ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ 2024 ᠣᠨ ᠤ 6 ᠳ᠋ᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ 6 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/25
    3 ᠳ᠋ᠤᠭᠠᠷ ᠰᠠᠷ᠎ᠠ ᠶᠢᠨ 22᠎ ᠤᠨ ᠡᠳᠦᠷ᠂ ᠲᠤᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠺᠠᠩ ᠬᠠᠶ ᠷᠦᠢ ᠲᠤᠭᠤᠷᠢᠭ ᠤᠨ ᠵᠠᠰᠠᠭ ᠤᠨ ᠣᠷᠳᠣᠨ ᠤ 2024 ᠣᠨ ᠤ 6 ᠳ᠋ᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ 6 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃     ᠬᠤᠷᠠᠯ ᠠᠴᠠ ︽ᠦᠨᠡᠨ︾ ᠰᠡᠳᠬᠦᠯ ᠤᠨ ᠨᠡᠶᠢᠲᠡᠯᠡᠭᠰᠡᠨ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠵᠣᠬᠢᠶᠠᠯ ︽ᠠᠭᠤᠤ ᠨᠠᠮ  ᠬᠦᠴᠢᠷ ᠠᠰᠠᠭᠤᠳᠠᠯ ᠢ ᠰᠢᠢᠳᠪᠦᠷᠢᠯᠡᠬᠦ ᠶᠢ ᠴᠠᠭ ᠢᠮᠠᠭᠲᠠ ᠪᠠᠲᠤᠯᠠᠬᠤ ᠪᠥᠭᠡᠳ ᠨᠠᠮ ᠤᠨ ᠥᠪᠡᠷ ᠤᠨ ᠪᠡᠶ᠎ᠡ ᠎ ᠶᠢᠨ ᠬᠤᠪᠢᠰᠬᠠᠯ ᠎ ᠢ ᠡᠴᠦᠰ ᠲᠤᠨᠢ ᠲᠤᠯᠲᠠᠯ᠎ᠠ ᠬᠢᠬᠦ ᠬᠡᠷᠡᠭᠲᠡᠢ︾ ᠭᠡᠬᠦ ᠵᠣᠷᠢᠭ ᠰᠠᠨᠠᠭ᠎ᠠ ᠪᠣᠯᠤᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠲᠦᠷᠢᠮ︾᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠤᠷᠢᠨ ᠪᠠᠶᠢᠴᠠᠭᠠᠬᠤ ᠠᠵᠢᠯ ᠤᠨ ᠲᠦᠷᠢᠮ︾᠎ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠠᠢ᠃ ︽ᠵᠢᠨᠢᠩ ᠲᠣᠭᠤᠷᠢᠭ ᠤᠨ ᠣᠷᠣᠨ ᠰᠠᠭᠤᠴᠠ ᠶᠢᠨ ᠠᠳᠠᠯ ᠠᠬᠤᠶ ᠶᠢᠨ ᠦᠶᠯᠡᠴᠢᠯᠡᠭᠡ ᠶᠢ ᠪᠦᠬᠦᠨ ᠢ ᠬᠠᠮᠤᠷᠤᠨ ᠶᠠᠰᠤ ᠴᠢᠨᠠᠷ ᠢ ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭᠠᠨ ᠤ ᠲᠥᠰᠦᠯ︾ ᠵᠡᠷᠭᠡ ᠲᠥᠰᠦᠯ ᠢ ᠰᠤᠳᠤᠯᠤᠨ ᠬᠢᠨᠠᠨ ᠵᠥᠪᠯᠡᠵᠦ᠂ ᠬᠤᠲᠠ ᠪᠠᠯᠭᠠᠰᠤ ᠶᠢᠨ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠬᠦ ᠵᠡᠷᠭᠡ ᠬᠠᠮᠢᠶ᠎ᠠ ᠪᠥᠬᠦᠶ ᠤᠴᠢᠷ ᠶᠠᠪᠤᠳᠠᠯ ᠢ ᠰᠤᠳᠤᠯᠵᠤ᠂ ᠬᠠᠮᠢᠶ᠎ᠠ ᠪᠥᠬᠦᠶ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃     ᠬᠤᠷᠠᠯ ᠠᠴᠠ ᠴᠢᠬᠤᠯᠠᠴᠢᠯᠠᠭᠰᠠᠨ ᠨᠢ ᠂ ᠰᠢ ᠶᠢᠨ ᠫᠢᠩ ᠶᠡᠷᠦᠩᠬᠡᠢ ᠱᠦᠵᠢ ᠶᠢᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠲᠤᠬᠠᠢ ᠴᠢᠬᠤᠯᠠ ᠥᠭᠦᠯᠡᠯᠲᠡ ᠪᠣᠯᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠲᠣᠭᠤᠷᠢᠨ ᠪᠠᠶᠢᠴᠠᠭᠠᠬᠤ ᠠᠵᠢᠯ ᠤᠨ ᠲᠤᠬᠠᠢ ᠰᠢᠨ᠎ᠡ ᠪᠠᠶᠢᠷᠢᠯᠠᠭᠤᠯᠤᠯᠲᠠ ᠰᠢᠨ᠎ᠡ ᠱᠠᠭᠠᠷᠳᠠᠯᠭ᠎ᠠ ᠶᠢ ᠭᠦᠨᠵᠡᠭᠡᠢ ᠣᠶᠢᠯᠠᠭᠠᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢᠶᠠᠨ ᠨᠢᠭᠲᠠᠷᠠᠭᠤᠯᠤᠨ ᠰᠦᠭ ᠰᠦᠨᠡᠰᠦ ᠪᠠᠨ ᠱᠤᠭᠤᠬᠤ ᠶᠢ ᠠᠬᠢᠭᠤᠯᠵᠤ᠂ ᠨᠠᠮ ᠤᠨ ᠥᠪᠡᠷ ᠤᠨ ᠪᠡᠶ᠎ᠡ ᠶᠢᠨ ᠬᠤᠪᠢᠰᠬᠠᠯ ᠤᠨ ᠭᠦᠨᠵᠡᠭᠡᠶᠢᠷᠡᠨ ᠬᠥᠭᠵᠢᠬᠦ ᠶᠢ ᠲᠠᠰᠤᠷᠠᠯᠲᠠ ᠦᠭᠡᠢ ᠠᠬᠢᠭᠤᠯᠬᠤ ᠬᠡᠷᠡᠭᠲᠡᠢ ᠭᠡᠵᠦ ᠵᠢᠭᠠᠪᠠ᠃ ᠬᠠᠤᠯᠢᠵᠢᠯ ᠤᠨ ᠰᠡᠳᠬᠢᠬᠦᠢ ᠶᠢ ᠴᠢᠩᠭᠠᠳᠬᠠᠵᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠠᠬᠢᠭᠤᠯᠬᠤ ᠡᠷᠴᠢᠮ ᠢ ᠲᠦᠷᠭᠡᠳᠬᠡᠵᠦ᠂ ᠢᠲᠡᠭᠡᠮᠵᠢ ᠲᠠᠢ ᠪᠠᠶᠢᠬᠤ ᠶᠢ ᠵᠣᠷᠢᠭᠵᠢᠭᠤᠯᠬᠤ ᠪᠠ ᠢᠲᠡᠭᠡᠯ ᠠᠯᠳᠠᠬᠤ ᠶᠢ ᠵᠠᠯᠬᠠᠭᠠᠨ ᠴᠡᠭᠡᠷᠯᠡᠭᠦᠯᠬᠦ ᠶᠢ ᠵᠡᠷᠭᠡᠪᠡᠷ ᠴᠢᠬᠤᠯᠠᠴᠢᠯᠠᠬᠤ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠲᠡᠷᠢᠭᠦᠨ ᠤ ᠭᠠᠵᠠᠷ ᠣᠷᠣᠨ ᠤ ᠨᠡᠶᠢᠲᠡᠯᠢᠭ ᠲᠤᠷᠰᠢᠯᠭ᠎ᠠ ᠠᠷᠭ᠎ᠠ ᠬᠢᠳᠡᠯ ᠢᠶᠠᠷ ᠲᠤᠯᠢ ᠪᠣᠯᠭᠠᠵᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠪᠠᠶᠢᠩᠭᠤᠵᠢᠭᠤᠯᠬᠤ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠠᠵᠤ ᠠᠬᠤᠶᠢᠯᠠᠯ ᠳᠤ ᠠᠰᠢᠭᠲᠠᠢ ᠠᠷᠠᠳ ᠲᠤ ᠲᠦᠬᠦᠮ ᠦᠵᠡᠭᠦᠯᠬᠦ ᠨᠡᠩ ᠤᠯᠠᠨ ᠠᠷᠭ᠎ᠠ ᠬᠡᠮᠵᠢᠶ᠎ᠡ ᠶᠢ ᠳᠠᠰᠤᠷᠠᠯᠳᠠ ᠦᠭᠡᠢ ᠬᠡᠷᠡᠭᠵᠢᠭᠦᠯᠬᠦ ᠬᠡᠷᠡᠭᠲᠡᠢ᠃ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠬᠡᠯᠪᠡᠷᠢᠴᠢ ᠦᠵᠡᠯ ᠢᠶᠠᠷ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠶᠢ ᠴᠡᠭᠴᠡᠯᠡᠨ ᠵᠠᠰᠠᠬᠤ ᠶᠢ ᠦᠷᠭᠦᠯᠵᠢᠯᠡᠨ ᠰᠠᠶᠢᠲᠤᠷ ᠠᠳᠬᠤᠵᠤ᠂ ︽ᠠᠯᠵᠠᠭᠤ ᠬᠤᠶᠢᠷᠭᠤ ᠰᠤᠯᠠ ᠵᠠᠳᠠᠭᠠᠢ᠂ ᠨᠠᠵᠠᠭᠠᠢ ᠪᠤᠳᠤᠯᠢᠶᠠᠨ ᠲᠠᠢ᠂ ᠤᠳᠠᠭᠠᠨ ᠪᠦᠳᠦᠭᠦᠯᠢᠭ ᠪᠠᠭᠤᠷᠠᠢ︾ ᠵᠡᠷᠭᠡ ᠠᠰᠠᠭᠤᠳᠠᠯ ᠢ ᠤᠨᠢᠨ ᠳᠡᠭᠡᠷ᠎ᠡ ᠨᠢ ᠴᠡᠭᠴᠡᠯᠡᠨ ᠵᠠᠰᠠᠵᠤ᠂ ᠬᠠᠷᠢᠭᠤᠴᠠᠯᠭ᠎ᠠ ᠶᠢ ᠭᠡᠳᠡᠷᠬᠦ ᠪᠠᠶᠢᠴᠠᠭᠠᠬᠤ ᠪᠠ ᠬᠠᠷᠢᠭᠤᠴᠠᠯᠭ᠎ᠠ ᠨᠡᠬᠡᠮᠵᠢᠯᠡᠬᠦ ᠠᠵᠢᠯ ᠤᠨ ᠲᠣᠭᠲᠠᠴᠠ ᠶᠢ ᠪᠦᠷᠢᠨᠰᠢᠬᠦᠯᠵᠦ᠂ ᠵᠠᠰᠠᠭ ᠤᠨ ᠣᠷᠳᠣᠨ ᠤ ᠠᠵᠢᠯ ᠤᠨ ᠦᠷ᠎ᠡ ᠪᠦᠲᠦᠮᠵᠢ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠶᠢ ᠠᠬᠢᠭᠤᠯᠬᠤ ᠬᠡᠷᠡᠭᠲᠡᠢ᠃     ᠬᠤᠷᠠᠯ ᠤᠨ  ᠱᠠᠭᠠᠷᠳᠠᠭᠰᠠᠨ ᠨᠢ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠠᠰᠠᠭᠤᠳᠠᠯ ᠳᠤ ᠰᠢᠭᠤᠳ ᠬᠠᠨᠳᠤᠵᠤ᠂ ᠬᠠᠮᠢᠶᠠᠷᠤᠯᠲᠠ ᠶᠢᠨ ᠡᠷᠴᠢᠮ ᠢᠶᠠᠨ ᠴᠢᠩᠭᠠᠷᠠᠭᠤᠯᠤᠨ᠂ ᠠᠳᠠᠯ ᠠᠬᠤᠶ ᠶᠢᠨ ᠠᠵᠢᠯ ᠲᠥᠷᠥᠯ ᠤᠨ ᠦᠶᠯᠡᠴᠢᠯᠡᠭᠡᠨ ᠤ ᠦᠵᠡᠯ ᠤᠬᠠᠮᠰᠠᠷ ᠪᠠ ᠬᠠᠷᠢᠭᠤᠴᠠᠯᠭ᠎ᠠ ᠶᠢᠨ ᠦᠵᠡᠯ ᠤᠬᠠᠮᠰᠠᠷ ᠢᠶᠠᠨ ᠳᠡᠭᠡᠭᠰᠢᠯᠡᠭᠦᠯᠵᠦ᠂ ᠠᠳᠠᠯ ᠠᠬᠤᠶ ᠶᠢᠨ ᠠᠵᠤ ᠠᠬᠤᠶᠢᠯᠠᠯ ᠤᠨ ᠦᠶᠯᠡᠴᠢᠯᠡᠭᠡᠨ ᠤ ᠬᠢᠷᠢ ᠬᠡᠮᠵᠢᠶ᠎ᠡ ᠪᠠᠨ ᠳᠡᠭᠡᠭᠰᠢᠯᠡᠭᠦᠯᠬᠦ ᠬᠡᠷᠡᠭᠲᠡᠶ᠃ ᠲᠠᠨᠢᠯᠲᠠ ᠪᠠᠨ ᠳᠡᠭᠡᠭᠰᠢᠯᠡᠭᠦᠯᠵᠦ᠂ ᠥᠭᠡᠷᠡᠴᠢᠯᠡᠯᠲᠡ ᠶᠢᠨ ᠲᠦᠷᠦ ᠶᠢᠨ ᠪᠤᠳᠤᠯᠭ᠎ᠠ ᠶᠢ ᠭᠦᠢᠴᠡᠳ ᠰᠠᠶᠢᠲᠤᠷ ᠬᠡᠷᠡᠭᠯᠡᠵᠦ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠬᠦ ᠠᠬᠢᠴᠠ ᠶᠢ ᠲᠦᠷᠭᠡᠳᠬᠡᠨ ᠠᠬᠢᠭᠤᠯᠵᠤ᠂ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠢ᠃ ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃         ᠨᠠᠶᠢᠷᠠᠭᠤᠯᠤᠭᠴᠢ᠄ ᠸᠠᠩ ᠵᠢᠩ ᠵᠢᠩ᠂ ᠴᠢᠶᠤᠤ ᠮᠢᠨ ᠮᠢᠨ         ᠵᠢᠷᠤᠭ᠄ ᠸᠠᠩ ᠵᠢᠩ ᠵᠢᠩ᠂ ᠴᠢᠶᠤᠤ ᠮᠢᠨ ᠮᠢᠨ         ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2