ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠪᠤᠴᠠᠭᠠᠬᠤ ᠶᠢ ᠥᠨᠳᠥᠷ ᠪᠦᠲᠦᠮᠵᠢᠲᠡᠶ ᠪᠠᠷ ᠠᠬᠢᠭᠤᠯᠵᠤ ᠠᠵᠤ ᠠᠬᠤᠶᠢᠯᠠᠯ ᠤᠨ ᠲᠣᠭᠲᠠᠭᠤᠨ ᠬᠥᠭᠵᠢᠯᠲᠡ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2024/12/5
     ᠠᠵᠢᠯ ᠠᠯᠳᠠᠭᠰᠠᠳ ᠤᠨ ᠳᠠᠭᠠᠳᠬᠠᠯ ᠤᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠪᠤᠴᠠᠭᠠᠬᠤ ᠲᠣᠭᠤᠷᠢᠭ ᠤᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠠᠬᠢᠭᠤᠯᠬᠤ ᠶᠢᠨ ᠲᠤᠰᠠᠳᠠ᠂ ᠪᠥᠬᠦ ᠲᠣᠭᠤᠷᠢᠭ ᠤᠨ ᠠᠵᠢᠯ ᠣᠯᠭᠤᠯᠲᠠ ᠶᠢᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠢᠶᠠᠷ ᠰᠠᠶᠢᠵᠢᠷᠠᠵᠤ ᠥᠭᠡᠳᠡᠯᠡᠨ ᠬᠥᠭᠵᠢᠬᠦ ᠶᠢ ᠦᠨᠡᠨᠬᠦ ᠪᠠᠲᠤᠯᠠᠨ᠎ᠠ᠃ ᠡᠨᠡ ᠵᠢᠯ ᠠᠴᠠ ᠨᠠᠰᠢ᠂ ᠵᠢᠨᠢᠩ ᠲᠣᠭᠤᠷᠢᠭ ᠤᠨ ᠠᠵᠢᠯ ᠣᠯᠭᠤᠯᠲᠠ ᠶᠢᠨ ᠦᠶᠯᠡᠴᠢᠯᠡᠭᠡᠨ ᠤ ᠲᠥᠪ ᠤᠬᠠᠭᠤᠯᠭ᠎ᠠ ᠶᠢᠨ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠲᠤᠭ᠎ᠠ ᠪᠠᠷᠢᠮᠲᠠ ᠶᠢ ᠬᠠᠷᠢᠴᠠᠭᠤᠯᠬᠤ᠂ ᠬᠢᠨᠠᠨ ᠵᠥᠪᠰᠢᠶᠡᠷᠡᠬᠦ ᠴᠤᠪᠤᠷᠠᠯ ᠢ ᠬᠦᠴᠦᠲᠡᠶ ᠰᠢᠯᠢᠳᠡᠭᠵᠢᠭᠦᠯᠵᠦ᠂ ᠦᠶᠯᠡᠴᠢᠯᠡᠭᠡ ᠶᠢ ᠪᠣᠳᠠᠲᠠᠶᠢᠵᠢᠭᠤᠯᠬᠤ᠂ ᠪᠠᠲᠤᠯᠠᠭ᠎ᠠ ᠶᠢ ᠪᠣᠳᠠᠲᠠᠶᠢᠵᠢᠭᠤᠯᠬᠤ᠂ ᠬᠢᠨᠠᠯᠲᠠ ᠬᠠᠮᠢᠶᠠᠷᠤᠯᠲᠠ ᠶᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠵᠤ᠂ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠪᠤᠴᠠᠭᠠᠬᠤ ᠪᠠᠯᠠ ᠮᠥᠩᠭᠦ ᠲᠠᠷᠬᠠᠭᠠᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠪᠠ᠃    11 ᠰᠠᠷ᠎ᠠ ᠶᠢᠨ ᠰᠡᠭᠦᠯᠴᠢ ᠪᠣᠯᠲᠠᠯ᠎ᠠ᠂ ᠮᠠᠨ ᠤ ᠲᠥᠪ ᠠᠴᠠ ︽ᠠᠵᠤ ᠠᠬᠤᠶᠢᠯᠠᠯ ᠲᠥᠷᠥ ᠶᠢᠨ ᠪᠣᠳᠣᠯᠭ᠎ᠠ ᠡᠷᠢᠬᠦ︾ ᠶᠢ ︽ᠲᠥᠷᠥ ᠶᠢᠨ ᠪᠣᠳᠣᠯᠭ᠎ᠠ ᠡᠷᠢᠬᠦ︾ ᠪᠣᠯᠭᠠᠨ ᠬᠤᠪᠢᠷᠠᠭᠤᠯᠵᠤ᠂ ᠨᠡᠶᠢᠲᠡ 122 ᠠᠵᠤ ᠠᠬᠤᠶᠢᠯᠠᠯ ᠳᠤ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠪᠤᠴᠠᠭᠠᠨ ᠥᠭᠴᠦ᠂ 8464 ᠠᠵᠢᠯᠲᠠᠨ ᠠᠵᠢᠯᠴᠢᠨ ᠳᠤ ᠠᠰᠢᠭ ᠬᠦᠷᠲᠡᠭᠡᠵᠦ᠂ 195 ᠲᠦᠮᠡᠨ ᠲᠥᠭᠦᠷᠢᠭ ᠤᠨ ᠵᠣᠭᠤᠰ ᠲᠠᠷᠬᠠᠭᠠᠵᠤ᠂ ᠠᠵᠤ ᠠᠬᠤᠶᠢᠯᠠᠯ ᠤᠨ ᠳᠠᠷᠤᠭᠠᠰᠤ ᠶᠢ ᠪᠦᠲᠦᠮᠵᠢᠲᠡᠶ ᠬᠥᠩᠭᠡᠷᠡᠭᠦᠯᠵᠦ᠂ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠪᠠ᠃     ᠵᠠᠯᠭᠠᠭᠠᠳ᠂ ᠵᠢᠨᠢᠩ ᠲᠣᠭᠤᠷᠢᠭ ᠤᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠨᠢ ᠠᠵᠢᠯ ᠠᠯᠳᠠᠭᠰᠠᠳ ᠤᠨ ᠳᠠᠭᠠᠳᠬᠠᠯ ᠤᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠪᠤᠴᠠᠭᠠᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠭᠤᠶᠤᠴᠢᠯᠠᠨ ᠠᠪᠬᠤ ᠠᠷᠭ᠎ᠠ ᠵᠠᠮ ᠢ ᠤᠯᠠᠮ ᠨᠢᠭᠡ ᠠᠯᠬᠤᠮ ᠰᠠᠭᠠᠳ ᠥᠬᠡᠶ ᠨᠡᠪᠲᠡᠷᠡᠭᠦᠯᠵᠦ᠂ ᠠᠵᠤ ᠠᠬᠤᠶᠢᠯᠠᠯ ᠤᠨ ᠲᠥᠷᠥ ᠶᠢᠨ ᠪᠣᠳᠣᠯᠭ᠎ᠠ ᠶᠢᠨ ᠠᠰᠢᠭ ᠲᠤᠰᠠ ᠶᠢ ᠴᠠᠭ ᠲᠤᠬᠠᠶ ᠳᠤᠨᠢ᠂ ᠳᠥᠭᠦᠮ ᠳᠥᠲᠡ ᠭᠥᠷᠳᠡᠬᠦ ᠶᠢ ᠦᠨᠡᠨ ᠬᠦ ᠪᠠᠲᠤᠯᠠᠵᠤ᠂ ︽ᠵᠢᠩᠬᠢᠨᠢ ᠠᠯᠲᠠ ᠮᠥᠩᠭᠦ︾ ᠪᠠᠷ ᠠᠵᠤ ᠠᠬᠤᠶᠢᠯᠠᠯ ᠤᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ᠂ ᠠᠵᠢᠯ ᠣᠯᠭᠤᠯᠲᠠ ᠶᠢ ᠪᠠᠲᠤᠯᠠᠬᠤ᠂ ᠬᠥᠭᠵᠢᠯᠲᠡ ᠶᠢ ᠠᠬᠢᠭᠤᠯᠬᠤ ᠳᠤ ᠬᠦᠴᠦᠨ ᠨᠡᠮᠡᠷᠢᠯᠡᠨ᠎ᠡ᠃    ᠣᠷᠴᠢᠭᠤᠯᠤᠭᠴᠢ᠄ ᠳ᠋ᠥᠩ ᠾᠦᠢ
 
ᠢᠷᠡᠯᠲᠡ᠄ ᠵᠢᠨᠢᠩ ᠲᠣᠭᠣᠷᠢᠭ ᠤᠨ ᠠᠷᠠᠳ  ᠤᠨ ᠵᠠᠰᠠᠭ  ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2