ᠵᠢᠨᠢᠡᠭ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ︽ᠵᠢᠨᠢᠩ ᠲᠣᠭᠤᠷᠢᠭ ᠤᠨ ᠳᠥᠷᠪᠡᠳᠦᠭᠡᠷ ᠤᠳᠠᠭᠠᠨ ᠤ ᠪᠦᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯ ᠢ ᠨᠡᠶᠢᠳᠡᠮ ᠪᠠᠶᠢᠴᠠᠭᠠᠬᠤ ᠠᠵᠢᠯ ᠤᠨ ᠲᠥᠰᠦᠯ︾᠎ ᠢ ᠳᠠᠷᠤᠮᠠᠯᠯᠠᠨ ᠶᠠᠪᠤᠭᠤᠯᠬᠤ ᠲᠤᠬᠠᠶ ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2024/3/20
                      ᠵᠢᠨᠢᠩ ᠵᠠᠰᠠᠭ ﹇2024﹈ 32 ᠳ᠋ᠤᠭᠠᠷ ᠲᠣᠭᠠᠲᠤᠲᠤᠭᠤᠷᠢᠭ ᠤᠨ ᠰᠢᠭᠤᠳ ᠬᠠᠷᠢᠶ᠎ᠠ ᠡᠯ᠎ᠡ ᠬᠠᠮᠢᠶ᠎ᠠ ᠪᠥᠬᠦᠶ ᠨᠢᠭᠡᠴᠢ᠂ ᠰᠢᠶᠠᠩ ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ᠄      ︽ᠵᠢᠨᠢᠩ ᠲᠣᠭᠤᠷᠢᠭ ᠤᠨ ᠳᠥᠷᠪᠡᠳᠦᠭᠡᠷ ᠤᠳᠠᠭ᠎ᠠ ᠶᠢᠨ ᠪᠥᠬᠦ ᠤᠯᠤᠰ ᠤᠨ ᠲᠡᠤᠬᠡ ᠶᠢᠨ ᠳᠤᠷᠠᠰᠬᠠᠯᠲᠤ ᠵᠦᠶᠯ ᠤᠨ ᠨᠡᠶᠢᠳᠡᠮ ᠪᠠᠶᠢᠴᠠᠭᠠᠯᠲᠠ ᠶᠢᠨ ᠠᠵᠢᠯ ᠤᠨ ᠲᠥᠰᠦᠯ︾᠎ ᠢ ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2024 ᠣᠨ ᠤ 5 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ ᠬᠢᠨᠠᠮᠠᠭᠠᠶ  ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃                           ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ                           2024 ᠣᠨ ᠤ 3 ᠰᠠᠷ᠎ᠠ ᠶᠢᠨ 12᠎ ᠤᠨ  ᠡᠳᠦᠷ     ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶ ᠵᠢᠨᠢᠩ ᠲᠣᠭᠤᠷᠢᠭ ᠤᠨ ᠳᠥᠷᠪᠡᠳᠦᠭᠡᠷ ᠤᠳᠠᠭᠠᠨ ᠤ ᠪᠦᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯ ᠢ ᠨᠡᠶᠢᠳᠡᠮ ᠪᠠᠶᠢᠴᠠᠭᠠᠬᠤ ᠠᠵᠢᠯ ᠤᠨ ᠲᠥᠰᠦᠯ     ᠲᠥᠷᠥ ᠶᠢᠨ ᠶᠠᠪᠤᠳᠠᠯ ᠤᠨ ᠬᠤᠷᠢᠶ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ᠂ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠤᠬᠡ ᠶᠢᠨ ᠳᠤᠷᠠᠰᠬᠠᠯᠲᠤ ᠵᠦᠶᠯ ᠤᠨ ᠨᠡᠶᠢᠳᠡᠮ ᠪᠠᠶᠢᠴᠠᠭᠠᠯᠲᠠ ᠶᠢᠨ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠨ ᠤ  ᠲᠤᠭᠤᠷᠢᠭ ᠤᠨ ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠤᠬᠡ ᠶᠢᠨ ᠳᠤᠷᠠᠰᠬᠠᠯᠲᠤ ᠵᠦᠶᠯ ᠤᠨ ᠨᠡᠶᠢᠳᠡᠮ ᠪᠠᠶᠢᠴᠠᠭᠠᠯᠲᠠ ᠶᠢᠨ ᠠᠵᠢᠯ ᠢ ᠪᠥᠬᠦ ᠲᠠᠯ᠎ᠠ ᠪᠠᠷ ᠠᠬᠢᠭᠤᠯᠬᠤ ᠶᠢᠨ ᠲᠤᠰᠠᠳᠠ᠂ ᠡᠳᠦᠭᠡ ᠮᠠᠨ ᠤ  ᠲᠤᠭᠤᠷᠢᠭ ᠳᠥᠷᠪᠡᠳᠦᠭᠡᠷ ᠤᠳᠠᠭᠠᠨ ᠤ ᠪᠦᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯ ᠢ ᠨᠡᠶᠢᠳᠡᠮ ᠪᠠᠶᠢᠴᠠᠭᠠᠬᠤ ᠠᠵᠢᠯ ᠤᠨ ᠲᠥᠰᠦᠯ ᠢ ᠳᠠᠷᠤᠮᠠᠯᠠᠨ ᠲᠠᠷᠬᠠᠭᠠᠪᠠ᠃ᠨᠢᠭᠡ᠂ ᠵᠢᠯᠣᠭᠤᠳᠬᠤ ᠦᠵᠡᠯ ᠰᠠᠨᠠᠭ᠎ᠠ     ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠤᠨ ᠰᠢ ᠶᠢᠨ ᠫᠢᠩ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠪᠠᠷ ᠭᠤᠣᠯ ᠱᠤᠭᠤᠮ ᠪᠣᠯᠭᠠᠵᠤ᠂ ᠨᠠᠮ ᠤᠨ ᠲᠥᠪ ᠬᠤᠷᠢᠶᠠᠨ ᠤ ︽ᠬᠠᠮᠠᠭᠠᠯᠠᠬᠤ ᠶᠢ ᠲᠡᠷᠢᠭᠦᠨ ᠳᠤ ᠲᠠᠯᠪᠢᠬᠤ᠂ ᠬᠠᠮᠢᠶᠠᠷᠤᠯᠲᠠ ᠶᠢ ᠴᠢᠩᠭᠠᠳᠬᠠᠬᠤ᠂ ᠦᠨ᠎ᠡ ᠥᠷᠲᠡᠭ ᠢ ᠠᠭᠤᠳᠠᠯᠬᠤ᠂ ᠪᠦᠲᠦᠮᠵᠢᠲᠡᠶ ᠠᠰᠢᠭᠯᠠᠬᠤ᠂ ᠲᠡᠦᠬᠡ ᠶᠢᠨ ᠳᠤᠷᠠᠰᠬᠠᠯᠲᠤ ᠵᠦᠢᠯ ᠢ ᠠᠮᠢᠳᠤᠯᠢᠭ ᠪᠣᠯᠭᠠᠬᠤ︾᠎ ᠶᠢ ᠪᠠᠷᠢᠮᠲᠠᠯᠠᠬᠤ ᠲᠤᠬᠠᠶ ᠠᠵᠢᠯ ᠤᠨ ᠱᠠᠭᠠᠷᠳᠠᠯᠭ᠎ᠠ ᠶᠢ ᠬᠢᠨᠠᠮᠠᠭᠠᠶ  ᠨᠠᠶᠢᠳᠠᠪᠤᠷᠢᠵᠢᠭᠤᠯᠵᠤ᠂ ᠦᠨᠡᠨ ᠠᠴᠠ ᠵᠥᠪ ᠢ ᠡᠷᠢᠬᠦ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ᠂ ᠬᠠᠤᠯᠢ ᠶᠣᠰᠣᠭᠠᠷ ᠬᠡᠷᠡᠭᠵᠢᠭᠦᠯᠬᠦ ᠶᠢ ᠪᠠᠷᠢᠮᠲᠠᠯᠠᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠ ᠪᠠᠶᠢᠷᠢᠯᠠᠭᠤᠯᠤᠯᠲᠠ ᠲᠣᠬᠢᠷᠠᠭᠤᠯᠤᠯᠲᠠ ᠶᠢ ᠴᠢᠩᠭᠠᠳᠬᠠᠨ᠂ ᠨᠡᠶᠢᠳᠡᠮ ᠪᠠᠶᠢᠴᠠᠭᠠᠯᠲᠠ ᠶᠢᠨ ᠦᠷ᠎ᠡ ᠳ᠋ᠦᠩ ᠳᠤ ᠮᠠᠨ ᠤ  ᠲᠤᠭᠤᠷᠢᠭ ᠤᠨ ᠰᠢᠯᠵᠢᠭᠦᠯᠵᠦ ᠪᠣᠯᠤᠰᠢ ᠥᠬᠡᠶ ᠲᠡᠤᠬᠡ ᠶᠢᠨ ᠳᠤᠷᠠᠰᠬᠠᠯᠲᠤ ᠵᠦᠶᠯᠡᠰ ᠤᠨ ᠡᠬᠢ ᠪᠠᠶᠠᠯᠢᠭ ᠤᠨ ᠦᠨᠳᠦᠰᠦᠨ ᠪᠠᠶᠢᠳᠠᠯ ᠢ ᠪᠥᠬᠦ ᠲᠠᠯ᠎ᠠ ᠪᠠᠷ ᠪᠤᠰᠤᠳᠴᠢ ᠪᠠᠷ ᠲᠤᠰᠬᠠᠬᠤ ᠶᠢ ᠦᠨᠡᠨᠬᠦ ᠪᠠᠲᠤᠯᠠᠵᠤ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠳᠤ ᠬᠦᠴᠦᠨ ᠨᠡᠮᠡᠷᠢᠯᠡᠨ᠎ᠡ᠃ ᠬᠤᠶᠠᠷ᠂ ᠬᠠᠷᠠᠯᠲᠠ ᠡᠭᠦᠷᠭᠡ       ᠲᠥᠷᠥ ᠶᠢᠨ ᠶᠠᠪᠤᠳᠠᠯ ᠤᠨ ᠬᠤᠷᠢᠶ᠎ᠠ ᠶᠢᠨ ᠳᠤᠷᠠᠳᠤᠭᠰᠠᠨ ᠲᠡᠤᠬᠡ ᠶᠢᠨ ᠳᠤᠷᠠᠰᠬᠠᠯᠲᠤ ᠵᠦᠶᠯ ᠤᠨ ᠨᠡᠶᠢᠳᠡᠮ ᠪᠠᠶᠢᠴᠠᠭᠠᠯᠲᠠ ᠶᠢᠨ ᠶᠡᠷᠦᠩᠬᠡᠶ ᠬᠠᠷᠠᠯᠲᠠ ᠶᠢᠨ ᠶᠣᠰᠣᠭᠠᠷ᠂ ᠯᠠᠪᠳᠠᠭᠤᠨ ᠪᠥᠭᠡᠳ ᠪᠦᠲᠦᠮᠵᠢᠲᠡᠶ ᠨᠡᠶᠢᠳᠡᠮ ᠪᠠᠶᠢᠴᠠᠭᠠᠯᠲᠠ ᠶᠢᠨ ᠠᠵᠢᠯ ᠢᠶᠠᠷ ᠳᠠᠮᠵᠢᠭᠤᠯᠤᠨ᠂ ᠳᠣᠤᠷᠠᠬᠢ ᠮᠡᠲᠦ ᠠᠵᠢᠯ ᠤᠨ ᠬᠠᠷᠠᠯᠲᠠ ᠪᠠ ᠡᠭᠦᠷᠭᠡ ᠶᠢ ᠪᠡᠶᠡᠯᠡᠭᠦᠯᠦᠨ᠎ᠡ᠄ ᠨᠢᠭᠡ ᠳᠤ ᠪᠥᠬᠦ  ᠲᠤᠭᠤᠷᠢᠭ ᠤᠨ ᠰᠢᠯᠵᠢᠭᠦᠯᠵᠦ ᠪᠣᠯᠤᠰᠢ ᠥᠬᠡᠶ ᠲᠡᠤᠬᠡ ᠶᠢᠨ ᠳᠤᠷᠠᠰᠬᠠᠯᠲᠤ ᠵᠦᠶᠯ ᠤᠨ ᠡᠬᠢ ᠪᠠᠶᠠᠯᠢᠭ ᠤᠨ ᠶᠡᠷᠦᠩᠬᠡᠶ ᠭᠠᠷᠴᠠᠭ ᠪᠠ ᠳ᠋ᠠᠶᠢᠲ᠋ᠠ ᠬᠥᠮᠥᠷᠭᠡ ᠶᠢ ᠪᠠᠶᠢᠭᠤᠯᠵᠤ᠂ ᠲᠡᠤᠬᠡ ᠶᠢᠨ ᠳᠤᠷᠠᠰᠬᠠᠯᠲᠤ ᠵᠦᠶᠯ ᠤᠨ ᠡᠬᠢ ᠪᠠᠶᠠᠯᠢᠭ ᠤᠨ ᠡᠳ᠋ ᠬᠥᠷᠥᠩᠭᠡ ᠶᠢᠨ ᠬᠥᠳᠡᠯᠦᠩᠭᠦᠶ ᠬᠠᠮᠢᠶᠠᠷᠤᠯᠲᠠ ᠶᠢ ᠪᠡᠶᠡᠯᠡᠭᠦᠯᠦᠨ᠎ᠡ  ᠃ ᠬᠤᠶᠠᠷ ᠲᠤ ᠰᠢᠯᠵᠢᠭᠦᠯᠵᠦ ᠪᠣᠯᠤᠰᠢ ᠦᠭᠡᠢ ᠲᠡᠦᠬᠡ ᠶᠢᠨ ᠳᠤᠷᠠᠰᠬᠠᠯᠲᠤ ᠵᠦᠢᠯ ᠢ ᠮᠠᠭᠠᠳᠯᠠᠨ ᠲᠣᠭᠲᠠᠭᠠᠵᠤ ᠨᠡᠶᠢᠲᠡᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠨᠡᠷᠡᠰ ᠤᠨ ᠵᠢᠭᠰᠠᠭᠠᠯᠲᠠ ᠶᠢ ᠨᠡᠶᠢᠲᠡᠯᠡᠬᠦ ᠰᠢᠰᠲ᠋ᠧᠮ ᠢ ᠪᠦᠷᠢᠨᠰᠢᠬᠦᠯᠦᠨ᠎ᠡ ᠃ ᠭᠤᠷᠪᠠ ᠳᠤ᠂ ᠰᠢᠯᠵᠢᠭᠦᠯᠵᠦ ᠪᠣᠯᠤᠰᠢ ᠦᠭᠡᠢ ᠲᠡᠦᠬᠡ ᠵᠢᠨ‌‍ᠲ᠋ᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠪᠦᠬᠦ ᠲᠠᠯ᠎ᠠ ᠪᠠᠷ ᠨᠡᠶᠢᠳᠡᠮ ᠪᠠᠶᠢᠴᠠᠭᠠᠬᠤ᠂ ᠲᠤᠰᠬᠠᠢ ᠪᠠᠶᠢᠴᠠᠭᠠᠯᠲᠠ ᠬᠢᠬᠦ᠂ ᠣᠷᠣᠨ ᠵᠠᠢ ᠶᠢ ᠬᠠᠮᠢᠶᠠᠷᠤᠨ ᠡᠵᠡᠮᠳᠡᠬᠦ᠂ ᠬᠥᠳᠡᠯᠦᠩᠭᠦᠢ ᠬᠢᠨᠠᠨ ᠬᠡᠮᠵᠢᠬᠦ ᠶᠢ ᠤᠶᠠᠯᠳᠤᠭᠤᠯᠤᠭᠰᠠᠨ ᠲᠡᠦᠬᠡ ᠶᠢᠨ ᠳᠤᠷᠠᠰᠬᠠᠯᠲᠤ ᠵᠦᠢᠯᠡᠰ ᠤᠨ ᠡᠬᠢ ᠪᠠᠶᠠᠯᠢᠭ ᠤᠨ ᠬᠠᠮᠢᠶᠠᠷᠤᠯᠲᠠ ᠶᠢᠨ  ᠰᠢᠰᠲ᠋ᠧᠮ ᠢ ᠪᠠᠶᠢᠭᠤᠯᠤᠨ᠎ᠠ ᠃ ᠲᠦᠷᠪᠡ ᠳᠤ ᠲᠤᠰᠬᠠᠶ ᠮᠡᠷᠭᠡᠵᠢᠯ ᠤᠨ ᠠᠵᠢᠯᠳᠠᠨ ᠢ ᠬᠥᠮᠦᠵᠢᠭᠦᠯᠦᠨ ᠪᠣᠯᠪᠠᠰᠤᠷᠠᠭᠤᠯᠵᠤ᠂ ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠡᠩᠨᠡᠭᠡᠨ ᠤ ᠪᠦᠬᠦᠯᠢ ᠴᠣᠭᠴᠠ ᠶᠢᠨ ᠬᠡᠪ ᠴᠢᠨᠠᠷ ᠢ ᠳᠡᠭᠡᠭᠰᠢᠯᠡᠭᠦᠯᠵᠦ᠂ ᠪᠦᠬᠦ ᠨᠡᠶᠢᠭᠡᠮ ᠤᠨ ᠰᠣᠶᠣᠯ ᠤᠨ ᠥᠪ ᠢ ᠬᠠᠮᠠᠭᠠᠯᠠᠬᠤ ᠤᠬᠠᠮᠰᠠᠷ ᠢ ᠴᠢᠩᠭᠠᠷᠠᠭᠤᠯᠤᠨ᠎ᠠ᠃ ᠭᠤᠷᠪᠠ᠂ ᠨᠡᠶᠢᠳᠡᠮ ᠪᠠᠶᠢᠴᠠᠭᠠᠬᠤ ᠬᠡᠪᠴᠢᠶ᠎ᠡ ᠪᠣᠯᠤᠨ ᠠᠭᠤᠯᠭ᠎ᠠ      ︵ᠨᠢᠭᠡ︶ ᠨᠡᠶᠢᠳᠡᠮ ᠪᠠᠶᠢᠴᠠᠭᠠᠬᠤ ᠬᠡᠪᠴᠢᠶ᠎ᠡ᠃ ᠭᠤᠷᠪᠠᠳᠤᠭᠠᠷ ᠤᠳᠠᠭᠠᠨ ᠤ ᠪᠥᠬᠦ ᠤᠯᠤᠰ ᠤᠨ ᠲᠡᠤᠬᠡ ᠶᠢᠨ ᠳᠤᠷᠠᠰᠬᠠᠯᠲᠤ ᠵᠦᠶᠯ ᠤᠨ ᠨᠡᠶᠢᠳᠡᠮ ᠪᠠᠶᠢᠴᠠᠭᠠᠯᠲᠠ ᠳᠤ ᠨᠢᠭᠡᠨᠲᠡ ᠮᠠᠭᠠᠳᠯᠠᠨ ᠲᠣᠭᠲᠠᠭᠠᠭᠰᠠᠨ ᠪᠠ ᠳᠠᠩᠰᠠᠯᠠᠭᠤᠯᠤᠭᠰᠠᠨ 122 ᠰᠢᠯᠵᠢᠭᠦᠯᠵᠦ ᠪᠣᠯᠤᠰᠢ ᠥᠬᠡᠶ ᠲᠡᠤᠬᠡ ᠶᠢᠨ ᠳᠤᠷᠠᠰᠬᠠᠯᠲᠤ ᠵᠦᠶᠯ ᠢ ᠳᠠᠬᠢᠨ ᠪᠠᠶᠢᠴᠠᠭᠠᠬᠤ ᠶᠢᠨ ᠬᠠᠮᠲᠤ ᠰᠢᠨ᠎ᠡ ᠪᠠᠷ ᠢᠯᠡᠷᠡᠭᠦᠯᠦᠭᠰᠡᠨ ᠰᠢᠯᠵᠢᠭᠦᠯᠵᠦ ᠪᠣᠯᠤᠰᠢ ᠥᠬᠡᠶ ᠲᠡᠤᠬᠡ ᠶᠢᠨ ᠳᠤᠷᠠᠰᠬᠠᠯᠲᠤ ᠵᠦᠶᠯ ᠢ ᠪᠠᠶᠢᠴᠠᠭᠠᠵᠤ᠂ ᠮᠠᠭᠠᠳᠯᠠᠨ ᠲᠣᠭᠲᠠᠭᠠᠵᠤ᠂ ᠳᠡᠩᠰᠡᠯᠡᠨ ᠲᠡᠮᠳᠡᠭᠯᠡᠪᠡ᠃       ︵ᠬᠤᠶᠠᠷ︶ ᠨᠡᠶᠢᠳᠡᠮ ᠪᠠᠶᠢᠴᠠᠭᠠᠯᠲᠠ  ᠶᠢᠨ ᠠᠭᠤᠯᠭ᠎ᠠ᠃ ᠡᠭᠦᠨ ᠳᠤ ᠨᠡᠶᠢᠳᠡᠮ ᠪᠠᠶᠢᠴᠠᠭᠠᠯᠲᠠ ᠶᠢᠨ ᠡᠲᠡᠭᠡᠳ ᠤᠨ ᠨᠡᠷᠡᠶᠢᠳᠦᠯ᠂ ᠣᠷᠣᠨ ᠵᠠᠶ ᠶᠢᠨ ᠪᠠᠶᠢᠷᠢᠰᠢᠯ᠂ ᠬᠠᠮᠠᠭᠠᠯᠠᠯᠲᠠ ᠶᠢᠨ ᠲᠡᠰ᠂ ᠲᠡᠦᠬᠡ ᠶᠢᠨ ᠳᠤᠷᠠᠰᠬᠠᠯᠲᠤ ᠵᠦᠢᠯ ᠤᠨ ᠳᠦᠷᠦᠯ ᠢᠯᠭᠠᠯ᠂ ᠣᠨ ᠵᠢᠯ᠂ ᠡᠷᠬᠡ ᠶᠢᠨ ᠬᠠᠷᠢᠶᠠᠯᠠᠯ᠂ ᠬᠡᠷᠡᠭᠯᠡᠭᠰᠡᠨ ᠪᠠᠶᠢᠳᠠᠯ᠂ ᠬᠠᠳᠠᠭᠠᠯᠠᠭᠰᠠᠨ ᠪᠠᠶᠢᠳᠠᠯ ᠵᠡᠷᠭᠡ ᠪᠠᠭᠲᠠᠨ᠎ᠠ᠃ ᠳᠥᠷᠪᠡ᠂ ᠴᠠᠭ ᠤᠨ ᠲᠣᠬᠢᠷᠠᠭᠤᠯᠤᠯᠲᠠ     ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ᠂ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ ᠲᠣᠰ ᠤᠳᠠᠭᠠᠨ ᠤ ᠨᠡᠶᠢᠳᠡᠮ ᠪᠠᠶᠢᠴᠠᠭᠠᠯᠲᠠ ᠶᠢ 2023 ᠣᠨ ᠤ 11 ᠳ᠋ᠦ᠋ᠭᠡᠷ ᠰᠠᠷ᠎ᠠ ᠠᠴᠠ ᠡᠬᠢᠯᠡᠨ᠂ 2026 ᠣᠨ ᠤ 6 ᠳ᠋ᠤᠭᠠᠷ ᠰᠠᠷ᠎ᠠ ᠳᠤ ᠳᠠᠭᠤᠰᠬᠠᠵᠤ᠂ ᠭᠤᠷᠪᠠᠨ ᠱᠠᠲᠤ ᠦᠶ᠎ᠡ ᠬᠤᠪᠢᠶᠠᠨ ᠶᠠᠪᠤᠭᠳᠠᠭᠤᠯᠤᠨ᠎ᠠ᠃ ᠨᠡᠶᠢᠳᠡᠮ ᠪᠠᠶᠢᠴᠠᠭᠠᠯᠲᠠ ᠶᠢᠨ ᠪᠠᠷᠢᠮᠵᠢᠶ᠎ᠠ ᠶᠢᠨ ᠴᠠᠭ ᠨᠢ 2024 ᠣᠨ ᠤ 4 ᠰᠠᠷ᠎ᠠ ᠶᠢᠨ 30᠎ ᠤ ᠡᠳᠦᠷ ᠪᠣᠯᠤᠨ᠎ᠠ᠃        ︵ᠨᠢᠭᠡ︶ ᠨᠢᠭᠡᠳᠦᠭᠡᠷ ᠱᠠᠲᠤ᠃ 2023 ᠣᠨ ᠤ 11 ᠰᠠᠷ᠎ᠠ ᠠᠴᠠ 2024 ᠣᠨ ᠤ 4 ᠰᠠᠷ᠎ᠠ ᠪᠣᠯᠲᠠᠯ᠎ᠠ᠃ ᠠᠵᠢᠯ  ᠤᠨ ᠡᠭᠦᠷᠭᠡ᠄ ᠡᠯ᠎ᠡ ᠱᠠᠲᠤᠨ  ᠤ ᠨᠡᠶᠢᠳᠡᠮ ᠪᠠᠶᠢᠴᠠᠭᠠᠯᠲᠠ  ᠶᠢᠨ ᠪᠠᠶᠢᠭᠤᠯᠤᠮᠵᠢ ᠪᠣᠯᠤᠨ ᠨᠡᠶᠢᠳᠡᠮ ᠪᠠᠶᠢᠴᠠᠭᠠᠯᠲᠠ  ᠶᠢᠨ ᠡᠩᠨᠡᠭᠡ  ᠶᠢ ᠪᠠᠶᠢᠭᠤᠯᠵᠤ᠂ ᠨᠡᠶᠢᠳᠡᠮ ᠪᠠᠶᠢᠴᠠᠭᠠᠯᠲᠠ  ᠶᠢᠨ ᠠᠵᠢᠯ  ᠤᠨ ᠲᠥᠰᠦᠯ  ᠢ ᠲᠣᠭᠲᠠᠭᠠᠨ᠂ ᠨᠡᠶᠢᠳᠡᠮ ᠪᠠᠶᠢᠴᠠᠭᠠᠯᠲᠠ  ᠶᠢᠨ ᠮᠡᠷᠭᠡᠵᠢᠯ  ᠤᠨ ᠪᠠᠷᠢᠮᠵᠢᠶ᠎ᠠ ᠪᠣᠯᠤᠨ ᠵᠢᠷᠤᠮᠵᠢᠯ ᠤᠨ ᠶᠣᠰᠣᠭᠠᠷ᠂ ᠨᠡᠶᠢᠳᠡᠮ ᠪᠠᠶᠢᠴᠠᠭᠠᠯᠲᠠ  ᠶᠢᠨ ᠰᠢᠰᠲ᠋ᠧᠮ ᠢ ᠦᠨᠳᠦᠰᠦᠯᠡᠨ  ᠴᠤᠭᠯᠠᠭᠤᠯᠵᠤ᠂  ᠪᠤᠯᠪᠠᠰᠤᠷᠠᠭᠤᠯᠤᠨ᠂ ᠲᠤᠷᠰᠢᠯᠲᠠ ᠎ ᠶᠢᠨ ᠠᠵᠢᠯ  ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃      ︵ᠬᠤᠶᠠᠷ︶ ᠬᠤᠶᠠᠳᠤᠭᠠᠷ ᠱᠠᠲᠤ᠃ 2024 ᠣᠨ ᠤ 5 ᠰᠠᠷ᠎ᠠ ᠠᠴᠠ 2025 ᠣᠨ ᠤ 5 ᠰᠠᠷ᠎ᠠ ᠪᠣᠯᠲᠠᠯ᠎ᠠ ᠃ ᠠᠵᠢᠯ ᠤᠨ ᠡᠭᠦᠷᠭᠡ᠄ ᠲᠡᠤᠬᠡ ᠶᠢᠨ ᠳᠤᠷᠠᠰᠬᠠᠯᠲᠤ ᠵᠦᠶᠯᠡᠰ ᠤᠨ ᠪᠠᠶᠢᠴᠠᠭᠠᠯᠲᠠ ᠶᠢ ᠪᠣᠳᠠᠲᠠᠶ ᠭᠠᠵᠠᠷ ᠲᠤᠨᠢ  ᠬᠢᠨ᠎ᠡ ᠃      ︵ᠭᠤᠷᠪᠠ︶ ᠭᠤᠷᠪᠠᠳᠤᠭᠠᠷ ᠱᠠᠲᠤ᠃ 2025 ᠣᠨ ᠤ 6 ᠰᠠᠷ᠎ᠠ ᠠᠴᠠ 2026 ᠣᠨ ᠤ 6 ᠰᠠᠷ᠎ᠠ ᠪᠣᠯᠲᠠᠯ᠎ᠠ᠃ ᠠᠵᠢᠯ ᠤᠨ ᠡᠭᠦᠷᠭᠡ᠄ ᠰᠢᠯᠵᠢᠭᠦᠯᠵᠦ ᠪᠣᠯᠤᠰᠢ ᠥᠬᠡᠶ ᠲᠡᠤᠬᠡ ᠶᠢᠨ ᠳᠤᠷᠠᠰᠬᠠᠯᠲᠤ ᠵᠦᠶᠯ ᠢ ᠬᠠᠤᠯᠢ ᠶᠣᠰᠣᠭᠠᠷ ᠮᠠᠭᠠᠳᠯᠠᠨ ᠲᠣᠭᠲᠠᠭᠠᠵᠤ᠂ ᠳᠡᠩᠰᠡᠯᠡᠨ ᠲᠡᠮᠳᠡᠭᠯᠡᠬᠦ ᠶᠢᠨ ᠬᠠᠮᠲᠤ ᠨᠡᠶᠢᠲᠡᠯᠡᠵᠦ᠂ ᠪᠥᠬᠦ  ᠲᠤᠭᠤᠷᠢᠭ ᠤᠨ ᠰᠢᠯᠵᠢᠭᠦᠯᠵᠦ ᠪᠣᠯᠤᠰᠢ ᠥᠬᠡᠶ ᠲᠡᠤᠬᠡ ᠶᠢᠨ ᠳᠤᠷᠠᠰᠬᠠᠯᠲᠤ ᠵᠦᠶᠯ ᠤᠨ ᠡᠬᠢ ᠪᠠᠶᠠᠯᠢᠭ ᠤᠨ ᠶᠡᠷᠦᠩᠬᠡᠶ ᠭᠠᠷᠴᠠᠭ ᠢ ᠪᠠᠶᠢᠭᠤᠯᠤᠨ᠂ ᠰᠢᠯᠭᠠᠨ ᠠᠪᠬᠤ ᠠᠵᠢᠯ ᠢ ᠪᠡᠶᠡᠯᠡᠭᠦᠯᠬᠦ ᠶᠢᠨ ᠬᠠᠮᠲᠤ ᠨᠡᠶᠢᠭᠡᠮ ᠨᠡᠶᠢᠲᠡ ᠳᠤ ᠨᠡᠶᠢᠳᠡᠮ ᠪᠠᠶᠢᠴᠠᠭᠠᠯᠲᠠ ᠶᠢᠨ ᠦᠷ᠎ᠡ ᠪᠦᠲᠦᠭᠡᠯ ᠢ ᠨᠡᠶᠢᠲᠡᠯᠡᠨ᠎ᠡ᠃ ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠠᠴᠠ ᠨᠡᠶᠢᠳᠡᠮ ᠪᠠᠶᠢᠴᠠᠭᠠᠯᠲᠠ ᠶᠢᠨ ᠦᠷ᠎ᠡ ᠳ᠋ᠦᠩ ᠢ ᠦᠨᠳᠦᠰᠦᠯᠡᠨ᠂ ᠰᠢᠯᠵᠢᠭᠦᠯᠵᠦ ᠪᠣᠯᠤᠰᠢ ᠥᠬᠡᠶ ᠴᠢᠬᠤᠯᠠ ᠲᠡᠤᠬᠡ ᠶᠢᠨ ᠳᠤᠷᠠᠰᠬᠠᠯᠲᠤ ᠵᠦᠶᠯᠡᠰ ᠢ ᠵᠣᠬᠢᠬᠤ ᠲᠠᠰ ᠤᠨ ᠲᠡᠤᠬᠡ ᠶᠢᠨ ᠳᠤᠷᠠᠰᠬᠠᠯᠲᠤ ᠵᠦᠶᠯᠡᠰ ᠤᠨ ᠬᠠᠮᠠᠭᠠᠯᠠᠯᠲᠠ ᠶᠢᠨ  ᠨᠢᠭᠡᠴᠢ ᠪᠠᠷ ᠬᠢᠨᠠᠨ ᠲᠣᠭᠲᠠᠭᠠᠵᠤ ᠨᠡᠶᠢᠲᠡᠯᠡᠨ᠎ᠡ᠃ ᠲᠠᠪᠤ᠂ ᠵᠣᠬᠢᠶᠠᠨ ᠪᠠᠶᠢᠭᠤᠯᠤᠨ ᠬᠡᠷᠡᠭᠵᠢᠭᠦᠯᠬᠦ      ︵ᠨᠢᠭᠡ︶ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠦᠨ᠎ᠡ᠃ ᠳᠥᠷᠪᠡᠳᠦᠭᠡᠷ ᠤᠳᠠᠭᠠᠨ ᠤ ᠪᠦᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯ ᠤᠨ ᠨᠡᠶᠢᠳᠡᠮ ᠪᠠᠶᠢᠴᠠᠭᠠᠯᠲᠠ ᠪᠣᠯ ᠤᠯᠤᠰ ᠤᠨ ᠪᠠᠶᠢᠳᠠᠯ ᠤᠯᠤᠰ ᠤᠨ ᠬᠦᠴᠦᠨ ᠤ ᠪᠠᠶᠢᠴᠠᠭᠠᠯᠲᠠ ᠶᠢᠨ ᠤᠯᠤᠰ ᠤᠨ ᠲᠡᠤᠬᠡ ᠰᠣᠶᠣᠯ ᠤᠨ ᠥᠪ ᠤᠨ ᠠᠮᠤᠷ ᠲᠦᠪᠰᠢᠨ ᠢ ᠦᠨᠡᠨᠬᠦ ᠪᠠᠲᠤᠯᠠᠬᠤ ᠴᠢᠬᠤᠯᠠ ᠠᠷᠭ᠎ᠠ ᠬᠡᠮᠵᠢᠶ᠎ᠡ ᠮᠥᠨ᠂ ᠮᠠᠨ ᠤ ᠤᠯᠤᠰ ᠤᠨ ᠰᠣᠶᠣᠯ ᠤᠨ ᠥᠪ ᠤᠨ ᠬᠠᠮᠠᠭᠠᠯᠠᠯᠲᠠ ᠶᠢᠨ ᠴᠢᠬᠤᠯᠠ ᠰᠠᠭᠤᠷᠢ ᠠᠵᠢᠯ ᠮᠥᠨ᠂ ᠰᠢ ᠶᠢᠨ ᠫᠢᠩ ᠶᠡᠷᠦᠩᠬᠡᠶ ᠱᠦᠵᠢ ᠶᠢᠨ ᠲᠡᠤᠬᠡ ᠶᠢᠨ ᠳᠤᠷᠠᠰᠬᠠᠯᠲᠤ ᠵᠦᠶᠯᠡᠰ ᠤᠨ ᠠᠵᠢᠯ ᠤᠨ ᠲᠤᠬᠠᠶ ᠴᠢᠬᠤᠯᠠ ᠥᠭᠦᠯᠡᠯᠲᠡ ᠪᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ  ᠲᠤᠭᠤᠰᠢᠯᠠᠭᠤᠯᠵᠤ᠂ ᠮᠠᠨ ᠤ  ᠲᠤᠭᠤᠷᠢᠭ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠰᠣᠶᠣᠯ ᠤᠨ ᠬᠦᠴᠦᠷᠬᠡᠭ ᠤᠯᠤᠰ ᠢ ᠪᠥᠲᠥᠭᠡᠨ ᠪᠠᠶᠢᠭᠤᠯᠬᠤ ᠳᠤ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃ ᠡᠯ᠎ᠡ  ᠨᠢᠭᠡᠴᠢ ᠎ ᠨᠦᠭᠦᠳ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠲᠡᠤᠬᠡ ᠶᠢᠨ ᠳᠤᠷᠠᠰᠬᠠᠯᠲᠤ ᠵᠦᠶᠯᠡᠰ ᠤᠨ ᠨᠡᠶᠢᠳᠡᠮ ᠪᠠᠶᠢᠴᠠᠭᠠᠯᠲᠠ ᠶᠢᠨ ᠴᠢᠬᠤᠯᠠ ᠴᠢᠨᠠᠷ ᠢ ᠭᠦᠶᠴᠡᠳ ᠲᠠᠨᠢᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠂ ᠨᠠᠷᠢᠨ ᠨᠢᠮᠪᠠᠶ ᠪᠠᠶᠢᠷᠢᠯᠠᠭᠤᠯᠵᠤ᠂ ᠤᠬᠠᠭᠤᠯᠬᠤ ᠠᠵᠢᠯ ᠢ ᠰᠠᠶᠢᠲᠤᠷ ᠬᠢᠵᠦ᠂ ᠨᠡᠶᠢᠳᠡᠮ ᠪᠠᠶᠢᠴᠠᠭᠠᠯᠲᠠ ᠶᠢᠨ ᠡᠭᠦᠷᠭᠡ ᠪᠠᠨ ᠬᠤᠭᠤᠴᠠᠭ᠎ᠠ ᠶᠣᠰᠣᠭᠠᠷ ᠴᠢᠨᠠᠷ ᠢ ᠪᠠᠲᠤᠯᠠᠨ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃     ︵ᠬᠤᠶᠠᠷ︶ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠪᠠᠶᠢᠭᠤᠯᠤᠨ᠎ᠠ᠃ ᠵᠢᠨᠢᠩ ᠲᠣᠭᠤᠷᠢᠭ ᠤᠨ ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠤᠬᠡ ᠶᠢᠨ ᠳᠤᠷᠠᠰᠬᠠᠯᠲᠤ ᠵᠦᠶᠯᠡᠰ ᠤᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠨᠡᠶᠢᠳᠡᠮ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠳᠤᠮᠳᠠᠬᠢ ᠴᠢᠬᠤᠯᠠ ᠶᠡᠭᠡ ᠠᠰᠠᠭᠤᠳᠠᠯ ᠢ ᠰᠤᠳᠤᠯᠬᠤ ᠪᠠ ᠰᠢᠶᠳᠪᠦᠷᠢᠲᠦ ᠪᠣᠳᠣᠯᠭ᠎ᠠ ᠲᠣᠭᠲᠠᠭᠠᠬᠤ ᠶᠢ ᠬᠠᠷᠢᠭᠤᠴᠠᠨ᠂ ᠬᠤᠯᠪᠣᠭᠳᠠᠯ ᠪᠥᠬᠦᠶ ᠴᠢᠬᠤᠯᠠ ᠵᠦᠶᠯᠡᠰ ᠢ ᠬᠢᠨᠠᠨ ᠲᠣᠭᠲᠠᠭᠠᠵᠤ᠂ ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠬᠡᠷᠡᠭ ᠵᠥᠪᠯᠡᠵᠦ ᠵᠣᠬᠢᠴᠠᠭᠤᠯᠬᠤ ᠪᠠᠶᠢᠭᠤᠯᠤᠮᠵᠢ ᠪᠣᠯᠭᠠᠬᠤ ᠥᠬᠡᠶ᠂ ᠡᠭᠦᠷᠭᠡ ᠪᠠᠨ ᠪᠡᠶᠡᠯᠡᠭᠦᠯᠦᠭᠰᠡᠨ ᠤ ᠳᠠᠷᠠᠭ᠎ᠠ ᠠᠶᠠᠨᠳᠠᠭᠠᠨ ᠬᠦᠴᠦᠨ ᠥᠬᠡᠶ ᠪᠣᠯᠭᠠᠨ᠎ᠠ᠃ ᠤᠳᠤᠷᠢᠳᠬᠤ ᠳᠤᠭᠤᠶᠢᠯᠠᠩ ᠤᠨ ᠠᠯᠪᠠᠨ ᠬᠡᠷ ᠢ ᠵᠢᠨᠢᠩ ᠲᠣᠭᠤᠷᠢᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ︵ᠲᠡᠤᠬᠡ ᠶᠢᠨ ᠳᠤᠷᠠᠰᠬᠠᠯᠲᠤ ᠵᠦᠶᠯᠡᠰ ᠤᠨ ᠲᠣᠪᠴᠢᠶ᠎ᠠ︶᠎ ᠳᠤ ᠪᠠᠶᠢᠷᠢᠯᠠᠭᠤᠯᠵᠤ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠡᠳᠦᠷ ᠲᠤᠲᠤᠮ ᠤᠨ ᠵᠣᠬᠢᠶᠠᠨ ᠪᠠᠶᠢᠭᠤᠯᠤᠯᠲᠠ ᠪᠠ ᠪᠣᠳᠠᠲᠠᠶ ᠵᠣᠬᠢᠴᠠᠭᠤᠯᠭ᠎ᠠ ᠶᠢ ᠬᠠᠷᠢᠭᠤᠴᠠᠭᠤᠯᠤᠨ᠎ᠠ᠃ ᠡᠯ᠎ᠡ ᠨᠢᠭᠡᠴᠢ ᠨᠦᠭᠦᠳ ᠪᠥᠬᠦ  ᠲᠤᠭᠤᠷᠢᠭ ᠤᠨ ᠨᠢᠭᠡᠳᠦᠯᠲᠡᠶ ᠪᠠᠶᠢᠷᠢᠯᠠᠭᠤᠯᠤᠯᠲᠠ ᠶᠢᠨ ᠶᠣᠰᠣᠭᠠᠷ᠂ ᠵᠣᠬᠢᠬᠤ ᠨᠡᠶᠢᠳᠡᠮ ᠪᠠᠶᠢᠴᠠᠭᠠᠯᠲᠠ ᠶᠢᠨ ᠲᠣᠭᠲᠠᠴᠠ ᠶᠢ ᠪᠠᠶᠢᠭᠤᠯᠵᠤ᠂ ᠲᠣᠰ ᠭᠠᠵᠠᠷ ᠣᠷᠣᠨ ᠤ ᠪᠠᠨ ᠲᠡᠤᠬᠡ ᠶᠢᠨ ᠳᠤᠷᠠᠰᠬᠠᠯᠲᠤ ᠵᠦᠶᠯᠡᠰ ᠤᠨ ᠨᠡᠶᠢᠳᠡᠮ ᠪᠠᠶᠢᠴᠠᠭᠠᠯᠲᠠ ᠶᠢᠨ ᠠᠵᠢᠯ ᠢ ᠬᠢᠨᠠᠮᠠᠭᠠᠶ ᠰᠠᠶᠢᠲᠤᠷ ᠬᠢᠬᠦ ᠬᠡᠷᠡᠭᠲᠡᠶ᠃      ︵ᠭᠤᠷᠪᠠ︶ ᠨᠡᠶᠢᠳᠡᠮ ᠪᠠᠶᠢᠴᠠᠭᠠᠯᠲᠠ  ᠶᠢᠨ ᠬᠠᠮᠢᠶᠠᠷᠤᠯᠲᠠ  ᠶᠢ ᠰᠠᠶᠢᠲᠤᠷ ᠬᠢᠬᠦ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ︵ᠲᠡᠦᠬᠡ ᠶᠢᠨ ᠳᠤᠷᠠᠰᠬᠠᠯᠲᠤ ᠵᠦᠢᠯ ᠤᠨ ᠲᠣᠪᠴᠢᠶ᠎ᠠ︶᠎ ᠠᠴᠠ ᠨᠡᠶᠢᠳᠡᠮ ᠪᠠᠶᠢᠴᠠᠭᠠᠯᠲᠠ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠠᠵᠢᠯ ᠢ ᠨᠢᠭᠡᠳᠦᠯᠲᠡᠶ ᠬᠠᠷᠢᠭᠤᠴᠠᠵᠤ᠂ ᠬᠤᠲᠠ ᠶᠢᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ︵ᠲᠡᠤᠬᠡ ᠶᠢᠨ ᠳᠤᠷᠠᠰᠬᠠᠯᠲᠤ ᠵᠦᠶᠯᠡᠰ ᠤᠨ ᠲᠣᠪᠴᠢᠶ᠎ᠠ︶᠎ ᠨᠢ ᠮᠠᠨ ᠤ ᠲᠤᠭᠤᠷᠢᠭ ᠤᠨ ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ᠶᠢᠨ ᠳᠡᠩᠰᠡᠯᠡᠨ ᠲᠡᠮᠳᠡᠭᠯᠡᠭᠰᠡᠨ ᠮᠡᠳᠡᠭᠡ ᠵᠠᠩᠭᠢ ᠶᠢ ᠦᠨᠡᠨ ᠪᠣᠳᠠᠲᠠᠶ ᠪᠠᠷ ᠲᠠᠭᠯᠠᠨ ᠮᠡᠳᠡᠭᠦᠯᠬᠦ ᠶᠢ ᠬᠠᠮᠵᠢᠯᠴᠠᠨ ᠵᠢᠯᠣᠭᠤᠳᠴᠤ᠂ ᠨᠡᠶᠢᠳᠡᠮ ᠪᠠᠶᠢᠴᠠᠭᠠᠯᠲᠠ ᠶᠢᠨ ᠶᠠᠰᠤ ᠴᠢᠨᠠᠷ ᠤᠨ ᠡᠵᠡᠮᠳᠡᠯ ᠢ ᠴᠢᠩᠭᠠᠳᠬᠠᠨ᠂ ᠨᠡᠶᠢᠳᠡᠮ ᠪᠠᠶᠢᠴᠠᠭᠠᠯᠲᠠ ᠶᠢᠨ ᠲᠥᠰᠦᠯ ᠢ ᠴᠢᠩᠭ᠎ᠠ ᠬᠡᠷᠡᠭᠵᠢᠭᠦᠯᠵᠦ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠴᠤᠪᠤᠷᠠᠯ ᠢ ᠵᠢᠷᠤᠮᠵᠢᠭᠤᠯᠤᠨ᠂ ᠨᠡᠶᠢᠳᠡᠮ ᠪᠠᠶᠢᠴᠠᠭᠠᠯᠲᠠ ᠶᠢᠨ ᠰᠠᠬᠢᠯᠭ᠎ᠠ ᠪᠠᠲᠤ ᠶᠢ ᠴᠢᠩᠳᠠᠯᠠᠵᠤ᠂ ᠬᠡᠷᠡᠭ ᠤᠨ ᠡᠮᠦᠨ᠎ᠡ ᠬᠡᠷᠡᠭ ᠤᠨ ᠳᠤᠮᠳᠠ ᠬᠡᠷᠡᠭ ᠤᠨ ᠳᠠᠷᠠᠭᠠᠬᠢ ᠲᠤᠭ᠎ᠠ ᠪᠠᠷᠢᠮᠲᠠ ᠶᠢᠨ ᠶᠠᠰᠤ ᠴᠢᠨᠠᠷ ᠢ ᠪᠠᠶᠢᠴᠠᠭᠠᠵᠤ ᠬᠠᠷᠭᠤᠭᠤᠯᠤᠨ ᠪᠠᠶᠢᠴᠠᠭᠠᠬᠤ ᠶᠢ ᠴᠢᠩᠭᠠᠳᠬᠠᠵᠤ᠂ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠦᠨᠡᠨ ᠪᠣᠳᠠᠲᠠᠶ ᠣᠨᠣᠪᠴᠢᠲᠠᠶ᠂ ᠪᠦᠷᠢᠨ ᠪᠦᠲᠦᠨ ᠢᠲᠡᠭᠡᠮᠵᠢᠲᠡᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ ᠵᠢᠷᠭᠤᠭ᠎ᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ       ︵ᠨᠢᠭᠡ︶ ᠨᠡᠶᠢᠳᠡᠮ ᠪᠠᠶᠢᠴᠠᠭᠠᠯᠲᠠ  ᠶᠢᠨ ᠵᠠᠷᠤᠳᠠᠯ  ᠢ ᠨᠠᠶᠢᠳᠠᠪᠤᠷᠢᠵᠢᠭᠤᠯᠬᠤ ᠬᠡᠷᠡᠭᠲᠡᠶ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠰᠣᠶᠣᠯ ᠤᠨ ᠬᠦᠷᠢᠶᠡᠨ ᠳᠠᠬᠢ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠲᠥᠰᠦᠯ︾᠎ ᠤᠨ ᠶᠣᠰᠣᠭᠠᠷ᠂ ᠵᠢᠨᠢᠩ ᠲᠣᠭᠤᠷᠢᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ︵ᠲᠡᠤᠬᠡ ᠶᠢᠨ ᠳᠤᠷᠠᠰᠬᠠᠯᠲᠤ ᠵᠦᠶᠯ ᠤᠨ ᠲᠣᠪᠴᠢᠶ᠎ᠠ︶᠎ ᠨᠢ ᠲᠡᠤᠬᠡ ᠶᠢᠨ ᠳᠤᠷᠠᠰᠬᠠᠯᠲᠤ ᠵᠦᠶᠯ ᠤᠨ ᠨᠡᠶᠢᠳᠡᠮ ᠪᠠᠶᠢᠴᠠᠭᠠᠯᠲᠠ ᠳᠤ ᠬᠡᠷᠡᠭᠰᠡᠬᠦ ᠵᠠᠷᠤᠳᠠᠯ ᠢ ᠵᠦᠶ ᠵᠣᠬᠢᠰᠲᠠᠶ ᠲᠥᠰᠦᠭᠡᠯᠡᠨ ᠪᠤᠳᠤᠵᠤ᠂ ᠣᠨ ᠢᠶᠠᠷ ᠡᠳ᠋ ᠤᠨ ᠵᠠᠰᠠᠭ ᠤᠨ ᠲᠥᠰᠦᠪ ᠲᠤ ᠵᠢᠭᠰᠠᠭᠠᠨ ᠣᠷᠣᠭᠤᠯᠵᠤ᠂  ᠲᠤᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠨᠢ ᠴᠠᠭ ᠲᠤᠬᠠᠶ ᠳᠤᠨᠢ ᠰᠠᠯᠭᠠᠨ ᠥᠭᠴᠦ᠂ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠵᠤ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠤᠷᠤᠭᠰᠢᠲᠠᠶ ᠶᠠᠪᠤᠭᠳᠠᠬᠤ ᠶᠢ ᠪᠠᠲᠤᠯᠠᠬᠤ ᠬᠡᠷᠡᠭᠲᠡᠶ᠃ ᠮᠠᠨ ᠤ  ᠲᠤᠭᠤᠷᠢᠭ ᠲᠤ ᠨᠢᠭᠡᠨᠲᠡ ᠮᠠᠭᠠᠳᠯᠠᠨ ᠲᠣᠭᠲᠠᠭᠠᠭᠰᠠᠨ᠂ ᠳᠠᠩᠰᠠᠯᠠᠭᠤᠯᠤᠭᠰᠠᠨ ᠰᠢᠯᠵᠢᠭᠦᠯᠵᠦ ᠪᠣᠯᠤᠰᠢ ᠥᠬᠡᠶ ᠲᠡᠤᠬᠡ ᠶᠢᠨ ᠳᠤᠷᠠᠰᠬᠠᠯᠲᠤ ᠵᠦᠶᠯ ᠨᠡᠶᠢᠲᠡ 122 ᠪᠠᠶᠢᠵᠤ᠂ ᠰᠢᠨ᠎ᠡ ᠪᠠᠷ ᠢᠯᠡᠷᠡᠭᠦᠯᠦᠭᠰᠡᠨ ᠬᠥᠭᠦᠷᠭᠡ ᠶᠢᠨ ᠪᠠᠷᠠᠭᠤᠨᠳᠠᠬᠢ ᠰᠢᠯᠵᠢᠭᠦᠯᠵᠦ ᠪᠣᠯᠤᠰᠢ ᠥᠬᠡᠶ ᠲᠡᠤᠬᠡ ᠶᠢᠨ ᠳᠤᠷᠠᠰᠬᠠᠯᠲᠤ ᠵᠦᠶᠯ 7 ᠪᠠᠶᠢᠵᠤ᠂ ᠨᠡᠶᠢᠲᠡ 129 ᠪᠠᠶᠢᠵᠤ᠂ ᠶᠡᠬᠡᠩᠬᠢ ᠪᠠᠭᠤᠷᠢ ᠨᠢ ᠪᠤᠶᠢᠳᠠ ᠪᠥᠭᠯᠡᠭᠦᠤ ᠬᠡᠭᠡᠷ᠎ᠡ ᠲᠠᠯ᠎ᠠ ᠶᠢᠨ ᠭᠠᠵᠠᠷ ᠣᠷᠣᠨ ᠳᠤ ᠣᠷᠣᠰᠢᠵᠤ᠂ ᠲᠠᠷᠬᠠᠯᠲᠠ ᠶᠢᠨ ᠬᠡᠪᠴᠢᠶ᠎ᠡ ᠨᠢ ᠥᠷᠭᠡᠨ᠂ ᠨᠡᠶᠢᠳᠡᠮ ᠪᠠᠶᠢᠴᠠᠭᠠᠯᠲᠠ ᠶᠢᠨ ᠦᠶᠡᠯᠡᠯ ᠤᠨ ᠬᠤᠭᠤᠴᠠᠭ᠎ᠠ ᠨᠢ ᠣᠷᠳᠣ᠂ ᠲᠥᠰᠦᠭᠡᠯᠡᠨ ᠪᠤᠳᠤᠭᠰᠠᠨ ᠢᠶᠠᠷ᠂ ᠲᠣᠰ ᠤᠳᠠᠭᠠᠨ ᠤ ᠲᠡᠤᠬᠡ ᠶᠢᠨ ᠳᠤᠷᠠᠰᠬᠠᠯᠲᠤ ᠵᠦᠶᠯ ᠤᠨ ᠨᠡᠶᠢᠳᠡᠮ ᠪᠠᠶᠢᠴᠠᠭᠠᠯᠲᠠ ᠳᠤ ᠬᠡᠷᠡᠭᠰᠡᠬᠦ ᠵᠠᠷᠤᠳᠠᠯ ᠨᠢ ᠪᠠᠷᠤᠭ 17 ᠲᠦᠮᠡᠨ ᠲᠥᠭᠦᠷᠢᠭ ᠪᠣᠯᠤᠨ᠎ᠠ᠃     ︵ᠬᠤᠶᠠᠷ︶ ᠨᠡᠶᠢᠳᠡᠮ ᠪᠠᠶᠢᠴᠠᠭᠠᠯᠲᠠ ᠶᠢᠨ ᠡᠩᠨᠡᠭᠡ ᠶᠢ ᠲᠣᠭᠲᠠᠪᠤᠷᠢᠵᠢᠭᠤᠯᠤᠨ᠎ᠠ᠃ ᠨᠡᠶᠢᠳᠡᠮ ᠪᠠᠶᠢᠴᠠᠭᠠᠯᠲᠠ ᠶᠢᠨ ᠠᠵᠢᠯ ᠤᠨ ᠳᠤᠭᠤᠶᠢᠯᠠᠩ ᠢ ᠵᠢᠨᠢᠩ ᠲᠣᠭᠤᠷᠢᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ︵ᠲᠡᠦᠬᠡ ᠰᠣᠶᠣᠯ ᠤᠨ ᠳᠤᠷᠠᠰᠬᠠᠯᠲᠤ ᠵᠦᠢᠯᠡᠰ ᠤᠨ ᠲᠣᠪᠴᠢᠶ᠎ᠠ︶᠎ ᠠᠴᠠ ᠬᠠᠷᠢᠭᠤᠴᠠᠨ ᠵᠣᠬᠢᠶᠠᠨ ᠪᠠᠶᠢᠭᠤᠯᠵᠤ᠂ ᠭᠤᠤᠯᠳᠠᠭᠤ ᠵᠢᠨᠢᠩ ᠲᠣᠭᠤᠷᠢᠭ ᠤᠨ ᠲᠡᠤᠬᠡ ᠶᠢᠨ ᠳᠤᠷᠠᠰᠬᠠᠯᠲᠤ ᠵᠦᠶᠯᠡᠰ ᠤᠨ ᠬᠠᠮᠠᠭᠠᠯᠠᠯᠲᠠ ᠶᠢᠨ ᠶᠡᠷᠦᠩᠬᠡᠶᠢᠯᠡᠭᠰᠡᠨ ᠦᠶᠯᠡᠴᠢᠯᠡᠭᠡᠨ ᠤ ᠲᠥᠪ ᠤᠨ ᠠᠵᠢᠯᠲᠠᠨ ᠢᠶᠠᠷ ᠭᠤᠤᠯ ᠪᠣᠯᠭᠠᠵᠤ᠂ ᠠᠵᠢᠯᠲᠠᠨ ᠬᠦᠷᠦᠯᠴᠡᠬᠦ ᠥᠬᠡᠶ ᠦᠶ᠎ᠡ ᠳᠤ ᠤᠷᠢᠨ ᠬᠡᠷᠡᠭᠯᠡᠬᠦ ᠪᠤᠶᠤ ᠬᠤᠯᠪᠣᠭᠳᠠᠯ ᠪᠥᠬᠦᠶ ᠨᠢᠭᠡᠴᠢ ᠠᠴᠠ ᠨᠥᠬᠦᠴᠡᠯ ᠳᠤ ᠨᠡᠶᠢᠴᠡᠬᠦ ᠬᠥᠮᠦᠰ ᠢ ᠵᠥᠪᠳᠡᠯᠴᠡᠨ ᠰᠢᠯᠵᠢᠭᠦᠯᠵᠦ ᠨᠡᠶᠢᠳᠡᠮ ᠪᠠᠶᠢᠴᠠᠭᠠᠯᠲᠠ ᠶᠢᠨ ᠡᠩᠨᠡᠭᠡ ᠳᠤ ᠣᠷᠣᠭᠤᠯᠵᠤ ᠪᠣᠯᠤᠨ᠎ᠠ᠂ ᠤᠷᠢᠨ ᠬᠡᠷᠡᠭᠯᠡᠬᠦ ᠬᠥᠮᠦᠰ ᠤᠨ ᠬᠥᠳᠡᠯᠮᠦᠷᠢ ᠦᠶᠯᠡᠴᠢᠯᠡᠭᠡᠨ ᠤ ᠵᠠᠷᠤᠳᠠᠯ ᠢ ᠨᠡᠶᠢᠳᠡᠮ ᠪᠠᠶᠢᠴᠠᠭᠠᠯᠲᠠ ᠶᠢᠨ ᠵᠠᠷᠤᠳᠠᠯ ᠤᠨ ᠳᠣᠲᠣᠷ᠎ᠠ ᠠᠴᠠ ᠭᠠᠷᠭᠠᠵᠤ᠂ ᠤᠷᠢᠨ ᠬᠡᠷᠡᠭᠯᠡᠬᠦ ᠨᠢᠭᠡᠴᠡ ᠠᠴᠠ ᠥᠭᠭᠦᠨ᠎ᠡ᠂ ᠵᠥᠪᠳᠡᠯᠴᠡᠨ ᠰᠢᠯᠵᠢᠭᠦᠯᠬᠦ ᠬᠥᠮᠦᠰ ᠲᠤ ᠤᠤᠯ ᠤᠨ  ᠨᠢᠭᠡᠴᠢ  ᠶᠢᠨ ᠠᠵᠢᠯ ᠤᠨ ᠪᠠᠶᠢᠷᠢ ᠶᠢ ᠦᠯᠡᠳᠡᠭᠡᠵᠦ᠂ ᠴᠠᠯᠢᠩ᠂ ᠠᠰᠠᠷᠠᠮᠵᠢ ᠵᠢᠴᠢ ᠪᠤᠰᠤᠳ ᠣᠯᠭᠤᠮᠵᠢ ᠶᠢ ᠪᠠᠭᠤᠷᠠᠭᠤᠯᠬᠤ ᠥᠬᠡᠶ᠃ ᠠᠵᠢᠯ ᠤᠨ ᠬᠡᠷᠡᠭᠴᠡᠭᠡ ᠪᠠᠨ ᠦᠨᠳᠦᠰᠦᠯᠡᠨ᠂ ᠣᠷᠣᠨ ᠨᠤᠲᠤᠭ ᠤᠨ ᠳᠡᠭᠡᠳᠦ ᠰᠤᠷᠭᠠᠭᠤᠯᠢ ᠲᠠᠢ ᠬᠠᠮᠲᠤᠷᠠᠨ ᠬᠠᠮᠢᠶ᠎ᠠ ᠪᠥᠬᠦᠶ ᠲᠤᠰᠬᠠᠶ ᠮᠡᠷᠭᠡᠵᠢᠯ ᠤᠨ ᠰᠣᠷᠣᠭᠴᠢ ᠶᠢ ᠲᠡᠤᠬᠡ ᠶᠢᠨ ᠳᠤᠷᠠᠰᠬᠠᠯᠲᠤ ᠵᠦᠶᠯ ᠤᠨ ᠨᠡᠶᠢᠳᠡᠮ ᠪᠠᠶᠢᠴᠠᠭᠠᠯᠲᠠ ᠳᠤ ᠣᠷᠣᠯᠴᠠᠭᠤᠯᠬᠤ ᠶᠢᠨ ᠬᠠᠮᠲᠤ ᠲᠡᠳᠡᠨ ᠤ ᠵᠢᠭᠠᠨ ᠰᠤᠷᠭᠠᠯᠲᠠ ᠶᠢᠨ ᠳᠠᠳᠤᠯᠭ᠎ᠠ ᠶᠢᠨ ᠬᠢᠴᠢᠶᠡᠯ ᠪᠣᠯᠭᠠᠵᠤ ᠪᠣᠯᠤᠨ᠎ᠠ᠃ ᠲᠡᠦᠬᠡ ᠶᠢᠨ ᠳᠤᠷᠠᠰᠬᠠᠯᠲᠤ ᠵᠦᠢᠯᠡᠰ ᠤᠨ ᠲᠠᠯ᠎ᠠ ᠪᠠᠷ ᠬᠢ ᠲᠤᠰᠬᠠᠢ ᠮᠡᠷᠭᠡᠵᠢᠯ ᠤᠨ ᠴᠢᠳᠠᠪᠤᠷᠢᠲᠠᠨ ᠳᠤᠲᠠᠭᠳᠠᠵᠤ ᠪᠠᠶᠢᠬᠤ ᠤᠴᠢᠷ ᠠᠴᠠ 1 — 2 ᠨᠡᠷᠡᠰ ᠲᠡᠦᠬᠡ ᠶᠢᠨ ᠳᠤᠷᠠᠰᠬᠠᠯᠲᠤ ᠵᠦᠢᠯᠡᠰ ᠤᠨ ᠲᠠᠯ᠎ᠠ ᠪᠠᠷ ᠬᠢ ᠲᠤᠰᠬᠠᠢ ᠮᠡᠷᠭᠡᠵᠢᠯᠲᠡᠨ ᠴᠢᠳᠠᠪᠤᠷᠢᠲᠠᠨ ᠢ ᠤᠷᠢᠵᠤ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠪᠠᠭᠤᠷᠢ ᠶᠢ ᠬᠠᠶᠢᠨ ᠬᠡᠮᠵᠢᠵᠦ ᠬᠢᠨᠠᠨ ᠪᠠᠶᠢᠴᠠᠭᠠᠨ᠎ᠠ᠃      ︵ᠭᠤᠷᠪᠠ︶ ᠨᠡᠶᠢᠳᠡᠮ ᠪᠠᠶᠢᠴᠠᠭᠠᠯᠲᠠ ᠶᠢᠨ ᠬᠠᠷᠢᠭᠤᠴᠠᠯᠭ᠎ᠠ ᠶᠢᠨ ᠰᠢᠰᠲ᠋ᠧᠮᠵᠢ ᠶᠢ ᠪᠦᠷᠢᠨᠰᠢᠭᠦᠯᠬᠦ ᠬᠡᠷᠡᠭᠲᠡᠶ᠃ ᠲᠡᠦᠬᠡ ᠵᠢᠨ‌‍ᠲ᠋ᠤᠷᠠᠰᠬᠠᠯᠲᠤ ᠵᠦᠢᠯ  ᠤᠨ ᠨᠡᠶᠢᠳᠡᠮ ᠪᠠᠶᠢᠴᠠᠭᠠᠯᠲᠠ  ᠶᠢᠨ ᠬᠠᠷᠢᠭᠤᠴᠠᠯᠭ᠎ᠠ ᠟ ᠶᠢᠨ  ᠰᠢᠰᠲ᠋ᠧᠮᠵᠢᠭᠰᠡᠨ ᠶᠢ ᠪᠠᠶᠢᠭᠤᠯᠤᠨ ᠪᠦᠷᠢᠨᠰᠢᠬᠦᠯᠵᠤ᠂ ᠡᠯ᠎ᠡ  ᠨᠢᠭᠡᠴᠢ ᠨᠦᠭᠦᠳ ᠭᠤᠣᠯ ᠴᠣᠭᠴᠠ ᠟ ᠵᠢᠨ‌ᠬᠠᠷᠢᠭᠤᠴᠠᠯᠭ᠎ᠠ  ᠶᠢ ᠭᠦᠢᠴᠡᠳᠬᠡᠵᠦ᠂ ᠵᠢᠨᠢᠩ ᠲᠣᠭᠤᠷᠢᠭ  ᠤᠨ ᠰᠣᠶᠣᠯ ᠵᠢᠭᠤᠯᠴᠢᠯᠠᠯ ᠪᠡᠶ᠎ᠡ  ᠶᠢᠨ ᠲᠠᠮᠢᠷ ᠤᠨ ᠲᠣᠪᠴᠢᠶ᠎ᠠ ︵ᠲᠡᠦᠬᠡ  ᠶᠢᠨ ᠳᠤᠷᠠᠰᠬᠠᠯᠲᠤ ᠵᠦᠢᠯ  ᠤᠨ ᠲᠣᠪᠴᠢᠶ᠎ᠠ︶ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠭᠦᠢᠴᠡᠳᠬᠡᠵᠦ᠂ ᠨᠡᠶᠢᠳᠡᠮ ᠪᠠᠶᠢᠴᠠᠭᠠᠯᠲᠠ  ᠶᠢᠨ ᠪᠠᠶᠢᠭᠤᠯᠤᠮᠵᠢ ᠰᠢᠭᠤᠳ ᠬᠠᠷᠢᠭᠤᠴᠠᠯᠭ᠎ᠠ  ᠶᠢ ᠡᠭᠦᠷᠭᠡᠯᠡᠬᠦ ᠬᠡᠷᠡᠭᠲᠡᠶ ᠃ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠮᠥᠷᠳᠡᠨ ᠤᠬᠤᠴᠢᠯᠠᠬᠤ ᠲᠣᠭᠲᠠᠴᠠ ᠶᠢ ᠪᠠᠶᠢᠭᠤᠯᠵᠤ᠂ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠳᠤ ᠵᠣᠷᠢᠭᠤᠳᠠ ᠭᠠᠷ ᠲᠦᠷᠦᠭᠦ ᠡᠯ᠎ᠡ ᠵᠦᠶᠯ ᠤᠨ ᠦᠶᠯᠡ ᠠᠵᠢᠯᠯᠠᠭ᠎ᠠ ᠶᠢ ᠡᠷᠡᠰ ᠬᠤᠷᠢᠭᠯᠠᠬᠤ ᠬᠡᠷᠡᠭᠲᠡᠶ᠃ ᠪᠦᠲᠦᠮᠵᠢᠲᠡᠶ ᠮᠡᠷᠭᠡᠵᠢᠯ  ᠤᠨ ᠠᠷᠭ᠎ᠠ ᠪᠠᠷᠢᠯ ᠪᠣᠯᠤᠨ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠠᠪᠴᠤ᠂ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ ᠴᠤᠭᠯᠠᠭᠤᠯᠬᠤ᠂ ᠳᠠᠮᠵᠢᠭᠤᠯᠬᠤ᠂ ᠬᠠᠳᠠᠭᠠᠯᠠᠬᠤ ᠪᠠ ᠬᠡᠷᠡᠭᠯᠡᠬᠦ ᠶᠢᠨ ᠠᠶᠤᠯ ᠥᠭᠡᠢ ᠶᠢ ᠦᠨᠡᠨᠬᠦ ᠪᠠᠲᠤᠯᠠᠬᠤ ᠬᠡᠷᠡᠭᠲᠡᠶ᠃       ︵ᠳᠥᠷᠪᠡ︶ ᠰᠠᠯᠠᠭ᠎ᠠ ᠮᠥᠴᠢᠷ ᠤᠨ ᠵᠣᠬᠢᠴᠠᠭᠤᠯᠤᠨ ᠬᠠᠮᠲᠤᠷᠠᠯᠴᠠᠬᠤ ᠶᠢ ᠴᠢᠩᠭᠠᠷᠠᠭᠤᠯᠤᠨ᠎ᠠ᠃ ᠨᠡᠶᠢᠳᠡᠮ ᠪᠠᠶᠢᠴᠠᠭᠠᠯᠲᠠ ᠶᠢᠨ ᠵᠠᠷᠤᠳᠠᠯ ᠤᠨ ᠲᠠᠯ᠎ᠠ ᠳᠤ ᠬᠤᠯᠪᠣᠭᠳᠠᠬᠤ ᠵᠦᠶᠯᠡᠰ ᠢ  ᠲᠤᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠠᠴᠠ ᠬᠠᠷᠢᠭᠤᠴᠠᠬᠤ ᠪᠠ ᠵᠣᠬᠢᠴᠠᠭᠤᠯᠤᠨ᠎ᠠ ᠃ ᠤᠯᠤᠰ ᠤᠨ ᠥᠮᠴᠢᠯᠡᠯᠲᠦ ᠲᠡᠤᠬᠡ ᠶᠢᠨ ᠳᠤᠷᠠᠰᠬᠠᠯᠲᠤ ᠵᠦᠶᠯᠡᠰ ᠤᠨ ᠡᠬᠢ ᠪᠠᠶᠠᠯᠢᠭ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠲᠠᠯ᠎ᠠ ᠳᠤ ᠬᠤᠯᠪᠣᠭᠳᠠᠬᠤ ᠵᠦᠶᠯᠡᠰ ᠢ  ᠲᠤᠭᠤᠷᠢᠭ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠵᠢᠨᠢᠩ ᠲᠣᠭᠤᠷᠢᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ︵ᠲᠡᠤᠬᠡ ᠶᠢᠨ ᠳᠤᠷᠠᠰᠬᠠᠯᠲᠤ ᠵᠦᠶᠯᠡᠰ ᠤᠨ ᠲᠣᠪᠴᠢᠶ᠎ᠠ︶᠎ ᠠᠴᠠ ᠬᠠᠷᠢᠭᠤᠴᠠᠬᠤ ᠪᠠ ᠵᠣᠬᠢᠴᠠᠭᠤᠯᠤᠨ᠎ᠠ᠃  ᠲᠤᠭ᠎ᠠ ᠪᠠᠷᠢᠮᠲᠠ ᠶᠢᠨ ᠡᠬᠡ ᠵᠢᠷᠤᠭ ᠤᠨ ᠲᠠᠯ᠎ᠠ ᠳᠤ ᠬᠤᠯᠪᠣᠭᠳᠠᠬᠤ ᠵᠦᠶᠯᠡᠰ ᠢ  ᠲᠤᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ ᠠᠴᠠ ᠬᠠᠷᠢᠭᠤᠴᠠᠬᠤ ᠪᠠ ᠵᠣᠬᠢᠴᠠᠭᠤᠯᠤᠨ᠎ᠠ ᠃ ᠨᠡᠶᠢᠳᠡᠮ ᠪᠠᠶᠢᠴᠠᠭᠠᠯᠲᠠ ᠶᠢᠨ ᠤᠬᠠᠭᠤᠯᠤᠨ ᠳᠠᠶᠢᠴᠢᠯᠠᠬᠤ ᠲᠠᠯ᠎ᠠ ᠳᠤ ᠬᠤᠯᠪᠣᠭᠳᠠᠬᠤ ᠵᠦᠶᠯᠡᠰ ᠢ ᠲᠤᠭᠤᠷᠢᠭ ᠤᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠵᠢᠨᠢᠩ ᠲᠣᠭᠤᠷᠢᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ︵ᠲᠡᠤᠬᠡ ᠶᠢᠨ ᠳᠤᠷᠠᠰᠬᠠᠯᠲᠤ ᠵᠦᠶᠯᠡᠰ ᠤᠨ ᠲᠣᠪᠴᠢᠶ᠎ᠠ︶᠎ ᠠᠴᠠ ᠬᠠᠷᠢᠭᠤᠴᠠᠬᠤ ᠪᠠ ᠵᠣᠬᠢᠴᠠᠭᠤᠯᠤᠨ᠎ᠠ᠃ ᠨᠡᠶᠢᠳᠡᠮ ᠪᠠᠶᠢᠴᠠᠭᠠᠯᠲᠠ  ᠶᠢᠨ ᠣᠷᠣᠨ ᠪᠦᠰᠡ ᠨᠢ ᠠᠵᠤ ᠠᠬᠤᠶᠢᠯᠠᠯ᠂ ᠬᠤᠪᠢ ᠬᠥᠮᠦᠨ  ᠳᠤ ᠬᠤᠯᠪᠣᠭᠳᠠᠪᠠᠯ᠂ ᠰᠢᠶᠠᠩ ᠪᠠᠯᠭᠠᠰᠤ ᠵᠡᠭᠡᠯᠢ ᠭᠤᠳᠤᠮᠵᠢ ᠬᠢᠭᠡᠳ ᠬᠠᠮᠢᠶ᠎ᠠ ᠪᠦᠬᠦᠢ  ᠨᠢᠭᠡᠴᠢ‌ᠡᠴᠠ ᠬᠠᠮᠵᠢᠯᠴᠠᠨ ᠵᠣᠬᠢᠴᠠᠭᠤᠯᠵᠤ ᠪᠠᠶᠢᠭᠠᠳ ᠨᠡᠶᠢᠳᠡᠮ ᠪᠠᠶᠢᠴᠠᠭᠠᠯᠲᠠ ᠬᠢᠯᠭᠡᠬᠦ ᠬᠡᠷᠡᠭᠲᠡᠶ᠃ ᠡᠯ᠎ᠡ ᠬᠤᠯᠪᠣᠭᠳᠠᠯ ᠪᠥᠬᠦᠢ ᠰᠠᠯᠠᠭ᠎ᠠ ᠮᠥᠴᠢᠷ ᠤᠳ ᠲᠤᠰ ᠲᠤᠰ ‍ᠤᠨ‌ᠡᠭᠦᠷᠭᠡ ᠲᠤᠰᠢᠶᠠᠯ ᠢᠶᠠᠨ ᠭᠦᠢᠴᠡᠳᠬᠡᠨ᠂ ᠲᠤᠰ ᠲᠤᠰ ᠤᠨ ᠬᠠᠷᠢᠭᠤᠴᠠᠯᠭ᠎ᠠ ᠪᠠᠨ ᠡᠭᠦᠷᠭᠡᠯᠡᠵᠦ᠂ ᠨᠢᠭᠲᠠ ᠬᠠᠮᠵᠢᠯᠴᠠᠨ᠂ ᠨᠡᠶᠢᠳᠡᠮ ᠪᠠᠶᠢᠴᠠᠭᠠᠯᠲᠠ  ᠶᠢᠨ ᠶᠡᠷᠦᠩᠬᠡᠶ ᠲᠥᠰᠦᠯ ᠤᠨ ᠱᠠᠭᠠᠷᠳᠠᠯᠭ᠎ᠠ ᠶᠣᠰᠣᠭᠠᠷ᠂ ᠲᠤᠰ  ᠰᠢᠰᠲ᠋ᠧᠮ ᠤᠨ ᠲᠡᠦᠬᠡ ᠶᠢᠨ ᠳᠤᠷᠠᠰᠬᠠᠯᠲᠤ ᠵᠦᠢᠯ  ᠤᠨ ᠰᠦᠪᠡᠭᠴᠢ ᠶᠢ ᠢᠳᠡᠪᠬᠢᠲᠡᠶ ᠪᠠᠷ ᠬᠠᠩᠭᠠᠵᠤ᠂ ᠲᠤᠰ ᠰᠢᠰᠲ᠋ᠧᠮ ᠤᠨ ᠬᠤᠯᠪᠣᠭᠳᠠᠯ ᠪᠥᠬᠦᠢ ᠨᠢᠭᠡᠴᠢ ᠶᠢ ᠵᠣᠬᠢᠶᠠᠨ ᠪᠠᠶᠢᠭᠤᠯᠤᠨ ᠲᠠᠶᠢᠴᠢᠯᠠᠵᠦ ᠲᠡᠦᠬᠡ ᠶᠢᠨ ᠳᠤᠷᠠᠰᠬᠠᠯᠲᠤ ᠵᠦᠢᠯ  ᠤᠨ ᠵᠠᠰᠠᠭ ᠵᠠᠬᠢᠷᠭᠠᠨ ᠎ ᠤ ᠰᠠᠯᠠᠭ᠎ᠠ ᠮᠥᠴᠢᠷ ᠲᠠᠢ ᠬᠠᠮᠵᠢᠯᠴᠠᠨ ᠨᠡᠶᠢᠳᠡᠮ ᠪᠠᠶᠢᠴᠠᠭᠠᠯᠲᠠ ᠶᠢᠨ ᠠᠵᠢᠯ  ᠢ ᠰᠠᠶᠢᠲᠤᠷ ᠬᠢᠵᠦ᠂ ᠨᠡᠶᠢᠳᠡᠮ ᠪᠠᠶᠢᠴᠠᠭᠠᠯᠲᠠ ᠶᠢᠨ ᠳᠤᠮᠳᠠᠬᠢ ᠲᠤᠰ  ᠰᠢᠰᠲ᠋ᠧᠮ ᠳᠤ ᠬᠤᠯᠪᠣᠭᠳᠠᠬᠤ ᠴᠢᠬᠤᠯᠠ ᠠᠰᠠᠭᠤᠳᠠᠯ  ᠢ ᠬᠠᠪᠰᠤᠷᠤᠨ ᠰᠤᠳᠤᠯᠤᠨ ᠰᠢᠶᠳᠪᠦᠷᠢᠯᠡᠬᠦ ᠬᠡᠷᠡᠭᠲᠡᠶ᠃      ︵ᠲᠠᠪᠤ︶ ᠬᠠᠷᠢᠭᠤᠴᠠᠯᠭ᠎ᠠ ᠨᠡᠬᠡᠮᠵᠢᠯᠡᠵᠦ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠳᠠᠯᠠᠨ᠎ᠠ᠃ ᠡᠯ᠎ᠡ ᠰᠠᠯᠠᠭ᠎ᠠ ᠮᠥᠴᠢᠷ᠂  ᠨᠢᠭᠡᠴᠢ  ᠪᠣᠯᠤᠨ ᠬᠤᠪᠢ ᠬᠥᠮᠦᠨ ᠳᠠᠩᠰᠠᠯᠠᠭᠤᠯᠤᠭᠰᠠᠨ ᠮᠡᠳᠡᠭᠡ ᠵᠠᠩᠭᠢ ᠪᠠᠨ ᠦᠨᠡᠨ ᠮᠥᠨ ᠢᠶᠠᠷ ᠨᠢ ᠲᠠᠭᠯᠠᠨ ᠮᠡᠳᠡᠭᠦᠯᠬᠦ ᠬᠡᠷᠡᠭᠲᠡᠶ᠂ ᠬᠤᠳᠠᠯ ᠢᠶᠠᠷ ᠮᠡᠳᠡᠭᠦᠯᠵᠦ᠂ ᠮᠡᠳᠡᠭᠦᠯᠬᠦ ᠥᠭᠡᠢ ᠨᠢᠭᠤᠵᠤ᠂ ᠮᠡᠳᠡᠭᠦᠯᠬᠦ ᠶᠢ ᠲᠡᠪᠴᠢᠵᠦ ᠂ ᠤᠳᠠᠭᠠᠰᠢᠷᠠᠭᠤᠯᠤᠨ ᠮᠡᠳᠡᠭᠦᠯᠵᠦ ᠪᠣᠯᠬᠤ ᠥᠭᠡᠢ᠂ ᠨᠡᠶᠢᠳᠡᠮ ᠪᠠᠶᠢᠴᠠᠭᠠᠯᠲᠠ ᠶᠢᠨ  ᠮᠠᠲ᠋ᠧᠷᠢᠶᠠᠯ ᠪᠣᠯᠤᠨ ᠲᠤᠭ᠎ᠠ ᠪᠠᠷᠢᠮᠲᠠ ᠶᠢ ᠬᠠᠭᠤᠷᠮᠠᠭᠯᠠᠨ ᠵᠣᠬᠢᠶᠠᠵᠤ᠂ ᠥᠭᠡᠷᠡᠲᠦᠭᠦᠯᠵᠦ ᠪᠣᠯᠬᠤ ᠥᠭᠡᠢ᠂ ᠬᠡᠷᠪᠡ ᠳᠡᠭᠡᠷ᠎ᠡ ᠳᠤᠷᠠᠳᠤᠭᠰᠠᠨ ᠪᠠᠶᠢᠳᠠᠯ ᠭᠠᠷᠪᠠᠯ᠂ ᠬᠠᠤᠯᠢ ᠰᠠᠬᠢᠯᠭ᠎ᠠ ᠶᠢᠨ ᠶᠣᠰᠣᠭᠠᠷ ᠰᠢᠶᠳᠪᠦᠷᠢᠯᠡᠬᠦ ᠬᠡᠷᠡᠭᠲᠡᠶ᠃ ᠨᠡᠶᠢᠳᠡᠮ ᠪᠠᠶᠢᠴᠠᠭᠠᠯᠲᠠ  ᠶᠢᠨ ᠠᠵᠢᠯ  ᠤᠨ ᠳᠤᠭᠤᠶᠢᠯᠠᠩ ᠬᠢᠭᠡᠳ ᠲᠡᠭᠦᠨ  ᠤ ᠠᠵᠢᠯᠲᠠᠳ ᠨᠡᠶᠢᠳᠡᠮ ᠪᠠᠶᠢᠴᠠᠭᠠᠯᠲᠠ  ᠶᠢᠨ ᠲᠤᠭ᠎ᠠ ᠪᠠᠷᠢᠮᠲᠠ ᠪᠣᠯᠤᠨ  ᠮᠠᠲ᠋ᠧᠷᠢᠶᠠᠯ ᠢ ᠲᠣᠬᠢᠲᠠᠶ ᠬᠠᠳᠠᠭᠠᠯᠠᠵᠤ᠂ ᠨᠡᠶᠢᠳᠡᠮ ᠪᠠᠶᠢᠴᠠᠭᠠᠯᠲᠠ  ᠳᠤ ᠬᠤᠯᠪᠣᠭᠳᠠᠬᠤ ᠤᠯᠤᠰ  ᠤᠨ ᠨᠢᠭᠤᠴᠠ  ᠳᠤ ᠨᠢᠭᠤᠴᠠ ᠶᠢ ᠬᠠᠮᠠᠭᠠᠯᠠᠬᠤ ᠡᠭᠦᠷᠭᠡ  ᠶᠢ ᠭᠦᠢᠴᠡᠳᠬᠡᠬᠦ ᠬᠡᠷᠡᠭᠲᠡᠶ᠂ ᠬᠡᠷᠪᠡ ᠨᠢᠭᠤᠴᠠ  ᠶᠢ ᠵᠠᠳᠠᠷᠠᠭᠤᠯᠤᠭᠰᠠᠨ ᠬᠡᠷᠡᠭ ᠭᠠᠷᠪᠠᠯ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ  ᠤᠨ ᠤᠯᠤᠰ  ᠤᠨ ᠨᠢᠭᠤᠴᠠ  ᠶᠢ ᠬᠠᠮᠠᠭᠠᠯᠠᠬᠤ ᠬᠠᠤᠯᠢ︾᠎ ᠶᠢᠨ ᠲᠣᠭᠲᠠᠭᠠᠯ ᠶᠣᠰᠣᠭᠠᠷ ᠰᠢᠳᠬᠡᠨ ᠲᠣᠷᠭᠠᠬᠤ ᠬᠡᠷᠡᠭᠲᠡᠶ᠃ ᠲᠡᠦᠬᠡ ᠶᠢᠨ ᠳᠤᠷᠠᠰᠬᠠᠯᠲᠤ ᠵᠦᠢᠯ ᠢ ᠨᠡᠶᠢᠳᠡᠮ ᠪᠠᠶᠢᠴᠠᠭᠠᠬᠤ ᠶᠠᠪᠤᠴᠠ ᠳᠤ᠂ ᠬᠡᠷᠪᠡ ᠵᠣᠷᠢᠭᠤᠳᠠ ᠡᠪᠳᠡᠯᠡᠭᠰᠡᠨ᠂ ᠬᠢᠨᠠᠨ ᠬᠠᠮᠢᠶᠠᠷᠤᠭᠰᠠᠨ ᠨᠢ ᠰᠤᠯᠠ ᠵᠡᠷᠭᠡ ᠰᠢᠯᠲᠠᠭᠠᠨ ᠠᠴᠠ ᠪᠤᠯᠵᠤ‌ᠨᠢᠭᠡᠨᠲᠡ ᠳᠠᠩᠰᠠᠯᠠᠭᠤᠯᠤᠭᠰᠠᠨ ᠲᠡᠦᠬᠡ ᠶᠢᠨ ᠳᠤᠷᠠᠰᠬᠠᠯᠲᠤ ᠵᠦᠢᠯ ᠢ ᠡᠪᠳᠡᠯᠡᠭᠡ ᠳᠤ ᠤᠴᠠᠷᠠᠭᠤᠯᠤᠭᠰᠠᠨ᠂ ᠬᠦᠴᠦᠨ ᠦᠭᠡᠢ ᠪᠣᠯᠭᠠᠭᠰᠠᠨ᠂ ᠤᠰᠠᠳᠬᠠᠵᠤ ᠭᠡᠭᠡᠭᠳᠡᠭᠦᠯᠦᠭᠰᠡᠨ ᠪᠠᠶᠢᠳᠠᠯ ᠢ ᠣᠯᠵᠤ ᠮᠡᠳᠡᠪᠡᠯ᠂ ᠬᠠᠤᠯᠢ ᠶᠣᠰᠣᠭᠠᠷ ᠪᠠᠶᠢᠴᠠᠭᠠᠨ ᠰᠢᠶᠳᠪᠦᠷᠢᠯᠡᠬᠦ ᠶᠢᠨ ᠬᠠᠮᠲᠤ ᠬᠠᠤᠯᠢ ᠰᠠᠬᠢᠯᠭ᠎ᠠ ᠠᠴᠠ ᠵᠥᠷᠢᠴᠡᠭᠰᠡᠨ ᠰᠦᠪᠡᠭᠴᠢ ᠶᠢ ᠴᠠᠭ ᠲᠤᠬᠠᠶ ᠳᠤᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠰᠢᠯᠵᠢᠭᠦᠯᠦᠨ ᠬᠦᠷᠭᠡᠬᠦ ᠬᠡᠷᠡᠭᠲᠡᠶ᠃ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2