ᠵᠢᠨᠢᠩ ᠲᠤᠭᠤᠷᠢᠭ ᠤᠨ ᠴᠢᠶᠣᠤ ᠰᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ 
ᠨᠡᠶᠢᠲᠡᠯᠡᠭᠰᠡᠨ ᠴᠠᠭ᠄
2024/3/18
         ᠴᠢᠶᠣᠤ ᠰᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠵᠢᠨᠢᠩ ᠲᠣᠭᠤᠷᠢᠭ ᠤᠨ ᠪᠠᠷᠠᠭᠤᠨ ᠬᠤᠶᠢᠲᠤ  ᠬᠤᠲᠠ ᠬᠥᠳᠡᠭᠡ ᠶᠢᠨ ᠠᠭᠤᠯᠵᠠᠷ ᠬᠡᠰᠡᠭ ᠲᠤ ᠪᠠᠶᠢᠷᠢᠯᠠᠵᠤ᠂ ᠵᠡᠭᠦᠨᠰᠢ ᠪᠠᠨ ᠡᠮᠦᠨ᠎ᠡ ᠤᠮᠠᠷ᠎ᠠ ᠶᠢᠨ ᠨᠦᠬᠡᠨ ᠵᠠᠮ ᠳᠡᠭᠡᠷᠡᠬᠢ ᠵᠢᠩ ᠪᠦᠦ ᠱᠤᠭᠤᠮ ᠠᠴᠠ ᠡᠬᠢᠯᠡᠨ᠂ ᠪᠠᠷᠠᠭᠤᠨᠰᠢ ᠤ  ᠪᠦᠸᠧ ᠯᠢ ᠲᠤ ᠲᠣᠰᠬᠤᠨ ᠲᠠᠢ ᠵᠠᠬ᠎ᠠ ᠨᠡᠶᠢᠯᠡᠵᠦ᠂ ᠡᠮᠦᠨ᠎ᠡ ᠨᠢ ᠰᠢᠨ ᠬᠤᠸᠠ ᠵᠡᠭᠡᠯᠢ ᠪᠠᠷ ᠵᠠᠭᠠᠭ ᠪᠣᠯᠭᠠᠵᠤ  ᠂ ᠰᠢᠨ ᠬᠤᠸᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠠᠢ ᠬᠥᠷᠰᠢᠯᠡᠨ᠂ ᠤᠮᠠᠷᠠᠰᠢ ᠪᠡᠭᠡᠵᠢᠩ ᠠᠴᠠ ᠪᠤᠭᠤᠲᠤ ᠬᠦᠷᠬᠦ ᠲᠡᠮᠦᠷ ᠵᠠᠮ ᠤᠨ ᠱᠤᠭᠤᠮ ︵ᠲᠡᠮᠦᠷ ᠵᠠᠮ ᠤᠨ ᠪᠠᠷᠠᠭᠠᠨ ᠤ ᠲᠠᠯᠠᠪᠠᠶ︶ ᠪᠣᠯᠤᠨ᠎ᠠ᠃ ᠬᠠᠷᠢᠶ᠎ᠠ ᠣᠷᠣᠨ ᠤ ᠲᠠᠯᠠᠪᠠᠶ ᠨᠢ 2.65 ᠲᠡᠭᠰᠢ ᠳᠥᠷᠪᠡᠯᠵᠢᠨ ᠺᠢᠯᠣᠮᠧᠲᠷ᠂ ᠬᠠᠷᠢᠶ᠎ᠠ ᠣᠷᠣᠨ ᠤ ᠪᠥᠬᠦ ᠡᠷᠦᠬᠡ  ᠶᠢᠨ ᠲᠤᠭ᠎ᠠ ᠨᠢ 9010᠂ ᠪᠥᠬᠦ ᠬᠥᠮᠦᠨ ᠠᠮᠠ ᠨᠢ 22489 ᠪᠠᠶᠢᠨ᠎ᠠ᠃ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ ᠨᠠᠮ ᠵᠠᠰᠠᠭ ᠤᠨ ᠶᠡᠷᠦᠩᠬᠡᠶᠢᠯᠡᠭᠰᠡᠨ ᠠᠯᠪᠠᠨ ᠭᠡᠷ᠂ ᠶᠡᠷᠦᠩᠬᠡᠶᠢᠯᠡᠨ ᠵᠠᠰᠠᠬᠤ ᠠᠯᠪᠠᠨ ᠭᠡᠷ ᠭᠠᠷᠭᠠᠵᠤ᠂ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠠᠯᠪᠠᠨ ᠭᠡᠷ᠂ ᠡᠷᠡᠭᠦᠯ ᠬᠠᠮᠠᠭᠠᠯᠠᠯ ᠤᠨ ᠲᠥᠯᠥᠪᠯᠡᠭᠡ ᠶᠢᠨ ᠠᠯᠪᠠᠨ ᠭᠡᠷ᠂ ᠠᠷᠠᠳ ᠤᠨ ᠶᠠᠪᠤᠳᠠᠯ ᠤᠨ ᠠᠯᠪᠠᠨ ᠭᠡᠷ᠂ ᠠᠷᠠᠳ ᠤᠨ ᠠᠮᠢᠳᠤᠷᠠᠯ ᠤᠨ ᠦᠶᠯᠡᠴᠢᠯᠡᠭᠡᠨ ᠤ ᠲᠠᠩᠬᠢᠮ ᠬᠥᠳᠡᠯᠮᠦᠷᠢ ᠪᠠᠲᠤᠯᠠᠭ᠎ᠠ ᠶᠢᠨ ᠲᠠᠪᠴᠠᠩ ᠤᠨ ᠳᠣᠤᠷ᠎ᠠ ᠨᠢ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ 6 ᠪᠠᠶᠢᠭᠤᠯᠤᠨ᠎ᠠ᠃ ᠲᠣᠰ ᠲᠣᠰ ᠲᠦᠩ ᠵᠢᠶᠠ ᠨᠡᠶᠢᠭᠡᠮ ᠲᠣᠭᠤᠷᠢᠭ᠂ ᠬᠤᠲᠣᠩ ᠠᠷᠠᠳ ᠤᠨ ᠨᠡᠶᠢᠭᠡᠮ ᠲᠣᠭᠤᠷᠢᠭ᠂ ᠮᠠ ᠴᠢᠶᠣᠤ ᠵᠡᠭᠡᠯᠢ ᠶᠢᠨ ᠨᠡᠶᠢᠭᠡᠮ ᠲᠣᠭᠤᠷᠢᠭ᠂ ᠤᠮᠠᠷᠠᠲᠤ ᠡᠳ᠋ ᠤᠨ ᠵᠠᠰᠠᠭ ᠵᠡᠭᠡᠯᠢ ᠶᠢᠨ ᠨᠡᠶᠢᠭᠡᠮ ᠲᠣᠭᠤᠷᠢᠭ᠂  ᠯᠢᠶᠠᠩ ᠶᠦᠸᠠᠨ  ᠵᠠᠮ ᠤᠨ ᠨᠡᠶᠢᠭᠡᠮ ᠲᠣᠭᠤᠷᠢᠭ᠂  ᠪᠸᠢ ᠭᠤᠸᠠᠨ ᠹᠠᠨᠭ᠌ ᠨᠡᠶᠢᠭᠡᠮ ᠲᠣᠭᠤᠷᠢᠭ ᠪᠣᠯᠤᠨ᠎ᠠ᠃ ᠰᠠᠭᠤᠭᠠᠯᠢ ᠠᠷᠠᠳ ᠤᠨ ᠲᠣᠣᠷᠯᠢᠭ 30 ᠪᠤᠢ᠃ ᠬᠠᠷᠢᠶᠠᠲᠤ ᠣᠷᠣᠨ ᠤ ᠳᠣᠲᠣᠷᠠᠬᠢ ᠡᠯ᠎ᠡ ᠲᠥᠷᠥᠯ ᠤᠨ ᠠᠵᠤ ᠠᠬᠤᠶᠢᠯᠠᠯ ᠠᠵᠢᠯ ᠦᠶᠯᠡᠰ ᠤᠨ ᠨᠢᠭᠡᠴᠡ 20 ᠪᠠᠶᠢᠵᠤ᠂ ᠡᠭᠦᠨ ᠳᠤ 3 ᠰᠤᠷᠭᠠᠭᠤᠯᠢ ᠪᠣᠶ᠃       ᠬᠠᠶ᠋ᠢᠭ  ᠄ ᠰᠢᠨᠬᠤᠸᠠ ᠵᠡᠭᠡᠯᠢ ᠶᠢᠨ  ᠰᠢᠩ ᠲᠤ ᠭᠤᠳᠤᠮᠵᠢ ᠶᠢᠨ 6 ᠳ᠋ᠤᠭᠠᠷ ᠲᠣᠭᠠᠲᠤ      ᠠᠵᠢᠯᠯᠠᠬᠤ ᠴᠠᠭ᠄  ᠦᠳᠡ ᠶᠢᠨ  ᠡᠮᠦᠨ᠎ᠡ  9᠄ 00-12᠄ 00 ᠦᠳᠡ ᠶᠢᠨ  ᠬᠤᠢᠢᠨ᠎ᠠ14᠄ 30-18᠄ 00      ᠬᠠᠷᠢᠯᠴᠠᠬᠤ ᠤᠲᠠᠰᠤ᠄ 0474 — 8987902      ᠢᠮᠧᠯ᠄ qxbbgs@163.com      ᠬᠠᠷᠢᠭᠤᠴᠠᠯᠭᠠᠲᠠᠨ᠄  ᠵᠠᠡᠭ ᠰᠢᠶᠤᠤ ᠬᠤᠢ
 
ᠢᠷᠡᠯᠲᠡ᠄ ᠵᠢᠨᠢᠡᠭ ᠲᠤᠭᠤᠷᠢᠭ  ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2