ᠵᠢᠨᠢᠩ ᠲᠣᠭᠤᠷᠢᠭ ᠤᠨ ᠴᠡᠴᠡᠷᠯᠢᠭ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠭᠠᠯ ᠤᠨᠲᠠᠷᠠᠭᠠᠬᠤ ᠠᠮᠤᠷ ᠲᠦᠪᠰᠢᠨ ᠤ ᠲᠤᠰᠬᠠᠶ ᠰᠡᠳᠦᠪᠲᠦ ᠪᠣᠯᠪᠠᠰᠤᠷᠠᠯ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/12/9
      ᠰᠢ ᠶᠢᠨ ᠫᠢᠩ ᠶᠡᠷᠦᠩᠬᠡᠢ ᠱᠦᠵᠢ ᠶᠢᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠲᠤᠤᠱᠯᠠᠭᠤᠯᠵᠤ᠂ ᠲᠥᠪ ᠤᠨ ᠺᠠᠳ᠋ᠷ ᠠᠵᠢᠯᠳᠠᠨ ᠤ ᠠᠶᠤᠯᠭᠦᠢ ᠦᠢᠯᠡᠳᠪᠦᠷᠢᠯᠡᠯ ᠤᠨ ᠤᠬᠠᠮᠰᠠᠷ ᠪᠣᠯᠣᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠦᠨᠡᠨᠬᠦ ᠳᠡᠭᠡᠭᠰᠢᠯᠡᠭᠦᠯᠬᠦ ᠶᠢᠨ ᠲᠥᠯᠥᠭᠡ᠂ 12 ᠰᠠᠷ᠎ᠠ ᠶᠢᠨ 6 ᠤ ᠡᠳᠦᠷ᠂ ᠵᠢᠨᠢᠩ ᠲᠣᠭᠤᠷᠢᠭ ᠤᠨ ᠴᠡᠴᠡᠷᠯᠢᠭ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠠᠴᠠ ᠺᠠᠳ᠋ᠷ ᠠᠵᠢᠯᠲᠠᠳ ᠢ ᠵᠣᠬᠢᠶᠠᠨ ᠪᠠᠶᠢᠭᠤᠯᠤᠨ ᠭᠠᠯ ᠤᠨᠲᠠᠷᠠᠭᠠᠬᠤ ᠠᠮᠤᠷ ᠲᠦᠪᠰᠢᠨ ᠤ ᠲᠤᠰᠬᠠᠢ ᠰᠡᠳᠦᠪᠲᠦ ᠪᠣᠯᠪᠠᠰᠤᠷᠠᠯ ᠤᠨ ᠠᠵᠢᠯᠯᠠᠭ᠎ᠠ ᠥᠷᠨᠢᠭᠦᠯᠵᠦ᠂ ᠭᠠᠯ ᠤᠨᠲᠠᠷᠠᠭᠠᠬᠤ ᠠᠮᠤᠷ ᠲᠦᠪᠰᠢᠨ ᠤ ᠳᠡᠭᠡᠳᠦ ᠵᠡᠷᠭᠡ ᠶᠢᠨ ᠯᠧᠺᠲ᠋ᠣᠷ ᠢ ᠤᠷᠢᠵᠤ ᠠᠮᠤᠷ ᠲᠦᠪᠰᠢᠨ ᠤ ᠮᠡᠳᠡᠯᠭᠡ ᠶᠢᠨ ᠲᠠᠶᠢᠯᠤᠮᠵᠢ ᠬᠢᠯᠭᠡᠪᠡ᠃     ᠪᠣᠯᠪᠠᠰᠤᠷᠠᠭᠤᠯᠤᠯ ᠤᠨ ᠠᠵᠢᠯᠲᠠᠳ ᠨᠡᠶᠢᠲᠡᠯᠢᠭ ᠬᠡᠷᠡᠭ ᠤᠨ ᠵᠢᠱᠢᠶ᠎ᠡ ᠠᠴᠠ ᠭᠠᠷᠳᠠᠵᠤ᠂ ᠬᠡᠷᠡᠭ ᠤᠨ ᠵᠢᠱᠢᠶ᠎ᠡ ᠪᠠᠷ ᠬᠠᠤᠯᠢ ᠲᠠᠶᠢᠯᠪᠤᠷᠢᠯᠠᠨ᠂ ᠵᠢᠷᠤᠭ ᠪᠠ ᠦᠰᠦᠭ ᠪᠢᠴᠢᠭ ᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠭᠠᠯ ᠤᠨᠲᠠᠷᠠᠭᠠᠬᠤ ᠠᠮᠤᠷ ᠲᠦᠪᠰᠢᠨ ᠤ ᠰᠠᠭᠤᠷᠢ ᠮᠡᠳᠡᠯᠭᠡ᠂ ᠦᠷᠭᠦᠯᠵᠢ ᠲᠣᠬᠢᠶᠠᠯᠳᠤᠳᠠᠭ ᠭᠠᠯ ᠤᠨᠲᠠᠷᠠᠭᠠᠬᠤ ᠰᠢᠯᠲᠠᠭᠠᠨ᠂ ᠭᠠᠯ ᠤᠨᠲᠠᠷᠠᠭᠠᠭᠤᠷ ᠢ ᠢᠯᠭᠠᠨ ᠲᠠᠨᠢᠬᠤ ᠪᠠ ᠬᠡᠷᠡᠭᠯᠡᠬᠦ ᠵᠡᠷᠭᠡ ᠲᠠᠯ᠎ᠠ ᠪᠠᠷ ᠵᠠᠳᠠᠯᠤᠯᠲᠠ ᠬᠢᠵᠦ᠂ ᠠᠩᠬᠠᠨ ᠤ ᠬᠤᠭᠤᠴᠠᠭᠠᠨ ᠤ ᠭᠠᠯ ᠤᠨ ᠠᠶᠤᠯ ᠢ ᠬᠡᠷᠬᠢᠨ ᠤᠨᠲᠠᠷᠠᠭᠠᠬᠤ᠂ ᠭᠠᠯ ᠲᠦᠢᠮᠡᠷ ᠤᠨ ᠲᠠᠯᠠᠪᠠᠢ ᠳᠤ ᠬᠡᠷᠬᠢᠨ ᠠᠮᠢ ᠪᠡᠶ᠎ᠡ ᠪᠠᠨ ᠠᠪᠤᠷᠠᠬᠤ᠂ ᠭᠠᠯ ᠤᠨᠲᠠᠷᠠᠭᠠᠬᠤ ᠠᠮᠤᠷ ᠲᠦᠪᠰᠢᠨ ᠤ ᠳᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠵᠡᠷᠭᠡ ᠲᠠᠯ᠎ᠠ ᠪᠠᠷ ᠰᠢᠰᠲ᠋ᠧᠮᠲᠦ ᠴᠢᠨᠠᠷᠲᠠᠶ ᠲᠠᠶᠢᠯᠤᠮᠵᠢ ᠬᠢᠵᠦ᠂ ᠣᠯᠠᠨ ᠳᠤ ᠴᠠᠭ ᠢᠮᠠᠭᠲᠠ ᠰᠣᠨᠣᠷ ᠰᠡᠷᠡᠮᠵᠢ ᠲᠠᠢ ᠪᠠᠶᠢᠵᠤ᠂ ᠭᠠᠯ ᠤᠨ ᠠᠶᠤᠯ ᠤᠨ ᠠᠳᠡᠯ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠶ ᠭᠡᠵᠦ ᠰᠠᠨᠠᠭᠤᠯᠪᠠ᠃      ᠲᠣᠰ ᠤᠳᠠᠭᠠᠨ ᠤ ᠪᠣᠯᠪᠠᠰᠤᠷᠠᠭᠤᠯᠤᠯ ᠨᠢ ᠲᠥᠪ ᠤᠨ ᠺᠠᠳ᠋ᠷ ᠠᠵᠢᠯᠲᠠᠨ ᠠᠵᠢᠯᠴᠢᠨ ᠤ ᠭᠠᠯ ᠤᠨᠲᠠᠷᠠᠭᠠᠬᠤ ᠠᠮᠤᠷ ᠲᠦᠪᠰᠢᠨ ᠤ ᠤᠬᠠᠮᠰᠠᠷ ᠪᠠ ᠥᠪᠡᠷ ᠢ ᠪᠠᠨ ᠰᠡᠷᠭᠡᠶᠢᠯᠡᠵᠦ ᠥᠪᠡᠷ ᠢ ᠪᠠᠨ ᠠᠪᠤᠷᠠᠬᠤ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠤᠯᠠᠮ ᠨᠢᠭᠡ ᠠᠯᠬᠤᠮ ᠴᠢᠩᠭᠠᠳᠬᠠᠵᠤ᠂ ︽ᠰᠡᠷᠡᠮᠵᠢ ᠶᠢᠨ ᠬᠤᠩᠬᠤ ᠶᠢ ᠪᠠᠶᠢᠩᠭᠤ ᠳᠤᠤᠭᠠᠷᠭᠠᠬᠤ︾ ᠠᠮᠤᠷ ᠲᠦᠪᠰᠢᠨ ᠤ ᠬᠥᠪᠴᠢ ᠶᠢ ᠴᠢᠩᠭᠠᠯᠠᠵᠤ᠂ ︽ᠭᠠᠯ ᠤᠨᠲᠠᠷᠠᠭᠠᠬᠤ ᠠᠶᠤᠯ ᠲᠦᠭᠰᠢᠭᠦᠷᠢ ᠶᠢ ᠤᠷᠢᠳᠴᠢᠯᠠᠨ ᠰᠡᠷᠭᠡᠶᠢᠯᠡᠬᠦ︾ ᠠᠮᠤᠷ ᠲᠦᠪᠰᠢᠨ ᠤ ᠣᠶᠢᠯᠠᠭᠠᠭᠳᠠᠬᠤᠨ ᠢ ᠪᠣᠶ ᠪᠣᠯᠭᠠᠪᠠ᠃ ᠲᠠᠷᠠᠭᠠᠴᠢ ᠶᠢᠨ ᠠᠯᠬᠤᠮ ᠳᠤ᠂ ᠲᠥᠪ ᠠᠴᠠ ᠭᠠᠯ ᠤᠨᠲᠠᠷᠠᠭᠠᠬᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠪᠠ ᠠᠶᠤᠯ ᠲᠦᠭᠰᠢᠭᠦᠷᠢ ᠶᠢᠨ ᠳᠠᠯᠳᠠ ᠬᠡᠮ ᠢ ᠵᠢᠭᠰᠠᠭᠠᠨ ᠪᠠᠶᠢᠴᠠᠭᠠᠬᠤ ᠠᠵᠢᠯ ᠢ ᠦᠷᠭᠦᠯᠵᠢᠯᠡᠨ ᠴᠢᠩᠭᠠᠳᠬᠠᠵᠤ᠂ ᠠᠮᠤᠷ ᠲᠦᠪᠰᠢᠨ ᠤ ᠠᠳᠡᠯ ᠭᠠᠷᠬᠤ ᠥᠬᠡᠶ ᠪᠠᠶᠢᠬᠤ ᠬᠤᠷᠢᠭ᠎ᠠ ᠱᠤᠭᠤᠮ ᠢ ᠡᠷᠡᠰ ᠰᠠᠬᠢᠵᠤ᠂ ᠴᠡᠴᠡᠷᠯᠢᠭ ᠤᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠶᠤᠯᠭᠦᠢ ᠦᠢᠯᠡᠳᠪᠦᠷᠢᠯᠡᠯ ᠳᠤ ᠪᠠᠲᠤ ᠪᠠᠬᠢ ᠰᠠᠭᠤᠷᠢ ᠲᠠᠯᠪᠢᠵᠤ ᠥᠭᠭᠦᠨ᠎ᠡ᠃      ᠣᠷᠴᠢᠭᠤᠯᠤᠭᠴᠢ᠄ ᠳ᠋ᠥᠩ ᠾᠦᠢ
 
ᠢᠷᠡᠯᠲᠡ᠄ ᠵᠢᠨᠢᠩ ᠲᠣᠭᠣᠷᠢᠭ ᠤᠨ ᠠᠷᠠᠳ  ᠤᠨ ᠵᠠᠰᠠᠭ  ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2