᠷᠡᠭᠰᠡᠯ ᠢ ᠬᠡᠷᠡᠭᠯᠡᠬᠦ ᠠᠷᠭ᠎ᠠ ᠶᠢ ᠲᠠᠶᠢᠯᠪᠤᠷᠢᠯᠠᠨ ᠥᠭᠴᠦ᠂ ᠪᠠᠰᠠ ᠪᠠᠭᠠᠵᠢ | ᠬᠡᠷᠡᠭᠰᠡᠯ ᠵᠡᠭᠦᠯᠭᠡᠪᠡ᠃ | ᠡᠮᠴᠢ ᠰᠤᠪᠢᠯᠠᠭᠴᠢ ᠶᠢᠨ ᠲᠤᠰᠠᠯᠠᠬᠤ ᠪᠠᠭᠠᠵᠢ ᠬᠡᠷᠡᠭᠰᠡᠯ ᠢ ᠲᠦᠭᠡᠭᠡᠬᠦ ᠨᠢ ᠨᠢᠭᠡ ᠵᠦᠢᠯ ᠤᠨ ᠠᠰᠠᠷᠠᠨ | ᠬᠠᠷᠠᠭᠠᠯᠵᠠᠬᠤ ᠴᠢᠬᠤᠯᠠ ᠠᠵᠢᠯ ᠪᠠᠶᠢᠵᠤ᠂ ᠡᠯ᠎ᠡ ᠱᠠᠲᠤᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ | ᠦᠢᠯᠡᠴᠢᠯᠡᠭᠡᠨ ᠤ ᠥᠷᠲᠡᠭᠡ ᠶᠢᠨ ᠠᠵᠢᠯᠲᠠᠳ ᠬᠡᠪᠰᠢᠭᠰᠡᠨ ᠬᠠᠷᠢᠯᠴᠠᠭ᠎ᠠ ᠪᠠᠷ ᠳᠠᠮᠵᠢᠭᠤᠯᠤᠨ᠂ ᠡᠷᠦᠬᠡ ᠳᠤ ᠣᠷᠣᠵᠤ | ᠰᠤᠷᠪᠤᠯᠵᠢᠯᠠᠬᠤ ᠵᠡᠷᠭᠡ ᠵᠡᠮᠳᠡᠭ ᠴᠡᠷᠢᠭ ᠬᠥᠮᠥᠨ ᠨᠢᠭᠡᠪᠦᠷᠢ ᠶᠢᠨ ᠬᠡᠷᠡᠭᠴᠡᠭᠡ ᠱᠠᠭᠠᠷᠳᠠᠯᠭ᠎ᠠ ᠳᠤ ᠪᠠᠶᠢᠳᠠᠯ ᠢ | ᠣᠶᠢᠯᠠᠭᠠᠬᠤ ᠪᠠᠶᠢᠴᠠᠭᠠᠯᠲᠠ ᠬᠢᠵᠦ᠂ ︽ᠪᠡᠶ᠎ᠡ ᠶᠢᠨ ᠬᠡᠮᠵᠢᠶ᠎ᠡ ᠶᠢ ᠬᠡᠮᠵᠢᠵᠦ ᠬᠤᠪᠴᠠᠰᠤ ᠡᠰᠬᠡᠬᠦ︾ ᠮᠠᠶ᠋ᠢᠭ ᠤᠨ | ᠲᠤᠰᠠᠯᠠᠬᠤ ᠪᠠᠭᠠᠵᠢ ᠬᠡᠷᠡᠭᠰᠡᠯ ᠢ ᠲᠣᠬᠢᠷᠠᠭᠤᠯᠤᠨ ᠲᠣᠬᠢᠷᠠᠭᠤᠯᠬᠤ ᠠᠵᠢᠯ ᠢ ᠥᠷᠨᠢᠭᠦᠯᠵᠦ᠂ ᠠᠳᠠᠯᠢ ᠪᠤᠰᠤ ᠬᠡᠷᠡᠭᠴᠡᠭᠡ | ᠱᠠᠭᠠᠷᠳᠠᠯᠭ᠎ᠠ ᠪᠠ ᠣᠨᠴᠠᠯᠢᠭ ᠲᠤ ᠴᠢᠭᠯᠡᠭᠦᠯᠦᠨ᠂ ᠲᠤᠰᠠᠯᠠᠬᠤ ᠪᠠᠭᠠᠵᠢ ᠬᠡᠷᠡᠭᠰᠡᠯ ᠤᠨ ᠬᠡᠷᠡᠭᠴᠡᠭᠡ ᠱᠠᠭᠠᠷᠳᠠᠯᠭ᠎ᠠ ᠲᠠᠢ | ᠬᠥᠮᠦᠰ ᠪᠠ ᠲᠤᠰᠠᠯᠠᠬᠤ ᠪᠠᠭᠠᠵᠢ ᠬᠡᠷᠡᠭᠰᠡᠯ ᠤᠨ ᠲᠥᠷᠥᠯ ᠵᠦᠢᠯ ᠢ ᠰᠢᠭᠰᠢᠨ ᠪᠠᠶᠢᠴᠠᠭᠠᠵᠤ᠂ ᠨᠠᠷᠢᠯᠢᠭ | ᠣᠨᠣᠪᠴᠢᠲᠠᠢ ᠪᠠᠷ ᠦᠢᠯᠡᠴᠢᠯᠡᠬᠦ ᠶᠢ ᠪᠡᠶᠡᠯᠡᠭᠦᠯᠪᠡ᠃ | ᠲᠠᠷᠠᠭᠠᠴᠢ ᠶᠢᠨ ᠠᠯᠬᠤᠮ ᠳᠤ᠂ ᠵᠢᠨᠢᠩ ᠲᠣᠭᠤᠷᠢᠭ ᠤᠨ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ | ᠲᠣᠪᠴᠢᠶ᠎ᠠ ᠠᠰᠠᠷᠠᠨ ᠬᠠᠷᠠᠭᠠᠯᠵᠠᠬᠤ ᠠᠵᠢᠯ ᠢ ᠲᠠᠰᠤᠷᠠᠯᠲᠠ ᠥᠬᠡᠶ ᠴᠢᠩᠭᠠᠳᠬᠠᠵᠤ᠂ ᠵᠡᠮᠳᠡᠭ ᠴᠡᠷᠢᠭ ᠢ | ᠦᠷᠭᠦᠯᠵᠢᠯᠡᠨ ᠬᠠᠯᠠᠮᠵᠢᠯᠠᠨ ᠬᠠᠶᠢᠷᠠᠯᠠᠵᠤ᠂ ᠵᠡᠮᠳᠡᠭ ᠴᠡᠷᠢᠭ ᠲᠤ ᠦᠨᠡᠨ ᠬᠦ ᠪᠣᠳᠠᠲᠤ ᠶᠠᠪᠤᠳᠠᠯ ᠰᠠᠶᠢᠨ ᠶᠠᠪᠤᠳᠠᠯ | ᠬᠢᠵᠦ᠂ ᠠᠰᠠᠷᠠᠨ ᠬᠠᠷᠠᠭᠠᠯᠵᠠᠬᠤ ᠲᠥᠷᠥ ᠶᠢᠨ ᠪᠣᠳᠣᠯᠭ᠎ᠠ ᠶᠢ ᠦᠨᠡᠨ ᠬᠦ ᠪᠣᠳᠠᠲᠠᠶ ᠳᠤ ᠨᠠᠶᠢᠳᠠᠪᠤᠷᠢᠵᠢᠭᠤᠯᠤᠨ᠎ᠠ᠃ | | | ᠣᠷᠴᠢᠭᠤᠯᠤᠭᠴᠢ᠄ ᠳ᠋ᠥᠩ ᠾᠦᠢ | | |