ᠠᠷᠪᠠᠨ ᠳᠥᠷᠪᠡᠳᠦᠭᠡᠷ ᠬᠤᠭᠤᠴᠠᠭᠠᠨ ᠤ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠵᠢᠷᠭᠤᠳᠤᠭᠠᠷ ᠡᠭᠡᠯᠵᠢ ᠶᠢᠨ ᠴᠠᠭᠳᠠᠨ ᠪᠠᠶᠢᠴᠠᠭᠠᠬᠤ ᠠᠵᠢᠯ ᠤᠨ ᠲᠠᠶᠢᠴᠢᠯᠠᠯᠳᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/3/26
705470.jpg
    3 ᠰᠠᠷ᠎ᠠ ᠶᠢᠨ 25᠎ ᠤ ᠡᠳᠦᠷ᠂ ᠠᠷᠪᠠᠨ ᠳᠥᠷᠪᠡᠳᠦᠭᠡᠷ ᠬᠤᠭᠤᠴᠠᠭᠠᠨ ᠤ ᠵᠢᠨᠢᠩ ᠲᠣᠭᠤᠷᠢᠭ ᠤᠨ ᠨᠠᠮ ᠤᠨ ᠬᠤᠷᠢᠶ᠎ᠠ ᠶᠢᠨ ᠵᠢᠷᠭᠤᠳᠤᠭᠠᠷ ᠡᠭᠡᠯᠵᠢ ᠶᠢᠨ ᠴᠠᠭᠳᠠᠨ ᠪᠠᠶᠢᠴᠠᠭᠠᠬᠤ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠵᠤ᠂ ᠪᠥᠬᠦ ᠲᠤᠭᠤᠷᠢᠭ ᠤᠨ ᠰᠢᠨ᠎ᠡ ᠨᠢᠭᠡ ᠡᠭᠡᠯᠵᠢ ᠶᠢᠨ ᠴᠠᠭᠳᠠᠨ ᠪᠠᠶᠢᠴᠠᠭᠠᠬᠤ ᠠᠵᠢᠯ ᠳᠤ ᠳᠠᠶᠢᠴᠢᠯᠠᠯᠲᠠ ᠪᠠᠶᠢᠷᠢᠯᠠᠭᠤᠯᠤᠯᠲᠠ ᠬᠢᠪᠠ᠃     ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ᠂  ᠲᠤᠭᠤᠷᠢᠭ ᠤᠨ ᠨᠠᠮ ᠤᠨ ᠬᠤᠷᠢᠶᠠᠨ ᠤ ᠴᠠᠭᠳᠠᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠵᠠᠩ ᠱᠧᠩ ᠵᠢᠶᠠᠩ ᠳᠠᠶᠢᠴᠢᠯᠠᠯᠲᠠ ᠶᠢᠨ ᠶᠠᠷᠢᠶ᠎ᠠ ᠲᠠᠯᠪᠢᠪᠠ ᠃ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ᠂ ᠲᠣᠭᠤᠷᠢᠭ ᠤᠨ ᠨᠠᠮ ᠤᠨ ᠬᠤᠷᠢᠶᠠᠨ ᠤ ᠴᠠᠭᠳᠠᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠵᠠᠩ ᠱᠦᠨ ᠯᠢ  ᠬᠤᠷᠠᠯ ᠡᠷᠬᠢᠯᠡᠭᠰᠡᠨ ᠪᠥᠭᠡᠳ ︽ᠠᠷᠪᠠᠨ ᠳᠥᠷᠪᠡᠳᠦᠭᠡᠷ ᠬᠤᠭᠤᠴᠠᠭᠠᠨ ᠤ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠵᠢᠷᠭᠤᠳᠤᠭᠠᠷ ᠡᠭᠡᠯᠵᠢ ᠶᠢᠨ ᠴᠠᠭᠳᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠶᠢᠨ ᠡᠷᠬᠡ ᠣᠯᠭᠤᠵᠤ ᠲᠤᠰᠢᠶᠠᠯ ᠡᠭᠦᠷᠭᠡᠯᠡᠭᠦᠯᠬᠦ ᠵᠢᠴᠢ ᠠᠵᠢᠯ ᠤᠨ ᠬᠤᠪᠢᠶᠠᠷᠢᠯᠠᠯ ᠤᠨ ᠲᠤᠬᠠᠶ ᠲᠣᠭᠲᠠᠭᠠᠯ︾᠎ ᠢ ᠨᠡᠶᠢᠲᠡᠯᠡᠪᠡ᠃     ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠬᠤ ᠠᠯᠪᠠᠨ ᠭᠡᠷ ᠤᠨ ᠤᠳᠤᠷᠢᠳᠤᠯᠭ᠎ᠠ ᠶᠢᠨ ᠠᠶᠢᠮᠠᠭ᠂ ᠬᠤᠳᠠ ᠶᠢᠨ ᠨᠠᠮ ‍ᠤᠨ‌ᠬᠤᠷᠢᠶ᠎ᠠ ᠶᠢᠨ ᠲᠣᠭᠤᠷᠢᠨ ᠪᠠᠶᠢᠴᠠᠭᠠᠬᠤ ᠠᠯᠪᠠᠨ ᠭᠡᠷ ᠤᠨ ᠡᠷᠬᠢᠯᠡᠭᠴᠢ ᠶᠢᠨ ᠶᠠᠷᠢᠯᠴᠠᠬᠤ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠂ ᠲᠣᠭᠤᠷᠢᠨ ᠪᠠᠶᠢᠴᠠᠭᠠᠬᠤ ᠠᠵᠢᠯ ᠤᠨ ᠡᠯ᠎ᠡ ᠵᠦᠢᠯ ᠤᠨ ᠡᠭᠦᠷᠭᠡ ᠶᠢ ᠲᠤᠬᠢᠷᠠᠭᠤᠯᠤᠨ ᠪᠠᠶᠢᠷᠢᠯᠠᠭᠤᠯᠵᠠᠢ᠃ ᠬᠤᠷᠠᠯ ᠠᠴᠠ  ᠵᠢᠭᠠᠭᠰᠠᠨ ᠨᠢ ᠂ ᠴᠠᠭᠳᠠᠨ ᠪᠠᠶᠢᠴᠠᠭᠠᠭᠳᠠᠵᠤ ᠪᠠᠶᠢᠭ᠎ᠠ ᠨᠠᠮ ᠤᠨ ᠵᠣᠬᠢᠶᠠᠨ ᠪᠠᠶᠢᠭᠤᠯᠤᠯᠲᠠ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠴᠠᠭᠳᠠᠨ ᠪᠠᠶᠢᠴᠠᠭᠠᠬᠤ ᠠᠵᠢᠯ ᠤᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠴᠠᠭᠳᠠᠨ ᠪᠠᠶᠢᠴᠠᠭᠠᠬᠤ ᠳᠤᠭᠤᠶᠢᠯᠠᠩ ᠲᠠᠢ ᠠᠳᠠᠯᠢ ᠰᠡᠳᠦᠪ ᠢᠶᠠᠷ ᠬᠠᠮᠲᠤ ᠪᠠᠷ ᠬᠠᠷᠢᠭᠤᠯᠵᠤ᠂ ᠠᠳᠠᠯᠢ ᠳᠠᠪᠲᠠᠮᠵᠢ ᠪᠠᠷ ᠴᠤᠤᠷᠢᠶᠠᠲᠤᠵᠤ᠂ ᠠᠳᠠᠯᠢ ᠴᠢᠭᠯᠡᠯ ᠢᠶᠠᠷ ᠬᠦᠴᠦᠯᠡᠵᠦ᠂ ᠲᠤᠰ ᠡᠭᠡᠯᠵᠢ ᠶᠢᠨ ᠴᠠᠭᠳᠠᠨ ᠪᠠᠶᠢᠴᠠᠭᠠᠬᠤ ᠠᠵᠢᠯ ᠢ ᠴᠢᠨᠠᠷ ᠰᠠᠶᠢᠲᠠᠢ᠂ ᠥᠨᠳᠥᠷ ᠪᠦᠲᠦᠮᠵᠢᠲᠡᠢ᠂ ᠥᠨᠳᠥᠷ ᠪᠠᠷᠢᠮᠵᠢᠶ᠎ᠠ ᠪᠠᠷ ᠰᠠᠶᠢᠲᠤᠷ ᠬᠢᠬᠦ ᠬᠡᠷᠡᠭᠲᠡᠢ᠃     ᠬᠤᠷᠠᠯ ᠎ ᠠᠴᠠ ᠱᠠᠭᠠᠷᠳᠠᠭᠰᠠᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ᠲᠣᠭᠤᠷᠢᠨ ᠪᠠᠶᠢᠴᠠᠭᠠᠬᠤ ᠠᠵᠢᠯ ᠤᠨ ᠲᠤᠬᠠᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠵᠤ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠤᠷᠢᠨ ᠪᠠᠶᠢᠴᠠᠭᠠᠬᠤ ᠠᠵᠢᠯ ᠤᠨ ᠲᠦᠷᠢᠮ︾᠎ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂  ᠲᠤᠭᠤᠷᠢᠭ ᠤᠨ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠬᠤ ᠠᠵᠢᠯ ᠤᠨ ᠴᠢᠨᠠᠷ ᠴᠢᠨᠰᠠᠭ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠤᠯᠤᠰ ᠲᠦᠷᠦ ᠶᠢᠨ ᠴᠠᠭᠳᠠᠨ ᠪᠠᠶᠢᠴᠠᠭᠠᠬᠤ ᠠᠷᠭ᠎ᠠ ᠵᠠᠮ ᠢ ᠣᠨᠣᠪᠴᠢᠲᠠᠢ ᠡᠷᠢᠨ ᠣᠯᠵᠤ᠂ ︽ᠬᠤᠶᠠᠷ ᠢ ᠬᠠᠮᠠᠭᠠᠯᠠᠬᠤ︾ ᠦᠨᠳᠦᠰᠦᠨ ᠡᠭᠦᠷᠭᠡ ᠶᠢ ᠪᠠᠲᠤ ᠡᠵᠡᠮᠳᠡᠵᠦ᠂ ᠴᠠᠭᠳᠠᠨ ᠪᠠᠶᠢᠴᠠᠭᠠᠵᠤ ᠬᠢᠨᠠᠯᠲᠠ ᠲᠠᠯᠪᠢᠬᠤ ᠭᠤᠣᠯᠳᠠᠯᠭ᠎ᠠ ᠶᠢ ᠣᠨᠣᠪᠴᠢᠲᠠᠢ ᠡᠵᠡᠮᠳᠡᠵᠦ᠂ ᠰᠠᠬᠢᠯᠭ᠎ᠠ ᠪᠠᠲᠤ ᠶᠢ ᠤᠯᠠᠮ ᠨᠢᠭᠡ ᠠᠯᠬᠤᠮ ᠴᠢᠩᠳᠠᠯᠠᠵᠤ᠂ ᠦᠨᠡᠨ ᠠᠴᠠ ᠵᠥᠪ ᠢ ᠡᠷᠢᠬᠦ ᠲᠦᠷᠢᠮ ᠲᠣᠭᠲᠠᠭᠠᠯ ᠰᠠᠬᠢᠯᠭ᠎ᠠ ᠪᠠᠲᠤ ᠬᠠᠤᠯᠢ ᠶᠣᠰᠣᠭᠠᠷ ᠴᠠᠭᠳᠠᠨ ᠪᠠᠶᠢᠴᠠᠭᠠᠬᠤ ᠶᠢ ᠪᠠᠷᠢᠮᠲᠠᠯᠠᠵᠤ᠂ ᠴᠠᠭᠳᠠᠨ ᠪᠠᠶᠢᠴᠠᠭᠠᠬᠤ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃  ᠲᠤᠭᠤᠷᠢᠭ ᠤᠨ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠬᠤ ᠠᠯᠪᠠᠨ ᠬᠡᠷ᠂ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠪᠥᠬᠦ ᠠᠵᠢᠯᠲᠠᠨ᠂ ᠲᠤᠭᠤᠷᠢᠭ ᠤᠨ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠵᠤ ᠬᠠᠮᠵᠢᠯᠴᠠᠬᠤ ᠲᠣᠭᠲᠠᠴᠠ ᠶᠢᠨ ᠪᠦᠷᠢᠯᠳᠦᠬᠦᠨ ᠨᠢᠭᠡᠴᠢ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ᠂ ᠲᠣᠭᠤᠷᠢᠨ ᠪᠠᠶᠢᠴᠠᠭᠠᠭᠳᠠᠬᠤ ᠨᠢᠭᠡᠴᠢ ᠵᠢᠴᠢ ᠬᠠᠷᠢᠶ᠎ᠠ ᠬᠤᠶᠠᠳᠤᠭᠠᠷ ᠳᠡᠰ ᠤᠨ ᠨᠢᠭᠡᠴᠢ ᠶᠢᠨ ᠭᠤᠤᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃        ᠨᠠᠶᠢᠷᠠᠭᠤᠯᠤᠭᠴᠢ᠄ ᠴᠢᠶᠤᠤ ᠮᠢᠨ ᠮᠢᠨ᠂ ᠸᠠᠩ ᠵᠢᠩ ᠵᠢᠩ       ᠵᠢᠷᠤᠭ᠄ ᠴᠢᠶᠤᠤ ᠮᠢᠨ ᠮᠢᠨ᠂ ᠸᠠᠩ ᠵᠢᠩ ᠵᠢᠩ       ᠤᠷᠴᠢᠭᠤᠯᠤᠭᠴᠢ᠄  ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2