ᠵᠢᠨᠢᠩ ᠲᠣᠭᠤᠷᠢᠭ ᠲᠠᠩᠰᠠ ᠡᠪᠬᠡᠮᠡᠯ ᠤᠨ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/21
705470.jpg
    3 ᠰᠠᠷ᠎ᠠ ᠶᠢᠨ 20᠎ ᠤ ᠦᠳᠡ ᠶᠢᠨ ᠡᠮᠦᠨ᠎ᠡ᠂ ᠵᠢᠨᠢᠩ ᠲᠣᠭᠤᠷᠢᠭ ᠳᠠᠩᠰᠠ ᠡᠪᠬᠡᠮᠡᠯ ᠤᠨ ᠠᠵᠢᠯ ᠤᠨ ᠬᠤᠷᠠᠯ ᠬᠤᠷᠠᠯᠳᠤᠭᠤᠯᠪᠠ᠃      ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠯᠪᠠᠨ ᠬᠡᠷ ᠤᠨ ᠡᠷᠬᠢᠯᠡᠭᠴᠢ ᠵᠠᠩ ᡁᠢ ᠷᠦᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃     ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠥᠬᠦᠶ ᠪᠢᠴᠢᠭ ᠮᠠᠲ᠋ᠧᠷᠢᠶᠠᠯ᠂ ᠪᠥᠬᠦ ᠬᠤᠲᠠ ᠶᠢᠨ ᠲᠠᠩᠰᠠ ᠡᠪᠬᠡᠮᠡᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠭᠰᠠᠨ ᠤ ᠬᠠᠮᠲᠤ ᠵᠢᠨᠢᠩ ᠲᠣᠭᠤᠷᠢᠭ ᠤᠨ 2024 ᠣᠨ ᠤ ᠲᠠᠩᠰᠠ ᠡᠪᠬᠡᠮᠡᠯ ᠤᠨ ᠠᠵᠢᠯ ᠤᠨ ᠭᠤᠤᠯᠳᠠᠯᠭ᠎ᠠ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃     ᠬᠤᠷᠠᠯ ᠠᠴᠠ ᠱᠠᠭᠠᠷᠳᠠᠭᠰᠠᠨ ᠨᠢ᠂ ᠡᠯ᠎ᠡ ᠨᠢᠭᠡᠴᠢ ᠨᠦᠭᠦᠳ ᠦᠵᠡᠯ ᠰᠠᠨᠠᠭ᠎ᠠ ᠪᠠᠨ ᠨᠢᠭᠡᠳᠬᠡᠨ᠂ ᠲᠠᠨᠢᠯᠲᠠ ᠪᠠᠨ ᠳᠡᠭᠡᠭᠰᠢᠯᠡᠭᠦᠯᠵᠦ᠂ ︽ᠲᠠᠩᠰᠠ ᠡᠪᠬᠡᠮᠡᠯ ᠤᠨ ᠬᠠᠤᠯᠢ︾᠎ ᠶᠢ ᠤᠬᠠᠭᠤᠯᠤᠨ  ᠲᠤᠭᠤᠰᠢᠯᠠᠭᠤᠯᠬᠤ ᠡᠷᠴᠢᠮ ᠢᠶᠠᠨ ᠴᠢᠩᠭᠠᠷᠠᠭᠤᠯᠤᠨ᠂ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠬᠥᠮᠦᠵᠢᠯ ᠢ ᠪᠣᠯᠪᠠᠰᠤᠷᠠᠭᠤᠯᠤᠯ ᠤᠨ ᠠᠭᠤᠯᠭ᠎ᠠ ᠳᠤ ᠣᠷᠣᠭᠤᠯᠵᠤ᠂ ᠺᠠᠳ᠋ᠷ ᠠᠵᠢᠯᠲᠠᠨ ᠠᠵᠢᠯᠴᠢᠨ ᠤ ᠲᠠᠩᠰᠠ ᠡᠪᠬᠡᠮᠡᠯ ᠤᠨ ᠬᠠᠤᠯᠢ ᠪᠠᠷ ᠵᠠᠰᠠᠬᠤ ᠦᠵᠡᠯ ᠤᠬᠠᠮᠰᠠᠷ ᠢ ᠳᠡᠭᠡᠭᠰᠢᠯᠡᠭᠦᠯᠬᠦ ᠬᠡᠷᠡᠭᠲᠡᠶ ᠃ ᠬᠦᠷᠦᠯᠴᠡᠬᠦ ᠥᠬᠡᠶ ᠲᠠᠯ᠎ᠠ ᠪᠠᠨ ᠡᠷᠢᠵᠦ᠂ ᠳᠤᠲᠠᠭᠳᠠᠯ ᠢᠶᠠᠨ ᠨᠥᠬᠦᠪᠥᠷᠢᠯᠡᠵᠦ᠂ ᠲᠠᠩᠰᠠ ᠡᠪᠬᠡᠮᠡᠯ ᠤᠨ ᠲᠣᠪᠴᠢᠶ᠎ᠠ ᠦᠶᠯᠡᠳᠦᠯ ᠢᠶᠠᠨ ᠭᠦᠶᠴᠡᠳ ᠪᠠᠳᠠᠷᠠᠭᠤᠯᠵᠤ᠂ ᠰᠢᠮᠳᠠᠭᠤᠯᠤᠨ ᠵᠢᠯᠣᠭᠤᠳᠬᠤ ᠶᠢ ᠰᠠᠶᠢᠲᠤᠷ ᠬᠢᠵᠦ᠂ ︽ᠭᠤᠷᠪᠠ ᠶᠢ ᠨᠢᠭᠡᠳᠬᠡᠭᠰᠡᠨ︾ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠬᠦ ᠬᠡᠷᠡᠭᠲᠡᠶ ᠃ ᠬᠠᠷᠢᠭᠤᠴᠠᠯᠭ᠎ᠠ ᠪᠠᠨ ᠪᠠᠲᠤᠳᠬᠠᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠲᠠᠩᠰᠠ ᠡᠪᠬᠡᠮᠡᠯ ᠤᠨ ᠲᠣᠭᠠᠵᠢᠭᠤᠯᠬᠤ ᠪᠠᠶᠢᠭᠤᠯᠤᠯᠲᠠ ᠶᠢ ᠠᠬᠢᠭᠤᠯᠬᠤ ᠬᠡᠷᠡᠭᠲᠡᠶ᠃  ᠲᠤᠭᠤᠷᠢᠭ ᠤᠨ ᠲᠠᠩᠰᠠ ᠡᠪᠬᠡᠮᠡᠯ ᠤᠨ ᠲᠣᠪᠴᠢᠶ᠎ᠠ ᠨᠢ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠡᠭᠦᠷᠭᠡ ᠴᠢᠳᠠᠪᠤᠷᠢ ᠪᠠᠨ ᠬᠠᠤᠯᠢ ᠶᠣᠰᠣᠭᠠᠷ ᠰᠠᠶᠢᠲᠤᠷ ᠭᠦᠶᠴᠡᠳᠬᠡᠵᠦ᠂ ᠲᠠᠩᠰᠠ ᠡᠪᠬᠡᠮᠡᠯ ᠤᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠤᠨ᠂ ᠲᠠᠩᠰᠠ ᠡᠪᠬᠡᠮᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠳᠤ ᠨᠡᠶᠢᠴᠡᠬᠦ ᠥᠬᠡᠶ ᠦᠶᠯᠡ ᠠᠵᠢᠯᠯᠠᠭ᠎ᠠ ᠶᠢ ᠬᠠᠤᠯᠢ ᠶᠣᠰᠣᠭᠠᠷ ᠵᠠᠯᠠᠷᠠᠭᠤᠯᠵᠤ᠂ ᠮᠠᠨ ᠤ  ᠲᠤᠭᠤᠷᠢᠭ ᠤᠨ ᠲᠠᠩᠰᠠ ᠡᠪᠬᠡᠮᠡᠯ ᠤᠨ ᠠᠵᠢᠯ ᠤᠨ ᠤᠯᠠᠮ ᠨᠢᠭᠡ ᠠᠯᠬᠤᠮ ᠬᠥᠭᠵᠢᠬᠦ ᠶᠢ  ᠠᠬᠢᠭᠤᠯᠬᠤ ᠬᠡᠷᠡᠭᠲᠡᠢ᠃     ᠲᠤᠭᠤᠷᠢᠭ ᠤᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠡᠯ᠎ᠡ  ᠨᠢᠭᠡᠴᠢ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠵᠢᠴᠢ ᠬᠠᠮᠢᠶ᠎ᠠ ᠪᠥᠬᠦᠶ ᠠᠵᠢᠯᠲᠠᠨ ᠬᠤᠷᠠᠯ ᠳᠤ ᠣᠷᠣᠯᠴᠠᠵᠠᠶ᠃              ᠨᠠᠶᠢᠷᠠᠭᠤᠯᠤᠭᠴᠢ᠄ ᠴᠢᠶᠤᠤ ᠮᠢᠨ ᠮᠢᠨ   ᠸᠠᠩ ᠵᠢᠩ ᠵᠢᠩ             ᠵᠢᠷᠤᠭ᠄ ᠴᠢᠶᠤᠤ ᠮᠢᠨ ᠮᠢᠨ   ᠸᠠᠩ ᠵᠢᠩ ᠵᠢᠩ             ᠤᠷᠴᠢᠭᠤᠯᠤᠭᠴᠢ᠄ ᠲᠤᠶᠠᠭ᠎ᠠ
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2