ᠵᠢᠨᠢᠩ ᠲᠣᠭᠤᠷᠢᠭ ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠬᠦᠷᠢᠶᠡᠨ ᠳᠠᠬᠢ ᠵᠠᠰᠠᠭ ᠪᠠᠩᠬᠢ ᠠᠵᠤ ᠠᠬᠤᠶᠢᠯᠠᠯ ᠤᠨ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/18
705470.jpg
    3 ᠰᠠᠷ᠎ᠠ ᠶᠢᠨ 15᠎ ᠤ ᠡᠳᠦᠷ ᠤᠨ ᠦᠳᠡ ᠶᠢᠨ ᠡᠮᠦᠨ᠎ᠡ᠂ ᠵᠢᠨᠢᠩ ᠲᠣᠭᠤᠷᠢᠭ ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠬᠦᠷᠢᠶᠡᠨ ᠳᠠᠬᠢ ᠵᠠᠰᠠᠭ ᠪᠠᠩᠬᠢ ᠠᠵᠤ ᠠᠬᠤᠶᠢᠯᠠᠯ ᠤᠨ ᠶᠠᠷᠢᠯᠴᠠᠬᠤ ᠬᠤᠷᠠᠯ ᠬᠤᠷᠠᠯᠳᠤᠭᠤᠯᠵᠤ᠂ ᠵᠠᠰᠠᠭ ᠪᠠᠩᠬᠢ ᠠᠵᠤ ᠠᠬᠤᠶᠢᠯᠠᠯ ᠤᠨ ᠨᠡᠪᠲᠡᠷᠡᠯᠴᠡᠭᠡ ᠰᠣᠯᠢᠯᠴᠠᠭᠠᠨ ᠤ ᠲᠠᠪᠴᠠᠩ ᠢ ᠨᠢᠭᠤᠷᠲᠠᠨ ᠪᠠᠶᠢᠭᠤᠯᠵᠤ᠂ ᠬᠠᠮᠲᠤᠷᠠᠯᠴᠠᠭᠠᠨ ᠤ ᠠᠷᠭ᠎ᠠ ᠵᠠᠮ ᠢ ᠤᠯᠠᠮ ᠨᠢᠭᠡ ᠠᠯᠬᠤᠮ ᠰᠢᠯᠤᠭᠤᠳᠬᠠᠨ᠂ ᠠᠵᠤ ᠠᠬᠤᠶᠢᠯᠠᠯ ᠳᠤ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠦᠨᠡᠨ ᠬᠦ ᠰᠢᠶᠳᠪᠦᠷᠢᠯᠡᠵᠦ᠂ ᠬᠠᠷᠢᠯᠴᠠᠨ ᠠᠰᠢᠭᠲᠠᠶ ᠬᠠᠮᠲᠤᠷᠠᠯᠴᠠᠭ᠎ᠠ ᠪᠠ ᠬᠠᠮᠲᠤ ᠶᠢᠨ ᠬᠥᠭᠵᠢᠯᠲᠡ ᠶᠢ ᠠᠬᠢᠭᠤᠯᠪᠠ᠃ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ     ᠺᠠᠩ ᠬᠠᠶ ᠷᠦᠢ ᠶᠠᠷᠢᠯᠴᠠᠬᠤ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃ ᠬᠤᠷᠠᠯ ᠳᠡᠭᠡᠷ᠎ᠡ᠂ ᠶᠠᠩ ᠶᠦᠩ ᠵᠢᠨᠢᠩ ᠲᠣᠭᠤᠷᠢᠭ ᠤᠨ ︽  ᠨᠤᠷᠠᠭᠠᠨ ᠨᠠᠬᠦᠯᠭᠡᠬᠦ ᠎ ᠳᠤ ᠬᠦᠴᠢᠷᠲᠡᠢ︾᠂ ︽ᠣᠷᠣᠵᠤ ᠰᠠᠭᠤᠬᠤ ᠳᠤ ᠬᠦᠴᠢᠷᠲᠡᠢ︾ ᠠᠰᠠᠭᠤᠳᠠᠯ ᠢ ᠰᠢᠢᠳᠪᠦᠷᠢᠯᠡᠭᠡᠳ ᠣᠯᠤᠭᠰᠠᠨ ᠦᠷ᠎ᠡ ᠪᠦᠲᠦᠮᠵᠢ ᠶᠢ ᠮᠡᠳᠡᠭᠳᠡᠭᠰᠡᠨ ᠪᠥᠭᠡᠳ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ᠃ ᠬᠡᠰᠡᠭ ᠠᠵᠤ ᠠᠬᠤᠶᠢᠯᠠᠯ᠂ ᠮᠥᠩᠭᠦᠨ ᠭᠦᠶᠯᠭᠡᠭᠡᠨ ᠤ ᠪᠠᠶᠢᠭᠤᠯᠤᠮᠵᠢ ᠶᠢᠨ ᠲᠥᠯᠥᠭᠡᠯᠡᠭᠴᠢ ᠪᠣᠯᠤᠨ ᠲᠤᠭᠤᠷᠢᠭ ᠤᠨ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠢ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠪᠣᠯᠤᠨ ᠠᠵᠢᠯ ᠤᠨ ᠳᠤᠮᠳᠠ ᠲᠤᠯᠭᠠᠷᠠᠭᠰᠠᠨ ᠬᠦᠴᠢᠷᠳᠡᠯ ᠲᠠᠢ ᠠᠰᠠᠭᠤᠳᠠᠯ᠂ ᠠᠵᠤ ᠠᠬᠤᠶᠢᠯᠠᠯ ᠤᠨ ᠡᠵᠡᠩᠨᠡᠯᠲᠡ᠂ ᠪᠠᠯᠠ ᠲᠣᠬᠢᠷᠠᠭᠤᠯᠭ᠎ᠠ ᠶᠢᠨ ᠬᠡᠷᠡᠭᠴᠡᠭᠡ ᠱᠠᠭᠠᠷᠳᠠᠯᠭ᠎ᠠ ᠵᠢᠴᠢ ᠮᠥᠩᠭᠦᠨ ᠭᠦᠶᠯᠭᠡᠭᠡᠨ ᠤ ᠳᠡᠮᠵᠢᠯᠭᠡ ᠵᠡᠷᠭᠡ ᠲᠠᠯ᠎ᠠ ᠶᠢᠨ ᠲᠣᠭᠤᠷᠢᠨ ᠳᠤ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠪᠠ᠃     ᠬᠤᠷᠠᠯ ᠠᠴᠠ ᠵᠢᠭᠠᠭᠰᠠᠨ ᠨᠢ ᠂ ᠮᠥᠩᠭᠦᠨ ᠭᠦᠢᠯᠭᠡᠭᠡ ᠪᠣᠯ ᠤᠯᠤᠰ ᠠᠷᠠᠳ ᠤᠨ ᠠᠵᠤ ᠠᠬᠤᠶ ᠶᠢᠨ ᠠᠮᠢᠨ ᠰᠤᠳᠠᠰᠤ ᠮᠥᠨ᠂ ᠭᠡᠷ ᠪᠠᠶᠢᠰᠢᠩ ᠭᠠᠵᠠᠷ ᠰᠢᠷᠣᠶ ᠶᠢᠨ ᠬᠦᠷᠦᠩᠭᠡ ᠪᠣᠯ ᠰᠢᠶᠠᠨ ᠤ ᠬᠡᠪᠴᠢᠶᠡᠨ ᠤ ᠠᠵᠤ ᠠᠬᠤᠶ ᠶᠢᠨ ᠬᠥᠭᠵᠢᠯᠲᠡ ᠶᠢᠨ ᠴᠢᠬᠤᠯᠠ ᠲᠦᠰᠢᠭ ᠲᠤᠯᠭᠠᠭᠤᠷᠢ ᠮᠥᠨ᠃ ᠠᠵᠤ ᠦᠶᠯᠡᠳᠪᠦᠷᠢ ᠶᠢᠨ ᠠᠵᠤ ᠠᠬᠤᠶ ᠶᠢᠨ ᠬᠥᠭᠵᠢᠯᠲᠡ ᠶᠢ ᠳᠠᠭᠠᠯᠳᠤᠨ᠂ ᠰᠤᠷᠭᠠᠨ ᠬᠥᠮᠦᠵᠢᠯ ᠡᠮᠴᠢᠯᠡᠭᠡ ᠨᠠᠰᠤᠵᠢᠯ ᠤᠨ ᠠᠰᠠᠷᠠᠮᠵᠢ ᠵᠡᠷᠭᠡ ᠰᠠᠭᠤᠷᠢ ᠢᠵᠢ ᠪᠥᠷᠢᠳᠦᠭᠰᠡᠨ ᠲᠥᠬᠦᠭᠡᠷᠦᠮᠵᠢ ᠲᠡᠭᠦᠯᠳᠡᠷᠵᠢᠵᠦ᠂ ᠬᠥᠮᠦᠰ ᠤᠨ ᠣᠷᠣᠰᠢᠨ ᠰᠠᠭᠤᠬᠤ ᠣᠷᠴᠢᠨ ᠨᠥᠬᠦᠴᠡᠯ ᠰᠢᠯᠢᠳᠡᠭᠵᠢᠵᠦ᠂ ᠵᠢᠨᠢᠩ ᠲᠣᠭᠤᠷᠢᠭ ᠤᠨ ᠬᠥᠭᠵᠢᠯᠲᠡ ᠶᠢᠨ ᠬᠠᠨᠳᠤᠰᠢ ᠰᠠᠷᠠᠭᠤᠯ ᠠᠭᠤᠳᠠᠮ ᠪᠠᠶᠢᠵᠤ᠂ ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠨᠡᠭᠡᠭᠡᠨ ᠬᠥᠭᠵᠢᠭᠦᠯᠦᠯᠲᠡ ᠨᠡᠯᠢᠶᠡᠳ ᠶᠡᠭᠡ ᠳᠠᠯᠳᠠ ᠬᠦᠴᠦᠨ ᠪᠠ ᠣᠷᠣᠨ ᠵᠠᠶ ᠲᠠᠢ ᠪᠣᠯᠪᠠ᠃ ᠢᠷᠡᠭᠡᠳᠦᠢ ᠶᠢᠨ ᠪᠠᠶᠢᠳᠠᠯ ᠢ ᠡᠵᠡᠮᠳᠡᠵᠦ᠂ ᠬᠥᠭᠵᠢᠯᠲᠡ ᠶᠢᠨ ᠢᠲᠡᠭᠡᠯ ᠵᠣᠷᠢᠭ ᠢᠶᠠᠨ ᠨᠡᠮᠡᠭᠳᠡᠭᠦᠯᠵᠦ᠂ ᠡᠭᠦᠷᠭᠡ ᠴᠢᠳᠠᠪᠬᠢᠳᠦ ᠰᠠᠯᠠᠭ᠎ᠠ ᠮᠥᠴᠢᠷ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠣᠯᠤᠨ ᠭᠡᠷ ᠪᠠᠶᠢᠰᠢᠩ ᠭᠠᠵᠠᠷ ᠬᠦᠷᠦᠩᠭᠡ ᠶᠢᠨ ᠠᠵᠤ ᠠᠬᠤᠶᠢᠯᠠᠯ ᠤᠨ ᠲᠤᠰ ᠲᠤᠰ ᠤᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ᠂ ᠰᠠᠶᠢᠨ ᠰᠠᠶᠢᠬᠠᠨ ᠬᠥᠭᠵᠢᠯᠲᠡ ᠶᠢᠨ ᠪᠠᠶᠢᠳᠠᠯ ᠢ ᠪᠦᠷᠢᠯᠳᠦᠭᠦᠯᠬᠦ ᠬᠡᠷᠡᠭᠲᠡᠢ᠃     ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠮᠥᠩᠭᠦᠨ ᠭᠦᠶᠯᠭᠡᠭᠡᠨ ᠤ ᠪᠠᠶᠢᠭᠤᠯᠤᠮᠵᠢ ᠨᠢ ᠡᠯ᠎ᠡ ᠵᠦᠶᠯ ᠤᠨ ᠲᠥᠷᠥ ᠶᠢᠨ ᠪᠣᠳᠣᠯᠭ᠎ᠠ ᠶᠢ ᠣᠨᠣᠪᠴᠢᠲᠠᠶ ᠡᠵᠡᠮᠳᠡᠵᠦ᠂ ᠬᠡᠷ ᠪᠠᠶᠢᠰᠢᠩ ᠭᠠᠵᠠᠷ ᠬᠥᠷᠥᠩᠭᠡ ᠶᠢᠨ ᠠᠵᠤ ᠠᠬᠤᠶᠢᠯᠠᠯ ᠯᠤᠭ᠎ᠠ ᠵᠣᠯᠭᠠᠯᠳᠤᠭᠤᠯᠤᠨ ᠰᠣᠯᠢᠯᠴᠠᠬᠤ ᠶᠢ ᠴᠢᠩᠭᠠᠳᠬᠠᠵᠤ᠂ ᠨᠠᠷᠢᠯᠢᠭ ᠣᠨᠣᠴᠠᠲᠠᠶ ᠪᠠᠷ ︽ᠨᠡᠷᠡᠰ ᠤᠨ ᠵᠢᠭᠰᠠᠭᠠᠯ‌‍ᠲ᠋ᠠᠩᠰᠠ︾᠎ ᠶᠢ ᠪᠠᠶᠢᠭᠤᠯᠵᠤ᠂ ᠰᠠᠨᠠᠭᠠᠴᠢᠯᠠᠭ᠎ᠠ ᠠᠴᠠ ᠪᠠᠨ ᠵᠢᠭᠡᠯᠡᠯᠭᠡ ᠤᠯᠬᠤ ᠪᠠ ᠨᠠᠶᠢᠳᠠᠪᠤᠷᠢᠵᠢᠭᠤᠯᠬᠤ ᠳᠤ ᠬᠠᠪᠰᠤᠷᠴᠤ᠂ ᠨᠠᠩ ᠬᠦᠴᠦᠲᠡᠶ ᠮᠥᠩᠭᠦᠨ ᠭᠦᠶᠯᠭᠡᠭᠡᠨ ᠤ ᠳᠡᠮᠵᠢᠯᠭᠡ ᠶᠢ ᠴᠠᠭ ᠲᠤᠬᠠᠶ ᠳᠤᠨᠢ ᠬᠠᠩᠭᠠᠬᠤ ᠬᠡᠷᠡᠭᠲᠡᠶ᠃ ᠡᠯ᠎ᠡ ᠬᠡᠷ ᠪᠠᠶᠢᠰᠢᠩ ᠭᠠᠵᠠᠷ ᠬᠥᠷᠥᠩᠭᠡ ᠶᠢᠨ ᠠᠵᠤ ᠠᠬᠤᠶᠢᠯᠠᠯ ᠤᠳ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠢ ᠵᠠᠪᠳᠤᠨ ᠠᠳᠬᠤᠵᠤ᠂ ᠳᠣᠲᠣᠭᠠᠳᠤ ᠶᠢᠨ ᠬᠠᠮᠢᠶᠠᠷᠤᠯᠲᠠ ᠪᠠᠨ ᠴᠢᠩᠭᠠᠳᠬᠠᠨ᠂ ᠬᠥᠭᠵᠢᠯᠲᠡ ᠶᠢᠨ ᠪᠣᠳᠠᠲᠤ ᠬᠦᠴᠦᠨ ᠢᠶᠠᠨ ᠳᠡᠭᠡᠭᠰᠢᠯᠡᠭᠦᠯᠵᠦ᠂ ᠬᠠᠤᠯᠢ ᠶᠣᠰᠣᠭᠠᠷ ᠦᠨᠡᠨᠴᠢ ᠢᠲᠡᠭᠡᠮᠵᠢᠲᠡᠶ ᠪᠠᠷ ᠡᠵᠡᠩᠨᠡᠵᠦ᠂ ᠮᠥᠩᠭᠦᠨ ᠭᠦᠶᠯᠭᠡᠭᠡᠨ ᠤ ᠪᠠᠶᠢᠭᠤᠯᠤᠮᠵᠢ ᠶᠢᠨ ᠨᠠᠩ ᠶᠡᠭᠡ ᠳᠡᠮᠵᠢᠯᠭᠡ ᠶᠢ ᠤᠯᠬᠤ ᠪᠠᠷ ᠡᠯ᠎ᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠳ ᠪᠠᠩᠬᠢ ᠪᠠ ᠠᠵᠤ ᠠᠬᠤᠶᠢᠯᠠᠯ ᠢ ᠵᠣᠯᠭᠠᠭᠤᠯᠤᠨ ᠰᠣᠯᠢᠯᠴᠠᠬᠤ ᠬᠤᠯᠪᠣᠭᠠᠴᠢᠨ ᠪᠤᠯᠵᠤ᠂ ᠮᠥᠩᠭᠦᠨ ᠭᠦᠢᠯᠭᠡᠭᠡᠨ ᠤ ᠠᠵᠢᠯ ᠢ ᠰᠠᠨᠠᠭᠠᠴᠢᠯᠠᠭ᠎ᠠ ᠠᠴᠠ ᠪᠠᠨ ᠬᠠᠯᠠᠮᠵᠢᠯᠠᠨ ᠲᠡᠮᠵᠢᠵᠤ᠂ ᠠᠵᠤ ᠠᠬᠤᠶᠢᠯᠠᠯ ᠢ ᠬᠠᠪᠰᠤᠷᠤᠨ ᠪᠣᠳᠠᠲᠠᠶ ᠬᠦᠴᠢᠷᠳᠡᠯ ᠢ ᠨᠢ ᠰᠢᠶᠳᠪᠦᠷᠢᠯᠡᠨ ᠥᠭᠴᠦ᠂ ᠡᠯ᠎ᠡ ᠵᠦᠢᠯ ᠤᠨ ᠲᠡᠳᠬᠦᠨ ᠳᠡᠮᠵᠢᠬᠦ ᠲᠦᠷᠦ ᠶᠢᠨ ᠪᠤᠳᠤᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠬᠤᠶᠠᠷ ᠲᠠᠯ᠎ᠠ ᠶᠢᠨ ᠮᠡᠳᠡᠭᠡ ᠵᠠᠩᠭᠢ ᠰᠠᠭᠠᠳ ᠦᠭᠡᠢ ᠨᠡᠪᠲᠡᠷᠡᠬᠦ ᠶᠢ ᠠᠬᠢᠭᠤᠯᠵᠤ᠂ ᠵᠠᠰᠠᠭ ᠪᠠᠩᠬᠢ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠳᠤ ᠬᠠᠮᠲᠤ ᠪᠠᠷ ᠠᠰᠢᠭ ᠬᠦᠷᠳᠡᠬᠦ ᠰᠠᠶᠢᠨ ᠰᠠᠶᠢᠬᠠᠨ ᠣᠷᠴᠢᠨ ᠨᠥᠬᠦᠴᠡᠯ ᠢ ᠪᠤᠢ ᠪᠣᠯᠭᠠᠵᠤ ᠥᠭᠬᠦ ᠬᠡᠷᠡᠭᠲᠡᠶ᠃      ᠲᠤᠭᠤᠷᠢᠭ ᠤᠨ ᠤᠳᠤᠷᠢᠳᠤᠯᠭ᠎ᠠ ᠶᠠᠩ ᠶᠦᠩ ᠵᠢᠴᠢ  ᠲᠤᠭᠤᠷᠢᠭ ᠤᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠬᠡᠰᠡᠭ ᠪᠠᠩᠬᠢ ᠪᠣᠯᠤᠨ ᠭᠡᠷ ᠪᠠᠶᠢᠰᠢᠩ ᠭᠠᠵᠠᠷ  ᠬᠦᠷᠦᠩᠭᠡ ᠶᠢᠨ ᠠᠵᠤ ᠠᠬᠤᠶᠢᠯᠠᠯ ᠤᠨ ᠲᠥᠯᠥᠭᠡᠯᠡᠭᠴᠢ ᠶᠠᠷᠢᠯᠴᠠᠬᠤ ᠬᠤᠷᠠᠯ ᠳᠤ ᠣᠷᠣᠯᠴᠠᠪᠠ᠃          ᠨᠠᠶᠢᠷᠠᠭᠤᠯᠤᠭᠴᠢ᠄ ᠴᠢᠶᠤᠤ ᠮᠢᠨ ᠮᠢᠨ᠂ ᠸᠠᠩ ᠵᠢᠩ ᠵᠢᠩ     ᠵᠢᠷᠤᠭ᠄ ᠴᠢᠶᠤᠤ ᠮᠢᠨ ᠮᠢᠨ᠂ ᠸᠠᠩ ᠵᠢᠩ ᠵᠢᠩ     ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2