ᠵᠢᠨᠢᠩ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠢᠳᠡᠭᠡᠨ ᠦᠢᠯᠡᠳᠪᠦᠷᠢᠯᠡᠬᠦ ᠠᠵᠤ ᠠᠬᠤᠶᠢᠯᠠᠯ ᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ︽ᠡᠷᠬᠢᠨ ᠬᠠᠷᠠᠬᠤ ︾ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2024/12/9
       12 ᠰᠠᠷ᠎ᠠ ᠶᠢᠨ 6 ᠤ ᠡᠳᠦᠷ᠂ ᠪᠠᠶ ᠬᠠᠶ ᠽᠢ ᠬᠠᠤᠯᠢ ᠬᠡᠷᠡᠭᠵᠢᠭᠦᠯᠬᠦ ᠳᠤᠮᠳᠠ ᠠᠩᠭᠢ ᠢᠳᠡᠭᠡᠨ ᠦᠶᠯᠡᠳᠪᠦᠷᠢᠯᠡᠬᠦ ᠠᠵᠤ ᠠᠬᠤᠶᠢᠯᠠᠯ ᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ︽ᠡᠷᠬᠢᠨ ᠬᠠᠷᠠᠬᠤ︾ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠪᠠ᠃      ᠲᠣᠰ ᠤᠳᠠᠭᠠᠨ ᠤ ︽ᠡᠷᠬᠢᠨ ᠬᠠᠷᠠᠬᠤ︾ ᠨᠢ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠠᠤᠯᠢ ᠬᠡᠷᠡᠭᠵᠢᠭᠦᠯᠬᠦ ᠠᠵᠢᠯᠲᠠᠨ ᠢᠳᠡᠭᠡᠨ ᠤ ᠠᠮᠤᠷ ᠲᠦᠪᠰᠢᠨ ᠤ ᠮᠡᠳᠡᠭᠡ ᠵᠠᠩᠭᠢ ᠶᠢ ᠢᠯᠡ ᠨᠡᠶᠢᠲᠡᠯᠡᠬᠦ ᠪᠤᠯᠤᠩ᠂ ᠲᠠᠯᠠᠪᠤᠷ ᠭᠠᠵᠠᠷ ᠤᠨ ᠡᠷᠡᠭᠦᠯ ᠬᠠᠮᠠᠭᠠᠯᠠᠯ᠂ ᠡᠬᠡ ᠲᠠᠩᠰᠠ ᠶᠢᠨ ᠮᠠᠲ᠋ᠧᠷᠢᠶᠠᠯ᠂ ᠲᠦᠭᠦᠬᠡᠶ ᠮᠠᠲ᠋ᠧᠷᠢᠶᠠᠯ ᠬᠤᠳᠠᠯᠳᠤᠨ ᠠᠪᠬᠤ᠂ ᠦᠢᠯᠡᠳᠪᠦᠷᠢᠯᠡᠯ ᠤᠨ ᠶᠠᠪᠤᠴᠠ ᠶᠢ ᠡᠵᠡᠮᠳᠡᠬᠦ᠂ ᠦᠢᠯᠡᠳᠪᠦᠷᠢ ᠠᠴᠠ ᠭᠠᠷᠭᠠᠵᠤ ᠪᠣᠷᠣᠯᠠᠭᠤᠯᠬᠤ᠂ ᠠᠵᠢᠯᠲᠠᠨ ᠤ ᠡᠷᠡᠭᠦᠯ ᠮᠡᠨᠳᠦ ᠶᠢᠨ ᠬᠠᠮᠢᠶᠠᠷᠤᠯᠲᠠ ᠵᠡᠷᠭᠡ ᠲᠠᠯ᠎ᠠ ᠪᠠᠷ ᠬᠠᠨᠳᠤᠯᠭᠠᠲᠤ ᠴᠢᠨᠠᠷᠲᠠᠶ ᠪᠠᠷ ᠲᠤᠬᠠᠶ ᠶᠢᠨ ᠲᠠᠯᠠᠪᠤᠷ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠵᠤ᠂ ᠠᠵᠤ ᠠᠬᠤᠶᠢᠯᠠᠯ ᠤᠨ ᠡᠮᠦᠨᠡᠬᠢ ᠬᠤᠭᠤᠴᠠᠭᠠᠨ ᠳᠤ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠡᠰᠡᠬᠦ ᠶᠢ ᠪᠠᠶᠢᠴᠠᠭᠠᠨ ᠦᠵᠡᠬᠦ ᠶᠢᠨ ᠬᠠᠮᠲᠤ ᠪᠠᠰᠠ ᠠᠵᠤ ᠠᠬᠤᠶᠢᠯᠠᠯ ᠤᠨ ᠬᠤᠭᠤᠯᠠᠨ ᠬᠡᠷ ᠤᠨ ᠠᠵᠢᠯᠯᠠᠭᠠᠨ ᠤ ᠪᠠᠶᠢᠳᠠᠯ ᠢ ᠤᠯᠠᠮ ᠨᠢᠭᠡ ᠠᠯᠬᠤᠮ ᠪᠠᠶᠢᠴᠠᠭᠠᠪᠠ᠃  ᠥᠨᠥᠳᠥᠷ ᠨᠡᠶᠢᠲᠡ 1 ᠦᠶᠯᠡᠳᠪᠦᠷᠢᠯᠡᠯ ᠤᠨ ᠠᠵᠤ ᠠᠬᠤᠶᠢᠯᠠᠯ ᠢ  ᠪᠠᠶᠢᠴᠠᠭᠠᠪᠠ᠃      ᠲᠠᠷᠠᠭᠠᠴᠢ ᠶᠢᠨ ᠠᠯᠬᠤᠮ ᠳᠤ᠂ ᠮᠠᠨ ᠤ ᠲᠣᠪᠴᠢᠶ᠎ᠠ ᠬᠠᠷᠢᠶᠠᠲᠤ ᠣᠷᠣᠨ ᠤ ᠢᠳᠡᠭᠡᠨ ᠦᠢᠯᠡᠳᠪᠦᠷᠢᠯᠡᠬᠦ ᠠᠵᠤ ᠠᠬᠤᠶᠢᠯᠠᠯ ᠳᠤ ᠬᠡᠪᠰᠢᠭᠰᠡᠨ ᠬᠢᠨᠠᠯᠲᠠ ᠪᠠᠶᠢᠴᠠᠭᠠᠯᠲᠠ ᠶᠢ ᠥᠷᠨᠢᠭᠦᠯᠵᠦ᠂ ᠡᠳᠦᠷ ᠲᠤᠲᠤᠮ ᠤᠨ ᠪᠠᠶᠢᠴᠠᠭᠠᠯᠲᠠ ᠪᠠ ᠤᠬᠠᠭᠤᠯᠭ᠎ᠠ ᠵᠢᠯᠣᠭᠤᠳᠣᠯᠭ᠎ᠠ ᠪᠠᠷ ᠳᠠᠮᠵᠢᠭᠤᠯᠤᠨ᠂ ᠠᠵᠤ ᠠᠬᠤᠶᠢᠯᠠᠯ ᠤᠨ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠳᠠᠯᠳᠠ ᠬᠡᠮ ᠢ ᠵᠢᠭᠰᠠᠭᠠᠨ ᠪᠠᠶᠢᠴᠠᠭᠠᠬᠤ ᠪᠠ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠢᠳᠡᠭᠡᠨ ᠤ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠦᠨᠡᠨ ᠬᠦ ᠪᠣᠳᠠᠲᠠᠶ ᠳᠤ ᠨᠠᠶᠢᠳᠠᠪᠤᠷᠢᠵᠢᠭᠤᠯᠤᠨ᠎ᠠ᠃        ᠣᠷᠴᠢᠭᠤᠯᠤᠭᠴᠢ᠄ ᠳ᠋ᠥᠩ ᠾᠦᠢ
 
ᠢᠷᠡᠯᠲᠡ᠄ ᠵᠢᠨᠢᠩ ᠲᠣᠭᠣᠷᠢᠭ ᠤᠨ ᠠᠷᠠᠳ  ᠤᠨ ᠵᠠᠰᠠᠭ  ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2