ᠵᠢᠨᠢᠩ ᠲᠣᠭᠤᠷᠢᠭ 2024 ᠣᠨ ᠤ ᠵᠠᠰᠠᠭ ᠤᠨ ᠣᠷᠳᠣᠨ ᠤ ᠠᠷᠢᠭᠤᠨ ᠴᠢᠬᠡᠴᠢ ᠪᠠᠷ ᠵᠠᠰᠠᠭ ᠪᠠᠷᠢᠬᠤ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/20
705470.jpg
    3 ᠰᠠᠷ᠎ᠠ ᠶᠢᠨ 19᠎ ᠤ ᠡᠳᠦᠷ᠂ ᠵᠢᠨᠢᠩ ᠲᠣᠭᠤᠷᠢᠭ 2024 ᠣᠨ ᠤ ᠵᠠᠰᠠᠭ ᠤᠨ ᠣᠷᠳᠣᠨ ᠤ ᠠᠷᠢᠭᠤᠨ ᠴᠢᠬᠡᠴᠢ ᠪᠠᠷ ᠵᠠᠰᠠᠭ ᠪᠠᠷᠢᠬᠤ ᠠᠵᠢᠯ ᠤᠨ ᠬᠤᠷᠠᠯ ᠬᠤᠷᠠᠯᠳᠤᠭᠤᠯᠪᠠ᠃     ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠺᠠᠩ ᠬᠠᠶ ᠷᠦᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠶ᠃ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ  ᠶᠤᠤ ᠬᠠᠢ ᠮᠢᠩ ᠬᠤᠷᠠᠯ ᠢ ᠡᠷᠬᠢᠯᠡᠪᠡ᠃     ᠬᠤᠷᠠᠯ ᠠᠴᠠ ᠰᠢ ᠶᠢᠨ ᠫᠢᠩ ᠶᠡᠷᠦᠩᠬᠡᠶ ᠱᠦᠵᠢ ᠶᠢᠨ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠳᠡᠭᠡᠷ᠎ᠡ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠤᠯᠠᠭᠠᠨᠴᠠᠪ ᠬᠤᠲᠠ ᠶᠢᠨ ᠠᠷᠢᠭᠤᠨ ᠴᠢᠬᠡᠴᠢ ᠪᠠᠷ ᠵᠠᠰᠠᠭ ᠪᠠᠷᠢᠬᠤ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠠᠵᠢᠯ ᠢ ᠰᠤᠳᠤᠯᠤᠨ ᠪᠠᠶᠢᠷᠢᠯᠠᠭᠤᠯᠵᠠᠶ᠃   ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠰᠡᠷᠭᠡᠭ ᠲᠠᠨᠢᠯᠲᠠ ᠲᠠᠢ ᠪᠠᠶᠢᠵᠤ᠂ ᠵᠠᠰᠠᠭ ᠤᠨ ᠣᠷᠳᠣᠨ ᠤ ᠰᠢᠰᠲ᠋ᠧᠮ ᠤᠨ ᠢᠯᠵᠠᠷᠠᠯ ᠢ ᠡᠰᠡᠷᠭᠦᠴᠡᠨ ᠠᠷᠢᠭᠤᠨ ᠴᠢᠬᠡᠴᠢ ᠶᠢ ᠡᠷᠬᠢᠮᠯᠡᠬᠦ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ᠎ᠠ ᠰᠡᠳᠬᠢᠯᠭᠡ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠭᠤᠣᠯᠳᠠᠯᠭ᠎ᠠ ᠲᠠᠢ ᠬᠦᠷᠢᠶᠡᠨ ᠳᠠᠬᠢ ᠢᠯᠵᠠᠷᠠᠯ ᠤᠨ ᠠᠰᠠᠭᠤᠳᠠᠯ ᠢ ᠴᠢᠩᠭ᠎ᠠ ᠰᠡᠷᠭᠡᠶᠢᠯᠡᠨ ᠴᠢᠩᠭ᠎ᠠ ᠪᠠᠶᠢᠴᠠᠭᠠᠨ ᠰᠢᠶᠳᠪᠦᠷᠢᠯᠡᠵᠦ᠂ ᠤᠯᠠᠨ ᠲᠦᠮᠡᠨ ᠤ ᠳᠡᠷᠭᠡᠳᠡᠬᠢ ᠢᠯᠵᠠᠷᠠᠯ ᠪᠠ ᠲᠥᠪ ᠪᠤᠰᠤ ᠰᠤᠷᠲᠠᠯ ᠢ ᠡᠷᠡᠰ ᠢᠶᠠᠷ ᠵᠠᠯᠬᠠᠭᠠᠨ ᠰᠢᠳᠬᠡᠵᠦ᠂ ᠠᠷᠢᠭᠤᠨ ᠴᠢᠬᠡᠴᠢ ᠪᠠᠷ ᠠᠵᠢᠯ ᠬᠢᠬᠦ᠂ ᠬᠠᠷᠢᠭᠤᠴᠠᠯᠭ᠎ᠠ ᠡᠭᠦᠷᠭᠡᠯᠡᠨ ᠠᠵᠢᠯ ᠬᠢᠬᠦ ᠭᠦᠨ ᠵᠤᠵᠠᠭᠠᠨ ᠠᠭᠤᠷ ᠠᠮᠢᠰᠬᠤᠯ ᠢ ᠶᠡᠭᠡ ᠪᠠᠷ ᠪᠤᠢ ᠪᠣᠯᠭᠠᠬᠤ ᠬᠡᠷᠡᠭᠲᠡᠶ᠃     ᠬᠤᠷᠠᠯ ᠠᠴᠠ ᠴᠢᠬᠤᠯᠠᠴᠢᠯᠠᠭᠰᠠᠨ ᠨᠢ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠰᠢᠯᠢᠳᠡᠭᠵᠢᠭᠦᠯᠵᠦ᠂ ᠬᠡᠷᠡᠭ ᠡᠷᠬᠢᠯᠡᠬᠦ ᠶᠠᠪᠤᠴᠠ ᠶᠢ ᠳᠥᠭᠦᠮᠴᠢᠯᠡᠵᠦ᠂ ᠨᠠᠷᠢᠨ ᠳᠠᠩᠰᠠ ᠶᠢᠨ ᠬᠠᠮᠢᠶᠠᠷᠤᠯᠲᠠ ᠪᠠᠷ ᠡᠷᠬᠡ ᠶᠢ ᠵᠢᠷᠤᠮᠵᠢᠭᠤᠯᠤᠨ ᠬᠡᠷᠡᠭᠯᠡᠬᠦ᠂ ᠬᠠᠤᠯᠢ ᠶᠣᠰᠣᠭᠠᠷ ᠬᠠᠤᠯᠢ ᠬᠡᠷᠡᠭᠵᠢᠭᠦᠯᠬᠦ ᠶᠢ ᠠᠬᠢᠭᠤᠯᠬᠤ ᠬᠡᠷᠡᠭᠲᠡᠢ᠃ ᠭᠤᠣᠯᠳᠠᠯᠭ᠎ᠠ ᠲᠠᠢ ᠬᠦᠷᠢᠶ᠎ᠡ ᠪᠠ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠩᠬᠠᠷᠴᠤ᠂ ᠬᠢᠨᠠᠨ ᠪᠤᠳᠤᠯᠳᠠ ᠶᠢᠨ ᠬᠢᠨᠠᠯᠲᠠ ᠶᠢ ᠴᠢᠩᠭᠠᠳᠬᠠᠵᠤ᠂ ᠢᠯᠵᠠᠷᠠᠯ ᠤᠨ ᠠᠰᠠᠭᠤᠳᠠᠯ ᠡᠭᠦᠰᠬᠦ ᠶᠢ ᠤᠷᠢᠳᠴᠢᠯᠠᠨ ᠰᠡᠷᠭᠡᠶᠢᠯᠡᠬᠦ ᠪᠠ ᠪᠠᠭᠠᠰᠬᠠᠬᠤ ᠬᠡᠷᠡᠭᠲᠡᠶ᠃ ᠨᠠᠶᠢᠳᠠᠪᠤᠷᠢᠵᠢᠭᠤᠯᠤᠯᠲᠠ ᠶᠢ ᠠᠳᠬᠤᠬᠤ ᠪᠠᠷ ᠭᠤᠣᠯ ᠡᠭᠦᠷᠭᠡ ᠬᠠᠷᠢᠭᠤᠴᠠᠯᠭ᠎ᠠ ᠪᠠᠨ ᠪᠣᠯᠭᠠᠵᠤ᠂ ︽ᠬᠠᠷᠢᠭᠤᠴᠠᠯᠭ᠎ᠠ ᠡᠭᠦᠷᠭᠡᠯᠡᠬᠦ ᠦᠭᠡᠢ᠂ ᠠᠵᠢᠯ ᠬᠢᠬᠦ ᠦᠭᠡᠢ︾᠂ ︽ᠨᠠᠶᠢᠳᠠᠪᠤᠷᠢᠵᠢᠭᠤᠯᠬᠤ ᠨᠢ ᠤᠳᠠᠭᠠᠨ᠂ ᠦᠷ᠎ᠡ ᠪᠦᠲᠦᠮᠵᠢ ᠨᠢ ᠳᠣᠣᠷ᠎ᠠ︾ ᠵᠡᠷᠭᠡ ᠠᠰᠠᠭᠤᠳᠠᠯ ᠢ ᠭᠤᠣᠯᠳᠠᠯᠭ᠎ᠠ ᠲᠠᠢ ᠰᠢᠢᠳᠪᠦᠷᠢᠯᠡᠵᠦ᠂ ᠪᠦᠬᠦ  ᠲᠤᠭᠤᠷᠢᠭ ᠤᠨ ᠠᠵᠤ ᠠᠬᠤᠢ ᠨᠡᠶᠢᠭᠡᠮ ᠤᠨ ᠡᠯ᠎ᠡ ᠵᠦᠢᠯ ᠤᠨ ᠦᠢᠯᠡᠰ ᠤᠨ ᠯᠠᠪᠳᠠᠭᠤᠨ ᠢᠶᠠᠷ ᠤᠷᠤᠭᠰᠢᠯᠠᠬᠤ ᠶᠢ ᠪᠠᠲᠤᠯᠠᠬᠤ ᠬᠡᠷᠡᠭᠲᠡᠢ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠤᠯᠤᠰ ᠲᠥᠷᠥ ᠶᠢ ᠡᠷᠬᠢᠮᠯᠡᠵᠦ᠂ ᠰᠠᠬᠢᠯᠭ᠎ᠠ ᠪᠠᠲᠤ ᠶᠢ ᠴᠢᠩᠳᠠᠯᠠᠵᠤ᠂ ᠶᠣᠰᠣ ᠲᠦᠷᠢᠮ ᠢ ᠰᠠᠬᠢᠵᠤ᠂ ᠨᠠᠮ ᠤᠨ ᠳᠣᠲᠣᠭᠠᠳᠤ ᠶᠢᠨ ᠤᠯᠤᠰ ᠲᠥᠷᠥ ᠶᠢᠨ ᠠᠮᠢᠳᠤᠷᠠᠯ ᠢ ᠴᠢᠩᠳᠠᠯᠠᠵᠤ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠮᠠᠨ ᠤ ᠲᠤᠭᠤᠷᠢᠭ ᠤᠨ  ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠲᠠᠰᠤᠷᠠᠯᠲᠠ ᠥᠬᠡᠶ ᠰᠢᠨ᠎ᠡ ᠳᠡᠭᠲᠡᠷ ᠲᠤ ᠭᠠᠷᠭᠠᠬᠤ ᠶᠢ ᠠᠬᠢᠭᠤᠯᠬᠤ ᠬᠡᠷᠡᠭᠲᠡᠶ᠃     ᠲᠣᠭᠤᠷᠢᠭ ᠤᠨ ᠤᠳᠤᠷᠢᠳᠤᠯᠭ᠎ᠠ ᠵᠠᠩ ᠱᠧᠩ ᠵᠢᠶᠠᠩ᠂ ᠸᠠᠩ ᠯᠢ ᠰᠢᠨ᠂ ᠯᠢ ᠺᠦᠨ᠂ ᠵᠠᠩ ᠬᠤᠩ ᠪᠥᠸᠧ ᠵᠢᠴᠢ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠬᠠᠷᠢᠭᠤᠴᠠᠯᠭᠠᠲᠠᠨ᠂ ᠲᠣᠭᠤᠷᠢᠭ ᠤᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠪᠣᠯᠤᠨ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃                    ᠨᠠᠶᠢᠷᠠᠭᠤᠯᠤᠭᠴᠢ᠄ ᠸᠠᠩ ᠵᠢᠩ ᠵᠢᠩ᠂ ᠴᠢᠶᠤᠤ ᠮᠢᠨ ᠮᠢᠨ                    ᠵᠢᠷᠤᠭ᠄ ᠸᠠᠩ ᠵᠢᠩ ᠵᠢᠩ                    ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2