ᠵᠠᠩ ᠶᠦᠩ ᠸᠧᠨ ᠮᠠᠨ ᠤ ᠲᠤᠭᠤᠷᠢᠭ ᠤᠨ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/3/20
705470.jpg
      3 ᠰᠠᠷ᠎ᠠ ᠶᠢᠨ 19᠎ ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠵᠠᠩ ᠶᠦᠩ ᠸᠤᠨ ᠸᠧᠨ ᠮᠠᠨ ᠤ  ᠲᠤᠭᠤᠷᠢᠭ ᠤᠨ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠳᠤ ᠪᠠᠶᠢᠴᠠᠭᠠᠨ ᠰᠤᠳᠤᠯᠤᠯᠲᠠ ᠬᠢᠪᠠ᠃        ᠵᠠᠩ ᠶᠦᠩ ᠸᠧᠨ ᠂ ᠲᠢᠶᠠᠨ ᠢᠦᠢ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ ᠬᠦᠷᠴᠦ᠂  ᠪᠦᠲᠦᠭᠡᠭᠳᠡᠬᠦᠨ ᠢ ᠦᠵᠡᠬᠦ ᠶᠢᠨ ᠳᠠᠭᠠᠤ ᠲᠠᠨᠢᠯᠴᠠᠭᠤᠯᠭ᠎ᠠ ᠶᠢ ᠰᠣᠨᠣᠰᠴᠤ ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠪᠠᠶᠢᠨ ᠪᠠᠶᠢᠨ ᠶᠠᠷᠢᠯᠴᠠᠵᠤ᠂ ᠦᠷ᠎ᠡ᠂ ᠬᠢᠮᠢ ᠶᠢᠨ ᠪᠤᠷᠳᠤᠭᠤᠷ᠂ ᠲᠠᠷᠢᠶᠠᠨ ᠡᠮ ᠵᠡᠷᠭᠡ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠵᠠᠬ᠎ᠠ ᠳᠡᠯᠭᠡᠭᠦᠷ ᠤᠨ ᠬᠠᠩᠭᠠᠯᠭ᠎ᠠ᠂ ᠪᠣᠷᠣᠯᠠᠭᠤᠯᠭ᠎ᠠ ᠶᠢᠨ ᠦᠨ᠎ᠡ ᠬᠠᠩᠰᠢ ᠵᠡᠷᠭᠡ ᠶᠢ ᠨᠠᠷᠢᠨ ᠣᠶᠢᠯᠠᠭᠠᠬᠤ ᠶᠢᠨ ᠬᠠᠮᠲᠤ ᠠᠵᠤ ᠠᠬᠤᠶᠢᠯᠠᠯ ᠤᠨ ᠬᠥᠮᠥᠷᠭᠡ ᠳᠤ ᠣᠷᠣᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠨᠥᠭᠡᠴᠡ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠲᠡᠷᠡ ᠬᠡᠯᠡᠬᠦ ᠳᠡᠭᠡᠨ᠂ ᠣᠳᠣᠬᠠᠨ ᠳᠤ ᠶᠠᠭ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠵᠠᠩᠭᠢᠯᠠᠭ᠎ᠠ ᠶᠢᠨ ᠴᠠᠭ ᠦᠶ᠎ᠡ ᠪᠣᠯᠵᠣ ᠪᠠᠶᠢᠨ᠎ᠠ᠂ ᠠᠵᠤ ᠠᠬᠤᠶᠢᠯᠠᠯ ᠤᠳ ᠦᠷ᠎ᠡ᠂ ᠬᠢᠮᠢ ᠶᠢᠨ ᠪᠣᠷᠲᠣᠭᠤᠷ᠂ ᠲᠠᠷᠢᠶᠠᠨ ᠡᠮ ᠵᠡᠷᠭᠡ ᠪᠠᠨ ᠤᠷᠢᠳᠴᠢᠯᠠᠨ ᠲᠣᠬᠢᠷᠠᠭᠤᠯᠵᠤ᠂ ᠬᠠᠩᠭᠠᠯᠭ᠎ᠠ ᠶᠢᠨ ᠭᠦᠶᠴᠡᠳ᠂ ᠶᠠᠰᠤ ᠴᠢᠨᠠᠷ ᠤᠨ ᠠᠮᠤᠷ ᠲᠦᠪᠰᠢᠨ ᠢ ᠪᠠᠲᠤᠯᠠᠨ᠂ ᠲᠠᠷᠢᠶᠠᠴᠢᠨ ᠲᠦᠮᠡᠨ ᠢ ᠰᠠᠨᠠᠭ᠎ᠠ ᠠᠮᠤᠷ ᠬᠤᠳᠠᠯᠳᠤᠨ ᠠᠪᠴᠤ᠂ ᠰᠠᠨᠠᠭ᠎ᠠ ᠠᠮᠤᠷ ᠬᠡᠷᠡᠭᠯᠡᠬᠦ ᠪᠣᠯᠭᠠᠬᠤ ᠬᠡᠷᠡᠭᠲᠡᠶ ᠭᠡᠵᠡᠶ᠃      ᠵᠠᠩ ᠶᠦᠩ ᠸᠧᠨ ᠂ ᠪᠠᠢ ᠬᠠᠢ ᠽᠢ ᠪᠠᠯᠭᠠᠰᠤᠨ ᠤ ᠱᠧᠩ ᠵᠢᠶᠠ ᠶᠢᠩ ᠤᠨ ᠲᠦᠮᠡᠨ ᠲᠣᠨ ᠤ ᠬᠦᠢᠳᠡᠨ ᠬᠥᠮᠥᠷᠭᠡ ᠶᠢᠨ ᠲᠦᠷᠦᠯ ᠵᠦᠢᠯ ᠤᠨ ᠲᠤᠬᠠᠢ ᠶᠢᠨ ᠲᠠᠯᠠᠪᠠᠢ ᠳᠤ᠂ ᠬᠦᠢᠳᠡᠨ ᠬᠥᠮᠥᠷᠭᠡ ᠶᠢᠨ ᠦᠨᠳᠦᠰᠦᠨ ᠪᠠᠶᠢᠳᠠᠯ ᠢ ᠨᠠᠷᠢᠨ ᠣᠶᠢᠯᠠᠭᠠᠵᠤ᠂ ᠬᠠᠷᠢᠭᠤᠴᠠᠯᠭᠠᠲᠠᠨ ᠲᠠᠢ ᠬᠠᠮᠲᠤ ᠬᠦᠢᠳᠡᠨ ᠬᠡᠯᠬᠢᠶᠡᠨ ᠤ ᠲᠦᠷᠦᠯ ᠵᠦᠢᠯ ᠤᠨ ᠬᠥᠭᠵᠢᠯᠲᠡ ᠶᠢᠨ ᠲᠥᠯᠥᠪᠵᠢᠭᠦᠯᠭᠡ ᠵᠢᠴᠢ ᠡᠵᠡᠩᠨᠡᠯᠲᠡ ᠶᠢᠨ ᠵᠠᠭᠪᠤᠷ ᠢ ᠭᠦᠨᠵᠡᠭᠡᠢ ᠰᠤᠳᠤᠯᠤᠨ ᠶᠠᠷᠢᠯᠴᠠᠪᠠ᠃ ᠲᠡᠷᠡ ᠬᠡᠯᠡᠬᠦ ᠳᠡᠭᠡᠨ᠂ ᠰᠡᠳᠬᠢᠴᠡ ᠪᠠᠨ ᠲᠠᠰᠤᠷᠠᠯᠲᠠ ᠥᠬᠡᠶ ᠥᠷᠭᠡᠳᠬᠡᠵᠦ᠂ ᠣᠲᠣ ᠪᠠᠶᠢᠭ᠎ᠠ ᠡᠬᠢ ᠪᠠᠶᠠᠯᠢᠭ ᠢᠶᠠᠨ ᠠᠮᠢᠳᠤᠯᠢᠭ ᠪᠣᠯᠭᠠᠵᠤ᠂ ᠭᠠᠵᠠᠷ ᠣᠷᠣᠨ ᠤ ᠪᠠᠶᠢᠳᠠᠯ ᠳᠠᠭᠠᠨ ᠳᠣᠭᠢᠷᠠᠭᠤᠯᠤᠨ ᠲᠣᠰᠬᠤᠨ ᠤ ᠬᠠᠮᠲᠤ ᠶᠢᠨ ᠠᠵᠤ ᠠᠬᠤᠶ ᠶᠢᠨ ᠬᠥᠭᠵᠢᠯᠲᠡ ᠶᠢᠨ ᠲᠥᠰᠦᠯ ᠢ ᠲᠣᠭᠲᠠᠭᠠᠵᠤ᠂ ᠲᠣᠰᠬᠤᠨ ᠤ ᠬᠠᠮᠲᠤ ᠶᠢᠨ ᠠᠵᠤ ᠠᠬᠤᠶ ᠶᠢᠨ ︽ᠴᠢᠰᠤ ᠪᠦᠲᠦᠭᠡᠬᠦ︾ ᠴᠢᠳᠠᠮᠵᠢ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠶ ᠶᠢᠨ ᠣᠷᠣᠯᠭ᠎ᠠ ᠶᠢᠨ ᠨᠡᠮᠡᠭᠳᠡᠯ ᠢ ᠠᠬᠢᠭᠤᠯᠬᠤ ᠬᠡᠷᠡᠭᠲᠡᠶ ᠭᠡᠵᠡᠶ᠃     ᠵᠠᠩ ᠶᠦᠩ ᠸᠧᠨ᠂ ᠰᠢᠶᠤᠤ ᠳ᠋ᠦᠩ ᠤᠰᠤᠨ ᠴᠥᠭᠦᠷᠥᠮ ᠳᠤ ᠤᠯᠠᠷᠢᠯ ᠤᠨ ᠴᠠᠭᠳᠠᠯᠲᠠ ᠥᠷᠨᠢᠭᠦᠯᠵᠦ᠂ ᠨᠢᠭᠡ ᠲᠠᠯ᠎ᠠ ᠪᠠᠷ ᠤᠰᠤᠨ ᠴᠥᠭᠦᠷᠥᠮ ᠤᠨ ᠤᠰᠤᠨ ᠲᠦᠪᠰᠢᠨ ᠢ ᠠᠵᠢᠭᠯᠠᠵᠤ᠂ ᠨᠢᠭᠡ ᠲᠠᠯ᠎ᠠ ᠪᠠᠷ ᠠᠵᠢᠯᠲᠠᠳ ᠤᠨ ᠵᠢᠵᠢᠭᠦᠷᠯᠡᠨ ᠰᠠᠬᠢᠵᠤ ᠪᠠᠶᠢᠭ᠎ᠠ ᠪᠠᠶᠢᠳᠠᠯ ᠢ ᠠᠰᠠᠭᠤᠬᠤ ᠶᠢᠨ ᠬᠠᠮᠲᠤ ᠠᠵᠢᠯᠲᠠᠳ ᠲᠤ ᠴᠠᠭ ᠢᠮᠠᠭᠲᠠ ᠰᠣᠨᠣᠷ ᠰᠡᠷᠡᠮᠵᠢ ᠲᠠᠢ ᠪᠠᠶᠢᠵᠤ᠂ ᠤᠰᠤᠨ ᠲᠦᠪᠰᠢᠨ ᠤ ᠬᠤᠪᠢᠷᠠᠯᠲᠠ ᠶᠢ ᠨᠢᠭᠲᠠ ᠠᠩᠬᠠᠷᠴᠤ᠂ ᠡᠳᠦᠷ ᠳᠤᠳᠤᠮ ᠤᠨ ᠲᠣᠭᠤᠷᠢᠨ ᠪᠠᠶᠢᠴᠠᠭᠠᠬᠤ᠂ ᠭᠡᠮ ᠰᠣᠭᠤᠭ ᠢ ᠪᠠᠶᠢᠴᠠᠭᠠᠬᠤ ᠠᠵᠢᠯ ᠢ ᠴᠢᠩᠭᠠᠳᠬᠠᠬᠤ ᠬᠡᠷᠡᠭᠲᠡᠢ ᠭᠡᠵᠦ ᠵᠠᠬᠢᠪᠠ᠃ ᠲᠡᠷᠡ᠂  ᠲᠤᠭᠤᠷᠢᠭ ᠰᠢᠶᠠᠩ ᠲᠣᠰᠬᠤᠨ ᠤ ᠭᠤᠷᠪᠠᠨ ᠱᠠᠲᠤᠨ ᠤ ᠭᠤᠣᠯ ᠮᠥᠷᠡᠨ ᠤ ᠳᠠᠷᠤᠭ᠎ᠠ ᠶᠢᠨ ᠠᠵᠢᠯ ᠤᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠴᠢᠩᠭᠠᠳᠬᠠᠵᠤ᠂ ᠶᠡᠷᠦᠩᠬᠡᠶᠢᠯᠡᠭᠰᠡᠨ ᠠᠷᠭ᠎ᠠ ᠪᠤᠳᠤᠯᠭ᠎ᠠ ᠬᠡᠷᠡᠭᠵᠢᠭᠦᠯᠬᠦ᠂ ᠰᠢᠨᠵᠢᠯᠡᠬᠦ ᠤᠬᠠᠭᠠᠨᠴᠢ ᠪᠠᠷ ᠬᠠᠮᠢᠶᠠᠷᠬᠤ ᠶᠢ ᠪᠠᠷᠢᠮᠲᠠᠯᠠᠵᠤ᠂ ︽ᠭᠤᠣᠯ ᠢ ᠰᠢᠯᠤᠭᠤᠳᠬᠠᠬᠤ᠂ ᠤᠰᠤ ᠨᠢ ᠲᠤᠩᠭᠠᠯᠠᠭ ᠂ ᠡᠷᠭᠢ ᠶᠢ ᠨᠣᠭᠤᠭᠠᠷᠠᠭᠤᠯᠬᠤ︾ ᠬᠠᠷᠠᠯᠲᠠ ᠶᠢ ᠦᠨᠡᠨᠬᠦ ᠪᠡᠶᠡᠯᠡᠭᠦᠯᠬᠦ ᠬᠡᠷᠡᠭᠲᠡᠢ  ᠭᠡᠵᠡᠢ᠃       ᠵᠠᠩ ᡁᠢ ᠷᠦᠩ᠂ ᠡᡁᠧ ᠷᠦᠨ ᠭᠧᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃                    ᠨᠠᠶᠢᠷᠠᠭᠤᠯᠤᠭᠴᠢ᠄ ᠸᠠᠩ ᠵᠢᠩ ᠵᠢᠩ᠂ ᠴᠢᠶᠤᠤ ᠮᠢᠨ ᠮᠢᠨ                    ᠵᠢᠷᠤᠭ᠄ ᠸᠠᠩ ᠵᠢᠩ ᠵᠢᠩ                    ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2