ᠵᠢᠨᠢᠩ ᠲᠣᠭᠤᠷᠢᠭ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠲᠤᠬᠢᠷᠠᠭᠤᠯᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/1
        2 ᠳ᠋ᠤᠭᠠᠷ ᠰᠠᠷ᠎ᠠ ᠶᠢᠨ 28᠎ ᠤ ᠡᠳᠦᠷ ᠤᠨ ᠦᠳᠡ ᠶᠢᠨ ᠬᠤᠶᠢᠨ᠎ᠠ᠂ ᠵᠢᠨᠢᠩ ᠲᠣᠭᠤᠷᠢᠭ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠬᠤᠲᠠ ᠶᠢᠨ ᠨᠠᠮ ᠤᠨ ᠬᠤᠷᠢᠶ᠎ᠠ ᠶᠢᠨ ᠬᠠᠮᠢᠶ᠎ᠠ ᠪᠥᠬᠦᠶ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠨᠠᠶᠢᠳᠠᠪᠤᠷᠢᠵᠢᠭᠤᠯᠵᠤ᠂ ᠮᠠᠨ ᠤ ᠲᠤᠭᠤᠷᠢᠭ ᠤᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃         ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠶᠦᠩ ᠸᠧᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃        ᠲᠤᠭᠤᠷᠢᠭ ᠤᠨ  ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠺᠠᠩ ᠬᠠᠶ ᠷᠦᠢ ᠬᠤᠷᠠᠯ ᠡᠷᠭᠢᠯᠡᠪᠡ᠃ ᠲᠣᠭᠤᠷᠢᠭ ᠤᠨ ᠤᠳᠤᠷᠢᠳᠤᠯᠭ᠎ᠠ ᠯᠦ ᠱᠠᠨ᠂ ᠵᠠᠩ ᠱᠧᠩ ᠵᠢᠶᠠᠩ᠂ ᠵᠠᠩ ᡁᠢ ᠷᠦᠩ᠂ ᠸᠠᠩ ᠯᠢ ᠰᠢᠨ᠂ ᠶᠠᠩ ᠶᠦᠩ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ᠂ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃       ᠬᠤᠷᠠᠯ ᠠᠴᠠ ᠵᠢᠨᠢᠩ ᠲᠣᠭᠤᠷᠢᠭ ᠤᠨ ᠤᠶᠢᠷ᠎ᠠ ᠶᠢᠨ ᠬᠤᠭᠤᠴᠠᠭᠠᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠪᠦᠬᠦ ᠤᠯᠤᠰ ᠤᠨ ︽ᠬᠤᠶᠠᠷ ᠬᠤᠷᠠᠯ︾᠎ ᠤᠨ ᠬᠤᠭᠤᠴᠠᠭᠠᠨ ᠳᠠᠬᠢ ᠮᠠᠨ ᠤ  ᠲᠤᠭᠤᠷᠢᠭ ᠤᠨ ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃       ᠬᠤᠷᠠᠯ ᠠᠴᠠ ᠴᠢᠬᠤᠯᠠᠴᠢᠯᠠᠭᠰᠠᠨ ᠨᠢ ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠬᠠᠷᠢᠭᠤᠴᠠᠯᠭ᠎ᠠ ᠡᠭᠦᠷᠭᠡᠯᠡᠬᠦ ᠪᠠᠨ ᠴᠢᠩᠭᠠᠳᠬᠠᠵᠤ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠰᠢᠨ᠎ᠡ ᠪᠠᠶᠢᠳᠠᠯ ᠢ ᠲᠠᠰᠤᠷᠠᠯᠲᠠ ᠥᠬᠡᠶ ᠨᠡᠭᠡᠭᠡᠨ ᠡᠭᠦᠳᠴᠦ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠯ ᠲᠠᠢ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠵᠠᠬᠢᠳᠠᠯ ᠰᠤᠷᠪᠤᠯᠵᠢᠯᠠᠭ᠎ᠠ ᠶᠢᠨ ᠵᠥᠷᠢᠴᠡᠯ ᠢ ᠡᠬᠢ ᠡᠭᠦᠰᠦᠯ ᠠᠴᠠ ᠨᠢ ᠠᠷᠢᠯᠭᠠᠬᠤ ᠶᠢ ᠴᠢᠩᠭ᠎ᠠ ᠠᠳᠬᠤᠨ ᠪᠣᠳᠠᠲᠠᠢ ᠠᠳᠬᠤᠵᠤ᠂ ᠤᠳᠤᠷᠢᠳᠬᠤ ᠺᠠᠳ᠋ᠷ ᠰᠠᠨᠠᠭᠠᠴᠢᠯᠠᠭ᠎ᠠ ᠠᠴᠠ ᠪᠠᠨ ᠰᠤᠷᠪᠤᠯᠵᠢᠯᠠᠭ᠎ᠠ ᠶᠢ ᠬᠦᠯᠢᠶᠡᠨ ᠠᠪᠴᠤ ᠳᠣᠷᠣᠭᠰᠢ ᠪᠠᠭᠤᠵᠤ ᠰᠤᠷᠪᠤᠯᠵᠢᠯᠠᠬᠤ᠂ ᠲᠤᠰᠬᠠᠢ ᠬᠥᠮᠦᠨ ᠲᠤᠰᠬᠠᠢ ᠠᠵᠢᠯ ᠢᠶᠠᠷ ᠵᠠᠬᠢᠳᠠᠯ ᠰᠤᠷᠪᠤᠯᠵᠢᠯᠠᠭ᠎ᠠ ᠶᠢ ᠣᠷᠣᠯᠠᠨ ᠭᠦᠢᠴᠡᠳᠬᠡᠬᠦ ᠠᠵᠢᠯ ᠢ ᠰᠠᠶᠢᠲᠤᠷ ᠬᠢᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠵᠥᠷᠢᠴᠡᠯ ᠵᠠᠭᠤᠷᠠᠯᠳᠤᠭᠠᠨ ᠪᠠ ᠠᠶᠤᠯ ᠲᠦᠭᠰᠢᠭᠦᠷᠢ ᠶᠢᠨ ᠭᠡᠮ ᠰᠣᠭᠤᠭ ᠢ ᠭᠦᠨᠵᠡᠭᠡᠢ ᠨᠠᠷᠢᠨ ᠨᠢᠮᠪᠠᠢ ᠪᠠᠶᠢᠴᠠᠭᠠᠨ ᠰᠢᠢᠳᠪᠦᠷᠢᠯᠡᠵᠦ᠂ ᠵᠥᠷᠢᠴᠡᠯ ᠵᠠᠭᠤᠷᠠᠯᠳᠤᠭᠠᠨ ᠢ ᠦᠨᠡᠨ ᠬᠦ ᠦᠨᠳᠦᠰᠦᠨ ᠱᠠᠲᠤᠨ ᠳᠤ ᠰᠢᠢᠳᠪᠦᠷᠢᠯᠡᠵᠦ᠂ ᠴᠤᠬᠤᠶᠢᠵᠤ ᠪᠠᠶᠢᠭ᠎ᠠ ᠪᠠᠶᠢᠳᠠᠯ ᠳᠤᠨᠢ ᠠᠷᠢᠯᠭᠠᠬᠤ ᠬᠡᠷᠡᠭᠲᠡᠢ᠃ ᠬᠠᠮᠵᠢᠯᠴᠠᠬᠤ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠮᠡᠳᠡᠭᠡ ᠵᠠᠩᠭᠢ ᠶᠢ ᠤᠷᠢᠳᠴᠢᠯᠠᠨ ᠰᠡᠷᠡᠮᠵᠢᠯᠡᠭᠦᠯᠬᠦ᠂ ᠮᠡᠳᠡᠭᠦᠯᠦᠨ ᠬᠦᠷᠭᠡᠬᠦ ᠵᠡᠷᠭᠡ ᠠᠵᠢᠯ ᠢ ᠰᠠᠶᠢᠲᠤᠷ ᠬᠢᠵᠦ᠂ ᠳᠡᠭᠡᠳᠦ ᠳᠣᠤᠷᠠᠳᠤ ᠱᠠᠲᠤ ᠪᠠᠷ ᠢᠶᠠᠨ ᠬᠤᠯᠪᠣᠭᠠᠯᠠᠨ ᠬᠥᠳᠡᠯᠦᠯᠴᠡᠬᠦ᠂ ᠮᠡᠳᠡᠭᠡ ᠵᠠᠩᠭᠢ ᠶᠢᠨ ᠰᠠᠭᠠᠳ ᠥᠬᠡᠶ ᠨᠡᠪᠲᠡᠷᠡᠬᠦ ᠶᠢ ᠦᠨᠡᠨᠬᠦ ᠪᠠᠲᠤᠯᠠᠬᠤ ᠬᠡᠷᠡᠭᠲᠡᠶ᠃ ᠴᠢᠩᠭ᠎ᠠ ᠱᠠᠭᠠᠷᠳᠠᠨ ᠬᠠᠷᠢᠭᠤᠴᠠᠯᠭ᠎ᠠ ᠨᠡᠬᠡᠮᠵᠢᠯᠡᠵᠦ᠂ ᠬᠡᠷᠡᠭ ᠢ ᠰᠢᠢᠳᠪᠦᠷᠢᠯᠡᠭᠰᠡᠨ  ᠪᠠᠶᠢᠳᠠᠯ ᠢ ᠮᠥᠷᠳᠡᠨ ᠱᠠᠯᠠᠪᠳᠠᠭᠤᠯᠤᠨ ᠂ ᠲᠣᠭᠲᠠᠮᠠᠯ ᠬᠤᠭᠤᠴᠠᠭ᠎ᠠ ᠲᠠᠢ ᠪᠠᠷ ᠬᠤᠷᠢᠶᠠᠩᠭᠤᠶᠢᠯᠠᠵᠤ᠂ ᠵᠠᠳᠠᠯᠤᠯᠲᠠ ᠬᠢᠵᠦ ᠵᠠᠷᠯᠠᠨ ᠮᠡᠳᠡᠭᠳᠡᠵᠦ᠂ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠲᠦᠷᠭᠡᠨ ᠪᠥᠭᠡᠳ ᠪᠦᠲᠦᠮᠵᠢᠲᠡᠢ ᠰᠢᠢᠳᠪᠦᠷᠢᠯᠡᠬᠦ ᠶᠢ ᠠᠬᠢᠭᠤᠯᠬᠤ ᠬᠡᠷᠡᠭᠲᠡᠢ᠃                      ᠤᠷᠴᠢᠭᠤᠯᠤᠨ ᠨᠠᠶᠢᠷᠠᠭᠤᠯᠤᠭᠴᠢ᠄   ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2