| | ᠨᠢᠭᠡ᠂ ᠭᠡᠷᠡᠴᠢᠯᠡᠭᠡ ᠶᠢᠨ ᠬᠡᠪᠴᠢᠶ᠎ᠡ ᠵᠢᠴᠢ ᠤᠳᠠᠭ᠎ᠠ | ︵ᠨᠢᠭᠡ︶ ᠭᠡᠷᠡᠴᠢᠯᠡᠭᠡ ᠶᠢᠨ ᠬᠡᠪᠴᠢᠶ᠎ᠡ᠄ ᠬᠤᠲᠠ ᠶᠢᠨ ᠲᠣᠰ ᠱᠠᠲᠤᠨ ᠤ ᠪᠠᠶᠢᠭᠤᠯᠭ᠎ᠠ ᠠᠵᠢᠯ ᠦᠢᠯᠡᠰ ᠤᠨ | ᠠᠵᠢᠯᠳᠠᠳ᠂ ᠠᠵᠤ ᠠᠬᠤᠶᠢᠯᠠᠯ ᠤᠨ ᠠᠵᠢᠯ ᠠᠴᠠ ᠪᠠᠨ ᠠᠮᠠᠷᠠᠭᠰᠠᠳ ᠪᠠ ᠠᠵᠢᠯ ᠠᠴᠠ ᠪᠣᠯᠤᠭᠰᠠᠨ ᠭᠡᠮᠲᠦᠯ ᠤᠨ | ᠳᠠᠭᠠᠳᠬᠠᠯ ᠤᠨ ᠲᠣᠭᠲᠠᠮᠠᠯ ᠬᠤᠭᠤᠴᠠᠭ᠎ᠠ ᠲᠠᠢ ᠣᠯᠭᠤᠮᠵᠢ ᠠᠪᠬᠤ ᠬᠥᠮᠥᠰ ᠵᠢᠴᠢ ᠠᠵᠤ ᠠᠬᠤᠶᠢᠯᠠᠯ ᠤᠨ ᠠᠵᠢᠯᠲᠠᠨ | ᠠᠵᠢᠯᠴᠢᠨ ᠤ ᠨᠠᠰᠤ ᠨᠥᠭᠴᠢᠭᠰᠡᠳ ᠤᠨ ᠭᠡᠷ ᠪᠦᠯᠢ ᠶᠢᠨ ᠠᠮᠢᠳᠤᠷᠠᠯ ᠤᠨ ᠬᠦᠴᠢᠷᠳᠡᠯ ᠲᠠᠢ ᠨᠥᠬᠦᠪᠦᠷᠢ ᠶᠢᠨ | ᠵᠠᠷᠤᠳᠠᠯ ᠢ ᠰᠠᠷ᠎ᠠ ᠪᠠᠷ ᠠᠪᠬᠤ ᠬᠥᠮᠥᠰ᠃ | ︵ᠬᠤᠶᠠᠷ︶ ᠭᠡᠷᠡᠴᠢᠯᠡᠭᠡ ᠶᠢᠨ ᠤᠳᠠᠭ᠎ᠠ᠄ ᠪᠠᠶᠢᠭᠤᠯᠭ᠎ᠠ ᠶᠢᠨ ᠠᠵᠢᠯ ᠦᠢᠯᠡᠰ ᠤᠨ ᠠᠵᠢᠯᠳᠠᠳ᠂ ᠠᠵᠤ | ᠠᠬᠤᠶᠢᠯᠠᠯ ᠤᠨ ᠠᠵᠢᠯ ᠠᠴᠠ ᠪᠠᠨ ᠠᠮᠠᠷᠠᠭᠰᠠᠳ ᠤᠨ ᠭᠡᠷᠡᠴᠢᠯᠡᠭᠡ ᠶᠢᠨ ᠦᠶᠡᠯᠡᠯ ᠤᠨ ᠬᠤᠭᠤᠴᠠᠭ᠎ᠠ ᠨᠢ ᠨᠢᠭᠡ ᠵᠢᠯ᠂ | ᠵᠢᠯ ᠪᠦᠷᠢ ᠨᠢᠭᠡ ᠤᠳᠠᠭ᠎ᠠ ᠣᠯᠭᠤᠮᠵᠢ ᠬᠠᠷᠠᠭᠠᠯᠵᠠᠯ ᠤᠨ ᠬᠢᠷᠢ ᠬᠡᠮ ᠤᠨ ᠭᠡᠷᠡᠴᠢᠯᠡᠭᠡ ᠬᠢᠨ᠎ᠡ᠂ ᠰᠠᠭᠤᠷᠢ ᠮᠥᠩᠭᠦ ᠶᠢᠨ | ᠠᠮᠤᠷ ᠲᠦᠪᠰᠢᠨ ᠢ ᠦᠨᠡᠨ ᠬᠦ ᠪᠠᠲᠤᠯᠠᠵᠦ᠂ ᠣᠯᠠᠨ ᠲᠦᠮᠡᠨ ᠤ ᠠᠮᠢ ᠪᠡᠶ᠎ᠡ ᠶᠢᠨ ᠠᠰᠢᠭ ᠲᠤᠰᠠ ᠶᠢ | ᠬᠠᠮᠠᠭᠠᠯᠠᠬᠤ ᠶᠢᠨ ᠲᠥᠯᠥᠭᠡ᠂ ᠮᠠᠨ ᠤ ᠲᠥᠪ ᠠᠴᠠ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠳᠠᠭᠠᠳᠬᠠᠯ ᠤᠨ | ᠲᠥᠪ ᠤᠨ ᠲᠣᠭᠲᠠᠭᠠᠯ ᠢ ᠴᠢᠩᠭ᠎ᠠ ᠵᠢᠷᠤᠮᠯᠠᠨ᠂ ᠬᠤᠭᠤᠴᠠᠭ᠎ᠠ ᠠᠴᠠ ᠬᠡᠲᠦᠷᠡᠵᠦ ᠬᠢᠷᠢ ᠬᠡᠮ ᠤᠨ ᠬᠡᠷᠡᠴᠢᠯᠡᠭᠡ ᠬᠢᠭᠰᠡᠨ | ᠦᠭᠡᠢ ᠬᠥᠮᠥᠰ ᠲᠤ ᠣᠯᠭᠤᠮᠵᠢ ᠬᠠᠷᠠᠭᠠᠯᠵᠠᠯ ᠣᠯᠭᠤᠬᠤ ᠶᠢ ᠲᠦᠷ ᠵᠣᠭᠰᠣᠭᠠᠪᠠ︔ ᠠᠵᠢᠯ ᠠᠴᠠ ᠪᠣᠯᠤᠭᠰᠠᠨ | ᠭᠡᠮᠲᠦᠯ ᠤᠨ ᠳᠠᠭᠠᠳᠬᠠᠯ ᠤᠨ ᠲᠣᠭᠲᠠᠮᠠᠯ ᠬᠤᠭᠤᠴᠠᠭ᠎ᠠ ᠲᠠᠢ ᠬᠠᠷᠠᠭᠠᠯᠵᠠᠯ ᠬᠦᠷᠲᠡᠭᠴᠢ ᠪᠠ ᠠᠵᠤ ᠠᠬᠤᠶᠢᠯᠠᠯ ᠤᠨ | ᠠᠵᠢᠯᠲᠠᠨ ᠠᠵᠢᠯᠴᠢᠨ ᠤ ᠭᠡᠷ ᠪᠦᠯᠢ ᠶᠢᠨ ᠠᠮᠢᠳᠤᠷᠠᠯ ᠤᠨ ᠬᠦᠴᠢᠷᠳᠡᠯ ᠤᠨ ᠨᠥᠬᠦᠪᠦᠷᠢ ᠶᠢᠨ ᠦᠶᠡᠯᠡᠯ ᠤᠨ | ᠬᠤᠭᠤᠴᠠᠭ᠎ᠠ ᠨᠢ ᠨᠢᠭᠡ ᠰᠠᠷ᠎ᠠ ᠪᠣᠯᠣᠨ᠎ᠠ᠂ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠳᠠᠭᠠᠳᠬᠠᠯ ᠤᠨ | ᠲᠥᠪ ᠤᠨ ᠮᠡᠳᠡᠭᠳᠡᠯ ᠶᠣᠰᠣᠭᠠᠷ᠂ 2024 ᠣᠨ ᠤ 1 ᠰᠠᠷ᠎ᠠ ᠶᠢᠨ 1 ᠤ ᠡᠳᠦᠷ ᠠᠴᠠ ᠡᠬᠢᠯᠡᠨ᠂ ᠰᠠᠷ᠎ᠠ ᠪᠦᠷᠢ | ᠨᠢᠭᠡ ᠤᠳᠠᠭ᠎ᠠ ᠣᠯᠭᠤᠮᠵᠢ ᠬᠠᠷᠠᠭᠠᠯᠵᠠᠯ ᠤᠨ ᠬᠢᠷᠢ ᠬᠡᠮ ᠤᠨ ᠭᠡᠷᠡᠴᠢᠯᠡᠭᠡ ᠬᠢᠵᠦ᠂ ᠰᠠᠷ᠎ᠠ ᠪᠦᠷᠢ ᠶᠢᠨ 15 | ᠡᠳᠦᠷ ᠠᠴᠠ ᠡᠮᠦᠨ᠎ᠡ ᠬᠢᠵᠦ ᠳᠠᠭᠤᠰᠬᠠᠨ᠎ᠠ᠂ ᠱᠠᠭᠠᠷᠳᠠᠯᠭ᠎ᠠ ᠶᠣᠰᠣᠭᠠᠷ ᠣᠯᠭᠤᠮᠵᠢ ᠬᠠᠷᠠᠭᠠᠯᠵᠠᠯ ᠤᠨ ᠬᠢᠷᠢ ᠬᠡᠮ ᠤᠨ | ᠭᠡᠷᠡᠴᠢᠯᠡᠭᠡ ᠬᠢᠭᠰᠡᠨ ᠦᠭᠡᠢ ᠪᠠᠶᠢᠪᠠᠯ ᠲᠣᠰ ᠰᠠᠷ᠎ᠠ ᠳᠤ ᠣᠯᠭᠤᠮᠵᠢ ᠣᠯᠭᠤᠬᠤ ᠶᠢ ᠲᠦᠷ ᠵᠣᠭᠰᠣᠭᠠᠨ᠎ᠠ᠃ | ᠬᠤᠶᠠᠷ᠂ ᠭᠡᠷᠡᠴᠢᠯᠡᠭᠡ ᠶᠢᠨ ᠠᠷᠭ᠎ᠠ ᠮᠠᠶ᠋ᠢᠭ | ︽ᠨᠡᠶᠢᠭᠡᠮ ᠤᠨ ᠳᠠᠭᠠᠳᠬᠠᠯ ᠤᠨ ᠣᠯᠭᠤᠮᠵᠢ ᠠᠪᠬᠤ ᠬᠢᠷᠢ ᠬᠡᠮ ᠢ ᠲᠥᠪᠯᠡᠷᠡᠭᠦᠯᠦᠨ ᠭᠡᠷᠡᠴᠢᠯᠡᠬᠦ ᠶᠢ ᠪᠥᠬᠦ | ᠲᠠᠯ᠎ᠠ ᠪᠠᠷ ᠬᠦᠴᠦᠨ ᠦᠭᠡᠢ ᠪᠣᠯᠭᠠᠬᠤ ᠲᠤᠬᠠᠢ ᠮᠡᠳᠡᠭᠳᠡᠯ︾ ︵ᠬᠥᠮᠥᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠲᠠᠷᠬᠠᠭᠠᠭᠰᠠᠨ ︹2018︺54 ᠳ᠋ᠦ᠋ᠭᠡᠷ ᠲᠣᠭᠠᠲᠤ︶ ᠤᠨ | ᠱᠠᠭᠠᠷᠳᠠᠯᠭ᠎ᠠ ᠶᠢ ᠦᠨᠳᠦᠰᠦᠯᠡᠨ᠂ ᠭᠡᠷᠡᠴᠢᠯᠡᠭᠡ ᠳᠤ ᠭᠤᠣᠯᠳᠠᠭᠤ ᠠᠯᠤᠰ ᠡᠵᠡᠮᠰᠢᠯᠲᠦ ᠥᠪᠡᠰᠦᠪᠡᠨ ᠭᠡᠷᠡᠴᠢᠯᠡᠬᠦ ᠪᠠ | ᠲᠣᠮᠣ ᠳ᠋ᠠᠶᠢᠲ᠋ᠠ ᠶᠢ ᠬᠠᠷᠢᠴᠠᠭᠤᠯᠬᠤ ᠠᠷᠭ᠎ᠠ ᠮᠠᠶ᠋ᠢᠭ ᠢᠶᠠᠷ ᠶᠠᠪᠤᠭᠳᠠᠭᠤᠯᠤᠨ᠎ᠠ᠂ ᠭᠤᠣᠯᠳᠠᠭᠤ ᠳᠣᠣᠷᠠᠬᠢ ᠬᠡᠳᠦᠨ | ᠵᠦᠢᠯ ᠤᠨ ᠠᠷᠭ᠎ᠠ ᠬᠡᠯᠪᠡᠷᠢ ᠪᠤᠢ᠄ | ︵ᠨᠢᠭᠡ︶ ᠭᠠᠷ ᠤᠲᠠᠰᠤ ᠪᠠᠷ ᠳᠠᠮᠵᠢᠭᠤᠯᠤᠨ ︽ᠥᠪᠥᠷ ᠮᠣᠩᠭᠤᠯ ᠤᠨ ᠬᠥᠮᠥᠨ ᠤ ᠬᠦᠴᠦᠨ ᠤ ᠡᠬᠢ | ᠪᠠᠶᠠᠯᠢᠭ ᠪᠠ ᠨᠡᠶᠢᠭᠡᠮ ᠤᠨ ᠪᠠᠲᠤᠯᠠᠭ᠎ᠠ︾ ᠶᠢᠨ ᠭᠠᠷ ᠤᠲᠠᠰᠤᠨ ᠤ APP ᠶᠢ ᠤᠭᠰᠠᠷᠠᠬᠤ ᠶᠢᠨ ᠬᠠᠮᠲᠤ | ᠳᠠᠩᠰᠠᠯᠠᠵᠤ᠂ ᠳᠣᠣᠷ᠎ᠠ ᠲᠠᠯ᠎ᠠ ᠶᠢᠨ ︽ᠬᠢᠷᠢ ᠬᠡᠮ ᠤᠨ ᠭᠡᠷᠡᠴᠢᠯᠡᠭᠡ︾ ᠶᠢ ᠲᠤᠶ᠋ᠢᠵᠦ᠂ ᠰᠠᠨᠠᠭᠤᠯᠤᠮᠵᠢ ᠶᠢᠨ | ᠱᠠᠭᠠᠷᠳᠠᠯᠭ᠎ᠠ ᠶᠣᠰᠣᠭᠠᠷ ᠬᠠᠷᠠᠭᠠᠯᠵᠠᠯ ᠤᠨ ᠬᠢᠷᠢ ᠬᠡᠮ ᠤᠨ ᠭᠡᠷᠡᠴᠢᠯᠡᠭᠡ ᠶᠢ ᠥᠪᠡᠰᠦᠪᠡᠨ ᠭᠦᠢᠴᠡᠳᠬᠡᠨ᠎ᠡ᠃ | ︵ᠬᠤᠶᠠᠷ︶ ᠭᠠᠷ ᠤᠲᠠᠰᠤ ᠪᠠᠷ ᠳᠠᠮᠵᠢᠭᠤᠯᠤᠨ ︽ᠠᠯᠠᠭᠠᠨ ᠳᠡᠭᠡᠷᠡᠬᠢ 12333︾ ᠭᠠᠷ ᠤᠲᠠᠰᠤᠨ ᠤ | APP ᠶᠢ ᠤᠭᠰᠠᠷᠠᠬᠤ ᠶᠢᠨ ᠬᠠᠮᠲᠤ ᠳᠠᠩᠰᠠᠯᠠᠭᠤᠯᠵᠤ᠂ ᠡᠯᠧᠺᠲᠷᠤᠨ ᠨᠡᠶᠢᠭᠡᠮ ᠤᠨ ᠳᠠᠭᠠᠳᠬᠠᠯ ᠤᠨ ᠺᠠᠷᠲ | ᠭᠡᠳᠡᠭ ᠢ ᠳᠣᠶ᠋ᠢᠨ᠎ᠠ᠂ ᠨᠢᠭᠡᠨᠲᠡ ᠡᠯᠧᠺᠲᠷᠤᠨ ᠨᠡᠶᠢᠭᠡᠮ ᠤᠨ ᠳᠠᠭᠠᠳᠬᠠᠯ ᠤᠨ ᠺᠠᠷᠲ ᠢ ᠳᠠᠩᠰᠠᠯᠠᠭᠤᠯᠤᠭᠰᠠᠨ | ᠬᠡᠷᠡᠭᠯᠡᠭᠴᠢ ᠰᠢᠭᠤᠳ ᠳᠡᠩᠰᠡᠯᠡᠵᠦ ᠪᠣᠯᠣᠨ᠎ᠠ᠂ ᠳᠡᠩᠰᠡᠯᠡᠵᠦ ᠥᠩᠭᠡᠷᠡᠭᠰᠡᠨ ᠦᠭᠡᠢ ᠪᠤᠯ ︽ᠰᠢᠨ᠎ᠡ ᠬᠡᠷᠡᠭᠯᠡᠭᠴᠢ ᠶᠢ | ᠳᠠᠩᠰᠠᠯᠠᠬᠤ︾ ᠬᠡᠳᠡᠭ ᠢ ᠳᠣᠶ᠋ᠢᠨ᠎ᠠ ᠭᠡᠰᠡᠨ ᠰᠠᠨᠠᠭᠤᠯᠤᠮᠵᠢ ᠶᠢᠨ ᠱᠠᠭᠠᠷᠳᠠᠯᠭ᠎ᠠ ᠶᠣᠰᠣᠭᠠᠷ ᠳᠡᠩᠰᠡᠯᠡᠵᠦ᠂ ᠳᠡᠩᠰᠡᠯᠡᠵᠦ | ᠲᠡᠮᠳᠡᠭᠯᠡᠭᠰᠡᠨ ᠤ ᠳᠠᠷᠠᠭ᠎ᠠ ︽ᠨᠡᠶᠢᠭᠡᠮ ᠤᠨ ᠳᠠᠭᠠᠳᠬᠠᠯ ᠤᠨ ᠬᠠᠷᠠᠭᠠᠯᠵᠠᠯ ᠤᠨ ᠬᠢᠷᠢ ᠬᠡᠮ ᠤᠨ ᠭᠡᠷᠡᠴᠢᠯᠡᠭᠡ︾ ᠶᠢ | ᠳᠣᠶ᠋ᠢᠨ᠎ᠠ ᠭᠡᠰᠡᠨ ᠰᠠᠨᠠᠭᠤᠯᠤᠮᠵᠢ ᠶᠢᠨ ᠱᠠᠭᠠᠷᠳᠠᠯᠭ᠎ᠠ ᠶᠣᠰᠣᠭᠠᠷ ᠬᠡᠷᠡᠴᠢᠯᠡᠭᠡ ᠶᠢ ᠥᠪᠡᠰᠦᠪᠡᠨ ᠬᠦᠢᠴᠡᠳᠭᠡᠵᠦ | ᠪᠣᠯᠣᠨ᠎ᠠ᠃ | ︵ᠭᠤᠷᠪᠠ︶ ︽ᠥᠪᠥᠷ ᠮᠣᠩᠭᠤᠯ ᠤᠨ ᠨᠡᠶᠢᠭᠡᠮ ᠤᠨ ᠳᠠᠭᠠᠳᠬᠠᠯ ᠤᠨ ᠦᠢᠯᠡᠰ ᠤᠨ ᠦᠢᠯᠡᠴᠢᠯᠡᠭᠡᠨ ᠤ ᠲᠥᠪ | ︾ ᠭᠡᠬᠦ ᠸᠢᠴᠠᠲ ᠤᠨ ᠨᠡᠶᠢᠲᠡ ᠶᠢᠨ ᠳ᠋ᠤᠭᠠᠷ ᠢ ᠠᠩᠬᠠᠷᠴᠤ᠂ ᠵᠡᠭᠦᠨ ᠳᠣᠣᠷ᠎ᠠ ᠲᠠᠯ᠎ᠠ ᠶᠢᠨ ︽ᠨᠡᠶᠢᠭᠡᠮ ᠤᠨ | ᠪᠠᠲᠤᠯᠠᠭ᠎ᠠ ᠶᠢᠨ ᠦᠢᠯᠡᠴᠢᠯᠡᠭᠡ︾ ᠭᠡᠳᠡᠭ ᠢ ᠳᠤᠶ᠋ᠢᠵᠤ᠂ ︽ᠬᠠᠷᠠᠭᠠᠯᠵᠠᠯ ᠤᠨ ᠬᠢᠷᠢ ᠬᠡᠮ ᠤᠨ ᠭᠡᠷᠡᠴᠢᠯᠡᠭᠡ︾ ᠶᠢ | ᠰᠣᠩᠭᠤᠵᠤ᠂ ᠰᠠᠨᠠᠭᠤᠯᠤᠮᠵᠢ ᠶᠢᠨ ᠱᠠᠭᠠᠷᠳᠠᠯᠭ᠎ᠠ ᠶᠣᠰᠣᠭᠠᠷ ᠬᠠᠮᠢᠶ᠎ᠠ ᠪᠦᠬᠦᠢ ᠠᠭᠤᠯᠭ᠎ᠠ ︵ᠭᠡᠷᠡᠴᠢᠯᠡᠭᠡ ᠶᠢᠨ ᠲᠥᠷᠥᠯ | ᠵᠦᠢᠯ ᠳᠤ ︽ᠨᠠᠰᠤᠵᠢᠯ ᠤᠨ ᠠᠰᠠᠷᠠᠮᠵᠢ ᠶᠢᠨ ᠬᠢᠷᠢ ᠬᠡᠮ ᠤᠨ ᠭᠡᠷᠡᠴᠢᠯᠡᠭᠡ︾᠂ ︽ᠨᠠᠰᠤᠵᠢᠯ ᠤᠨ ᠠᠰᠠᠷᠠᠮᠵᠢ ᠶᠢᠨ | ᠨᠥᠭᠴᠢᠭᠰᠡᠳ ᠤᠨ ᠭᠡᠷ ᠪᠦᠯᠢ ᠶᠢᠨ ᠭᠡᠷᠡᠴᠢᠯᠡᠭᠡ︾᠂ ︽ᠠᠵᠢᠯ ᠠᠴᠠ ᠪᠣᠯᠤᠭᠰᠠᠨ ᠭᠡᠮᠲᠦᠯ ᠤᠨ ᠭᠡᠷ ᠪᠦᠯᠢ ᠶᠢᠨ | ᠭᠡᠷᠡᠴᠢᠯᠡᠭᠡ︾᠂ ︽ᠠᠵᠢᠯ ᠠᠴᠠ ᠪᠣᠯᠤᠭᠰᠠᠨ ᠭᠡᠮᠲᠦᠯ ᠤᠨ ᠭᠡᠷ ᠪᠦᠯᠢ ᠶᠢᠨ ᠭᠡᠷᠡᠴᠢᠯᠡᠭᠡ︾ ᠶᠢ ᠰᠣᠩᠭᠤᠨ᠎ᠠ︶ ᠶᠢ | ᠳᠠᠭᠯᠠᠵᠤ᠂ ᠬᠥᠮᠥᠨ ᠤ ᠵᠢᠰᠦ ᠶᠢ ᠢᠯᠭᠠᠨ ᠲᠠᠨᠢᠬᠤ ᠬᠡᠯᠪᠡᠷᠢ ᠪᠠᠷ ᠳᠠᠮᠵᠢᠭᠤᠯᠤᠨ ᠬᠡᠷᠡᠴᠢᠯᠡᠭᠡ ᠶᠢ ᠥᠪᠡᠰᠦᠪᠡᠨ | ᠪᠡᠶᠡᠯᠡᠭᠦᠯᠦᠨ᠎ᠡ᠃ | ︵ᠳᠥᠷᠪᠡ︶ ᠨᠠᠰᠤᠵᠢᠭᠰᠠᠨ᠂ ᠡᠪᠡᠳᠴᠢᠯᠡᠭᠰᠡᠨ ᠵᠡᠷᠭᠡ ᠰᠢᠯᠲᠠᠭᠠᠨ ᠠᠴᠠ ᠪᠣᠯᠵᠤ ᠰᠦᠯᠵᠢᠶᠡᠨ ᠳᠡᠭᠡᠷᠡᠬᠢ | ᠬᠡᠷᠡᠴᠢᠯᠡᠭᠡ ᠶᠢ ᠥᠪᠡᠰᠦᠪᠡᠨ ᠪᠡᠶᠡᠯᠡᠭᠦᠯᠬᠦ ᠶᠢᠨ ᠠᠷᠭ᠎ᠠ ᠦᠭᠡᠢ ᠬᠥᠮᠥᠰ ᠨᠡᠶᠢᠭᠡᠮ ᠤᠨ ᠳᠠᠭᠠᠳᠬᠠᠯ ᠤᠨ ᠭᠠᠷᠲᠠᠨ | ᠭᠦᠢᠴᠡᠳᠬᠡᠬᠦ ᠪᠠᠶᠢᠭᠤᠯᠤᠮᠵᠢ ᠶᠢᠨ ᠠᠵᠢᠯᠲᠠᠨ ᠲᠠᠢ ᠬᠠᠷᠢᠯᠴᠠᠵᠤ ᠪᠤᠯᠤᠨ᠎ᠠ᠃ | ᠭᠤᠷᠪᠠ᠂ ᠠᠵᠢᠯ ᠤᠨ ᠱᠠᠭᠠᠷᠳᠠᠯᠭ᠎ᠠ | ︵ᠨᠢᠭᠡ︶ ᠨᠡᠶᠢᠭᠡᠮ ᠤᠨ ᠳᠠᠭᠠᠳᠬᠠᠯ ᠤᠨ ᠭᠠᠷᠲᠠᠨ ᠭᠦᠢᠴᠡᠳᠬᠡᠬᠦ ᠪᠠᠶᠢᠭᠤᠯᠤᠮᠵᠢ ᠨᠢ ᠥᠪᠡᠷᠲᠡᠭᠡᠨ ᠵᠠᠰᠠᠬᠤ | ᠣᠷᠣᠨ ᠤ ᠨᠡᠶᠢᠭᠡᠮ ᠤᠨ ᠪᠠᠲᠤᠯᠠᠭ᠎ᠠ ᠶᠢᠨ ᠲᠥᠪ ᠤᠨ ᠣᠯᠭᠤᠮᠵᠢ ᠶᠢ ᠲᠦᠷ ᠵᠣᠭᠰᠣᠭᠠᠬᠤ ᠲᠦᠷᠢᠮ ᠢ ᠴᠢᠩᠭ᠎ᠠ | ᠵᠢᠷᠤᠮᠯᠠᠨ ᠬᠡᠷᠡᠭᠵᠢᠭᠦᠯᠵᠦ᠂ ᠬᠤᠭᠤᠴᠠᠭ᠎ᠠ ᠬᠡᠲᠦᠷᠡᠭᠰᠡᠨ ᠪᠠᠶᠢᠲᠠᠯ᠎ᠠ ᠭᠡᠷᠡᠴᠢᠯᠡᠭᠦᠯᠦᠭᠡᠳᠦᠢ ᠬᠥᠮᠥᠰ ᠲᠤ ᠴᠠᠭ ᠲᠤᠬᠠᠢ | ᠳᠤᠨᠢ ᠣᠯᠭᠤᠮᠵᠢ ᠣᠯᠭᠤᠬᠤ ᠶᠢ ᠨᠢ ᠲᠦᠷ ᠵᠣᠭᠰᠣᠭᠠᠨ ᠰᠢᠢᠳᠪᠦᠷᠢᠯᠡᠬᠦ ᠬᠡᠷᠡᠭᠲᠡᠢ᠃ ᠳᠣᠲᠣᠭᠠᠳᠤ ᠶᠢ ᠬᠠᠮᠠᠭᠠᠯᠠᠬᠤ᠂ | ᠬᠠᠤᠯᠢ ᠴᠠᠭᠠᠵᠠ᠂ ᠠᠷᠠᠳ ᠤᠨ ᠶᠠᠪᠤᠳᠠᠯ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠨᠠᠰᠤᠵᠢᠯ ᠤᠨ | ᠪᠠᠶᠢᠭᠤᠯᠤᠮᠵᠢ ︵ᠨᠠᠰᠤᠲᠠᠨ ᠢ ᠠᠰᠠᠷᠠᠬᠤ ᠬᠦᠷᠢᠶᠡᠯᠡᠩ᠂ ᠨᠠᠰᠤᠲᠠᠨ ᠢ ᠰᠤᠪᠢᠯᠠᠬᠤ ᠬᠦᠷᠢᠶᠡᠯᠡᠩ︶ ᠵᠡᠷᠭᠡ ᠰᠠᠯᠠᠭ᠎ᠠ | ᠮᠥᠴᠢᠷ ᠢᠶᠠᠷ ᠳᠠᠮᠵᠢᠭᠤᠯᠤᠨ ᠬᠠᠷᠠᠭᠠᠯᠵᠠᠯ ᠬᠦᠷᠲᠡᠭᠴᠢ ︵ᠨᠠᠰᠤ ᠪᠠᠷᠠᠭᠰᠠᠳ᠂ ᠡᠷᠡᠭᠦᠦ ᠶᠢᠨ ᠰᠢᠢᠳᠬᠡᠯ ᠬᠦᠯᠢᠶᠡᠭᠴᠢ | ︶ ᠶᠢᠨ ᠬᠠᠮᠢᠶ᠎ᠠ ᠪᠦᠬᠦᠢ ᠮᠡᠳᠡᠭᠡ ᠵᠠᠩᠭᠢ ᠶᠢ ᠤᠯᠵᠤ᠂ ᠣᠯᠭᠤᠮᠵᠢ ᠠᠪᠬᠤ ᠬᠢᠷᠢ ᠬᠡᠮ ᠢᠶᠠᠨ ᠠᠯᠳᠠᠭᠰᠠᠨ | ᠬᠥᠮᠥᠰ ᠲᠤ ᠣᠯᠭᠤᠮᠵᠢ ᠣᠯᠭᠤᠬᠤ ᠶᠢ ᠴᠠᠭ ᠲᠤᠬᠠᠢ ᠳᠤᠨᠢ ᠲᠦᠷ ᠵᠣᠭᠰᠣᠭᠠᠨ᠎ᠠ᠃ ᠬᠡᠪ ᠤᠨ ᠣᠯᠭᠤᠮᠵᠢ ᠠᠪᠬᠤ | ᠬᠥᠮᠥᠰ ᠲᠤ ᠴᠢᠭᠯᠡᠭᠦᠯᠦᠨ᠂ ᠬᠢᠷᠢ ᠬᠡᠮ ᠤᠨ ᠭᠡᠷᠡᠴᠢᠯᠡᠭᠡ ᠶᠢ ᠲᠣᠭᠲᠠᠭᠠᠯ ᠶᠣᠰᠣᠭᠠᠷ ᠴᠠᠭ ᠲᠤᠬᠠᠢ ᠳᠤᠨᠢ | ᠪᠡᠶᠡᠯᠡᠭᠦᠯᠦᠭᠰᠡᠨ ᠦᠭᠡᠢ ᠪᠠᠶᠢᠪᠠᠯ᠂ ᠬᠤᠯᠪᠣᠭᠳᠠᠯ ᠪᠦᠬᠦᠢ ᠲᠣᠭᠲᠠᠭᠠᠯ ᠢ ᠵᠢᠷᠤᠮᠯᠠᠨ ᠨᠡᠶᠢᠭᠡᠮ ᠤᠨ ᠳᠠᠭᠠᠳᠬᠠᠯ ᠤᠨ | ᠣᠯᠭᠤᠮᠵᠢ ᠥᠭᠬᠦ ᠶᠢ ᠲᠦᠷ ᠵᠣᠭᠰᠣᠭᠠᠨ᠎ᠠ᠃ | ︵ᠬᠤᠶᠠᠷ︶ ᠨᠡᠶᠢᠭᠡᠮ ᠤᠨ ᠳᠠᠭᠠᠳᠬᠠᠯ ᠤᠨ ᠣᠯᠭᠤᠮᠵᠢ ᠠᠪᠬᠤ ᠬᠥᠮᠥᠰ ᠨᠠᠰᠤ ᠪᠠᠷᠠᠪᠠᠯ᠂ 15 ᠠᠵᠢᠯᠯᠠᠬᠤ | ᠡᠳᠦᠷ ᠤᠨ ᠳᠣᠲᠣᠷ᠎ᠠ ᠨᠡᠶᠢᠭᠡᠮ ᠤᠨ ᠪᠠᠲᠤᠯᠠᠭ᠎ᠠ ᠶᠢᠨ ᠣᠯᠭᠤᠮᠵᠢ ᠠᠪᠬᠤ ᠭᠠᠵᠠᠷ ᠤᠨ ᠨᠡᠶᠢᠭᠡᠮ ᠤᠨ ᠳᠠᠭᠠᠳᠬᠠᠯ ᠤᠨ | ᠡᠷᠬᠢᠯᠡᠨ ᠭᠦᠢᠴᠡᠳᠬᠡᠬᠦ ᠪᠠᠶᠢᠭᠤᠯᠤᠮᠵᠢ ᠳᠤ ᠮᠡᠳᠡᠭᠦᠯᠬᠦ ᠶᠢᠨ ᠬᠠᠮᠲᠤ᠂ ᠣᠷᠣᠰᠢᠭᠤᠯᠭ᠎ᠠ ᠶᠢᠨ ᠵᠠᠷᠤᠳᠠᠯ ᠪᠣᠯᠣᠨ | ᠠᠰᠠᠷᠠᠮᠵᠢ ᠶᠢᠨ ᠮᠥᠩᠭᠦ ᠶᠢ ᠨᠢ ᠭᠦᠢᠴᠡᠳᠬᠡᠬᠦ ᠬᠡᠷᠡᠭᠲᠡᠢ᠃ ᠲᠣᠭᠲᠠᠭᠠᠯ ᠠᠴᠠ ᠵᠥᠷᠢᠴᠡᠨ ᠨᠡᠶᠢᠭᠡᠮ ᠤᠨ | ᠳᠠᠭᠠᠳᠬᠠᠯ ᠤᠨ ᠬᠠᠷᠠᠭᠠᠯᠵᠠᠯ ᠢ ᠠᠪᠤᠭᠰᠠᠨ ᠰᠡᠵᠢᠭᠯᠡᠯᠲᠡᠢ ᠬᠥᠮᠥᠰ ᠬᠠᠭᠤᠷᠮᠠᠭᠯᠠᠨ ᠠᠪᠤᠭᠰᠠᠨ ᠰᠠᠭᠤᠷᠢ ᠮᠥᠩᠭᠦ ᠪᠠᠨ | ᠪᠤᠴᠠᠭᠠᠬᠤ ᠶᠢ ᠲᠡᠪᠴᠢᠭᠰᠡᠨ ᠪᠠᠶᠢᠪᠠᠯ᠂ ︽ᠨᠡᠶᠢᠭᠡᠮ ᠤᠨ ᠳᠠᠭᠠᠳᠬᠠᠯ ᠤᠨ ᠬᠠᠤᠯᠢ︾ ᠶᠢᠨ ᠬᠤᠯᠪᠣᠭᠳᠠᠯ ᠪᠦᠬᠦᠢ | ᠲᠣᠭᠲᠠᠭᠠᠯ ᠶᠣᠰᠣᠭᠠᠷ ᠰᠢᠳᠬᠡᠨ ᠲᠣᠷᠭᠠᠨ᠎ᠠ︔ ᠦᠢᠯᠡ ᠪᠠᠶᠢᠳᠠᠯ ᠨᠢ ᠬᠦᠨᠳᠦ ᠨᠣᠴᠢᠲᠠᠢ ᠪᠠᠶᠢᠪᠠᠯ ᠬᠠᠤᠯᠢ | ᠴᠠᠭᠠᠵᠠ ᠶᠢᠨ ᠪᠠᠶᠢᠭᠤᠯᠭ᠎ᠠ ᠳᠤ ᠰᠢᠯᠵᠢᠭᠦᠯᠦᠨ ᠥᠭᠴᠦ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | ︵ᠭᠤᠷᠪᠠ︶ ᠨᠡᠶᠢᠭᠡᠮ ᠤᠨ ᠳᠠᠭᠠᠳᠬᠠᠯ ᠤᠨ ᠲᠤᠬᠠᠶᠢᠯᠠᠭᠰᠠᠨ ᠠᠵᠢᠯ ᠤᠨ ᠭᠠᠷᠲᠠᠨ ᠭᠦᠢᠴᠡᠳᠬᠡᠬᠦ | ᠴᠢᠳᠠᠪᠤᠷᠢ ᠶᠢ ᠳᠡᠭᠡᠭᠰᠢᠯᠡᠭᠦᠯᠵᠦ᠂ ᠦᠢᠯᠡᠴᠢᠯᠡᠭᠡᠨ ᠤ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ | ᠬᠠᠯᠠᠭᠤᠮᠰᠤᠭ᠂ ᠬᠦᠯᠢᠴᠡᠩᠭᠦᠢ᠂ ᠨᠠᠷᠢᠨ ᠨᠢᠮᠪᠠᠢ᠂ ᠪᠦᠷᠢᠨ ᠭᠦᠢᠴᠡᠳ ᠦᠢᠯᠡᠴᠢᠯᠡᠭᠡ ᠬᠠᠩᠭᠠᠵᠤ᠂ ᠥᠨᠳᠥᠷ | ᠨᠠᠰᠤᠲᠠᠢ᠂ ᠪᠡᠶ᠎ᠡ ᠪᠠᠭᠤᠷᠠᠢ᠂ ᠤᠯᠠᠨ ᠡᠪᠡᠳᠴᠢᠨ ᠲᠠᠢ᠂ ᠬᠥᠳᠡᠯᠵᠦ ᠪᠠᠷᠢᠬᠤ ᠳᠤ ᠳᠥᠭᠦᠮ ᠦᠭᠡᠢ ᠬᠥᠮᠥᠰ ᠲᠤ | ᠴᠢᠭᠯᠡᠭᠦᠯᠦᠨ᠂ ᠠᠵᠢᠯᠲᠠᠳ ᠰᠠᠨᠠᠭᠠᠴᠢᠯᠠᠭ᠎ᠠ ᠠᠴᠠ ᠪᠠᠨ ᠭᠡᠷ ᠲᠤᠨᠢ ᠬᠦᠷᠴᠦ ᠦᠢᠯᠡᠴᠢᠯᠡᠨ᠎ᠡ᠃ ᠠᠷᠠᠳ ᠣᠯᠠᠨ ᠤ | ᠬᠠᠨᠤᠮᠵᠢ ᠶᠢᠨ ᠬᠡᠮᠵᠢᠶ᠎ᠡ ᠶᠢ ᠬᠦᠴᠦᠯᠡᠨ ᠳᠡᠭᠡᠭᠰᠢᠯᠡᠭᠦᠯᠦᠨ᠎ᠡ᠃ | ᠠᠰᠠᠭᠤᠨ ᠯᠠᠪᠯᠠᠬᠤ ᠤᠲᠠᠰᠤ᠄ ᠠᠯᠪᠠᠨ ᠪᠠᠶᠢᠭᠤᠯᠭ᠎ᠠ ᠶᠢᠨ ᠠᠵᠢᠯ ᠦᠢᠯᠡᠰ ᠤᠨ ᠨᠠᠰᠤᠵᠢᠯ ᠤᠨ | ᠠᠰᠠᠷᠠᠮᠵᠢ ᠶᠢᠨ ᠳᠠᠭᠠᠳᠬᠠᠯ ᠤᠨᠲ᠋ᠤᠬᠠᠶᠢᠯᠠᠭᠰᠠᠨ ᠠᠵᠢᠯ ᠤᠨ ᠰᠠᠯᠠᠭ᠎ᠠ ︵0474 - 8810697︶ ᠪᠤᠴᠠᠭᠠᠬᠤ | ᠬᠠᠮᠢᠶᠠᠷᠬᠤ ᠦᠢᠯᠡᠴᠢᠯᠡᠭᠡᠨ ᠤ ᠰᠠᠯᠠᠭ᠎ᠠ ︵ᠠᠵᠤ ᠠᠬᠤᠶᠢᠯᠠᠯ︶ ︵0474 - 8815376︶ ᠠᠵᠢᠯ ᠠᠴᠠ | ᠪᠣᠯᠤᠭᠰᠠᠨ ᠭᠡᠮᠲᠦᠯ ᠤᠨ ᠳᠠᠭᠠᠳᠬᠠᠯ ᠤᠨ ᠲᠤᠬᠠᠶᠢᠯᠠᠭᠰᠠᠨ ᠠᠵᠢᠯ ᠤᠨ ᠰᠠᠯᠠᠭ᠎ᠠ ︵0474 - 8256052︶ | | ᠤᠯᠠᠭᠠᠨᠴᠠᠪ ᠬᠤᠲᠠ ᠶᠢᠨ ᠨᠡᠶᠢᠭᠡᠮ ᠤᠨ ᠳᠠᠭᠠᠳᠬᠠᠯ ᠤᠨ ᠦᠢᠯᠡᠰ ᠤᠨᠦᠢᠯᠡᠴᠢᠯᠡᠭᠡᠨ ᠤ ᠲᠥᠪ | 2024 ᠣᠨ ᠤ 3 ᠰᠠᠷ᠎ᠠ ᠶᠢᠨ 7 ᠤ ᠡᠳᠦᠷ |