| | | | | | 12 ᠰᠠᠷ᠎ᠠ ᠶᠢᠨ 4 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠢᠨᠢᠩ | ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠶᠦᠩ ᠸᠧᠨ ᠰᠤᠷᠪᠤᠯᠵᠢᠯᠠᠬᠤ ᠪᠠᠷ ᠢᠷᠡᠭᠰᠡᠨ ᠣᠯᠠᠨ | ᠲᠦᠮᠡᠨ ᠢ ᠭᠥᠯᠢᠶᠡᠨ ᠠᠪᠬᠤ ᠶᠢᠨ ᠬᠠᠮᠲᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠳᠤ ᠪᠠᠶᠢᠴᠠᠭᠠᠨ ᠰᠤᠳᠤᠯᠤᠯᠲᠠ | ᠬᠢᠪᠠ᠃ | ᠵᠠᠩ ᠶᠦᠩ ᠸᠧᠨ᠂ ᠴᠢᠤᠸᠠᠨ ᠱᠠᠨ ᠵᠡᠭᠡᠯᠢ ᠭᠤᠳᠤᠮᠵᠢ ᠶᠢᠨ ᠤᠯᠠᠭᠠᠨ ᠨᠡᠶᠢᠭᠡᠮ ᠲᠣᠭᠤᠷᠢᠭ ᠲᠤ᠂ | ᠰᠤᠷᠪᠤᠯᠵᠢᠯᠠᠬᠤ ᠪᠠᠷ ᠢᠷᠡᠭᠰᠡᠨ ᠤᠯᠠᠨ ᠲᠦᠮᠡᠨ ᠢ ᠲᠤᠬᠠᠢ ᠶᠢᠨ ᠲᠠᠯᠠᠪᠠᠢ ᠳᠤ ᠬᠦᠯᠢᠶᠡᠨ ᠠᠪᠴᠤ᠂ ᠬᠤᠯᠪᠣᠭᠳᠠᠯ | ᠪᠦᠬᠦᠢ ᠪᠠᠶᠢᠳᠠᠯ ᠢ ᠨᠠᠷᠢᠨ ᠠᠰᠠᠭᠤᠨ ᠯᠠᠪᠯᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠲᠠᠢ ᠲᠤᠬᠠᠢ ᠶᠢᠨ ᠲᠠᠯᠠᠪᠠᠢ ᠳᠤ ᠰᠢᠢᠳᠪᠦᠷᠢᠯᠡᠬᠦ ᠠᠷᠭ᠎ᠠ ᠶᠢ ᠰᠤᠳᠤᠯᠵᠤ᠂ ᠤᠯᠠᠨ ᠲᠦᠮᠡᠨ ᠤ | ᠠᠩᠬᠠᠷᠴᠤ ᠪᠠᠶᠢᠭ᠎ᠠ ᠠᠰᠠᠭᠤᠳᠠᠯ ᠳᠤ ᠬᠠᠷᠢᠭᠤᠯᠲᠠ ᠥᠭᠴᠡᠢ᠃ ᠲᠡᠷᠡ ᠬᠡᠯᠡᠭᠰᠡᠨ ᠨᠢ᠂ ᠬᠠᠷᠢᠭᠤᠴᠠᠯᠭ᠎ᠠ ᠶᠢ ᠤᠯᠠᠮ | ᠴᠢᠨᠠᠭᠰᠢᠳᠠ ᠪᠣᠳᠠᠲᠠᠶᠢᠵᠢᠭᠤᠯᠵᠤ᠂ ᠬᠤᠯᠪᠣᠭᠳᠠᠯ ᠪᠦᠬᠦᠢ ᠠᠰᠠᠭᠤᠳᠠᠯ ᠢ ᠴᠠᠭ ᠬᠢᠵᠠᠭᠠᠷᠯᠠᠨ ᠰᠢᠢᠳᠪᠦᠷᠢᠯᠡᠵᠦ᠂ | ᠲᠣᠭᠲᠠᠭᠰᠠᠨ ᠬᠤᠭᠤᠴᠠᠭᠠᠨ ᠳᠤ ᠬᠤᠶᠢᠰᠢᠳᠠ ᠶᠢᠨ ᠠᠵᠢᠯ ᠢ ᠰᠠᠶᠢᠲᠤᠷ ᠬᠢᠵᠦ᠂ ᠤᠯᠠᠨ ᠲᠦᠮᠡᠨ ᠤ ᠠᠰᠢᠭ | ᠲᠤᠰᠠ ᠶᠢ ᠦᠨᠡᠨ ᠬᠦ ᠬᠠᠮᠠᠭᠠᠯᠠᠬᠤ ᠬᠡᠷᠡᠭᠲᠡᠢ᠃ | ᠵᠠᠩ ᠶᠦᠩ ᠸᠧᠨ ᠴᠢᠶᠠᠨ ᠶᠢᠨ ᠵᠠᠮ ᠤᠨ ᠲᠣᠮᠢᠯᠠᠭᠰᠠᠨ ᠰᠠᠯᠪᠤᠷᠢ᠂ ᠴᠠᠩ ᠴᠢᠩ ᠵᠡᠭᠡᠯᠢ ᠭᠤᠳᠤᠮᠵᠢ ᠶᠢᠨ ᠬᠡᠷᠡᠭ | ᠡᠷᠬᠢᠯᠡᠬᠦ ᠭᠠᠵᠠᠷ ᠲᠤ ᠬᠦᠷᠴᠦ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠬᠠᠷᠢᠭᠤ ᠮᠡᠳᠡᠭᠦᠯᠦᠯᠲᠡ | ᠰᠣᠨᠣᠰᠬᠤ ᠵᠡᠷᠭᠡ ᠠᠷᠭ᠎ᠠ ᠬᠡᠯᠪᠡᠷᠢ ᠪᠠᠷ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠬᠦ᠂ ᠵᠠᠬᠢᠳᠠᠯ ᠰᠤᠷᠪᠤᠯᠵᠢᠯᠠᠭ᠎ᠠ ᠶᠢ | ᠬᠠᠤᠯᠢᠵᠢᠭᠤᠯᠬᠤ᠂ ᠬᠠᠪᠰᠤᠷᠤᠨ ᠰᠢᠢᠳᠪᠦᠷᠢᠯᠡᠵᠦ ᠣᠷᠣᠯᠠᠨ ᠭᠦᠢᠴᠡᠳᠬᠡᠬᠦ ᠵᠡᠷᠭᠡ ᠠᠵᠢᠯ ᠤᠨ ᠪᠠᠶᠢᠳᠠᠯ ᠢ ᠨᠠᠷᠢᠨ | ᠣᠶᠢᠯᠠᠭᠠᠪᠠ᠃ ᠲᠡᠷᠡ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠰᠠᠶᠢᠲᠤᠷ ᠬᠢᠬᠦ ᠨᠢ ᠤᠯᠠᠨ ᠲᠦᠮᠡᠨ ᠤ ᠲᠤᠰ | ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠨ᠎ᠠ᠂ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠵᠠᠬᠢᠳᠠᠯ | ᠰᠤᠷᠪᠤᠯᠵᠢᠯᠠᠭ᠎ᠠ ᠶᠢᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ | ᠰᠤᠷᠤᠯᠴᠠᠨ ᠲᠤᠭᠤᠰᠢᠯᠠᠭᠤᠯᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠵᠠᠬᠢᠳᠠᠯ | ᠰᠤᠷᠪᠤᠯᠵᠢᠯᠠᠭ᠎ᠠ ᠶᠢᠨ ᠠᠵᠢᠯ ᠢ ᠰᠡᠳᠬᠢᠯ ᠲᠠᠯᠪᠢᠨ ᠬᠠᠶᠢᠷ᠎ᠠ ᠰᠡᠳᠬᠢᠯᠭᠡ ᠲᠠᠢ ᠪᠠᠷ ᠰᠠᠶᠢᠲᠤᠷ ᠬᠢᠬᠦ ᠬᠡᠷᠡᠭᠲᠡᠢ᠃ | ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠰᠢᠰᠲ᠋ᠧᠮ ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ | ᠵᠠᠬᠢᠳᠠᠯ ᠰᠤᠷᠪᠤᠯᠵᠢᠯᠠᠭ᠎ᠠ ᠶᠢᠨ ᠠᠷᠭ᠎ᠠ ᠵᠠᠮ ᠢ ᠦᠷᠭᠦᠯᠵᠢᠯᠡᠨ ᠰᠢᠯᠤᠭᠤᠳᠬᠠᠵᠤ᠂ ᠤᠯᠠᠨ ᠲᠦᠮᠡᠨ ᠤ ᠬᠦᠰᠡᠯ | ᠱᠠᠭᠠᠷᠳᠠᠯᠭ᠎ᠠ ᠶᠢ ᠬᠢᠨᠠᠮᠠᠭᠠᠢ ᠰᠣᠨᠣᠰᠴᠤ᠂ ᠡᠬᠢ ᠡᠭᠦᠰᠦᠯ ᠠᠴᠠ ᠨᠢ ᠵᠠᠰᠠᠬᠤ ᠶᠢ ᠴᠢᠩᠭᠠᠳᠬᠠᠵᠤ᠂ ᠵᠥᠷᠢᠴᠡᠯ | ᠵᠢᠭᠤᠷᠠᠯᠳᠤᠭᠠᠨ ᠢ ᠦᠨᠳᠦᠰᠦᠨ ᠱᠠᠲᠤᠨ ᠳᠤ ᠰᠢᠢᠳᠪᠦᠷᠢᠯᠡᠵᠦ᠂ ᠴᠤᠬᠤᠶᠢᠵᠤ ᠪᠠᠶᠢᠭ᠎ᠠ ᠦᠶ᠎ᠡ ᠳᠤᠨᠢ | ᠰᠢᠢᠳᠪᠦᠷᠢᠯᠡᠬᠦ ᠪᠠᠷ ᠴᠢᠷᠮᠠᠶᠢᠬᠤ ᠬᠡᠷᠡᠭᠲᠡᠢ᠃ ᠬᠠᠤᠯᠢᠵᠢᠯ ᠤᠨ ᠦᠵᠡᠯᠲᠡ ᠪᠠᠨ ᠴᠢᠩᠭᠠᠳᠬᠠᠵᠤ᠂ ᠬᠠᠤᠯᠢᠵᠢᠯ ᠤᠨ | ᠬᠤᠷᠢᠭ᠎ᠠ ᠱᠤᠭᠤᠮ ᠢ ᠪᠠᠲᠤ ᠰᠠᠬᠢᠵᠤ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠤᠯᠢᠵᠢᠯ ᠤᠨ ᠲᠦᠪᠰᠢᠨ ᠢ | ᠳᠡᠭᠡᠭᠰᠢᠯᠡᠭᠦᠯᠵᠦ᠂ ᠬᠠᠤᠯᠢᠵᠢᠯ ᠤᠨ ᠰᠡᠳᠬᠢᠬᠦᠢ ᠪᠣᠯᠤᠨ ᠬᠠᠤᠯᠢᠵᠢᠯ ᠤᠨ ᠠᠷᠭ᠎ᠠ ᠬᠡᠯᠪᠡᠷᠢ ᠪᠠᠷ ᠠᠵᠢᠯ ᠢᠶᠠᠨ | ᠠᠬᠢᠭᠤᠯᠬᠤ᠂ ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠪᠠᠨ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ᠃ | ᠵᠣᠬᠢᠴᠠᠭᠤᠯᠤᠨ ᠬᠠᠮᠲᠤᠷᠠᠯᠴᠠᠬᠤ ᠶᠢ ᠴᠢᠩᠭᠠᠳᠬᠠᠵᠤ᠂ ᠵᠠᠬᠢᠳᠠᠯ ᠰᠤᠷᠪᠤᠯᠵᠢᠯᠠᠭ᠎ᠠ ᠶᠢᠨ ᠣᠷᠣᠯᠠᠨ ᠭᠦᠢᠴᠡᠳᠭᠡᠬᠦ | ᠲᠦᠷᠢᠮ ᠢᠶᠠᠷ ᠮᠠᠨ ᠤ ᠲᠤᠭᠤᠷᠢᠭ ᠤᠨ ᠵᠠᠬᠢᠳᠠᠯ ᠰᠤᠷᠪᠤᠯᠵᠢᠯᠠᠯ ᠤᠨ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ | ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ | ᠵᠠᠩ ᡁᠢ ᠷᠦᠩ᠂ ᠸᠠᠩ ᠯᠢ ᠰᠢᠨ ᠣᠷᠣᠯᠴᠠᠪᠠ᠃ | ᠨᠠᠶᠢᠷᠠᠭᠤᠯᠤᠭᠴᠢ᠄ ᠸᠠᠩ ᠵᠢᠩ ᠵᠢᠩ ᠂ ᠴᠢᠶᠣᠤ ᠮᠢᠨ ᠮᠢᠨ | ᠤᠷᠴᠢᠭᠤᠯᠤᠭᠴᠢ᠄ ᠲᠤᠶᠠᠭ᠎ᠠ |