ᠵᠢᠨᠢᠩ ᠲᠣᠭᠤᠷᠢᠭ ᠤᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠮᠲᠤᠷᠠᠭᠰᠠᠨ ᠬᠤᠷᠠᠯ ᠤᠨ 2024 ᠣᠨ ᠤ ᠬᠤᠶᠠᠳᠤᠭᠠᠷ ᠤᠳᠠᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/2/21
705470.jpg
    2 ᠳ᠋ᠤᠭᠠᠷ ᠰᠠᠷ᠎ᠠ ᠶᠢᠨ 20᠎ ᠤ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠵᠠᠩ ᠶᠦᠩ ᠸᠧᠨ ᠵᠢᠨᠢᠩ ᠲᠣᠭᠤᠷᠢᠭ ᠤᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠮᠲᠤᠷᠠᠭᠰᠠᠨ ᠬᠤᠷᠠᠯ ᠤᠨ 2024 ᠣᠨ ᠤ 2 ᠳ᠋ᠤᠭᠠᠷ ᠤᠳᠠᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠮᠠᠨ ᠤ ᠲᠤᠭᠤᠷᠢᠭ ᠤᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠤᠯᠪᠣᠭᠳᠠᠯ ᠪᠥᠬᠦᠶ ᠵᠦᠶᠯᠡᠰ ᠢ ᠰᠤᠳᠤᠯᠤᠨ ᠰᠢᠶᠳᠪᠦᠷᠢᠯᠡᠪᠡ᠃      ᠬᠤᠷᠠᠯ ᠠᠴᠠ ᠤᠶᠢᠷ᠎ᠠ ᠶᠢᠨ ᠬᠤᠭᠤᠴᠠᠭᠠᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠪᠠᠶᠢᠳᠠᠯ ᠢ ᠮᠡᠳᠡᠭᠳᠡᠵᠦ᠂ ︽ᠵᠢᠨᠢᠩ ᠲᠣᠭᠤᠷᠢᠭ ᠤᠨ ᠭᠤᠣᠯᠳᠠᠯᠭ᠎ᠠ ᠲᠠᠢ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ︾᠎ ᠤᠨ ᠬᠦᠨᠳᠦ ᠠᠰᠠᠭᠤᠳᠠᠯ ᠢ ᠵᠠᠰᠠᠵᠤ ᠬᠤᠷᠠᠮᠳᠤᠯᠠᠭᠤᠯᠬᠤ︾ ᠪᠣᠭᠤᠮᠲᠠ ᠰᠢᠪᠲᠤᠯᠬᠤ ᠣᠨ ᠤ ᠲᠤᠰᠬᠠᠢ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ︾᠎ ᠢ ᠰᠤᠳᠤᠯᠤᠨ ᠬᠢᠨᠠᠨ ᠵᠥᠪᠯᠡᠵᠦ᠂ ᠳᠠᠷᠠᠭᠠᠴᠢ ᠶᠢᠨ ᠠᠯᠬᠤᠮ ᠤᠨ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃     ᠬᠤᠷᠠᠯ ᠠᠴᠠ ᠴᠢᠬᠤᠯᠠᠴᠢᠯᠠᠭᠰᠠᠨ ᠨᠢ ᠂ ᠣᠳᠣᠬᠠᠨ ᠤ ᠵᠠᠬᠢᠳᠠᠯ ᠰᠤᠷᠪᠤᠯᠵᠢᠯᠠᠭ᠎ᠠ ᠶᠢᠨ ᠪᠠᠶᠢᠳᠠᠯ ᠢ ᠰᠡᠷᠭᠡᠭ ᠢᠶᠠᠷ ᠲᠠᠨᠢᠬᠤ ᠪᠠ ᠣᠨᠣᠪᠴᠢᠲᠠᠢ ᠡᠵᠡᠮᠳᠡᠵᠦ᠂ ᠤᠯᠤᠰ ᠲᠦᠷᠦ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠠᠵᠢᠯ ᠤᠨ ᠬᠠᠷᠢᠭᠤᠴᠠᠯᠭ᠎ᠠ ᠪᠠᠨ ᠪᠠᠲᠤᠳᠬᠠᠵᠤ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠵᠦ᠂ ᠵᠣᠬᠢᠴᠠᠭᠤᠯᠤᠨ ᠬᠠᠮᠲᠤᠷᠠᠯᠴᠠᠬᠤ ᠶᠢ ᠴᠢᠩᠭᠠᠳᠬᠠᠵᠤ᠂ ᠡᠯ᠎ᠡ ᠵᠦᠢᠯ ᠤᠨ ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃ ᠳᠠᠭᠠᠭᠠᠴᠢᠯᠠᠯᠲᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠰᠢᠶᠳᠪᠦᠷᠢᠯᠡᠬᠦ ᠰᠡᠳᠬᠢᠬᠦᠶ ᠶᠢ ᠬᠡᠷᠡᠭᠯᠡᠨ᠂ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠲᠣᠭᠲᠠᠭᠤᠨ ᠢᠶᠠᠷ ᠡᠵᠡᠮᠳᠡᠬᠦ ᠠᠷᠭ᠎ᠠ ᠬᠡᠮᠵᠢᠶ᠎ᠡ ᠶᠢ ᠴᠢᠩᠭᠠᠷᠠᠭᠤᠯᠤᠨ᠂ ᠬᠠᠷᠢᠶ᠎ᠠ ᠭᠠᠵᠠᠷ ᠤᠨ ᠬᠠᠷᠢᠭᠤᠴᠠᠯᠭ᠎ᠠ᠂ ᠭᠤᠤᠯ ᠴᠣᠭᠴᠠ ᠶᠢᠨ ᠬᠠᠷᠢᠭᠤᠴᠠᠯᠭ᠎ᠠ᠂ ᠬᠢᠨᠠᠨ ᠬᠠᠮᠢᠶᠠᠷᠬᠤ ᠬᠠᠷᠢᠭᠤᠴᠠᠯᠭ᠎ᠠ ᠪᠠᠨ ᠦᠨᠡᠨᠬᠦ ᠭᠦᠶᠴᠡᠳᠬᠡᠵᠦ᠂ ᠡᠯ᠎ᠡ ᠲᠥᠷᠥᠯ ᠤᠨ ᠵᠥᠷᠢᠴᠡᠯ ᠤᠨ ᠳᠠᠯᠳᠠ ᠬᠡᠮ ᠢ ᠢᠳᠡᠪᠬᠢᠲᠡᠶ ᠪᠥᠭᠡᠳ ᠪᠦᠲᠦᠮᠵᠢᠲᠡᠶ ᠠᠷᠢᠯᠭᠠᠬᠤ ᠬᠡᠷᠡᠭᠲᠡᠶ᠃ ᠴᠢᠩᠭ᠎ᠠ ᠱᠠᠭᠠᠷᠳᠠᠨ ᠬᠠᠷᠢᠭᠤᠴᠠᠯᠭ᠎ᠠ ᠨᠡᠬᠡᠮᠵᠢᠯᠡᠵᠦ᠂ ᠬᠡᠷᠡᠭ ᠢ ᠰᠢᠢᠳᠪᠦᠷᠢᠯᠡᠭᠰᠡᠨ ᠵᠡᠷᠭᠡ ᠪᠠᠶᠢᠳᠠᠯ ᠢ ᠮᠥᠷᠳᠡᠨ ᠱᠠᠯᠠᠪᠳᠠᠭᠤᠯᠤᠨ ᠰᠢᠢᠳᠪᠦᠷᠢᠯᠡᠵᠦ᠂ ᠲᠣᠭᠲᠠᠮᠠᠯ ᠬᠤᠭᠤᠴᠠᠭ᠎ᠠ ᠲᠠᠢ ᠪᠠᠷ ᠬᠤᠷᠢᠶᠠᠩᠭᠤᠶᠢᠯᠠᠵᠤ᠂ ᠵᠠᠳᠠᠯᠤᠯᠲᠠ ᠬᠢᠵᠦ ᠵᠠᠷᠯᠠᠨ ᠮᠡᠳᠡᠭᠳᠡᠵᠦ᠂ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠲᠦᠷᠭᠡᠨ ᠪᠥᠭᠡᠳ ᠪᠦᠲᠦᠮᠵᠢᠲᠡᠢ ᠰᠢᠢᠳᠪᠦᠷᠢᠯᠡᠬᠦ ᠶᠢ ᠠᠬᠢᠭᠤᠯᠬᠤ ᠬᠡᠷᠡᠭᠲᠡᠢ᠃      ᠲᠤᠭᠤᠷᠢᠭ ᠤᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠮᠲᠤᠷᠠᠭᠰᠠᠨ ᠬᠤᠷᠠᠯ ᠤᠨ ᠡᠯ᠎ᠡ ᠪᠦᠷᠢᠯᠳᠦᠬᠦᠨ ᠨᠢᠭᠡᠴᠢ ᠬᠤᠷᠠᠯ ᠳᠤ ᠣᠷᠣᠯᠴᠠᠪᠠ᠃                ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2