| 12 ᠰᠠᠷ᠎ᠠ ᠶᠢᠨ 3 ᠤ ᠦᠳᠡ ᠶᠢᠨ ᠬᠤᠶᠢᠨ᠎ᠠ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ | ᠵᠠᠰᠠᠭ ᠤᠨ ᠣᠷᠳᠣᠨ ᠤ ᠳᠠᠷᠤᠭ᠎ᠠ ᠺᠠᠩ ᠬᠠᠶ ᠷᠦᠢ ᠲᠣᠭᠤᠷᠢᠭ ᠤᠨ ᠵᠠᠰᠠᠭ ᠤᠨ ᠣᠷᠳᠣᠨ ᠤ 2024 ᠣᠨ ᠤ 19 | ᠳ᠋ᠦ᠋ᠭᠡᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ︽ᠦᠨᠡᠨ︾ ᠰᠡᠳᠬᠦᠯ ᠳᠡᠭᠡᠷ᠎ᠡ ᠨᠡᠶᠢᠲᠡᠯᠡᠭᠰᠡᠨ ᠴᠢᠬᠤᠯᠠ | ᠵᠣᠬᠢᠶᠠᠯ ᠤᠨ ᠵᠣᠷᠢᠭ ᠰᠠᠨᠠᠭ᠎ᠠ ᠪᠣᠯᠤᠨ ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠬᠠᠮᠢᠶ᠎ᠠ | ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠵᠢᠨᠢᠩ ᠲᠣᠭᠤᠷᠢᠭ ᠤᠨ 2024 | ᠣᠨ ᠤ ᠦᠨᠳᠦᠰᠦᠲᠡᠨ ᠤ ᠪᠦᠯᠬᠦᠮᠳᠡᠯ ᠤᠨ ᠠᠵᠢᠯ᠂ ᠠᠶᠤᠯᠭᠦᠢ ᠦᠢᠯᠡᠳᠪᠦᠷᠢᠯᠡᠯ ᠪᠣᠯᠤᠨ ᠪᠠᠶᠢᠭᠠᠯᠢ ᠶᠢᠨ | ᠭᠠᠮᠰᠢᠭ ᠤᠨ ᠠᠶᠤᠯ ᠲᠦᠭᠰᠢᠭᠦᠷᠢ ᠶᠢᠨ ᠬᠡᠮ ᠰᠣᠭᠤᠭ ᠢ ᠵᠢᠭᠰᠠᠭᠠᠨ ᠪᠠᠶᠢᠴᠠᠭᠠᠬᠤ ᠵᠢᠴᠢ ᠵᠥᠷᠢᠴᠡᠯ ᠠᠶᠤᠯ | ᠲᠦᠭᠰᠢᠭᠦᠷᠢ ᠶᠢ ᠠᠷᠢᠯᠭᠠᠬᠤ᠂ ᠨᠡᠶᠢᠭᠡᠮ ᠤᠨ ᠲᠣᠭᠲᠠᠭᠤᠨ ᠢ ᠬᠠᠮᠠᠭᠠᠯᠠᠬᠤ ᠬᠠᠮᠢᠶ᠎ᠠ ᠪᠦᠬᠦᠢ ᠪᠠᠶᠢᠳᠠᠯ ᠤᠨ ᠬᠠᠷᠢᠭᠤ | ᠮᠡᠳᠡᠭᠦᠯᠦᠯᠲᠡ ᠶᠢ ᠰᠣᠨᠣᠰᠤᠭᠰᠠᠨ ᠪᠥᠭᠡᠳ ᠬᠤᠯᠪᠣᠭᠳᠠᠯ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃ | ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠴᠠᠭ ᠢᠮᠠᠭᠲᠠ ᠳᠡᠭᠡᠳᠦ | ᠬᠡᠮᠵᠢᠶ᠎ᠡ ᠪᠠᠷ ᠰᠡᠷᠡᠮᠵᠢᠯᠡᠵᠦ᠂ ᠤᠯᠤᠰ ᠲᠦᠷᠦ ᠶᠢᠨ ᠵᠣᠭᠰᠣᠴᠠ ᠪᠠᠨ ᠪᠠᠲᠤᠳᠬᠠᠵᠤ᠂ ᠣᠳᠣᠬᠠᠨ ᠤ ᠠᠮᠤᠷ | ᠲᠦᠪᠰᠢᠨ ᠤ ᠰᠡᠷᠭᠡᠶᠢᠯᠡᠯᠲᠡ ᠶᠢᠨ ᠠᠵᠢᠯ ᠤᠨ ᠲᠦᠢᠯ ᠤᠨ ᠴᠢᠬᠤᠯᠠ ᠴᠢᠨᠠᠷ ᠢ ᠭᠦᠨᠵᠡᠭᠡᠢ ᠲᠠᠨᠢᠵᠤ᠂ ︽ᠴᠠᠭ | ᠢᠮᠠᠭᠲᠠ ᠰᠠᠨᠠᠭ᠎ᠠ ᠠᠮᠤᠷ ᠪᠠᠶᠢᠬᠤ︾ ᠬᠠᠷᠢᠭᠤᠴᠠᠯᠭᠠᠲᠤ ᠰᠡᠳᠬᠢᠯᠭᠡ ᠪᠣᠯᠤᠨ ︽ᠶᠠᠪᠤᠳᠠᠯ ᠪᠦᠬᠦᠨ ᠳᠤ ᠰᠡᠳᠬᠢᠯ | ᠳᠣᠲᠣᠷ᠎ᠠ ᠪᠠᠨ ᠦᠨᠳᠦᠰᠦᠨ ᠵᠦᠢᠯ ᠲᠠᠢ︾ ᠭᠡᠬᠦ ᠠᠵᠢᠯᠯᠠᠭᠠᠨ ᠤ ᠬᠦᠴᠦᠨ ᠢᠶᠠᠷ ᠤᠯᠠᠨ ᠨᠡᠶᠢᠲᠡ ᠶᠢᠨ ᠠᠮᠤᠷ | ᠲᠦᠪᠰᠢᠨ ᠪᠣᠯᠤᠨ ᠠᠶᠤᠯᠭᠦᠢ ᠦᠢᠯᠡᠳᠪᠦᠷᠢᠯᠡᠯ ᠤᠨ ᠰᠡᠷᠭᠡᠶᠢᠯᠡᠯᠲᠡ ᠶᠢᠨ ᠱᠤᠭᠤᠮ ᠢ ᠪᠠᠲᠤ ᠪᠠᠶᠢᠭᠤᠯᠵᠤ᠂ ᠠᠷᠠᠳ | ᠤᠯᠠᠨ ᠤ ᠠᠮᠢ ᠨᠠᠰᠤᠨ ᠤ ᠠᠮᠤᠷ ᠲᠦᠪᠰᠢᠨ ᠪᠣᠯᠤᠨ ᠨᠡᠶᠢᠭᠡᠮ ᠤᠨ ᠲᠣᠭᠲᠠᠭᠤᠨ ᠢ ᠪᠦᠬᠦ ᠬᠦᠴᠦᠨ ᠢᠶᠠᠷ ᠢᠶᠠᠨ | ᠪᠠᠲᠤᠯᠠᠬᠤ ᠬᠡᠷᠡᠭᠲᠡᠢ᠃ ᠭᠤᠤᠯᠳᠠᠯᠭ᠎ᠠ ᠲᠠᠢ ᠠᠵᠢᠯ ᠲᠥᠷᠥᠯ᠂ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ᠂ | ᠭᠤᠤᠯᠳᠠᠯᠭ᠎ᠠ ᠲᠠᠢ ᠬᠥᠮᠦᠰ ᠪᠠ ᠭᠤᠤᠯᠳᠠᠯᠭ᠎ᠠ ᠲᠠᠢ ᠲᠠᠯᠠᠪᠤᠷ ᠭᠠᠵᠠᠷ ᠲᠤ ᠠᠩᠬᠠᠷᠤᠯ ᠢᠶᠠᠨ ᠲᠥᠪᠯᠡᠷᠡᠭᠦᠯᠵᠦ᠂ | ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠤᠨ᠂ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ | ᠪᠠᠶᠢᠴᠠᠭᠠᠵᠤ ᠴᠡᠭᠴᠡᠯᠡᠨ ᠵᠠᠰᠠᠬᠤ ᠶᠢ ᠪᠠᠶᠢᠩᠭᠤᠵᠢᠭᠤᠯᠵᠤ᠂ ᠪᠦᠬᠦᠨ ᠢ ᠬᠠᠮᠤᠷᠤᠨ ᠥᠷᠨᠢᠭᠦᠯᠵᠦ᠂ ︽ᠠᠰᠠᠭᠤᠳᠠᠯ ᠢ | ᠢᠯᠡᠷᠡᠭᠦᠯᠬᠦ᠂ ᠠᠰᠠᠭᠤᠳᠠᠯ ᠢ ᠰᠢᠮᠳᠠᠭᠤᠯᠤᠨ ᠰᠢᠢᠳᠪᠦᠷᠢᠯᠡᠭᠦᠯᠬᠦ︾ ᠪᠢᠲᠡᠭᠦᠮᠵᠢᠯᠡᠭᠰᠡᠨ ᠲᠣᠭᠲᠠᠴᠠ ᠶᠢ ᠪᠣᠶ ᠪᠣᠯᠭᠠᠬᠤ | ᠬᠡᠷᠡᠭᠲᠡᠶ᠃ | ᠬᠤᠷᠠᠯ ᠠᠴᠠ ᠴᠢᠬᠤᠯᠠᠴᠢᠯᠠᠭᠰᠠᠨ ᠨᠢ᠂ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ | ᠳᠡᠭᠡᠭᠰᠢᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ | ᠪᠣᠯᠭᠠᠬᠤ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠵᠡᠷᠭᠡ ᠭᠤᠣᠯᠳᠠᠯᠭ᠎ᠠ ᠲᠠᠢ ᠠᠵᠢᠯ ᠳᠤ ᠪᠦᠬᠦ ᠲᠠᠯ᠎ᠠ ᠪᠠᠷ | ᠰᠢᠰᠲ᠋ᠧᠮ ᠲᠠᠢ ᠢᠯᠡᠷᠡᠭᠦᠯᠵᠦ᠂ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠨᠢᠭᠲᠠ ᠬᠠᠮᠵᠢᠯᠴᠠᠵᠤ᠂ | ᠤᠯᠤᠯᠴᠠᠭ᠎ᠠ ᠪᠠᠨ ᠴᠢᠩᠭᠠᠳᠬᠠᠵᠤ᠂ ᠳᠡᠭᠡᠳᠦ ᠲᠤᠤᠷᠠᠳᠤ ᠱᠠᠳᠤ ᠪᠠᠷ ᠢᠶᠠᠨ ᠬᠤᠯᠪᠣᠭᠠᠯᠠᠨ ᠬᠥᠳᠡᠯᠦᠯᠴᠡᠵᠦ᠂ | ᠡᠭᠦᠳᠦᠨ ᠪᠠᠶᠢᠭᠤᠯᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠰᠡᠳᠬᠢᠯ ᠢᠶᠠᠨ ᠨᠢᠭᠡᠳᠬᠡᠨ | ᠬᠦᠴᠦ ᠪᠠᠨ ᠬᠠᠮᠲᠤᠳᠬᠠᠵᠤ ᠮᠠᠨ ᠤ ᠲᠤᠭᠤᠷᠢᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ | ᠪᠤᠢ ᠪᠣᠯᠭᠠᠬᠤ ᠤᠬᠠᠭᠤᠯᠭ᠎ᠠ ᠬᠥᠮᠦᠵᠢᠯ ᠤᠨ ᠠᠵᠢᠯ ᠢ ᠪᠦᠬᠦ ᠲᠠᠯ᠎ᠠ ᠪᠠᠷ ᠰᠠᠶᠢᠲᠤᠷ ᠠᠳᠬᠤᠵᠤ᠂ ᠤᠯᠠᠨ ᠡᠰᠢᠲᠦ | ᠪᠣᠰᠤᠭ᠎ᠠ ᠴᠣᠭᠴᠠᠲᠤ ᠤᠬᠠᠭᠤᠯᠭ᠎ᠠ ᠬᠥᠮᠦᠵᠢᠯ ᠤᠨ ᠰᠢᠰᠲ᠋ᠧᠮ ᠢ ᠪᠠᠶᠢᠭᠤᠯᠵᠤ᠂ ᠮᠠᠨ ᠤ ᠲᠤᠭᠤᠷᠢᠭ ᠤᠨ | ᠦᠨᠳᠦᠰᠦᠲᠡᠨ ᠤ ᠠᠵᠢᠯ ᠤᠨ ᠣᠨᠴᠠᠯᠢᠭ ᠲᠠᠢ ᠬᠢᠯᠠᠰ ᠴᠡᠭ ᠪᠣᠯᠤᠨ ᠨᠡᠶᠢᠲᠡᠯᠢᠭ ᠲᠤᠷᠰᠢᠯᠭ᠎ᠠ ᠶᠢ ᠳ᠋ᠦᠩᠨᠡᠨ | ᠪᠣᠯᠪᠠᠰᠤᠷᠠᠭᠤᠯᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠰᠠᠶᠢᠨ ᠳᠠᠭᠤᠨ᠂ ᠰᠠᠶᠢᠨ ᠦᠯᠢᠭᠡᠷ ᠢ | ᠥᠷᠭᠡᠨ ᠢᠶᠠᠷ ᠤᠬᠠᠭᠤᠯᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠲᠤᠬᠠᠢ ᠬᠠᠮᠲᠤ ᠶᠢᠨ ᠲᠠᠨᠢᠯᠲᠠ ᠶᠢ ᠨᠡᠩ | ᠪᠣᠳᠠᠲᠠᠢ ᠴᠢᠩᠭᠠᠳᠬᠠᠬᠤ ᠬᠡᠷᠡᠭᠲᠡᠢ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | | | |