ᠦᠰᠦᠭ ᠪᠢᠴᠢᠭ ᠢᠶᠡᠷ ᠦᠭᠦᠯᠡᠬᠦᠢ᠄ ︽ᠵᠢᠨᠢᠩ ᠲᠣᠭᠤᠷᠢᠭ ᠤᠨ ᠳᠥᠷᠪᠡᠳᠦᠭᠡᠷ ᠤᠳᠠᠭᠠᠨ ᠤ ᠪᠦᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯ ᠢ ᠨᠡᠶᠢᠳᠡᠮ ᠪᠠᠶᠢᠴᠠᠭᠠᠬᠤ ᠠᠵᠢᠯ ᠤᠨ ᠲᠥᠰᠦᠯ︾᠎ ᠤᠨ ᠲᠤᠬᠠᠶ ᠲᠠᠶᠢᠯᠤᠮᠵᠢ
ᠨᠡᠶᠢᠲᠡᠯᠡᠭᠰᠡᠨ ᠴᠠᠭ᠄
2024/3/20
ᠨᠢᠭᠡ᠂ ︽ᠠᠵᠢᠯ ᠤᠨ ᠲᠥᠰᠦᠯ︾᠎ ᠢ ᠲᠣᠭᠲᠠᠭᠠᠭᠰᠠᠨ ᠠᠬᠤᠶ ᠪᠠᠶᠢᠳᠠᠯ ᠪᠠ ᠦᠨᠳᠦᠰᠦᠯᠡᠯ      2023 ᠣᠨ ᠤ 11 ᠰᠠᠷ᠎ᠠ ᠶᠢᠨ 1᠎ ᠤ ᠡᠳᠦᠷ᠂ ᠲᠥᠷᠥ ᠶᠢᠨ ᠶᠠᠪᠤᠳᠠᠯ ᠤᠨ ᠬᠤᠷᠢᠶ᠎ᠠ ︽ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠤᠬᠡ ᠶᠢᠨ ᠳᠤᠷᠠᠰᠬᠠᠯᠲᠤ ᠵᠦᠶᠯ ᠤᠨ ᠨᠡᠶᠢᠳᠡᠮ ᠪᠠᠶᠢᠴᠠᠭᠠᠯᠲᠠ ᠶᠢ ᠥᠷᠨᠢᠭᠦᠯᠬᠦ ᠲᠤᠬᠠᠶ ᠮᠡᠳᠡᠭᠳᠡᠯ︾ ︵ᠲᠥᠷᠥ ᠲᠠᠷᠬᠠᠭᠠᠭᠰᠠᠨ ︹ 2023 ︺ 18 ᠳ᠋ᠤᠭᠠᠷ ᠲᠣᠭᠠᠲᠤ︶ ︵ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶᠎ ᠢ ᠳᠠᠷᠤᠮᠠᠯᠯᠠᠨ ᠲᠠᠷᠬᠠᠭᠠᠵᠤ᠂ 2023 ᠣᠨ ᠤ 11 ᠰᠠᠷ᠎ᠠ ᠠᠴᠠ ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠤᠬᠡ ᠶᠢᠨ ᠳᠤᠷᠠᠰᠬᠠᠯᠲᠤ ᠵᠦᠶᠯ ᠤᠨ ᠨᠡᠶᠢᠳᠡᠮ ᠪᠠᠶᠢᠴᠠᠭᠠᠯᠲᠠ ᠶᠢ ᠥᠷᠨᠢᠭᠦᠯᠪᠡ᠃ ︽ᠮᠡᠳᠡᠭᠳᠡᠯ︾᠎ ᠳᠤ ᠨᠡᠶᠢᠳᠡᠮ ᠪᠠᠶᠢᠴᠠᠭᠠᠯᠲᠠ ᠶᠢᠨ ᠶᠡᠷᠦᠩᠬᠡᠶ ᠱᠠᠭᠠᠷᠳᠠᠯᠭ᠎ᠠ᠂ ᠨᠡᠶᠢᠳᠡᠮ ᠪᠠᠶᠢᠴᠠᠭᠠᠯᠲᠠ ᠶᠢᠨ ᠬᠡᠪᠴᠢᠶ᠎ᠡ᠂ ᠨᠡᠶᠢᠳᠡᠮ ᠪᠠᠶᠢᠴᠠᠭᠠᠯᠲᠠ ᠶᠢᠨ ᠠᠭᠤᠯᠭ᠎ᠠ᠂ ᠴᠠᠭ ᠤᠨ ᠲᠣᠬᠢᠷᠠᠭᠤᠯᠤᠯᠲᠠ᠂ ᠵᠣᠬᠢᠶᠠᠨ ᠪᠠᠶᠢᠭᠤᠯᠤᠨ ᠬᠡᠷᠡᠭᠵᠢᠭᠦᠯᠬᠦ᠂ ᠵᠠᠷᠤᠳᠠᠯ ᠤᠨ ᠪᠠᠲᠤᠯᠠᠭ᠎ᠠ ᠵᠢᠴᠢ ᠨᠡᠶᠢᠳᠡᠮ ᠪᠠᠶᠢᠴᠠᠭᠠᠯᠲᠠ ᠶᠢᠨ ᠶᠠᠰᠤ ᠴᠢᠨᠠᠷ ᠤᠨ ᠬᠠᠮᠢᠶᠠᠷᠤᠯᠲᠠ ᠳᠤ ᠪᠥᠬᠦ ᠲᠠᠯ᠎ᠠ ᠶᠢᠨ ᠪᠠᠶᠢᠷᠢᠯᠠᠭᠤᠯᠤᠯᠲᠠ ᠬᠢᠪᠠ᠃   ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠤᠯᠠᠭᠠᠨᠴᠠᠪ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ︽ᠮᠡᠳᠡᠭᠳᠡᠯ︾᠎ ᠤᠨ ᠱᠠᠭᠠᠷᠳᠠᠯᠭ᠎ᠠ ᠶᠣᠰᠣᠭᠠᠷ᠂ ᠲᠣᠰ ᠭᠠᠵᠠᠷ ᠤᠨ ᠪᠣᠳᠠᠲᠠᠶ ᠲᠠᠢ ᠪᠠᠨ ᠤᠶᠠᠯᠳᠤᠭᠤᠯᠤᠨ ︽ᠥᠪᠡᠷᠲᠡᠭᠡᠨ ᠵᠠᠰᠠᠬᠤ ᠣᠷᠣᠨ ᠤ ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠤᠬᠡ ᠶᠢᠨ ᠳᠤᠷᠠᠰᠬᠠᠯᠲᠤ ᠵᠦᠶᠯ ᠤᠨ ᠨᠡᠶᠢᠳᠡᠮ ᠪᠠᠶᠢᠴᠠᠭᠠᠯᠲᠠ ᠶᠢ ᠰᠠᠶᠢᠲᠤᠷ ᠬᠢᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ᠪᠠ ︽ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠤᠬᠡ ᠶᠢᠨ ᠳᠤᠷᠠᠰᠬᠠᠯᠲᠤ ᠵᠦᠶᠯ ᠤᠨ ᠨᠡᠶᠢᠳᠡᠮ ᠪᠠᠶᠢᠴᠠᠭᠠᠯᠲᠠ ᠶᠢ ᠰᠠᠶᠢᠲᠤᠷ ᠬᠢᠬᠦ ᠲᠤᠬᠠᠶ ᠮᠡᠳᠡᠭᠳᠡᠯ ᠡᠯ᠎ᠡ ᠬᠤᠰᠢᠭᠤ ᠰᠢᠶᠠᠨ ᠬᠤᠲᠠ ᠲᠣᠭᠤᠷᠢᠭ ᠨᠢ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠲᠤᠬᠠᠶ ᠶᠢᠨ ᠭᠠᠵᠠᠷ ᠤᠨ ᠪᠠᠶᠢᠳᠠᠯ ᠲᠠᠢ ᠪᠠᠨ ᠤᠶᠠᠯᠳᠤᠭᠤᠯᠤᠨ ᠨᠡᠶᠢᠳᠡᠮ ᠪᠠᠶᠢᠴᠠᠭᠠᠯᠲᠠ ᠶᠢᠨ ᠠᠵᠢᠯ ᠤᠨ ᠲᠥᠰᠦᠯ ᠢ ᠦᠳᠲᠡᠷ ᠲᠦᠷᠭᠡᠨ ᠲᠣᠭᠲᠠᠭᠠᠵᠤ᠂ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠢ ᠪᠠᠶᠢᠭᠤᠯᠤᠨ᠂ ᠨᠡᠶᠢᠳᠡᠮ ᠪᠠᠶᠢᠴᠠᠭᠠᠯᠲᠠ ᠶᠢᠨ ᠱᠠᠭᠠᠷᠳᠠᠯᠭ᠎ᠠ ᠶᠣᠰᠣᠭᠠᠷ ᠳᠥᠷᠪᠡᠳᠦᠭᠡᠷ ᠤᠳᠠᠭ᠎ᠠ ᠶᠢᠨ ᠪᠥᠬᠦ ᠤᠯᠤᠰ ᠤᠨ ᠲᠡᠤᠬᠡ ᠶᠢᠨ ᠳᠤᠷᠠᠰᠬᠠᠯᠲᠤ ᠵᠦᠶᠯᠡᠰ ᠤᠨ ᠨᠡᠶᠢᠳᠡᠮ ᠪᠠᠶᠢᠴᠠᠭᠠᠯᠲᠠ ᠶᠢᠨ ᠬᠠᠮᠢᠶ᠎ᠠ ᠪᠥᠬᠦᠶ ᠠᠵᠢᠯ ᠢ ᠦᠳᠲᠡᠷ ᠲᠦᠷᠭᠡᠨ ᠥᠷᠨᠢᠭᠦᠯᠬᠦ ᠬᠡᠷᠡᠭᠲᠡᠶ ᠭᠡᠵᠦ ᠱᠠᠭᠠᠷᠳᠠᠪᠠ᠃ ᠬᠤᠶᠠᠷ᠂ ︽ᠠᠵᠢᠯ  ᠤᠨ ᠲᠥᠰᠦᠯ︾᠎ ᠳᠤ ᠲᠣᠳᠣᠷᠬᠠᠶᠢᠯᠠᠭᠰᠠᠨ ᠠᠵᠢᠯ ᠎ ᠤᠨ ᠬᠠᠷᠠᠯᠲᠠ     ︽ᠠᠵᠢᠯ ᠤᠨ ᠲᠥᠰᠦᠯ︾᠎ ᠨᠢ ᠮᠠᠨ ᠤ ᠲᠤᠭᠤᠷᠢᠭ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠭᠤᠷᠪᠠᠳᠤᠭᠠᠷ ᠤᠳᠠᠭᠠᠨ ᠤ ᠪᠥᠬᠦ ᠤᠯᠤᠰ ᠤᠨ ᠲᠡᠤᠬᠡ ᠶᠢᠨ ᠳᠤᠷᠠᠰᠬᠠᠯᠲᠤ ᠵᠦᠶᠯᠡᠰ ᠤᠨ ᠨᠡᠶᠢᠳᠡᠮ ᠪᠠᠶᠢᠴᠠᠭᠠᠯᠲᠠ ᠳᠤ ᠨᠢᠭᠡᠨᠲᠡ ᠮᠠᠭᠠᠳᠯᠠᠨ ᠲᠣᠭᠲᠠᠭᠠᠭᠰᠠᠨ᠂ ᠳᠠᠩᠰᠠᠯᠠᠭᠤᠯᠤᠭᠰᠠᠨ ᠰᠢᠯᠵᠢᠭᠦᠯᠵᠦ ᠪᠣᠯᠤᠰᠢ ᠥᠬᠡᠶ ᠲᠡᠤᠬᠡ ᠶᠢᠨ ᠳᠤᠷᠠᠰᠬᠠᠯᠲᠤ ᠵᠦᠶᠯᠡᠰ ᠢ ᠳᠠᠬᠢᠨ ᠪᠠᠶᠢᠴᠠᠭᠠᠬᠤ ᠶᠢᠨ ᠬᠠᠮᠲᠤ ᠰᠢᠨ᠎ᠡ ᠪᠠᠷ ᠢᠯᠡᠷᠡᠭᠦᠯᠦᠭᠰᠡᠨ ᠲᠡᠤᠬᠡ ᠶᠢᠨ ᠳᠤᠷᠠᠰᠬᠠᠯᠲᠤ ᠵᠦᠶᠯᠡᠰ ᠤᠨ ᠪᠠᠭᠤᠷᠢ ᠶᠢ ᠮᠠᠭᠠᠳᠯᠠᠨ ᠲᠣᠭᠲᠠᠭᠠᠬᠤ᠂ ᠳᠠᠩᠰᠠᠯᠠᠬᠤ᠂ ᠬᠥᠮᠥᠷᠭᠡ ᠳᠤ ᠣᠷᠣᠭᠤᠯᠬᠤ ᠠᠵᠢᠯ ︵ᠨᠡᠶᠢᠳᠡᠮ ᠪᠠᠶᠢᠴᠠᠭᠠᠭᠳᠠᠬᠤ ᠡᠲᠡᠭᠡᠳ ᠤᠨ ᠨᠡᠷᠡᠶᠢᠳᠦᠯ᠂ ᠣᠷᠣᠨ ᠵᠠᠶ ᠶᠢᠨ ᠣᠷᠣᠨ ᠪᠠᠶᠢᠷᠢ᠂ ᠬᠠᠮᠠᠭᠠᠯᠠᠯᠲᠠ ᠶᠢᠨ ᠲᠠᠰ᠂ ᠲᠡᠤᠬᠡ ᠶᠢᠨ ᠳᠤᠷᠠᠰᠬᠠᠯᠲᠤ ᠵᠦᠶᠯᠡᠰ ᠤᠨ ᠲᠥᠷᠥᠯ ᠢᠯᠭᠠᠯ᠂ ᠣᠨ ᠵᠢᠯ᠂ ᠡᠷᠬᠡ ᠶᠢᠨ ᠬᠠᠷᠢᠶᠠᠯᠠᠯ᠂ ᠬᠡᠷᠡᠭᠯᠡᠭᠰᠡᠨ ᠪᠠᠶᠢᠳᠠᠯ᠂ ᠬᠠᠳᠠᠭᠠᠯᠠᠭᠰᠠᠨ ᠪᠠᠶᠢᠳᠠᠯ ᠵᠡᠷᠭᠡ ᠶᠢ ᠪᠠᠭᠲᠠᠭᠠᠨ᠎ᠠ︶᠎ ᠢ ᠬᠢᠬᠦ ᠶᠢ ᠱᠠᠭᠠᠷᠳᠠᠪᠠ᠃ ᠯᠠᠪᠳᠠᠭᠤᠨ ᠪᠠᠲᠤᠲᠠᠶ ᠪᠦᠲᠦᠮᠵᠢᠲᠡᠶ ᠨᠡᠶᠢᠳᠡᠮ ᠪᠠᠶᠢᠴᠠᠭᠠᠯᠲᠠ ᠶᠢᠨ ᠡᠭᠦᠷᠭᠡ ᠪᠠᠷ ᠳᠠᠮᠵᠢᠭᠤᠯᠤᠨ᠂ ᠪᠥᠬᠦ  ᠲᠤᠭᠤᠷᠢᠭ ᠤᠨ ᠰᠢᠯᠵᠢᠭᠦᠯᠵᠦ ᠪᠣᠯᠤᠰᠢ ᠥᠬᠡᠶ ᠲᠡᠤᠬᠡ ᠶᠢᠨ ᠳᠤᠷᠠᠰᠬᠠᠯᠲᠤ ᠵᠦᠶᠯ ᠤᠨ ᠡᠬᠢ ᠪᠠᠶᠠᠯᠢᠭ ᠤᠨ ᠶᠡᠷᠦᠩᠬᠡᠶ ᠭᠠᠷᠴᠠᠭ ᠪᠠ ᠳ᠋ᠠᠶᠢᠲ᠋ᠠ ᠶᠢᠨ ᠬᠥᠮᠥᠷᠭᠡ ᠶᠢ ᠪᠠᠶᠢᠭᠤᠯᠵᠤ᠂ ᠲᠡᠤᠬᠡ ᠶᠢᠨ ᠳᠤᠷᠠᠰᠬᠠᠯᠲᠤ ᠵᠦᠶᠯ ᠤᠨ ᠡᠬᠢ ᠪᠠᠶᠠᠯᠢᠭ ᠤᠨ ᠡᠳ᠋ ᠬᠥᠷᠥᠩᠭᠡ ᠶᠢᠨ ᠬᠥᠳᠡᠯᠦᠩᠭᠦᠶ ᠬᠠᠮᠢᠶᠠᠷᠤᠯᠲᠠ ᠶᠢ ᠪᠡᠶᠡᠯᠡᠭᠦᠯᠦᠨ᠎ᠡ᠃ ᠭᠤᠷᠪᠠ᠂ ︽ᠠᠵᠢᠯ ᠤᠨ ᠲᠥᠰᠦᠯ︾᠎ ᠤᠨ ᠭᠤᠣᠯ ᠠᠭᠤᠯᠭ᠎ᠠ     ︽ᠠᠵᠢᠯ ᠤᠨ ᠲᠥᠰᠦᠯ︾᠎ ᠳᠤ ᠨᠡᠶᠢᠳᠡᠮ ᠪᠠᠶᠢᠴᠠᠭᠠᠯᠲᠠ ᠶᠢᠨ ᠬᠦᠷᠢᠶ᠎ᠡ ᠬᠡᠪᠴᠢᠶ᠎ᠡ᠂ ᠨᠡᠶᠢᠳᠡᠮ ᠪᠠᠶᠢᠴᠠᠭᠠᠯᠲᠠ ᠶᠢᠨ ᠠᠭᠤᠯᠭ᠎ᠠ᠂ ᠡᠯ᠎ᠡ ᠱᠠᠲᠤ ᠦᠶ᠎ᠡ ᠶᠢᠨ ᠨᠡᠶᠢᠳᠡᠮ ᠪᠠᠶᠢᠴᠠᠭᠠᠯᠲᠠ ᠶᠢᠨ ᠡᠭᠦᠷᠭᠡ ᠶᠢ ᠪᠡᠶᠡᠯᠡᠭᠦᠯᠬᠦ ᠴᠠᠭ ᠤᠨ ᠬᠢᠵᠠᠭᠠᠷ᠂ ᠵᠠᠷᠤᠳᠠᠯ ᠤᠨ ᠪᠠᠲᠤᠯᠠᠭ᠎ᠠ᠂ ᠨᠡᠶᠢᠳᠡᠮ ᠪᠠᠶᠢᠴᠠᠭᠠᠯᠲᠠ ᠶᠢᠨ ᠡᠩᠨᠡᠭᠡ ᠶᠢᠨ ᠬᠦᠴᠦᠨ ᠤ ᠪᠠᠶᠢᠭᠤᠯᠤᠯᠲᠠ ᠵᠡᠷᠭᠡ ᠳᠤ ᠬᠠᠮᠢᠶ᠎ᠠ ᠪᠥᠬᠦᠶ ᠪᠠᠶᠢᠷᠢᠯᠠᠭᠤᠯᠤᠯᠲᠠ ᠬᠢᠵᠦ᠂ ᠡᠯ᠎ᠡ ᠰᠠᠯᠠᠭ᠎ᠠ ᠮᠥᠴᠢᠷ ᠢ ᠵᠣᠬᠢᠴᠠᠭᠤᠯᠤᠨ ᠬᠠᠮᠲᠤᠷᠠᠯᠴᠠᠬᠤ ᠪᠠᠨ ᠴᠢᠩᠭᠠᠳᠬᠠᠬᠤ ᠶᠢᠨ ᠬᠠᠮᠲᠤ ᠦᠷᠭᠦᠯᠵᠢᠯᠡᠨ ᠬᠠᠷᠢᠭᠤᠴᠠᠯᠭ᠎ᠠ ᠨᠡᠬᠡᠮᠵᠢᠯᠡᠬᠦ  ᠲᠠᠯ᠎ᠠ ᠪᠠᠷ ᠲᠣᠳᠣᠷᠬᠠᠶ ᠲᠣᠳᠣᠷᠬᠠᠶᠢᠯᠠᠯᠲᠠ ᠬᠢᠬᠦ ᠬᠡᠷᠡᠭᠲᠡᠶ ᠭᠡᠵᠦ ᠱᠠᠭᠠᠷᠳᠠᠪᠠ᠃ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2