ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ 2024 ᠣᠨ ᠤ 5 ᠳ᠋ᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ 5 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/12
    3 ᠰᠠᠷ᠎ᠠ ᠶᠢᠨ 11᠎ ᠤ ᠡᠳᠦᠷ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠺᠠᠩ ᠬᠠᠶ ᠷᠦᠢ ᠲᠣᠭᠤᠷᠢᠭ ᠤᠨ ᠵᠠᠰᠠᠭ ᠤᠨ ᠣᠷᠳᠣᠨ ᠤ 2024 ᠣᠨ ᠤ ᠲᠠᠪᠤᠳᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠲᠠᠪᠤᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃     ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠤᠨ ᠵᠢᠶᠠᠩᠰᠦ ᠮᠤᠵᠢ ᠶᠢᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠭᠰᠠᠨ ᠪᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠠᠷᠪᠠᠨ ᠬᠤᠶᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠢᠴᠢ 2024 ᠣᠨ ᠤ ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠲᠥᠪ ᠤᠨ ᠨᠠᠮ ᠤᠨ ᠰᠤᠷᠭᠠᠭᠤᠯᠢ ᠶᠢᠨ ᠢᠳᠡᠷ ᠵᠠᠯᠠᠭᠤ ᠺᠠᠳ᠋ᠷᠴᠤᠳ ᠤᠨ ᠪᠣᠯᠪᠠᠰᠤᠷᠠᠯ ᠤᠨ ᠠᠩᠬᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠢᠭᠤᠴᠠ ᠶᠢ ᠬᠠᠮᠠᠭᠠᠯᠠᠬᠤ ᠬᠠᠤᠯᠢ︾᠎ ᠶᠢ ᠤᠯᠠᠮᠵᠢᠯᠠᠨ ᠰᠤᠷᠤᠯᠴᠠᠵᠤ᠂ ︽ᠵᠢᠨᠢᠩ ᠲᠣᠭᠤᠷᠢᠭ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ ᠤᠨ ᠬᠡᠷᠡᠭᠵᠢᠭᠦᠯᠬᠦ ᠲᠥᠰᠦᠯ︾ ︽ᠵᠢᠨᠢᠩ ᠲᠣᠭᠤᠷᠢᠭ ᠤᠨ ᠤᠯᠤᠰ ᠤᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠲᠣᠭᠤᠷᠢᠭ ᠢ ᠡᠭᠦᠳᠦᠨ ᠪᠠᠶᠢᠭᠤᠯᠬᠤ  ᠲᠤᠬᠠᠢ ᠬᠡᠷᠡᠭᠵᠢᠭᠦᠯᠬᠦ ᠲᠥᠰᠦᠯ︾ ︽ᠵᠢᠨᠢᠩ ᠲᠣᠭᠤᠷᠢᠭ ᠤᠨ ᠠᠵᠢᠯ ᠲᠥᠷᠥᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠲᠤᠬᠠᠶᠢᠯᠠᠭᠰᠠᠨ ᠠᠵᠢᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠦᠶᠯᠡᠳᠪᠦᠷᠢᠯᠡᠯ ᠡᠵᠡᠩᠨᠡᠯᠲᠡ ᠶᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ ᠬᠡᠷᠡᠭᠵᠢᠭᠦᠯᠬᠦ ᠨᠠᠷᠢᠨ ᠲᠦᠷᠢᠮ︾᠎ ᠢ ᠰᠤᠳᠤᠯᠤᠨ ᠬᠢᠨᠠᠨ ᠵᠥᠪᠯᠡᠵᠦ᠂ ᠪᠥᠬᠦ ᠤᠯᠤᠰ ᠤᠨ ᠲᠡᠤᠬᠡ ᠶᠢᠨ ᠳᠤᠷᠠᠰᠬᠠᠯᠲᠤ ᠵᠦᠶᠯᠡᠰ ᠤᠨ ᠨᠡᠶᠢᠳᠡᠮ ᠪᠠᠶᠢᠴᠠᠭᠠᠯᠲᠠ ᠵᠡᠷᠭᠡ ᠬᠠᠮᠢᠶ᠎ᠠ ᠪᠥᠬᠦᠶ ᠤᠴᠢᠷ ᠶᠠᠪᠤᠳᠠᠯ ᠢ ᠰᠤᠳᠤᠯᠵᠤ᠂ ᠬᠠᠮᠢᠶ᠎ᠠ ᠪᠥᠬᠦᠶ ᠠᠵᠢᠯ ᠢ ᠳᠣᠭᠢᠷᠠᠭᠤᠯᠤᠨ  ᠪᠠᠶᠢᠷᠢᠯᠠᠭᠤᠯᠵᠠᠢ᠃     ᠬᠤᠷᠠᠯ ᠠᠴᠠ  ᠵᠢᠭᠠᠨᠰᠠᠨ ᠨᠢ ᠂ ︽ᠨᠢᠭᠤᠴᠠ ᠶᠢ ᠬᠠᠮᠠᠭᠠᠯᠠᠬᠤ ᠬᠠᠤᠯᠢ︾᠎ ᠳᠤ ᠵᠠᠰᠠᠪᠤᠷᠢ ᠣᠷᠣᠭᠤᠯᠵᠤ ᠨᠡᠶᠢᠲᠡᠯᠡᠭᠰᠡᠨ ᠨᠢ ᠤᠯᠤᠰ ᠤᠨ ᠨᠢᠭᠤᠴᠠ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠦᠨᠡᠨ ᠬᠦ ᠪᠠᠬᠢᠵᠢᠭᠦᠯᠬᠦ ᠳᠤ ᠨᠠᠩ ᠬᠦᠴᠦᠲᠡᠶ ᠬᠠᠤᠯᠢ ᠪᠠᠷ ᠵᠠᠰᠠᠬᠤ ᠪᠠᠲᠤᠯᠠᠭ᠎ᠠ ᠬᠠᠩᠭᠠᠭᠰᠠᠨ ᠪᠠᠶᠢᠨ᠎ᠠ᠃ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠰᠤᠷᠤᠯᠴᠠᠯᠭ᠎ᠠ ᠤᠬᠠᠭᠤᠯᠭ᠎ᠠ ᠶᠢ ᠥᠷᠭᠡᠨ ᠢᠶᠠᠷ ᠵᠣᠬᠢᠶᠠᠨ ᠪᠠᠶᠢᠭᠤᠯᠵᠤ᠂ ᠤᠳᠤᠷᠢᠳᠬᠤ ᠺᠠᠳ᠋ᠷ ᠪᠣᠯᠤᠨ ᠨᠢᠭᠤᠴᠠ ᠳᠤ ᠬᠤᠯᠪᠣᠭᠳᠠᠬᠤ ᠬᠥᠮᠦᠰ ᠤᠨ ᠨᠢᠭᠤᠴᠠ ᠶᠢ ᠬᠠᠮᠠᠭᠠᠯᠠᠬᠤ ᠬᠠᠤᠯᠢᠵᠢᠯ ᠤᠨ ᠤᠬᠠᠮᠰᠠᠷ ᠪᠣᠯᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠶᠢ ᠦᠨᠡᠨᠬᠦ ᠴᠢᠩᠭᠠᠳᠬᠠᠬᠤ ᠶᠢᠨ ᠬᠠᠮᠲᠤ ︽4 · 15︾᠎ ᠤ ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠲᠠᠢ ᠤᠶᠠᠯᠳᠤᠭᠤᠯᠵᠤ᠂ ᠨᠡᠶᠢᠭᠡᠮ ᠨᠡᠶᠢᠲᠡ ᠳᠤ ᠬᠠᠨᠳᠤᠭᠤᠯᠤᠨ ᠨᠢᠭᠤᠴᠠ ᠶᠢ ᠬᠠᠮᠠᠭᠠᠯᠠᠬᠤ ᠬᠠᠤᠯᠢ ᠴᠠᠭᠠᠵᠠ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠪᠦᠬᠦ ᠨᠡᠶᠢᠭᠡᠮ ᠳᠤ ︽ᠤᠯᠤᠰ ᠤᠨ ᠨᠢᠭᠤᠴᠠ ᠶᠢ ᠬᠠᠮᠠᠭᠠᠯᠠᠬᠤ ᠳᠤ ᠬᠥᠮᠦᠨ ᠪᠦᠬᠦᠨ ᠬᠠᠷᠢᠭᠤᠴᠠᠯᠭ᠎ᠠ ᠲᠠᠢ︾ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠃ ᠲᠤᠭᠤᠷᠢᠭ ᠤᠨ ᠰᠢᠭᠤᠳ ᠬᠠᠷᠢᠶ᠎ᠠ ᠡᠯ᠎ᠡ  ᠨᠢᠭᠡᠴᠢ ᠨᠦᠭᠦᠳ ᠨᠢᠭᠤᠴᠠ ᠶᠢ ᠬᠠᠮᠠᠭᠠᠯᠠᠬᠤ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠬᠢᠨᠠᠮᠠᠭᠠᠶ ᠨᠠᠶᠢᠳᠠᠪᠤᠷᠢᠵᠢᠭᠤᠯᠵᠤ᠂ ᠬᠠᠤᠯᠢ ᠴᠠᠭᠠᠵᠠ ᠠᠴᠠ ᠣᠯᠭᠤᠭᠰᠠᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠡᠭᠦᠷᠭᠡ ᠴᠢᠳᠠᠪᠤᠷᠢ ᠪᠠᠨ ᠪᠥᠬᠦ ᠲᠠᠯ᠎ᠠ ᠪᠠᠷ ᠭᠦᠶᠴᠡᠳᠬᠡᠵᠦ᠂ ᠬᠠᠤᠯᠢ ᠪᠠᠷ ᠵᠠᠰᠠᠬᠤ ᠵᠠᠷᠴᠢᠮ ᠢ ᠨᠢᠭᠤᠴᠠ ᠶᠢ ᠬᠠᠮᠠᠭᠠᠯᠠᠬᠤ ᠠᠵᠢᠯ ᠤᠨ ᠪᠥᠬᠦ ᠶᠠᠪᠤᠴᠠ᠂ ᠡᠯ᠎ᠡ ᠲᠠᠯ᠎ᠠ ᠳᠤ ᠲᠤᠭᠤᠰᠢᠯᠠᠭᠤᠯᠬᠤ ᠬᠡᠷᠡᠭᠲᠡᠶ᠃  ᠲᠤᠭᠤᠷᠢᠭ ᠤᠨ ᠨᠢᠭᠤᠴᠠ ᠶᠢ ᠬᠠᠮᠠᠭᠠᠯᠠᠬᠤ ᠲᠣᠪᠴᠢᠶ᠎ᠠ ᠨᠢ ᠮᠠᠨ ᠤ ᠲᠤᠭᠤᠷᠢᠭ ᠤᠨ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠨᠢᠭᠤᠴᠠ ᠶᠢ ᠲᠣᠭᠲᠠᠭᠠᠨ ᠬᠠᠮᠢᠶᠠᠷᠬᠤ᠂ ᠨᠢᠭᠤᠴᠠ ᠳᠤ ᠬᠤᠯᠪᠣᠭᠳᠠᠬᠤ ᠬᠥᠮᠦᠰ ᠤᠨ ᠬᠠᠮᠢᠶᠠᠷᠤᠯᠲᠠ ᠪᠠ ᠮᠡᠳᠡᠭᠡ ᠵᠠᠩᠭᠢ ᠶᠢᠨ ᠲᠥᠬᠦᠭᠡᠷᠦᠮᠵᠢ ᠵᠡᠷᠭᠡ ᠡᠯ᠎ᠡ ᠵᠦᠶᠯ ᠤᠨ ᠨᠢᠭᠤᠴᠠ ᠶᠢ ᠬᠠᠮᠠᠭᠠᠯᠠᠬᠤ ᠲᠦᠷᠢᠮ ᠲᠣᠭᠲᠠᠭᠠᠯ ᠢ ᠤᠯᠠᠮ ᠨᠢᠭᠡ ᠠᠯᠬᠤᠮ ᠪᠠᠶᠢᠭᠤᠯᠤᠨ ᠲᠡᠭᠦᠯᠳᠡᠷᠵᠢᠭᠦᠯᠵᠦ᠂ ᠨᠢᠭᠤᠴᠠ ᠶᠢ ᠬᠠᠮᠠᠭᠠᠯᠠᠬᠤ ᠠᠵᠢᠯ ᠢ ᠰᠠᠶᠢᠲᠤᠷ ᠬᠢᠬᠦ ᠶᠢ ᠤᠯᠤᠰ ᠤᠨ ᠠᠮᠤᠷ ᠲᠦᠪᠰᠢᠨ ᠤ ᠬᠥᠮᠦᠵᠢᠯ᠂ ᠠᠮᠤᠷ ᠲᠦᠪᠰᠢᠨ ᠢ ᠲᠣᠭᠲᠠᠪᠤᠷᠢᠵᠢᠭᠤᠯᠬᠤ ᠠᠵᠢᠯ ᠂ ᠦᠵᠡᠯ ᠤᠬᠠᠮᠰᠠᠷ ᠤᠨ ᠬᠡᠯᠪᠡᠷᠢ ᠶᠢᠨ ᠵᠢᠭᠰᠠᠭᠠᠯ ᠤᠨ ᠭᠠᠵᠠᠷ ᠤᠨ ᠬᠠᠮᠢᠶᠠᠷᠤᠯᠲᠠ᠂ ᠲᠣᠤᠷ ᠰᠦᠯᠵᠢᠶ᠎ᠡ ᠶᠢᠨ ᠲᠠᠪᠴᠠᠩ ᠤᠨ ᠬᠢᠨᠠᠯᠲᠠ ᠬᠠᠮᠢᠶᠠᠷᠤᠯᠲᠠ ᠵᠡᠷᠭᠡ ᠠᠵᠢᠯ ᠯᠤᠭ᠎ᠠ ᠤᠶᠠᠯᠳᠤᠭᠤᠯᠵᠤ᠂ ᠨᠢᠭᠤᠴᠠ ᠶᠢ ᠵᠠᠳᠠᠷᠠᠭᠤᠯᠤᠭᠰᠠᠨ ᠬᠡᠷᠡᠭ ᠡᠭᠦᠰᠬᠦ ᠶᠢ ᠡᠷᠡᠰ ᠬᠤᠷᠢᠭᠯᠠᠬᠤ ᠬᠡᠷᠡᠭᠲᠡᠶ᠃      ᠬᠤᠷᠠᠯ ᠠᠴᠠ ᠴᠢᠬᠤᠯᠠᠴᠢᠯᠠᠭᠰᠠᠨ ᠨᠢ ᠂ ᠡᠯ᠎ᠡ  ᠱᠠᠲᠤ ᠡᠯ᠎ᠡ ᠰᠠᠯᠠᠭ᠎ᠠ ᠮᠥᠴᠢᠷ  ᠤᠳ ᠶᠡᠷᠦᠩᠬᠡᠶ ᠱᠦᠵᠢ ᠰᠢ ᠶᠢᠨ ᠫᠢᠩ  ᠤᠨ ᠲᠡᠦᠬᠡ ᠶᠢᠨ ᠳᠤᠷᠠᠰᠬᠠᠯᠲᠤ ᠵᠦᠢᠯ ᠪᠣᠯᠤᠨ ᠰᠣᠶᠣᠯ  ᠤᠨ ᠥᠪ  ᠤᠨ ᠬᠠᠮᠠᠭᠠᠯᠠᠯᠲᠠ ᠶᠢᠨ ᠲᠤᠬᠠᠶ ᠴᠢᠬᠤᠯᠠ ᠥᠭᠦᠯᠡᠯᠲᠡ  ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠴᠢᠩᠭ᠎ᠠ ᠬᠠᠷᠢᠭᠤᠴᠠᠯᠭᠠᠲᠤ ᠰᠡᠳᠬᠢᠯᠭᠡ ᠡᠭᠦᠷᠭᠡᠲᠦ ᠰᠡᠳᠬᠢᠯᠭᠡ ᠪᠠᠷ ᠨᠡᠶᠢᠳᠡᠮ ᠪᠠᠶᠢᠴᠠᠭᠠᠯᠲᠠ  ᠶᠢᠨ ᠡᠭᠦᠷᠭᠡ  ᠶᠢ ᠴᠢᠨᠠᠷ ᠰᠠᠶᠢᠲᠠᠶ ᠪᠡᠶᠡᠯᠡᠭᠦᠯᠵᠦ᠂ ᠪᠠᠶᠢᠴᠠᠭᠠᠬᠤ ᠶᠣᠰᠣᠲᠠᠶ ᠶᠢ ᠨᠢ ᠴᠥᠮ ᠪᠠᠶᠢᠴᠠᠭᠠᠵᠤ᠂ ᠨᠠᠷᠢᠨ ᠨᠢᠮᠪᠠᠶ ᠬᠢᠵᠦ᠂ ᠪᠠᠲᠤᠯᠠᠬᠤ ᠶᠣᠰᠣᠲᠠᠶ ᠶᠢ ᠨᠢ ᠴᠥᠮ ᠪᠠᠲᠤᠯᠠᠬᠤ ᠬᠡᠷᠡᠭᠲᠡᠶ᠃ ᠨᠡᠶᠢᠳᠡᠮ ᠪᠠᠶᠢᠴᠠᠭᠠᠯᠲᠠ ᠶᠢᠨ ᠠᠵᠢᠯ ᠪᠣᠯᠤᠨ ᠰᠣᠶᠣᠯ  ᠤᠨ ᠥᠪ  ᠢ ᠬᠠᠮᠠᠭᠠᠯᠠᠬᠤ ᠤᠨᠤᠯᠵᠢᠬᠤᠨ  ᠢ ᠥᠷᠭᠡᠨ  ᠢᠶᠠᠷ ᠤᠬᠠᠭᠤᠯᠵᠤ᠂ ᠨᠡᠶᠢᠭᠡᠮ  ᠤᠨ ᠤᠯᠠᠨ ᠨᠡᠶᠢᠳᠡ ᠶᠢ ᠳᠠᠶᠢᠴᠢᠯᠠᠬᠤ ᠪᠠ ᠬᠥᠲᠥᠯᠥᠨ ᠵᠢᠯᠣᠭᠤᠳᠴᠤ ᠪᠠᠶᠢᠭᠠᠳ ᠲᠡᠦᠬᠡ  ᠶᠢᠨ ᠳᠤᠷᠠᠰᠬᠠᠯᠲᠤ ᠵᠦᠢᠯ  ᠤᠨ ᠨᠡᠶᠢᠳᠡᠮ ᠪᠠᠶᠢᠴᠠᠭᠠᠯᠲᠠ ᠲᠤ ᠢᠳᠡᠪᠬᠢᠲᠡᠶ ᠣᠷᠣᠯᠴᠠᠭᠤᠯᠵᠤ᠂ ᠲᠡᠦᠬᠡ  ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠰᠠᠶᠢᠨ ᠰᠠᠶᠢᠬᠠᠨ ᠠᠭᠤᠷ ᠠᠮᠢᠰᠬᠤᠯ  ᠢ ᠪᠤᠢ ᠪᠣᠯᠭᠠᠬᠤ ᠬᠡᠷᠡᠭᠲᠡᠶ᠃       ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃              ᠵᠤᠬᠢᠶᠠᠭᠴᠢ᠄ ᠸᠠᠩ ᠵᠢᠩ ᠵᠢᠩ᠂ ᠴᠢᠶᠤᠤ ᠮᠢᠨ ᠮᠢᠨ              ᠵᠢᠷᠤᠭ᠄ ᠴᠢᠶᠤᠤ ᠮᠢᠨ ᠮᠢᠨ              ᠤᠷᠴᠢᠭᠤᠯᠤᠨ ᠨᠠᠶᠢᠷᠠᠭᠤᠯᠤᠭᠴᠢ᠄ ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2