ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2025 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠶᠯ ᠢ ᠨᠡᠶᠢᠭᠡᠮ ᠨᠡᠶᠢᠲᠡ ᠠᠴᠠ ᠢᠯᠡ ᠪᠠᠷ ᠡᠯᠰᠡᠬᠦ ᠲᠤᠬᠠᠶ  ᠠᠯᠪᠠᠨ ᠵᠠᠷ
ᠨᠡᠶᠢᠲᠡᠯᠡᠭᠰᠡᠨ ᠴᠠᠭ᠄
2024/12/5
    ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠪᠥᠬᠦ ᠲᠤᠭᠤᠷᠢᠭ ᠤᠨ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠶᠢᠨ ᠲᠥᠯᠥᠭᠡ᠂ 2025 ᠣᠨ ᠳᠤ᠂ ᠲᠤᠭᠤᠷᠢᠭ ᠤᠨ ᠵᠠᠰᠠᠭ ᠤᠨ ᠣᠷᠳᠣᠨ ᠠᠷᠠᠳ ᠣᠯᠠᠨ ᠤ ᠬᠠᠮᠤᠭ ᠤᠨ ᠪᠠᠴᠢᠮ ᠬᠠᠮᠤᠭ ᠤᠨ ᠰᠠᠨᠠᠭᠠᠰᠢᠷᠠᠵᠤ ᠪᠠᠶᠢᠭ᠎ᠠ ᠬᠠᠮᠤᠭ ᠤᠨ ᠬᠦᠰᠡᠵᠦ ᠪᠠᠶᠢᠭ᠎ᠠ ᠨᠢᠭᠡ ᠪᠦᠯᠦᠭ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠦᠷᠭᠦᠯᠵᠢᠯᠡᠨ ᠬᠡᠷᠡᠭᠵᠢᠭᠦᠯᠦᠨ᠎ᠡ᠃ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠠᠷᠠᠳ ᠤᠨ ᠬᠡᠷᠡᠭᠴᠡᠭᠡ ᠳᠤ ᠣᠶᠢᠷᠠᠲᠤᠭᠤᠯᠬᠤ ᠂ ᠠᠷᠠᠳ ᠤᠨ ᠰᠠᠨᠠᠭᠠᠨ ᠳᠤ ᠨᠡᠶᠢᠴᠡᠭᠦᠯᠬᠦ ᠶᠢ ᠦᠨᠡᠨ ᠬᠦ ᠪᠠᠲᠤᠯᠠᠬᠤ ᠶᠢᠨ ᠲᠥᠯᠥᠭᠡ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠶᠯ ᠤᠨ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ᠂ ᠠᠰᠢᠭ ᠲᠤᠰᠠ ᠤᠯᠬᠤ ᠵᠣᠷᠢᠯᠲᠠ ᠶᠢ ᠨᠠᠩ ᠰᠠᠶᠢᠲᠤᠷ ᠢᠯᠡᠷᠡᠭᠦᠯᠬᠦ ᠬᠡᠷᠡᠭᠲᠡᠶ᠃ ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ  ᠤ ᠰᠦᠯᠵᠢᠶ᠎ᠡ᠂ ᠸᠢᠴᠠᠲ  ᠨᠡᠶᠢᠲᠡ ᠶᠢᠨ ᠳ᠋ᠤᠭᠠᠷ ᠵᠡᠷᠭᠡ ᠠᠷᠭ᠎ᠠ ᠵᠠᠮ ᠢᠶᠠᠷ ᠳᠠᠮᠵᠢᠭᠤᠯᠤᠨ᠂ 2025 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠰᠠᠨᠠᠭᠤᠯᠭ᠎ᠠ ᠶᠢᠨ ᠲᠥᠷᠥᠯ ᠵᠦᠶᠯ ᠢ ᠢᠯᠡ ᠪᠠᠷ ᠴᠤᠭᠯᠠᠭᠤᠯᠬᠤ ᠠᠵᠢᠯ ᠢ ᠪᠥᠬᠦ ᠲᠠᠯ᠎ᠠ ᠪᠠᠷ ᠡᠬᠢᠯᠡᠭᠦᠯᠪᠡ᠃ ᠥᠷᠭᠡᠨ ᠣᠯᠠᠨ ᠬᠤᠲᠠ ᠶᠢᠨ ᠠᠷᠠᠳ ᠨᠠᠶᠢᠵᠠ ᠨᠠᠷ ᠪᠣᠯᠤᠨ ᠨᠡᠶᠢᠭᠡᠮ ᠤᠨ ᠡᠯ᠎ᠡ ᠡᠲᠡᠭᠡᠳ ᠤᠨ ᠬᠥᠮᠦᠰ ᠢᠳᠡᠪᠬᠢᠲᠡᠶ ᠪᠠᠷ ᠣᠷᠣᠯᠴᠠᠵᠤ᠂ ᠢᠳᠡᠪᠬᠢᠲᠡᠶ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠪᠣᠯᠤᠮᠵᠢᠲᠤ ᠲᠥᠷᠥᠯ ᠵᠦᠢᠯ ᠤᠨ ᠰᠠᠨᠠᠭᠤᠯᠭ᠎ᠠ ᠳᠤᠷᠠᠳᠴᠤ᠂ ᠵᠢᠨᠢᠩ ᠲᠣᠭᠤᠷᠢᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠪᠣᠯᠤᠨ ᠠᠷᠠᠳ ᠤᠨ ᠠᠮᠢᠳᠤᠷᠠᠯ ᠤᠨ ᠦᠷᠭᠦᠯᠵᠢᠯᠡᠨ ᠰᠠᠶᠢᠵᠢᠷᠠᠬᠤ ᠶᠢ ᠨᠠᠩ ᠰᠠᠶᠢᠲᠤᠷ ᠠᠬᠢᠭᠤᠯᠬᠤ ᠬᠡᠷᠡᠭᠲᠡᠢ᠃ ᠨᠢᠭᠡ᠂ ᠡᠯᠰᠡᠬᠦ ᠴᠠᠭ ᠨᠢ ᠠᠯᠪᠠᠨ ᠵᠠᠷ ᠨᠡᠶᠢᠲᠡᠯᠡᠭᠰᠡᠨ ᠡᠳᠦᠷ ᠠᠴᠠ ᠡᠬᠢᠯᠡᠨ 2024 ᠣᠨ ᠤ 12 ᠰᠠᠷ᠎ᠠ ᠶᠢᠨ 30 ᠤ ᠡᠳᠦᠷ ᠪᠣᠯᠲᠠᠯ᠎ᠠ᠂ ᠬᠤᠶᠠᠷ᠂ ᠡᠯᠰᠡᠨ ᠴᠤᠭᠯᠠᠭᠤᠯᠤᠭᠰᠠᠨ  ᠱᠠᠭᠠᠷᠳᠠᠯᠭ᠎ᠠ᠄ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠶᠯ ᠤᠨ ᠰᠠᠨᠠᠭᠤᠯᠭ᠎ᠠ ᠶᠢᠨ ᠵᠦᠶᠯᠡᠰ ᠢ ᠡᠷᠬᠡᠪᠰᠢ ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ ᠪᠠ ᠣᠲᠣ ᠶᠢᠨ ᠬᠡᠷᠡᠭᠵᠢᠭᠦᠯᠵᠦ ᠪᠠᠶᠢᠭ᠎ᠠ ᠲᠥᠷᠥ ᠶᠢᠨ ᠪᠣᠳᠣᠯᠭ᠎ᠠ ᠶᠢᠨ ᠲᠣᠭᠲᠠᠭᠠᠯ ᠳᠤ ᠨᠡᠶᠢᠴᠡᠭᠦᠯᠵᠦ᠂ ᠵᠢᠨᠢᠩ ᠲᠣᠭᠤᠷᠢᠭ ᠤᠨ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ ᠳᠤ ᠨᠡᠶᠢᠴᠡᠭᠦᠯᠬᠦ ᠬᠡᠷᠡᠭᠲᠡᠶ᠃ ᠭᠤᠷᠪᠠ᠂ ᠡᠯᠰᠡᠨ ᠴᠤᠭᠯᠠᠭᠤᠯᠤᠭᠰᠠᠨ ᠠᠭᠤᠯᠭ᠎ᠠ ᠄ ᠢᠯᠡ ᠪᠠᠷ ᠡᠯᠰᠡᠨ ᠴᠤᠭᠯᠠᠭᠤᠯᠤᠭᠰᠠᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠤᠨ ᠭᠤᠤᠯᠳᠠᠯᠭ᠎ᠠ ᠨᠢ ᠠᠷᠠᠳ ᠣᠯᠠᠨ ᠤ ᠦᠢᠯᠡᠳᠪᠦᠷᠢᠯᠡᠯ ᠠᠮᠢᠳᠤᠷᠠᠯ ᠯᠤᠭ᠎ᠠ ᠨᠢᠭᠲᠠ ᠬᠤᠯᠪᠣᠭ᠎ᠠ ᠲᠠᠢ ᠪᠠᠶᠢᠬᠤ᠂ ᠲᠦᠷᠭᠡᠨ ᠰᠢᠶᠳᠪᠦᠷᠢᠯᠡᠬᠦ ᠴᠢᠬᠤᠯᠠᠲᠠᠶ ᠪᠠᠶᠢᠬᠤ᠂ ᠴᠢᠷᠮᠠᠶᠢᠯᠭ᠎ᠠ ᠪᠠᠷ ᠳᠠᠮᠵᠢᠨ ᠪᠠᠰᠠ ᠪᠡᠶᠡᠯᠡᠭᠦᠯᠵᠦ ᠳᠡᠶᠢᠯᠬᠦ ᠠᠷᠠᠳ ᠤᠨ ᠠᠮᠢᠳᠤᠷᠠᠯ ᠤᠨ ᠵᠦᠢᠯ  ᠭᠤᠤᠯᠳᠠᠭᠤ ᠪᠠᠭᠲᠠᠨ᠎ᠠ ᠃ ᠡᠭᠦᠨ ᠳᠤ ᠭᠤᠤᠯᠳᠠᠭᠤ᠄ ᠨᠡᠶᠢᠭᠡᠮ ᠤᠨ ᠪᠠᠲᠤᠯᠠᠭ᠎ᠠ᠂ ᠶᠠᠳᠠᠭᠤ ᠶᠢ ᠲᠡᠳᠬᠦᠵᠦ ᠬᠦᠴᠢᠷᠳᠡᠯᠲᠡᠶ ᠶᠢ ᠲᠤᠰᠠᠯᠠᠬᠤ᠂ ᠡᠷᠡᠭᠦᠯ ᠬᠠᠮᠠᠭᠠᠯᠠᠯ ᠡᠮ ᠡᠮᠨᠡᠯᠭᠡ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ᠂ ᠰᠣᠶᠣᠯ ᠵᠢᠭᠤᠯᠴᠢᠯᠠᠯ᠂ ᠠᠮᠢ ᠠᠬᠤᠶ ᠶᠢᠨ ᠣᠷᠴᠢᠨ ᠲᠣᠭᠤᠷᠢᠨ᠂ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠬᠤᠲᠠ ᠶᠢᠨ ᠬᠠᠮᠢᠶᠠᠷᠤᠯᠲᠠ ᠂ ᠠᠵᠢᠯ ᠣᠯᠵᠤ ᠠᠳᠠᠯ ᠦᠢᠯᠡᠰ ᠴᠣᠭᠴᠠᠯᠠᠬᠤ᠂ ᠣᠯᠠᠨ ᠨᠡᠶᠢᠲᠡ ᠶᠢᠨ ᠠᠮᠤᠷ ᠲᠦᠪᠰᠢᠨ᠂ ᠵᠠᠮ ᠬᠠᠷᠢᠯᠴᠠᠭ᠎ᠠ ᠶᠠᠪᠤᠵᠤ ᠰᠠᠭᠤᠬᠤ᠂ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ᠂ ᠢᠳᠡᠭᠡᠨ ᠤ ᠠᠮᠤᠷ ᠲᠦᠪᠰᠢᠨ᠂ ᠨᠠᠰᠤᠵᠢᠯ ᠤᠨ ᠦᠢᠯᠡᠴᠢᠯᠡᠭᠡ ᠵᠡᠷᠭᠡ ᠠᠷᠠᠳ ᠤᠨ ᠠᠮᠢᠳᠤᠷᠠᠯ ᠤᠨ ᠬᠦᠷᠢᠶ᠎ᠡ ᠬᠡᠪᠴᠢᠶ᠎ᠡ ᠵᠢᠴᠢ ᠣᠯᠠᠨ ᠲᠦᠮᠡᠨ ᠤ ᠠᠮᠢ ᠪᠡᠶ᠎ᠡ ᠶᠢᠨ ᠠᠰᠢᠭ ᠲᠤᠰᠠ ᠳᠤ ᠬᠤᠯᠪᠣᠭᠳᠠᠭᠰᠠᠨ ᠪᠤᠰᠤᠳ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠪᠠᠭᠲᠠᠨ᠎ᠠ ᠳᠥᠷᠪᠡ᠂ ᠡᠯᠰᠡᠨ ᠴᠤᠭᠯᠠᠭᠤᠯᠬᠤ ᠠᠷᠭ᠎ᠠ ︵ᠨᠢᠭᠡ︶ ᠰᠦᠯᠵᠢᠶᠡᠨ ᠥᠷᠲᠡᠭᠡ᠄ ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ  ᠰᠦᠯᠵᠢᠶ᠎ᠡ ︵ᠰᠦᠯᠵᠢᠶᠡᠨ ᠤ ᠬᠠᠶ᠋ᠢᠭ᠄ http://www.jnq.gov.cn/︶᠂ ᠲᠦᠷᠦᠭᠦᠤ ᠨᠢᠭᠤᠷ ︽ᠨᠡᠶᠢᠭᠡᠮ ᠨᠡᠶᠢᠲᠡ ᠠᠴᠠ 2025 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠶᠯ ᠤᠨ ᠲᠤᠬᠠᠶ ᠠᠯᠪᠠᠨ ᠵᠠᠷ︾ ᠢ ᠢᠯᠡ ᠨᠡᠶᠢᠲᠡᠯᠡᠵᠦ᠂ ᠡᠯᠰᠡᠨ ᠴᠤᠭᠯᠠᠭᠤᠯᠬᠤ ᠵᠦᠢᠯᠡᠰ ᠢ ᠪᠠᠶᠢᠴᠠᠭᠠᠨ ᠦᠵᠡᠬᠦ ᠶᠢᠨ ᠬᠠᠮᠲᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠶᠯ ᠤᠨ ᠰᠠᠨᠠᠭᠤᠯᠭ᠎ᠠ ᠶᠢ ᠴᠠᠬᠢᠮ ᠰᠢᠤᠳᠠᠨ ᠢᠶᠠᠷ ᠳᠠᠮᠵᠢᠭᠤᠯᠤᠨ jnqzfxxzx@163.com  ᠬᠦᠷᠭᠡᠨ᠎ᠡ᠃ ︵ᠬᠤᠶᠠᠷ︶ ᠸᠢᠴᠠᠲ᠄ ︽ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠨᠡᠶᠢᠲᠡᠯᠡᠬᠦ︾ ᠸᠢᠴᠠᠲ ᠤᠨ ᠨᠡᠶᠢᠲᠡ ᠶᠢᠨ ᠳ᠋ᠤᠭᠠᠷ  ᠢ ᠠᠩᠬᠠᠷᠴᠤ᠂ ᠴᠤᠭᠯᠠᠭᠤᠯᠬᠤ ᠵᠦᠢᠯᠡᠰ ᠢ ᠪᠠᠶᠢᠴᠠᠭᠠᠨ ᠦᠵᠡᠬᠦ ᠶᠢᠨ ᠬᠠᠮᠲᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠶᠯ ᠤᠨ ᠰᠠᠨᠠᠭᠤᠯᠭ᠎ᠠ ᠶᠢ ᠢᠮᠧᠯ ᠢᠶᠠᠷ ᠳᠠᠮᠵᠢᠭᠤᠯᠤᠨ jnqzfxxzx@163.com ᠳᠤ ᠬᠦᠷᠭᠡᠬᠦ ᠰᠠᠨᠠᠭᠤᠯᠭ᠎ᠠ ᠭᠠᠷᠭᠠᠪᠠ᠃ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠵᠦᠢᠯᠡᠰ ᠤᠨ ᠰᠠᠨᠠᠭᠤᠯᠭ᠎ᠠ ᠶᠢ ᠲᠠᠭᠯᠠᠬᠤ ᠦᠶ᠎ᠡ ᠳᠤ᠂ ︽ᠪᠣᠳᠠᠲᠤ ᠶᠠᠪᠤᠳᠠᠯ ᠤᠨ ᠵᠦᠢᠯᠡᠰ ᠤᠨ ᠲᠦᠷᠦᠯ ᠢᠯᠭᠠᠯ᠂ ᠨᠡᠷᠡᠶᠢᠳᠦᠯ᠂ ᠭᠤᠣᠯ ᠠᠭᠤᠯᠭ᠎ᠠ ᠪᠠ ᠰᠠᠨᠠᠭᠤᠯᠭ᠎ᠠ︾ ᠵᠡᠷᠭᠡ ᠠᠭᠤᠯᠭ᠎ᠠ ᠶᠢ ᠲᠣᠳᠣᠷᠬᠠᠢ ᠪᠢᠴᠢᠬᠦ ᠶᠢᠨ ᠬᠠᠮᠲᠤ ᠣᠪᠣᠭ ᠨᠡᠷ᠎ᠡ ᠪᠠ ᠬᠠᠷᠢᠯᠴᠠᠬᠤ ᠤᠲᠠᠰᠤ ᠵᠡᠷᠭᠡ ᠬᠠᠮᠢᠶ᠎ᠠ ᠪᠦᠬᠦᠢ ᠮᠡᠳᠡᠭᠡ ᠵᠠᠩᠭᠢ ᠶᠢ ᠲᠣᠳᠣᠷᠬᠠᠶᠢᠯᠠᠭᠠᠷᠠᠢ᠃                         2024 ᠣᠨ ᠤ 11 ᠰᠠᠷ᠎ᠠ ᠶᠢᠨ 5 ᠤ ᠡᠳᠦᠷ 
 
ᠢᠷᠡᠯᠲᠡ᠄ ᠵᠢᠨᠢᠩ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2