ᠵᠠᠩ ᠶᠦᠩ ᠸᠧᠨ ᠪᠦᠯᠬᠦᠮ ᠳᠠᠭᠠᠭᠤᠯᠤᠨ ᠪᠡᠭᠡᠵᠢᠩ᠂ ᠵᠢᠶᠠᠩᠰᠦ ᠳᠤ ᠬᠦᠷᠴᠦ ᠲᠦᠷᠦᠯ ᠵᠦᠢᠯ ᠤᠨ ᠰᠢᠨᠵᠢᠯᠡᠨ ᠪᠠᠶᠢᠴᠠᠭᠠᠯᠲᠠ ᠵᠢᠴᠢ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠥᠷᠨᠢᠭᠦᠯᠵᠡᠢ
ᠨᠡᠶᠢᠲᠡᠯᠡᠭᠰᠡᠨ ᠴᠠᠭ᠄
2024/3/18
705470.jpg
    3 ᠰᠠᠷ᠎ᠠ ᠶᠢᠨ 14᠎ ᠤ ᠡᠳᠦᠷ ᠠᠴᠠ 15᠎ ᠤ ᠡᠳᠦᠷ ᠪᠣᠯᠲᠠᠯ᠎ᠠ᠂ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠵᠠᠩ ᠶᠦᠩ ᠸᠧᠨ ᠪᠦᠯᠬᠦᠮ ᠳᠠᠭᠠᠭᠤᠯᠤᠨ ᠪᠡᠭᠡᠵᠢᠩ᠂ ᠵᠢᠶᠠᠩᠰᠦ ᠳᠤ ᠬᠦᠷᠴᠦ ᠲᠦᠷᠦᠯ ᠵᠦᠢᠯ ᠤᠨ ᠰᠢᠨᠵᠢᠯᠡᠨ ᠪᠠᠶᠢᠴᠠᠭᠠᠯᠲᠠ ᠬᠢᠬᠦ ᠵᠢᠴᠢ ᠠᠷᠠᠯᠵᠢᠶᠠᠴᠢᠨ ᠤᠷᠢᠵᠤ ᠪᠡᠯᠡ ᠮᠥᠩᠭᠦ ᠲᠠᠲᠠᠵᠤ᠂ ᠭᠤᠣᠯᠳᠠᠯᠭ᠎ᠠ ᠲᠠᠢ ᠠᠵᠤ ᠠᠬᠤᠶᠢᠯᠠᠯ ᠲᠠᠢ ᠠᠭᠤᠯᠵᠠᠵᠤ᠂ ᠬᠠᠮᠲᠤᠷᠠᠯᠴᠠᠭᠠᠨ ᠤ ᠲᠦᠷᠦᠯ ᠵᠦᠢᠯ ᠢ ᠵᠣᠯᠭᠠᠭᠤᠯᠵᠤ᠂ ᠬᠠᠮᠲᠤᠷᠠᠯᠴᠠᠭᠠᠨ ᠤ ᠬᠦᠷᠢᠶ᠎ᠠ ᠶᠢ ᠭᠦᠨᠵᠡᠭᠡᠶᠢᠷᠡᠭᠦᠯᠦᠨ ᠥᠷᠭᠡᠳᠬᠡᠵᠦ᠂ ᠵᠢᠨᠢᠩ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠳᠤ ᠦᠨᠡᠨᠬᠦ ᠬᠦᠴᠦᠨ ᠴᠢᠳᠠᠯ ᠢ  ᠬᠤᠷᠠᠮᠳᠤᠭᠤᠯᠵᠠᠢ᠃     ᠵᠠᠩ ᠶᠦᠩ ᠸᠧᠨ ᠨᠠᠷ ᠪᠡᠭᠡᠵᠢᠩ ᠳᠤ ᠬᠦᠷᠴᠦ᠂  ᠹᠦ᠋ ᠷᠦᠢ ᠡᠮ ᠡᠮᠨᠡᠯᠭᠡ ᠶᠢᠨ ᠰᠢᠨᠵᠢᠯᠡᠬᠦ ᠤᠬᠠᠭᠠᠨ ᠮᠡᠷᠭᠡᠵᠢᠯ᠂ ᠵᠦᠩ ᠬᠤᠩ ᠤᠶᠤᠨ ᠤᠬᠠᠭᠠᠨ ᠤ ᠬᠠᠷᠢᠭᠤᠴᠠᠯᠭᠠᠲᠠᠨ ᠲᠠᠢ ᠭᠤᠣᠯᠳᠠᠯᠭ᠎ᠠ ᠲᠠᠢ ᠪᠠᠷ ᠡᠮ ᠡᠮᠨᠡᠯᠭᠡ ᠡᠷᠡᠭᠦᠯ ᠬᠠᠮᠠᠭᠠᠯᠠᠯ᠂ ᠲᠤᠮᠤ ᠳ᠋ᠠᠶᠢᠲ᠋ᠠ ᠶᠢᠨ ᠠᠵᠤ ᠦᠢᠯᠡᠰ ᠵᠡᠷᠭᠡ ᠶᠢᠨ ᠲᠣᠭᠤᠷᠢᠨ ᠳᠤ ᠰᠠᠨᠠᠯ ᠵᠶ᠋ᠠᠨ‌‍ᠰᠣᠯᠢᠯᠴᠠᠵᠤ᠂ ᠬᠤᠶᠠᠷ ᠠᠵᠤ ᠠᠬᠤᠶᠢᠯᠠᠯ ᠤᠨ ᠠᠵᠤ ᠦᠢᠯᠡᠰ ᠤᠨ ᠲᠥᠯᠥᠪᠵᠢᠭᠦᠯᠭᠡ᠂ ᠵᠠᠬ᠎ᠠ ᠳᠡᠯᠭᠡᠭᠦᠷ ᠤᠨ ᠥᠷᠭᠡᠵᠢᠯ ᠵᠡᠷᠭᠡ ᠪᠠᠶᠢᠳᠠᠯ ᠢ ᠰᠣᠨᠣᠰᠴᠤ᠂ ᠠᠵᠤ ᠠᠬᠤᠶᠢᠯᠠᠯ ᠤᠨ ᠪᠡᠯᠡ ᠣᠷᠣᠭᠤᠯᠤᠯᠲᠠ ᠶᠢᠨ ᠡᠷᠴᠢᠮ ᠢᠶᠠᠨ ᠲᠠᠰᠤᠷᠠᠯᠳᠡ ᠦᠭᠡᠢ ᠴᠢᠩᠭᠠᠷᠠᠭᠤᠯᠤᠭᠰᠠᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ ᠬᠡᠯᠡᠬᠦ ᠳᠡᠭᠡᠨ᠂ ᠵᠢᠨᠢᠩ ᠲᠣᠭᠤᠷᠢᠭ ᠤᠨ ᠬᠢᠨ ᠦᠶᠯᠡᠴᠢᠯᠡᠭᠡᠨ ᠤ ᠪᠠᠲᠤᠯᠠᠭ᠎ᠠ ᠶᠢᠨ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠰᠠᠨᠠᠭᠠᠴᠢᠯᠠᠭ᠎ᠠ ᠠᠴᠠ ᠪᠠᠨ ᠠᠵᠤ ᠠᠬᠤᠶᠢᠯᠠᠯ ᠤᠨ ᠬᠦᠴᠢᠷ ᠵᠣᠪᠠᠭᠤᠷᠢ ᠶᠢ ᠰᠢᠶᠳᠪᠦᠷᠢᠯᠡᠨ ᠥᠭᠴᠦ᠂ ᠲᠥᠷᠥᠯ ᠵᠦᠶᠯ ᠤᠨ ᠤᠷᠤᠭᠰᠢᠲᠠᠶ ᠪᠥᠲᠥᠭᠡᠨ ᠪᠠᠶᠢᠭᠤᠯᠤᠯᠲᠠ ᠪᠠ ᠠᠵᠤ ᠠᠬᠤᠶᠢᠯᠠᠯ ᠤᠨ ᠬᠥᠭᠵᠢᠯᠲᠡ ᠶᠢ ᠠᠬᠢᠭᠤᠯᠵᠤ᠂ ᠬᠤᠶᠠᠷ ᠲᠠᠯ᠎ᠠ ᠪᠠᠷ ᠢᠶᠠᠨ ᠬᠠᠮᠲᠤᠷᠠᠨ ᠠᠵᠢᠯᠯᠠᠵᠤ ᠬᠠᠮᠲᠤ ᠪᠠᠷ ᠠᠰᠢᠭ ᠭᠥᠷᠳᠡᠬᠦ ᠶᠢ ᠴᠢᠷᠮᠠᠶᠢᠨ ᠪᠡᠶᠡᠯᠡᠭᠦᠯᠦᠨ᠎ᠡ ᠭᠡᠵᠡᠶ     ᠵᠠᠩ ᠶᠦᠩ ᠸᠧᠨ ᠨᠠᠷ ᠵᠢᠶᠠᠩᠰᠦ ᠳᠤ  ᠬᠦᠷᠴᠦ ᠂ ᠨᠠᠨ ᠳ᠋ᠠ ᠭᠡᠷᠡᠯ ᠴᠠᠬᠢᠯᠭᠠᠨ᠂ ᠵᠢᠶᠠᠩ ᠬᠠᠢ ᠴᠠᠬᠢᠯᠭᠠᠨ ᠪᠠᠭᠲᠠᠭᠠᠭᠴᠢ᠂ ᠨᠠᠨ ᠬᠤᠢ ᠡᠯᠧᠺᠲᠷᠣᠨ ᠢᠶᠠᠷ ᠰᠢᠨᠵᠢᠯᠡᠨ ᠪᠠᠶᠢᠴᠠᠭᠠᠵᠤ᠂ ᠠᠵᠤ ᠠᠬᠤᠶᠢᠯᠠᠯ ᠤᠨ ᠬᠥᠭᠵᠢᠯᠲᠡ ᠶᠢᠨ ᠲᠥᠯᠥᠪᠵᠢᠭᠦᠯᠭᠡ᠂ ᠠᠵᠤ ᠦᠢᠯᠡᠰ ᠤᠨ ᠪᠠᠶᠢᠷᠢᠰᠢᠭᠤᠯᠤᠯᠲᠠ᠂ ᠵᠠᠬ᠎ᠠ ᠳᠡᠯᠭᠡᠭᠦᠷ ᠤᠨ ᠠᠯᠤᠰ ᠢᠷᠡᠭᠡᠳᠦᠢ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠭᠤᠣᠯᠳᠠᠭᠤ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ ᠵᠡᠷᠭᠡ ᠠᠵᠤ ᠦᠢᠯᠡᠰ ᠤᠨ ᠲᠦᠷᠦᠯ ᠵᠦᠢᠯ ᠤᠨ ᠲᠣᠭᠤᠷᠢᠨ ᠳᠤ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠭᠦᠨᠵᠡᠭᠡᠢ ᠤᠯᠤᠯᠴᠠᠨ ᠰᠣᠯᠢᠯᠴᠠᠪᠠ᠃ ᠶᠠᠷᠢᠯᠴᠠᠬᠤ ᠬᠤᠷᠠᠯ ᠳᠡᠭᠡᠷ᠎ᠡ᠂ ᠵᠠᠩ ᠶᠦᠩ  ᠸᠧᠨ ᠵᠢᠨᠢᠩ ᠲᠣᠭᠤᠷᠢᠭ ᠤᠨ ᠠᠵᠤ ᠠᠬᠤᠶ ᠨᠡᠶᠢᠭᠡᠮ ᠤᠨ ᠬᠥᠭᠵᠢᠯᠲᠡ᠂ ᠭᠤᠣᠯᠳᠠᠯᠭ᠎ᠠ ᠲᠠᠢ ᠲᠥᠷᠥᠯ ᠵᠦᠢᠯ ᠤᠨ ᠲᠥᠯᠥᠪᠵᠢᠭᠦᠯᠭᠡ᠂ ᠴᠢᠬᠤᠯᠠ ᠶᠡᠭᠡ ᠠᠰᠢᠭᠲᠠᠶ ᠲᠥᠷᠥ ᠶᠢᠨ ᠪᠣᠳᠣᠯᠭ᠎ᠠ ᠵᠡᠷᠭᠡ ᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠵᠤ᠂ ᠮᠠᠨ ᠤ ᠲᠤᠭᠤᠷᠢᠭ ᠤᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ᠂ ᠬᠥᠭᠵᠢᠯᠲᠡ ᠶᠢ ᠠᠬᠢᠭᠤᠯᠬᠤ ᠡᠷᠴᠢ ᠵᠣᠷᠢᠭ ᠪᠠ ᠦᠨᠡᠨᠴᠢ ᠰᠡᠳᠬᠢᠯ ᠢᠶᠠᠨ ᠢᠯᠡᠳᠬᠡᠵᠦ᠂ ᠡᠯ᠎ᠡ ᠠᠵᠤ ᠠᠬᠤᠶᠢᠯᠠᠯ ᠬᠥᠭᠵᠢᠯᠲᠡ ᠶᠢᠨ ᠠᠵᠠ ᠲᠣᠬᠢᠶᠠᠯ ᠢ ᠡᠵᠡᠮᠳᠡᠵᠦ᠂ ᠠᠵᠤ ᠠᠬᠤᠶᠢᠯᠠᠯ ᠤᠨ ᠲᠦᠷᠦᠯ ᠵᠦᠢᠯ ᠢ ᠲᠡᠰ ᠳᠡᠪᠰᠢᠭᠦᠯᠦᠨ ᠥᠭᠡᠷᠡᠴᠢᠯᠡᠬᠦ ᠪᠠ ᠦᠢᠯᠡᠳᠪᠦᠷᠢᠯᠡᠯ ᠢᠶᠠᠨ ᠥᠷᠭᠡᠳᠬᠡᠬᠦ ᠶᠢ ᠲᠦᠷᠭᠡᠨ ᠠᠬᠢᠭᠤᠯᠵᠤ᠂ ᠬᠤᠶᠠᠷ ᠲᠠᠯ᠎ᠠ ᠶᠢᠨ ᠠᠵᠢᠯ ᠤᠨ ᠲᠤᠰᠬᠠᠢ ᠠᠩᠬᠢ ᠶᠢ ᠵᠣᠬᠢᠶᠠᠨ ᠪᠠᠶᠢᠭᠤᠯᠵᠤ᠂ ᠤᠯᠤᠯᠴᠠᠭ᠎ᠠ ᠰᠣᠯᠢᠯᠴᠠᠭ᠎ᠠ ᠪᠠᠨ ᠴᠢᠩᠭᠠᠳᠬᠠᠵᠤ᠂ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ᠂ ᠪᠦᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠬᠠᠮᠲᠤᠪᠠᠷ ᠠᠬᠢᠭᠤᠯᠬᠤ ᠶᠢ ᠬᠦᠰᠡᠵᠦ ᠪᠠᠶᠢᠨ᠎ᠠ ᠭᠡᠵᠡᠢ᠃      ᠶᠤᠤ ᠬᠠᠶ ᠮᠢᠩ  ᠪᠠᠶᠢᠴᠠᠭᠠᠨ  ᠰᠢᠨᠵᠢᠯᠡᠯᠲᠡ ᠳᠤ ᠣᠷᠣᠯᠴᠠᠪᠠ᠃     ᠨᠠᠶᠢᠷᠠᠭᠤᠯᠤᠭᠴᠢ᠄ ᠴᠢᠶᠤᠤ ᠮᠢᠨ ᠮᠢᠨ᠂ ᠸᠠᠩ ᠵᠢᠩ ᠵᠢᠩ     ᠵᠢᠷᠤᠭ᠄ ᠴᠢᠶᠤᠤ ᠮᠢᠨ ᠮᠢᠨ᠂ ᠸᠠᠩ ᠵᠢᠩ ᠵᠢᠩ     ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2