ᠦᠰᠦᠭ ᠪᠢᠴᠢᠭ ᠢᠶᠠᠷ ᠦᠭᠦᠯᠡᠬᠦᠢ᠄ ︽ᠤᠯᠠᠭᠠᠨᠴᠠᠪ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠬᠢᠨᠠᠨ ᠵᠢᠯᠤᠭᠤᠳᠴᠤ ᠪᠠᠶᠢᠴᠠᠭᠠᠬᠤ ᠶᠢ ᠨᠠᠶᠢᠳᠠᠪᠤᠷᠢᠵᠢᠭᠤᠯᠤᠭᠰᠠᠨ ᠲᠤᠬᠠᠢ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠲᠥᠰᠥᠯ︾᠎ ᠤᠨ ᠲᠠᠶᠢᠯᠤᠮᠵᠢ
ᠨᠡᠶᠢᠲᠡᠯᠡᠭᠰᠡᠨ ᠴᠠᠭ᠄
2024/3/25
    ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠠᠯᠪᠠᠨ ᠲᠢᠩᠬᠢᠮ ︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠴᠠᠪ ᠬᠤᠲᠠ ᠶᠢᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠬᠢᠨᠠᠨ ᠵᠢᠯᠤᠭᠤᠳᠴᠤ ᠪᠠᠶᠢᠴᠠᠭᠠᠭᠰᠠᠨ ᠲᠤᠬᠠᠢ ᠬᠠᠷᠢᠭᠤ ᠲᠤᠰᠬᠠᠭᠰᠠᠨ ᠰᠠᠨᠠᠯ︾᠎ ᠢ ᠳᠠᠷᠤᠮᠠᠯᠯᠠᠨ ᠲᠠᠷᠬᠠᠭᠠᠪᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠱᠠᠭᠠᠷᠳᠠᠯᠭ᠎ᠠ ᠶᠣᠰᠣᠭᠠᠷ᠂ ᠮᠠᠨ ᠤ ᠬᠤᠲᠠ ︽ᠤᠯᠠᠭᠠᠨᠴᠠᠪ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠬᠢᠨᠠᠨ ᠵᠢᠯᠤᠭᠤᠳᠴᠤ ᠪᠠᠶᠢᠴᠠᠭᠠᠬᠤ ᠶᠢ ᠨᠠᠶᠢᠳᠠᠪᠤᠷᠢᠵᠢᠭᠤᠯᠤᠭᠰᠠᠨ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠲᠥᠰᠥᠯ︾᠎ ᠢ ᠳᠠᠷᠤᠮᠠᠯᠯᠠᠨ ᠲᠠᠷᠬᠠᠭᠠᠪᠠ᠂ ᠡᠳᠦᠭᠡ ᠳᠣᠣᠷᠠᠬᠢ ᠮᠡᠲᠦ ᠲᠠᠶᠢᠯᠤᠮᠵᠢ ᠬᠢᠶ᠎ᠠ ᠄ ᠨᠢᠭᠡ᠂ ᠨᠡᠶᠢᠲᠡᠯᠡᠭᠰᠡᠨ ᠠᠬᠤᠢ ᠪᠠᠶᠢᠳᠠᠯ       ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠠᠯᠪᠠᠨ ᠲᠢᠩᠬᠢᠮ ᠤᠨ ᠳᠠᠷᠤᠮᠠᠯᠯᠠᠨ ᠲᠠᠷᠬᠠᠭᠠᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠴᠠᠪ ᠬᠤᠲᠠ ᠶᠢᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠬᠢᠨᠠᠨ ᠵᠢᠯᠤᠭᠤᠳᠴᠤ ᠪᠠᠶᠢᠴᠠᠭᠠᠭᠰᠠᠨ ᠲᠤᠬᠠᠢ ᠬᠠᠷᠢᠭᠤ ᠲᠤᠰᠬᠠᠭᠰᠠᠨ ᠰᠠᠨᠠᠯ︾᠎ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠦ᠂ ᠪᠥᠬᠦ ᠬᠤᠲᠠ ᠶᠢᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠤᠯᠠᠮ ᠨᠢᠭᠡ ᠠᠯᠬᠤᠮ  ᠠᠬᠢᠭᠤᠯᠬᠤ ᠶᠢᠨ ᠲᠤᠰᠠᠳᠠ᠂ ᠮᠠᠨ ᠤ ᠬᠤᠲᠠ ᠪᠣᠳᠠᠲᠠᠢ ᠲᠠᠢ ᠪᠠᠨ ᠤᠶᠠᠯᠳᠤᠭᠤᠯᠤᠨ᠂ ︽ᠤᠯᠠᠭᠠᠨᠴᠠᠪ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠬᠢᠨᠠᠨ ᠵᠢᠯᠤᠭᠤᠳᠴᠤ ᠪᠠᠶᠢᠴᠠᠭᠠᠬᠤ ᠶᠢ ᠨᠠᠶᠢᠳᠠᠪᠤᠷᠢᠵᠢᠭᠤᠯᠤᠭᠰᠠᠨ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠲᠥᠰᠥᠯ︾ ︵ᠳᠣᠷᠣᠭᠰᠢ ︽ᠴᠡᠭᠴᠡᠯᠡᠨ ᠰᠠᠶᠢᠵᠢᠷᠠᠭᠤᠯᠬᠤ ᠲᠥᠰᠥᠯ︾ ᠭᠡᠵᠦ ᠲᠣᠪᠴᠢᠯᠠᠨ᠎ᠠ︶᠎ ᠢ ᠲᠣᠭᠲᠠᠭᠠᠪᠠ᠃      ᠬᠤᠶᠠᠷ᠂ ᠭᠤᠣᠯ ᠠᠭᠤᠯᠭ᠎ᠠ     ︽ᠴᠡᠭᠴᠡᠯᠡᠨ ᠰᠠᠶᠢᠵᠢᠷᠠᠭᠤᠯᠬᠤ ᠲᠥᠰᠥᠯ︾᠎ ᠳᠤ ᠵᠢᠯᠤᠭᠤᠳᠬᠤ ᠦᠵᠡᠯ ᠰᠠᠨᠠᠭ᠎ᠠ᠂ ᠠᠵᠢᠯ ᠤᠨ ᠬᠠᠷᠠᠯᠲᠠ᠂ ᠴᠡᠭᠴᠡᠯᠡᠨ ᠰᠠᠶᠢᠵᠢᠷᠠᠭᠤᠯᠬᠤ ᠡᠭᠦᠷᠭᠡ ᠵᠢᠴᠢ ᠠᠷᠭ᠎ᠠ ᠬᠡᠮᠵᠢᠶ᠎ᠡ᠂ ᠠᠵᠢᠯ ᠤᠨ ᠱᠠᠭᠠᠷᠳᠠᠯᠭ᠎ᠠ ᠵᠡᠷᠭᠡ ᠳᠥᠷᠪᠡᠨ ᠬᠡᠰᠡᠭ ᠠᠭᠤᠯᠭ᠎ᠠ ᠪᠠᠭᠲᠠᠨ᠎ᠠ᠂ ᠭᠤᠣᠯ ᠠᠭᠤᠯᠭ᠎ᠠ ᠨᠢ ᠳᠣᠣᠷᠠᠬᠢ ᠮᠡᠲᠦ᠄     ︵ᠨᠢᠭᠡ︶ ᠵᠢᠯᠤᠭᠤᠳᠬᠤ ᠦᠵᠡᠯ ᠰᠠᠨᠠᠭ᠎ᠠ᠃ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠲᠤᠬᠠᠢ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠠᠴᠠ ᠲᠦᠯᠬᠢᠨ ᠠᠬᠢᠭᠤᠯᠬᠤ᠂ ᠪᠦᠬᠦ ᠠᠷᠠᠳ ᠢᠶᠠᠷ ᠢᠶᠠᠨ ᠣᠷᠣᠯᠴᠠᠬᠤ᠂ ᠬᠤᠲᠠ ᠬᠥᠳᠡᠭᠡ ᠶᠢ ᠨᠢᠭᠡᠳᠦᠯᠲᠡᠢ ᠲᠥᠯᠥᠪᠯᠡᠬᠦ᠂ ᠭᠠᠵᠠᠷ ᠣᠷᠣᠨ ᠤ ᠪᠠᠶᠢᠳᠠᠯ  ᠳᠤᠨᠢ ᠲᠣᠬᠢᠷᠠᠭᠤᠯᠬᠤ᠂ ᠳᠥᠭᠦᠮ ᠳᠥᠲᠡ ᠪᠥᠭᠡᠳ ᠬᠡᠷᠡᠭᠵᠢᠭᠦᠯᠬᠦ ᠳᠤ ᠬᠢᠯᠪᠠᠷ ᠪᠠᠶᠢᠬᠤ ᠵᠠᠷᠴᠢᠮ ᠶᠣᠰᠣᠭᠠᠷ᠂ ᠮᠠᠨ ᠤ ᠬᠤᠲᠠ ᠶᠢᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠤᠨ ᠪᠣᠳᠠᠲᠤ ᠦᠷ᠎ᠡ ᠪᠦᠲᠦᠮᠵᠢ ᠶᠢ ᠬᠦᠴᠦᠯᠡᠨ ᠳᠡᠭᠡᠭᠰᠢᠯᠡᠭᠦᠯᠵᠦ᠂ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠲᠦᠯᠬᠢᠨ ᠠᠬᠢᠭᠤᠯᠵᠤ ᠪᠠᠶᠢᠭᠠᠳ ᠳᠣᠣᠷ᠎ᠠ ᠨᠡᠭᠦᠷᠡᠰᠦᠲᠥ᠋ᠷᠥᠭᠴᠢᠲᠦ ᠠᠮᠢᠳᠤᠷᠠᠯ ᠤᠨ ᠰᠢᠨ᠎ᠡ ᠤᠷᠤᠰᠬᠠᠯ ᠪᠣᠯᠭᠠᠨ᠎ᠠ᠃      ︵ᠬᠤᠶᠠᠷ︶ ᠠᠵᠢᠯ ᠤᠨ ᠬᠠᠷᠠᠯᠲᠠ᠃ ᠠᠵᠢᠯ ᠤᠨ ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠪᠠᠶᠢᠴᠠᠭᠠᠵᠤ ᠬᠢᠨᠠᠯᠲᠠ ᠲᠠᠯᠪᠢᠬᠤ᠂ ᠵᠢᠷᠤᠮᠵᠢᠭᠤᠯᠤᠨ ᠬᠠᠮᠢᠶᠠᠷᠬᠤ᠂ ᠬᠢᠨᠠᠨ ᠰᠢᠯᠭᠠᠵᠤ ᠦᠨᠡᠯᠡᠬᠦ ᠵᠡᠷᠭᠡ ᠠᠵᠢᠯ ᠤᠨ ᠲᠣᠭᠲᠠᠴᠠ ᠶᠢ ᠰᠢᠯᠢᠳᠡᠭᠵᠢᠭᠦᠯᠦᠨ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠪᠠᠶᠢᠩᠭᠤ ᠶᠢᠨ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠬᠡᠷᠡᠭᠲᠡᠢ︔ ᠲᠥᠷᠥᠯ ᠬᠤᠪᠢᠶᠠᠭᠰᠠᠨ ᠪᠣᠳᠠᠲᠤ ᠦᠷ᠎ᠡ ᠪᠦᠲᠦᠮᠵᠢ ᠶᠢ ᠪᠠᠬᠢᠵᠢᠭᠦᠯᠦᠨ ᠳᠡᠭᠡᠭᠰᠢᠯᠡᠭᠦᠯᠵᠦ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠭᠰᠠᠨ ᠪᠥᠬᠦ ᠬᠡᠯᠬᠢᠶᠡᠰᠦ ᠶᠢᠨ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠬᠦ ᠪᠡᠯᠡᠳᠬᠡᠮᠵᠢ ᠶᠢ ᠲᠦᠷᠭᠡᠳᠬᠡᠨ ᠪᠠᠶᠢᠭᠤᠯᠬᠤ ᠬᠡᠷᠡᠭᠲᠡᠢ︔ ᠡᠬᠢ ᠪᠠᠶᠠᠯᠢᠭ ᠤᠨ ᠠᠰᠢᠭᠯᠠᠯᠲᠠ ᠶᠢᠨ ᠨᠤᠷᠮ᠎ᠠ ᠶᠢ ᠳᠡᠭᠡᠭᠰᠢᠯᠡᠭᠦᠯᠵᠦ᠂ ᠡᠭᠡᠭᠦᠯᠦᠨ ᠬᠤᠷᠢᠶᠠᠵᠤ ᠪᠣᠯᠬᠤ ᠪᠣᠳᠠᠰ ᠢ ᠡᠭᠡᠭᠦᠯᠦᠨ ᠬᠤᠷᠢᠶᠠᠬᠤ ᠰᠢᠰᠲ᠋ᠧᠮ ᠢ ᠲᠡᠭᠦᠯᠳᠡᠷᠵᠢᠭᠦᠯᠵᠦ᠂ ᠡᠭᠡᠭᠦᠯᠦᠨ ᠬᠤᠷᠢᠶᠠᠵᠤ ᠪᠣᠯᠬᠤ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠠᠬᠢᠭᠤᠯᠤᠨ᠎ᠠ᠃ ᠡᠬᠢ ᠡᠭᠦᠰᠦᠯ ᠠᠴᠠ ᠨᠢ ᠬᠡᠮᠵᠢᠶ᠎ᠡ ᠶᠢ ᠪᠠᠭᠠᠰᠬᠠᠬᠤ ᠶᠢ ᠬᠦᠴᠦᠯᠡᠨ ᠠᠬᠢᠭᠤᠯᠵᠤ᠂ ᠪᠣᠬᠢᠷᠲᠤᠯ ᠦᠭᠡᠢ ᠠᠮᠢᠳᠤᠷᠠᠯ ᠢ ᠰᠠᠨᠠᠭᠠᠴᠢᠯᠠᠨ᠂ ᠳᠥᠭᠦᠮ ᠪᠥᠭᠡᠳ ᠲᠣᠬᠢᠷᠠᠮᠵᠢᠲᠠᠢ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ᠂ ᠪᠣᠯᠪᠠᠰᠤᠨ ᠡᠷᠡᠭᠦᠯ ᠠᠮᠢᠳᠤᠷᠠᠯ ᠤᠨ ᠠᠷᠭ᠎ᠠ ᠮᠠᠶ᠋ᠢᠭ ᠢ ᠪᠣᠶ ᠪᠣᠯᠭᠠᠨ᠎ᠠ᠃ ᠴᠡᠭᠴᠡᠯᠡᠨ ᠰᠠᠶᠢᠵᠢᠷᠠᠭᠤᠯᠬᠤ ᠴᠠᠭ ᠤᠨ ᠬᠢᠵᠠᠭᠠᠷ ᠶᠣᠰᠣᠭᠠᠷ ᠴᠡᠭᠴᠡᠯᠡᠨ ᠰᠠᠶᠢᠵᠢᠷᠠᠭᠤᠯᠬᠤ ᠠᠵᠢᠯ ᠢ ᠴᠠᠭ ᠲᠤᠬᠠᠢ ᠳᠤᠨᠢ ᠪᠡᠶᠡᠯᠡᠭᠦᠯᠵᠦ᠂ 2025 ᠣᠨ ᠪᠣᠯᠬᠤ ᠳᠤ ᠭᠤᠣᠯ ᠬᠤᠲᠠ ᠲᠣᠭᠤᠷᠢᠭ ᠲᠤ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠰᠢᠢᠳᠪᠦᠷᠢᠯᠡᠬᠦ ᠰᠢᠰᠲ᠋ᠧᠮ ᠢ ᠦᠨᠳᠦᠰᠦᠨ ᠳᠡᠭᠡᠨ ᠪᠠᠶᠢᠭᠤᠯᠵᠤ᠂ ᠬᠤᠲᠠ ᠶᠢᠨ ᠠᠮᠢᠳᠤᠷᠠᠯ ᠤᠨ ᠬᠤᠭ ᠨᠣᠪᠰᠢ ᠶᠢ ᠡᠬᠢ ᠪᠠᠶᠠᠯᠢᠭᠵᠢᠭᠤᠯᠤᠨ ᠠᠰᠢᠭᠯᠠᠬᠤ ᠨᠣᠷᠮ᠎ᠠ ᠶᠢ 60%᠎ ᠳᠤ ᠬᠦᠷᠦᠭᠦᠯᠦᠨ᠎ᠡ᠃     ︵ᠭᠤᠷᠪᠠ︶ ᠴᠡᠭᠴᠡᠯᠡᠨ ᠰᠠᠶᠢᠵᠢᠷᠠᠭᠤᠯᠬᠤ ᠡᠭᠦᠷᠭᠡ ᠵᠢᠴᠢ ᠠᠷᠭ᠎ᠠ ᠬᠡᠮᠵᠢᠶ᠎ᠡ᠃ ᠪᠠᠶᠢᠭᠤᠯᠤᠯ ᠲᠣᠭᠲᠠᠴᠠ ᠶᠢ ᠪᠦᠷᠢᠨᠰᠢᠭᠦᠯᠵᠦ᠂ ᠬᠤᠭ ᠨᠣᠪᠰᠢ ᠶᠢ ᠲᠦᠷᠦᠯ ᠬᠤᠪᠢᠶᠠᠬᠤ ᠠᠵᠢᠯ ᠢ ᠥᠨᠳᠥᠷ ᠪᠠᠶᠢᠷᠢᠨ ᠳᠤ ᠲᠦᠯᠬᠢᠨ ᠠᠬᠢᠭᠤᠯᠵᠤ᠂ ᠭᠤᠣᠯᠳᠠᠭᠤ ᠬᠤᠳᠠ ᠶᠢᠨ ᠠᠮᠢᠳᠤᠷᠠᠯ ᠤᠨ ᠬᠤᠭ ᠨᠣᠪᠰᠢ ᠶᠢ ᠲᠦᠷᠦᠯ ᠬᠤᠪᠢᠶᠠᠬᠤ ᠶᠢ ᠲᠦᠯᠬᠢᠨ ᠠᠬᠢᠭᠤᠯᠬᠤ ᠬᠠᠮᠲᠤᠷᠠᠭᠰᠠᠨ ᠬᠤᠷᠠᠯᠳᠤᠭᠠᠨ ᠤ ᠳᠦᠷᠢᠮ ᠢ ᠪᠠᠶᠢᠭᠤᠯᠬᠤ᠂ ᠠᠵᠢᠯ ᠤᠨ ᠲᠣᠭᠲᠠᠴᠠ ᠶᠢ ᠪᠦᠷᠢᠨᠰᠢᠭᠦᠯᠬᠦ᠂ ᠪᠠᠶᠢᠴᠠᠭᠠᠵᠤ ᠬᠢᠨᠠᠨ ᠰᠢᠯᠭᠠᠬᠤ ᠶᠢ ᠴᠢᠩᠭᠠᠳᠬᠠᠬᠤ ᠵᠡᠷᠭᠡ ᠲᠠᠯ᠎ᠠ ᠠᠴᠠ ᠭᠠᠷᠳᠠᠨ᠎ᠠ᠃ ᠬᠤᠭ ᠨᠣᠪᠰᠢ ᠶᠢ ᠲᠥᠷᠥᠯ ᠬᠤᠪᠢᠶᠠᠵᠦ ᠴᠤᠭᠯᠠᠭᠤᠯᠤᠨ ᠲᠡᠭᠡᠭᠡᠪᠦᠷᠢᠯᠡᠬᠦ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠭᠤᠣᠯᠳᠠᠭᠤ ᠬᠤᠭ ᠨᠣᠪᠰᠢ ᠶᠢ ᠲᠥᠷᠥᠯ ᠬᠤᠪᠢᠶᠠᠬᠤ ᠪᠡᠯᠡᠳᠬᠡᠮᠵᠢ ᠶᠢ ᠨᠡᠶᠢᠭᠡᠮ ᠲᠣᠭᠤᠷᠢᠭ ᠲᠤ ᠣᠷᠣᠭᠤᠯᠬᠤ᠂ ᠨᠠᠮ ᠵᠠᠰᠠᠭ ᠤᠨ ᠪᠠᠶᠢᠭᠤᠯᠭ᠎ᠠ᠂ ᠰᠤᠷᠭᠠᠭᠤᠯᠢ᠂ ᠡᠮᠨᠡᠯᠭᠡ ᠶᠢᠨ ᠬᠤᠷᠢᠶ᠎ᠠ᠂ ᠵᠣᠴᠢᠳ ᠤᠨ ᠪᠠᠭᠤᠳᠠᠯ᠂ ᠬᠡᠲᠦ ᠳᠡᠯᠭᠡᠭᠦᠷ ᠵᠡᠷᠭᠡ ᠲᠠᠯ᠎ᠠ ᠪᠠᠷ ᠪᠥᠬᠦ ᠬᠡᠯᠬᠢᠶᠡᠰᠦ ᠶᠢᠨ ᠬᠠᠮᠢᠶᠠᠷᠤᠯᠲᠠ ᠶᠢ ᠴᠢᠩᠭᠠᠳᠬᠠᠬᠤ ᠠᠷᠭ᠎ᠠ ᠬᠡᠮᠵᠢᠶ᠎ᠡ ᠶᠢ ᠲᠣᠳᠣᠷᠬᠠᠶᠢᠯᠠᠨ᠎ᠠ  ᠃ ᠬᠤᠭ ᠨᠣᠪᠰᠢ ᠶᠢ ᠲᠥᠷᠥᠯ ᠬᠤᠪᠢᠶᠠᠨ ᠬᠠᠶᠠᠬᠤ ᠶᠢ ᠵᠢᠷᠤᠮᠵᠢᠭᠤᠯᠵᠤ᠂ ᠭᠤᠣᠯᠳᠠᠭᠤ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠴᠢᠩᠭᠠᠳᠬᠠᠬᠤ᠂ ︽ᠲᠣᠭᠲᠠᠭᠰᠠᠨ ᠴᠠᠭ ᠲᠣᠭᠲᠠᠭᠰᠠᠨ ᠴᠡᠭ︾᠎ ᠲᠤ ᠬᠠᠶᠠᠬᠤ ᠪᠠ ︽ᠰᠠᠭᠤᠯᠠᠭ᠎ᠠ ᠶᠢᠨ ᠬᠥᠪᠡᠭᠡ ᠶᠢ ᠵᠢᠵᠢᠭᠦᠷᠯᠡᠨ ᠰᠠᠬᠢᠬᠤ︾ ᠠᠵᠢᠯ ᠢ ᠬᠡᠷᠡᠭᠵᠢᠭᠦᠯᠬᠦ᠂ ᠬᠤᠭ ᠨᠣᠪᠰᠢ ᠶᠢ ᠲᠥᠷᠥᠯ ᠬᠤᠪᠢᠶᠠᠨ ᠬᠠᠮᠢᠶᠠᠷᠬᠤ ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠵᠡᠷᠭᠡ ᠲᠠᠯ᠎ᠠ ᠪᠠᠷ ᠪᠥᠬᠦ ᠨᠡᠶᠢᠭᠡᠮ ᠢᠶᠠᠷ ᠢᠶᠠᠨ ᠣᠷᠣᠯᠴᠠᠬᠤ ᠠᠷᠭ᠎ᠠ ᠵᠠᠮ ᠢ ᠰᠦᠪᠡᠭᠴᠢᠯᠡᠨ ᠪᠠᠶᠢᠭᠤᠯᠤᠨ᠎ᠠ᠃ ᠵᠣᠬᠢᠶᠠᠨ ᠪᠠᠶᠢᠭᠤᠯᠤᠨ ᠳᠠᠶᠢᠴᠢᠯᠠᠬᠤ ᠪᠠ ᠤᠬᠠᠭᠤᠯᠤᠨ ᠬᠥᠮᠥᠵᠢᠭᠦᠯᠬᠦ ᠶᠢ ᠴᠢᠩᠭᠠᠷᠠᠭᠤᠯᠵᠤ᠂ ᠭᠤᠣᠯᠳᠠᠭᠤ ᠤᠬᠠᠭᠤᠯᠬᠤ ᠠᠵᠢᠯᠯᠠᠭ᠎ᠠ ᠶᠢᠨ ᠡᠷᠴᠢᠮ ᠪᠠ ᠲᠤᠭ᠎ᠠ ᠶᠢ ᠨᠡᠮᠡᠭᠳᠡᠭᠦᠯᠬᠦ᠂ ᠤᠬᠠᠭᠤᠯᠬᠤ ᠠᠴᠢᠶᠠᠯᠠᠪᠤᠷᠢ ᠶᠢ ᠪᠠᠶᠠᠯᠢᠭᠵᠢᠭᠤᠯᠬᠤ᠂ ᠤᠬᠠᠭᠤᠯᠬᠤ ᠠᠷᠭ᠎ᠠ ᠮᠠᠶ᠋ᠢᠭ ᠤᠨ ᠲᠠᠯ᠎ᠠ ᠪᠠᠷ ᠰᠢᠨ᠎ᠡ ᠶᠢ ᠡᠭᠦᠳᠬᠦ᠂ ᠰᠢᠨ᠎ᠡ ᠵᠠᠭᠤᠴᠢᠯᠠᠭᠤᠷ ᠤᠨ ᠤᠯᠠᠮᠵᠢᠯᠠᠬᠤ ᠠᠷᠭ᠎ᠠ ᠮᠠᠶ᠋ᠢᠭ ᠲᠤ ᠠᠭᠤᠰᠤᠯᠴᠠᠭᠤᠯᠬᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠤᠬᠠᠭᠤᠯᠬᠤ ᠬᠡᠪᠴᠢᠶ᠎ᠡ ᠶᠢ ᠨᠡᠮᠡᠭᠳᠡᠭᠦᠯᠬᠦ᠂ ᠤᠬᠠᠭᠤᠯᠬᠤ ᠦᠷ᠎ᠡ ᠪᠦᠲᠦᠮᠵᠢ ᠶᠢ ᠥᠷᠭᠡᠳᠬᠡᠬᠦ᠂ ᠰᠤᠷᠭᠠᠨ ᠬᠥᠮᠦᠵᠢᠯ ᠤᠨ ᠰᠢᠰᠲ᠋ᠧᠮ ᠤᠨ ᠠᠮᠢᠳᠤᠷᠠᠯ ᠤᠨ ᠬᠤᠭ ᠨᠣᠪᠰᠢ ᠶᠢ ᠲᠦᠷᠦᠯ ᠬᠤᠪᠢᠶᠠᠬᠤ ᠠᠵᠢᠯ ᠢ ᠯᠠᠪᠳᠠᠭᠤᠨ ᠪᠠᠲᠤᠲᠠᠢ ᠪᠠᠷ ᠲᠦᠯᠬᠢᠨ ᠠᠬᠢᠭᠤᠯᠬᠤ ᠵᠡᠷᠭᠡ ᠲᠠᠯ᠎ᠠ ᠪᠠᠷ ᠢᠵᠢ ᠪᠦᠷᠢᠳᠦᠭᠦᠯᠬᠦ ᠲᠦᠷᠦ ᠶᠢᠨ ᠪᠣᠳᠣᠯᠭ᠎ᠠ ᠶᠢᠨ ᠲᠣᠭᠲᠠᠴᠠ ᠶᠢ ᠲᠣᠳᠣᠷᠬᠠᠢ ᠲᠡᠭᠦᠯᠳᠡᠷᠵᠢᠭᠦᠯᠦᠨ᠎ᠡ᠃       ︵ᠳᠥᠷᠪᠡ︶ ᠠᠵᠢᠯ ᠤᠨ ᠱᠠᠭᠠᠷᠳᠠᠯᠭ᠎ᠠ᠃ ᠭᠤᠣᠯᠳᠠᠭᠤ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠬᠤ᠂ ᠴᠡᠭᠴᠡᠯᠡᠨ ᠰᠠᠶᠢᠵᠢᠷᠠᠭᠤᠯᠬᠤ ᠴᠠᠭ ᠤᠨ ᠬᠢᠵᠠᠭᠠᠷ ᠢ ᠲᠣᠳᠣᠷᠬᠠᠶᠢᠯᠠᠬᠤ᠂ ᠤᠬᠠᠭᠤᠯᠵᠤ ᠬᠥᠲᠥᠯᠥᠨ ᠵᠢᠯᠤᠭᠤᠳᠬᠤ ᠶᠢ ᠴᠢᠩᠭᠠᠳᠬᠠᠬᠤ ᠵᠡᠷᠭᠡ ᠭᠤᠷᠪᠠᠨ ᠲᠠᠯ᠎ᠠ ᠠᠴᠠ ᠠᠮᠢᠳᠤᠷᠠᠯ ᠤᠨ ᠬᠤᠭ ᠨᠣᠪᠰᠢ ᠶᠢ ᠳᠦᠷᠦᠯ ᠬᠤᠪᠢᠶᠠᠬᠤ ᠳᠦᠷᠢᠮ ᠢ ᠲᠦᠷᠭᠡᠨ ᠪᠠᠶᠢᠭᠤᠯᠬᠤ ᠶᠢ ᠲᠣᠳᠣᠷᠬᠠᠶᠢᠯᠠᠵᠤ᠂ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ ᠰᠢᠰᠲ᠋ᠧᠮ ᠢ ᠲᠦᠷᠭᠡᠨ ᠪᠠᠶᠢᠭᠤᠯᠵᠤ᠂ ᠠᠮᠢᠳᠤᠷᠠᠯ ᠤᠨ ᠬᠤᠭ ᠨᠣᠪᠰᠢ ᠶᠢᠨ ᠬᠡᠮᠵᠢᠶ᠎ᠡ ᠶᠢ ᠪᠠᠭᠠᠰᠬᠠᠬᠤ᠂ ᠡᠬᠢ ᠪᠠᠶᠠᠯᠢᠭᠵᠢᠭᠤᠯᠬᠤ᠂ ᠬᠤᠣᠷ ᠦᠭᠡᠶᠢᠵᠢᠬᠦᠯᠬᠦ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠴᠡᠭᠴᠡᠯᠡᠨ ᠰᠠᠶᠢᠵᠢᠷᠠᠭᠤᠯᠬᠤ ᠲᠥᠰᠥᠯ ᠢ ᠪᠣᠳᠠᠲᠠᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ ᠭᠡᠵᠦ ᠲᠣᠳᠣᠷᠬᠠᠶᠢᠯᠠᠪᠠ᠃        ᠭᠤᠷᠪᠠ᠂ ᠲᠣᠭᠲᠠᠭᠠᠭᠰᠠᠨ ᠠᠴᠢ ᠬᠤᠯᠪᠣᠭᠳᠠᠯ        ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠠᠯᠪᠠᠨ ᠲᠢᠩᠬᠢᠮ ᠤᠨ ᠳᠠᠷᠤᠮᠠᠯᠯᠠᠨ ᠲᠠᠷᠬᠠᠭᠠᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠴᠠᠪ ᠬᠤᠲᠠ ᠶᠢᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠬᠢᠨᠠᠨ ᠵᠢᠯᠤᠭᠤᠳᠴᠤ ᠪᠠᠶᠢᠴᠠᠭᠠᠭᠰᠠᠨ ᠲᠤᠬᠠᠢ ᠬᠠᠷᠢᠭᠤ ᠲᠤᠰᠬᠠᠭᠰᠠᠨ ᠰᠠᠨᠠᠯ︾᠎ ᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠪᠦᠬᠦ ᠲᠠᠯ᠎ᠠ ᠪᠠᠷ ᠠᠬᠢᠭᠤᠯᠵᠤ᠂ ᠬᠠᠤᠯᠢ ᠪᠠᠷ ᠵᠠᠰᠠᠬᠤ ᠪᠠᠷ ᠰᠠᠭᠤᠷᠢ ᠪᠣᠯᠭᠠᠭᠰᠠᠨ᠂ ᠵᠠᠰᠠᠭ ᠤᠨ ᠣᠷᠳᠣᠨ ᠠᠴᠠ ᠲᠦᠯᠬᠢᠨ ᠠᠬᠢᠭᠤᠯᠤᠭᠰᠠᠨ᠂ ᠪᠦᠬᠦ ᠠᠷᠠᠳ ᠢᠶᠠᠷ ᠢᠶᠠᠨ ᠣᠷᠣᠯᠴᠠᠭᠰᠠᠨ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠭᠰᠠᠨ ᠠᠮᠢᠳᠤᠷᠠᠯ ᠤᠨ ᠬᠤᠭ ᠨᠣᠪᠰᠢ ᠶᠢ ᠲᠦᠷᠦᠯ ᠬᠤᠪᠢᠶᠠᠬᠤ ᠳᠦᠷᠢᠮ ᠢ ᠲᠦᠷᠭᠡᠪᠴᠢᠯᠡᠨ ᠪᠠᠶᠢᠭᠤᠯᠵᠤ᠂ ᠲᠦᠷᠦᠯ ᠬᠤᠪᠢᠶᠠᠨ ᠲᠠᠯᠪᠢᠬᠤ᠂ ᠲᠦᠷᠦᠯ ᠬᠤᠪᠢᠶᠠᠨ ᠴᠤᠭᠯᠠᠭᠤᠯᠬᠤ᠂ ᠲᠦᠷᠦᠯ ᠬᠤᠪᠢᠶᠠᠨ ᠲᠡᠭᠡᠭᠡᠪᠦᠷᠢᠯᠡᠬᠦ᠂ ᠲᠦᠷᠦᠯ ᠬᠤᠪᠢᠶᠠᠨ ᠰᠢᠢᠳᠪᠦᠷᠢᠯᠡᠬᠦ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ ᠰᠢᠰᠲ᠋ᠧᠮ ᠢ ᠲᠦᠷᠭᠡᠪᠴᠢᠯᠡᠨ ᠪᠠᠶᠢᠭᠤᠯᠵᠤ᠂ ᠤᠷᠳᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠵᠤ᠂ ᠳᠠᠳᠬᠠᠯ ᠲᠠᠢ ᠪᠣᠯᠬᠤ ᠶᠢ  ᠠᠬᠢᠭᠤᠯᠵᠤ᠂ ᠠᠮᠢᠳᠤᠷᠠᠯ ᠤᠨ ᠬᠤᠭ ᠨᠣᠪᠰᠢ ᠶᠢᠨ ᠬᠡᠮᠵᠢᠶ᠎ᠡ ᠶᠢ ᠪᠠᠭᠠᠰᠬᠠᠬᠤ᠂ ᠡᠬᠢ ᠪᠠᠶᠠᠯᠢᠭᠵᠢᠭᠤᠯᠬᠤ᠂ ᠬᠤᠣᠷ ᠦᠭᠡᠶᠢᠵᠢᠬᠦᠯᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃                 ᠤᠯᠠᠭᠠᠨᠴᠠᠪ ᠬᠤᠲᠠ ᠶᠢᠨ ᠠᠮᠢᠳᠤᠷᠠᠯ ᠤᠨ ᠬᠤᠭ ᠨᠣᠪᠰᠢ ᠶᠢ ᠲᠥᠷᠥᠯ               ᠬᠤᠪᠢᠶᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ                     2024 ᠣᠨ ᠤ 1 ᠰᠠᠷ᠎ᠠ ᠶᠢᠨ 14᠎ ᠤ ᠡᠳᠦᠷ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2