ᠵᠠᠩ ᠶᠦᠩ ᠸᠧᠨ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠪᠣᠯᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/3/12
705470.jpg
   3 ᠰᠠᠷ᠎ᠠ ᠶᠢᠨ 11᠎ ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠶᠦᠩ ᠸᠧᠨ ᠠᠵᠤ ᠠᠬᠤᠶᠢᠯᠠᠯ ᠤᠨ ᠠᠶᠤᠯᠭᠦᠶ ᠦᠶᠯᠡᠳᠪᠦᠷᠢᠯᠡᠯ ᠤᠨ ᠲᠦᠷᠢᠮ ᠤᠨ ᠨᠠᠶᠢᠳᠠᠪᠤᠷᠢᠵᠢᠭᠤᠯᠤᠯᠲᠠ ᠪᠠ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ ᠃   ᠵᠠᠩ ᠶᠦᠩ ᠸᠧᠨ ᠨᠠᠷ ᠤᠷᠢᠳ ᠬᠤᠵᠢᠳ ᠥᠪᠥᠷ ᠮᠣᠩᠭᠤᠯ ᠤᠨ ᠵᠢᠩ ᠳ᠋ᠦᠩ ᠡᠮ ᠡᠮᠨᠡᠯᠭᠡ ᠶᠢᠨ ᠬᠢᠵᠠᠭᠠᠷᠲᠤ ᠺᠣᠮᠫᠠᠨᠢ᠂ ᠤᠯᠠᠭᠠᠨᠴᠠᠪ ᠬᠤᠲᠠ ᠶᠢᠨ ᠰᠦ᠋ ᠲᠦᠩ ᠡᠯᠧᠺᠲᠷᠣᠨ ᠮᠠᠲ᠋ᠧᠷᠢᠶᠠᠯ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠴᠢᠶᠠᠨ ᠹᠧᠩ ᠰᠢᠨ᠎ᠡ ᠬᠡᠯᠪᠡᠷᠢ ᠶᠢᠨ ᠪᠠᠷᠢᠯᠭ᠎ᠠ ᠶᠢᠨ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠶᠢᠨ ᠦᠢᠯᠡᠳᠪᠦᠷᠢᠯᠡᠯ ᠤᠨ ᠲᠠᠰᠤᠭ ᠪᠣᠯᠤᠨ ᠲᠦᠷᠦᠯ ᠵᠦᠢᠯ ᠤᠨ ᠲᠤᠬᠠᠢ ᠶᠢᠨ ᠲᠠᠯᠠᠪᠠᠢ ᠳᠤ ᠬᠦᠷᠴᠡᠢ᠃ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠳᠣᠲᠣᠨᠣ ᠪᠠᠷ ᠶᠠᠷᠢᠯᠴᠠᠵᠤ᠂ ᠠᠵᠤ ᠠᠬᠤᠶᠢᠯᠠᠯ ᠤᠨ ᠦᠶᠯᠡᠳᠪᠦᠷᠢᠯᠡᠯ ᠡᠵᠡᠩᠨᠡᠯᠲᠡ᠂ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠵᠢᠴᠢ ᠠᠶᠤᠯᠭᠦᠶ ᠦᠶᠯᠡᠳᠪᠦᠷᠢᠯᠡᠯ ᠤᠨ ᠲᠦᠷᠢᠮ ᠤᠨ ᠨᠠᠶᠢᠳᠠᠪᠤᠷᠢᠵᠢᠭᠤᠯᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠲᠤᠬᠠᠶ ᠶᠢᠨ ᠲᠠᠯᠠᠪᠤᠷ ᠲᠤᠨᠢ ᠵᠣᠬᠢᠴᠠᠭᠤᠯᠤᠨ  ᠰᠢᠢᠳᠪᠦᠷᠢᠯᠡᠵᠡᠢ᠃      ᠵᠠᠩ ᠶᠦᠩ ᠸᠧᠨ ᠬᠡᠯᠡᠭᠰᠡᠨ ᠨᠢ᠂ ᠡᠯ᠎ᠡ ᠬᠤᠯᠪᠣᠭᠳᠠᠯ ᠪᠦᠬᠦᠢ ᠨᠢᠭᠡᠴᠢ ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠰᠠᠶᠢᠲᠤᠷ ᠨᠠᠶᠢᠳᠠᠪᠤᠷᠢᠵᠢᠭᠤᠯᠵᠤ᠂ ᠭᠤᠭᠴᠤᠭ᠎ᠠ ᠨᠢᠭᠡᠪᠦᠷᠢ ᠶᠢ ᠨᠠᠷᠢᠨ ᠪᠣᠳᠠᠲᠠᠢ ᠠᠳᠬᠤᠵᠤ᠂ ᠡᠯ᠎ᠡ ᠵᠦᠢᠯ ᠤᠨ ᠠᠮᠤᠷ ᠲᠦᠪᠰᠢᠨ ᠤ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠬᠢᠵᠦ᠂ ᠠᠶᠤᠯᠭᠦᠢ ᠦᠢᠯᠡᠳᠪᠦᠷᠢᠯᠡᠯ ᠤᠨ ᠰᠡᠷᠭᠡᠶᠢᠯᠡᠯᠲᠡ ᠶᠢᠨ ᠱᠤᠭᠤᠮ ᠢ ᠪᠦᠬᠦ ᠬᠦᠴᠦᠨ ᠢᠶᠠᠷ ᠢᠶᠠᠨ ᠪᠠᠬᠢᠵᠢᠭᠦᠯᠬᠦ ᠬᠡᠷᠡᠭᠲᠡᠢ᠃ ᠡᠵᠡᠩᠨᠡᠯᠲᠡ ᠶᠢᠨ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ ᠦᠢᠯᠡᠴᠢᠯᠡᠭᠡᠨ ᠤ ᠤᠬᠠᠮᠰᠠᠷ ᠢᠶᠠᠨ ᠳᠡᠭᠡᠭᠰᠢᠯᠡᠭᠦᠯᠵᠦ᠂ ᠴᠢᠬᠤᠯᠠ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠵᠤ᠂ ᠦᠢᠯᠡᠴᠢᠯᠡᠭᠡᠨ ᠤ ᠬᠠᠩᠭᠠᠯᠭ᠎ᠠ ᠶᠢ ᠰᠢᠯᠢᠳᠡᠭᠵᠢᠭᠦᠯᠵᠦ᠂ ︽ᠳᠡᠯᠭᠡᠭᠦᠷ ᠤᠨ ᠪᠠᠭᠰᠢ︾ ᠪᠤᠯᠵᠤ᠂ ᠰᠠᠨᠠᠭᠠᠴᠢᠯᠠᠭ᠎ᠠ ᠠᠴᠠ ᠪᠠᠨ ᠠᠵᠤ ᠠᠬᠤᠶᠢᠯᠠᠯ ᠳᠤ ᠬᠦᠴᠢᠷ ᠠᠰᠠᠭᠤᠳᠠᠯ ᠢ ᠰᠢᠢᠳᠪᠦᠷᠢᠯᠡᠵᠦ᠂ ᠪᠣᠳᠠᠲᠠᠢ ᠶᠠᠪᠤᠳᠠᠯ ᠬᠢᠵᠦ ᠥᠭᠬᠦ ᠬᠡᠷᠡᠭᠲᠡᠢ᠃ ᠨᠡᠪᠲᠡᠷᠡᠯᠴᠡᠨ ᠵᠣᠬᠢᠴᠠᠭᠤᠯᠬᠤ᠂ ᠰᠢᠨᠵᠢᠯᠡᠬᠦ ᠤᠬᠠᠭᠠᠨᠴᠢ ᠪᠠᠷ ᠳᠣᠭᠢᠷᠠᠭᠤᠯᠬᠤ᠂ ᠰᠢᠨᠵᠢᠯᠡᠬᠦ ᠤᠬᠠᠭᠠᠨᠴᠢ ᠪᠠᠷ ᠪᠠᠷᠢᠯᠭ᠎ᠠ ᠪᠠᠷᠢᠬᠤ ᠶᠢ ᠴᠢᠩᠭᠠᠳᠬᠠᠵᠤ᠂ ᠠᠮᠤᠷ ᠲᠦᠪᠰᠢᠨ ᠪᠠ ᠶᠠᠰᠤ ᠴᠢᠨᠠᠷ ᠢ ᠦᠨᠡᠨᠬᠦ ᠪᠠᠲᠤᠯᠠᠭᠰᠠᠨ ᠤᠷᠢᠲᠠᠯ ᠳᠣᠤᠷ᠎ᠠ᠂ ᠠᠵᠤ ᠠᠬᠤᠶᠢᠯᠠᠯ ᠤᠨ ᠲᠠᠰ ᠳᠡᠪᠰᠢᠭᠦᠯᠦᠨ ᠥᠭᠡᠷᠡᠴᠢᠯᠡᠬᠦ᠂ ᠦᠶᠯᠡᠳᠪᠦᠷᠢᠯᠡᠯ ᠢᠶᠠᠨ ᠥᠷᠭᠡᠳᠬᠡᠬᠦ ᠶᠢ ᠠᠬᠢᠭᠤᠯᠵᠤ᠂ ᠮᠠᠨ ᠤ  ᠲᠤᠭᠤᠷᠢᠭ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠢᠳᠡᠪᠬᠢᠲᠡᠶ ᠬᠤᠪᠢ ᠨᠡᠮᠡᠷᠢ ᠦᠵᠡᠭᠦᠯᠬᠦ ᠬᠡᠷᠡᠭᠲᠡᠶ᠃        ᠵᠠᠩ ᡁᠢ ᠷᠦᠩ  ᠪᠠᠶᠢᠴᠠᠭᠠᠨ ᠰᠤᠳᠤᠯᠤᠯᠲᠠ ᠎ ᠳᠤ ᠣᠷᠣᠯᠴᠠᠪᠠ᠃             ᠵᠤᠬᠢᠶᠠᠭᠴᠢ᠄ ᠴᠢᠶᠤᠤ ᠮᠢᠨ ᠮᠢᠨ᠂ ᠸᠠᠩ ᠵᠢᠩ ᠵᠢᠩ               ᠵᠢᠷᠤᠭ᠄ ᠴᠢᠶᠤᠤ  ᠮᠢᠨ ᠮᠢᠨ           ᠤᠷᠴᠢᠭᠤᠯᠤᠨ ᠨᠠᠶᠢᠷᠠᠭᠤᠯᠤᠭᠴᠢ᠄ ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ  ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2