ᠰᠤᠷᠭᠠᠨ ᠬᠥᠮᠦᠵᠢᠯ ᠤᠨ ᠶᠠᠮᠤᠨ᠄ ᠵᠢᠯ ᠪᠦᠷᠢ 2 ᠲᠦᠮᠡᠨ ᠦᠳᠡᠯᠦᠭᠡ ᠨᠠᠰᠤᠨ ᠤ ᠪᠠᠭᠰᠢ ᠨᠠᠷ ᠢ ᠰᠢᠯᠢᠨ ᠰᠣᠩᠭᠤᠵᠤ ᠠᠷᠠᠳ ᠠᠴᠠ ᠡᠷᠭᠢᠯᠡᠭᠰᠡᠨ ᠰᠤᠷᠭᠠᠨ ᠬᠥᠮᠦᠵᠢᠯ ᠢ ᠳᠡᠮᠵᠢᠬᠦ ᠪᠠᠷ ᠲᠥᠯᠥᠪᠯᠡᠵᠦ ᠪᠠᠢᠨ᠎ᠠ
ᠨᠡᠶᠢᠲᠡᠯᠡᠭᠰᠡᠨ ᠴᠠᠭ᠄
2024/3/14
        ᠰᠤᠷᠭᠠᠨ ᠬᠥᠮᠦᠵᠢᠯ ᠤᠨ ᠶᠠᠮᠤᠨ ᠤ ᠠᠯᠪᠠᠨ ᠲᠢᠩᠬᠢᠮ ᠲᠦᠷᠦᠭᠦᠬᠡᠨ ᠮᠡᠳᠡᠭᠳᠡᠯ ᠪᠠᠭᠤᠯᠭᠠᠵᠤ᠂ ᠦᠳᠡᠯᠦᠭᠡ ᠨᠠᠰᠤᠨ  ᠎ ᠤ ᠪᠠᠭᠰᠢ ᠨᠠᠷ ᠤᠨ ᠠᠷᠠᠳ ᠠᠴᠠ ᠡᠷᠭᠢᠯᠡᠭᠰᠡᠨ ᠰᠤᠷᠭᠠᠨ ᠬᠥᠮᠦᠵᠢᠯ ᠢ ᠳᠡᠮᠵᠢᠬᠦ ᠠᠵᠢᠯᠯᠠᠭ᠎ᠠ ᠶᠢᠨ ᠬᠤᠯᠪᠣᠭᠳᠠᠯ ᠪᠥᠬᠦᠶ  ᠠᠵᠢᠯ ‍ᠤᠨ‌‍ᠲ᠋ᠤᠬᠠᠶ ᠪᠠᠶᠢᠷᠢᠯᠠᠭᠤᠯᠤᠯᠲᠠ ᠬᠢᠪᠠ᠃ ᠨᠢᠭᠡ ᠪᠦᠯᠦᠭ ᠠᠵᠢᠯ ᠠᠴᠠ ᠪᠠᠨ ᠠᠮᠠᠷᠠᠭᠰᠠᠨ ᠰᠢᠯᠢᠳᠡᠭ ᠪᠠᠭᠰᠢ ᠶᠢ  ᠰᠢᠯᠢᠨ  ᠰᠣᠩᠭᠤᠬᠤ‌ᠠᠵᠢᠯ ᠢ ᠵᠣᠬᠢᠶᠠᠨ ᠪᠠᠶᠢᠭᠤᠯᠵᠤ᠂ ᠡᠯ᠎ᠡ ᠱᠠᠲᠤᠨ ᠤ ᠡᠯ᠎ᠡ ᠲᠥᠷᠥᠯ ᠤᠨ ᠠᠷᠠᠳ ᠠᠴᠠ ᠡᠷᠭᠢᠯᠡᠭᠰᠡᠨ  ᠰᠤᠷᠭᠠᠭᠤᠯᠢ᠂  ᠢᠯᠠᠩᠭᠤᠶ᠎ᠠ‌ᠠᠷᠠᠳ ᠠᠴᠠ ᠡᠷᠭᠢᠯᠡᠭᠰᠡᠨ ᠳᠡᠭᠡᠳᠦ  ᠰᠤᠷᠭᠠᠭᠤᠯᠢ ᠳᠤ  ᠬᠠᠨᠳᠤᠭᠤᠯᠤᠨ  ᠰᠤᠷᠭᠠᠨ  ᠬᠥᠮᠦᠵᠢᠯ ᠢ  ᠳᠡᠮᠵᠢᠬᠦ᠂  ᠰᠤᠳᠤᠯᠭᠠᠨ ᠳ᠋ᠤ᠋‌‍ᠲ᠋ᠤᠰᠠᠯᠠᠬᠤ ᠠᠵᠢᠯ ᠥᠷᠨᠢᠭᠦᠯᠵᠦ᠂ ᠵᠢᠯ ᠪᠦᠷᠢ 2 ᠲᠦᠮᠡᠨ ᠪᠠᠭᠰᠢ ᠶᠢ ᠰᠣᠩᠭᠤᠨ ᠲᠣᠮᠢᠯᠠᠬᠤ ᠪᠠᠷ ᠲᠥᠯᠥᠪᠯᠡᠵᠦ ᠪᠠᠶᠢᠨ᠎ᠠ᠃        ᠰᠦᠯᠵᠢᠶᠡᠨ ᠭᠠᠳᠠᠨ᠎ᠠ ᠰᠤᠷᠭᠠᠨ ᠬᠥᠮᠦᠵᠢᠯ ᠢ ᠳᠡᠮᠵᠢᠬᠦ ᠰᠤᠳᠤᠯᠭᠠᠨ ᠢ ᠥᠷᠨᠢᠭᠦᠯᠬᠦ ᠪᠠᠷ ᠭᠤᠶᠤᠴᠢᠯᠠᠭᠰᠠᠨ ᠦᠳᠡᠯᠦᠭᠡ‌ᠨᠠᠰᠤᠨ ᠎ ᠤ ᠪᠠᠭᠰᠢ ᠶᠢᠨ ᠨᠠᠰᠤ ᠎ ᠶᠢ  ᠡᠩ ᠤᠨ  ᠪᠠᠶᠢᠳᠠᠯ ᠳᠤ  75  ︵ᠪᠠᠭᠲᠠᠨ᠎ᠠ︶  ᠎ ᠪᠠᠷ  ᠬᠢᠵᠠᠭᠠᠷᠯᠠᠵᠤ᠂  ᠰᠠᠭᠤᠷᠢ  ᠰᠤᠷᠭᠠᠨ‌‍ᠬᠥ᠋ᠮᠦᠵᠢᠯ ᠤᠨ ᠬᠦᠷᠢᠶ᠎ᠡ ᠴᠠᠷᠠᠭ᠎ᠠ ᠳᠤ ᠣᠷᠣᠯᠴᠠᠬᠤ ᠪᠠᠭᠰᠢ ᠎ ᠶᠢᠨ ᠨᠠᠰᠤ ᠎ ᠶᠢ ᠡᠩ ᠤᠨ  ᠪᠠᠶᠢᠳᠠᠯ ᠳᠤ  70  ︵ᠪᠠᠭᠲᠠᠨ᠎ᠠ︶᠎   ᠎ ᠪᠠᠷ ᠬᠢᠵᠠᠭᠠᠷᠯᠠᠨ᠎ᠠ᠃          ᠮᠡᠳᠡᠭᠳᠡᠯ ᠳᠤ᠂ ᠦᠳᠡᠯᠦᠭᠡ ᠨᠠᠰᠤᠨ ᠎ ᠤ ᠪᠠᠭᠰᠢ ᠶᠢᠨ  ᠪᠠᠷᠠᠭᠤᠨ  ᠣᠷᠣᠨ᠂  ᠦᠨᠳᠦᠰᠦᠲᠡᠨ ᠤ  ᠭᠠᠵᠠᠷ  ᠣᠷᠣᠨ ‍ᠤ‌ᠠᠷᠠᠳ ᠠᠴᠠ ᠡᠷᠭᠢᠯᠡᠭᠰᠡᠨ ᠰᠤᠷᠭᠠᠭᠤᠯᠢ ᠳᠤ ᠤᠴᠢᠵᠦ᠂ ᠠᠵᠢᠯ ᠲᠥᠷᠥᠯ᠂ ᠠᠵᠤ  ᠦᠢᠯᠡᠰ᠂  ᠠᠵᠤ  ᠠᠬᠤᠶᠢᠯᠠᠯ ᠳᠤ  ᠪᠠᠴᠢᠮ‌‍ᠱᠠᠭᠠᠷᠳᠠᠭᠳᠠᠬᠤ ᠳᠤᠲᠠᠭᠳᠠᠵᠤ ᠪᠠᠶᠢᠭ᠎ᠠ ᠲᠤᠰᠬᠠᠶ ᠮᠡᠷᠭᠡᠵᠢᠯ ᠳᠤ  ᠣᠷᠣᠯᠴᠠᠵᠤ᠂  ᠠᠷᠠᠳ ᠠᠴᠠ  ᠡᠷᠭᠢᠯᠡᠭᠰᠡᠨ  ᠰᠤᠷᠭᠠᠭᠤᠯᠢ ᠵᠢ‌ᠬᠠᠪᠰᠤᠷᠤᠨ  ᠳᠤᠲᠠᠭᠤᠳᠠᠯ ᠢ ᠨᠢ  ᠨᠥᠬᠦᠪᠥᠷᠢᠯᠡᠵᠦ᠂  ᠪᠠᠭᠤᠷᠠᠶ  ᠲᠠᠯ᠎ᠠ ᠶᠢ ᠨᠢ  ᠬᠦᠴᠦᠷᠬᠡᠭᠵᠢᠭᠦᠯᠵᠦ᠂   ᠶᠠᠰᠤ   ᠴᠢᠨᠠᠷ ᠢ ᠨᠢ‌‍ᠲ᠋ᠡᠭᠡᠭᠰᠢᠯᠡᠭᠦᠯᠬᠦ ᠎ ᠶᠢ  ᠵᠣᠷᠢᠭᠵᠢᠭᠤᠯᠤᠨ᠎ᠡ᠃  ᠠᠷᠠᠳ ᠠᠴᠠ  ᠡᠷᠭᠢᠯᠡᠭᠰᠡᠨ  ᠰᠤᠷᠭᠠᠭᠤᠯᠢ ᠶᠢᠨ  ︽ᠵᠢᠯᠣᠭᠤᠳᠣᠭᠴᠢ  ᠪᠠᠭᠰᠢ ᠵᠢᠨ‌‍ᠲ᠋ᠦ᠋ᠷᠢᠮ︾᠎ ᠢ ᠰᠦᠪᠡᠭᠴᠢᠯᠡᠨ ᠬᠡᠷᠡᠭᠵᠢᠭᠦᠯᠵᠤ᠂ ᠥᠨᠳᠥᠷ ᠬᠡᠪ ᠴᠢᠨᠠᠷ ᠪᠥᠬᠦᠶ ᠦᠳᠡᠯᠦᠭᠡ  ᠨᠠᠰᠤᠨ  ᠎ ᠤ  ᠪᠠᠭᠰᠢ  ᠎ ᠶᠢᠨ  ᠵᠠᠯᠠᠭᠤ‌‍ᠪᠠᠭᠰᠢ ᠶᠢᠨ  ᠵᠢᠯᠣᠭᠤᠳᠣᠭᠴᠢ  ᠪᠣᠯᠵᠤ᠂  ᠪᠠᠭᠰᠢ ᠶᠢᠨ  ᠤᠯᠠᠮᠵᠢᠯᠠᠨ  ᠵᠠᠯᠭᠠᠮᠵᠢᠯᠠᠬᠤ  ᠦᠢᠯᠡᠳᠦᠯ  ᠎ ᠢᠶᠠᠨ  ᠪᠠᠳᠠᠷᠠᠭᠤᠯᠬᠤ  ᠵᠢ‌ᠵᠣᠷᠢᠭᠵᠢᠭᠤᠯᠤᠨ᠎ᠠ ᠭᠡᠵᠦ ᠲᠤᠷᠠᠳᠴᠡᠢ᠃          ᠮᠡᠳᠡᠭᠳᠡᠯ ᠳᠤ᠂ ᠦᠳᠡᠯᠦᠭᠡ ᠨᠠᠰᠤᠨ ᠎ ᠤ ᠪᠠᠭᠰᠢ ᠎ ᠶᠢᠨ ᠲᠤᠰᠠᠯᠠᠨ ᠦᠢᠯᠡᠴᠢᠯᠡᠬᠦ  ᠴᠠᠭ ᠢ  ᠵᠠᠷᠴᠢᠮ  ᠳᠡᠭᠡᠷ᠎ᠡ ᠪᠠᠨ  1ᠰᠤᠷᠤᠯᠭ᠎ᠠ ᠶᠢᠨ ᠵᠢᠯ ᠠᠴᠠ ᠳᠤᠲᠠᠭᠤ ᠥᠬᠡᠶ ᠪᠠᠶᠢᠯᠭᠠᠵᠤ᠂ ᠲᠤᠰᠠᠯᠠᠮᠵᠢ ᠭᠥᠷᠳᠡᠬᠦ ᠰᠤᠷᠭᠠᠭᠤᠯᠢ ᠶᠢᠨ ᠰᠤᠷᠭᠠᠨ ᠬᠥᠮᠦᠵᠢᠯ ᠵᠢᠭᠠᠨ‌‍ᠰᠤᠷᠭᠠᠯᠲᠠ ᠵᠢᠴᠢ ᠬᠠᠮᠢᠶᠠᠷᠤᠯᠲᠠ ᠶᠢᠨ ᠬᠡᠷᠡᠭᠴᠡᠭᠡ ᠶᠢ  ᠦᠨᠳᠦᠰᠦᠯᠡᠨ᠂  ᠳᠡᠮᠵᠢᠬᠦ  ᠠᠵᠢᠯ ᠢ  ᠠᠮᠢᠳᠤᠯᠢᠭ ᠢᠶᠠᠷ  ᠥᠷᠨᠢᠭᠦᠯᠵᠦ ᠪᠣᠯᠤᠨ᠎ᠠ ᠭᠡᠵᠦ ᠲᠤᠳᠤᠷᠬᠠᠶᠢᠯᠠᠪᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2