| | | | | | | | 3 ᠰᠠᠷ᠎ᠠ ᠶᠢᠨ 25 ᠤ ᠡᠳᠦᠷ᠂ ᠠᠷᠪᠠᠨ ᠳᠥᠷᠪᠡᠳᠦᠭᠡᠷ ᠬᠤᠭᠤᠴᠠᠭᠠᠨ ᠤ ᠵᠢᠨᠢᠩ ᠲᠣᠭᠤᠷᠢᠭ ᠤᠨ ᠨᠠᠮ ᠤᠨ | ᠬᠤᠷᠢᠶ᠎ᠠ ᠶᠢᠨ ᠵᠢᠷᠭᠤᠳᠤᠭᠠᠷ ᠡᠭᠡᠯᠵᠢ ᠶᠢᠨ ᠴᠠᠭᠳᠠᠨ ᠪᠠᠶᠢᠴᠠᠭᠠᠬᠤ ᠠᠵᠢᠯ ᠤᠨ ᠳᠠᠶᠢᠴᠢᠯᠠᠯᠲᠠ | ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠵᠤ᠂ ᠪᠥᠬᠦ ᠲᠤᠭᠤᠷᠢᠭ ᠤᠨ ᠰᠢᠨ᠎ᠡ ᠨᠢᠭᠡ ᠡᠭᠡᠯᠵᠢ ᠶᠢᠨ ᠴᠠᠭᠳᠠᠨ | ᠪᠠᠶᠢᠴᠠᠭᠠᠬᠤ ᠠᠵᠢᠯ ᠳᠤ ᠳᠠᠶᠢᠴᠢᠯᠠᠯᠲᠠ ᠪᠠᠶᠢᠷᠢᠯᠠᠭᠤᠯᠤᠯᠲᠠ ᠬᠢᠪᠠ᠃ | ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ | ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ᠂ ᠲᠤᠭᠤᠷᠢᠭ ᠤᠨ ᠨᠠᠮ ᠤᠨ ᠬᠤᠷᠢᠶᠠᠨ ᠤ ᠴᠠᠭᠳᠠᠨ | ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠵᠠᠩ ᠱᠧᠩ ᠵᠢᠶᠠᠩ ᠳᠠᠶᠢᠴᠢᠯᠠᠯᠲᠠ ᠶᠢᠨ | ᠶᠠᠷᠢᠶ᠎ᠠ ᠲᠠᠯᠪᠢᠪᠠ ᠃ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ | ᠬᠡᠯᠲᠡᠰ ᠤᠨ ᠳᠠᠷᠤᠭ᠎ᠠ᠂ ᠲᠣᠭᠤᠷᠢᠭ ᠤᠨ ᠨᠠᠮ ᠤᠨ ᠬᠤᠷᠢᠶᠠᠨ ᠤ ᠴᠠᠭᠳᠠᠨ ᠪᠠᠶᠢᠴᠠᠭᠠᠬᠤ ᠠᠵᠢᠯ ᠤᠨ ᠤᠳᠤᠷᠢᠳᠬᠤ | ᠳᠤᠭᠤᠶᠢᠯᠠᠩ ᠤᠨ ᠳᠡᠳ᠋ ᠳᠠᠷᠤᠭ᠎ᠠ ᠵᠠᠩ ᠱᠦᠨ ᠯᠢ ᠬᠤᠷᠠᠯ ᠡᠷᠬᠢᠯᠡᠭᠰᠡᠨ ᠪᠥᠭᠡᠳ ︽ᠠᠷᠪᠠᠨ ᠳᠥᠷᠪᠡᠳᠦᠭᠡᠷ | ᠬᠤᠭᠤᠴᠠᠭᠠᠨ ᠤ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠵᠢᠷᠭᠤᠳᠤᠭᠠᠷ ᠡᠭᠡᠯᠵᠢ ᠶᠢᠨ ᠴᠠᠭᠳᠠᠨ ᠪᠠᠶᠢᠴᠠᠭᠠᠬᠤ | ᠳᠤᠭᠤᠶᠢᠯᠠᠩ ᠤᠨ ᠳᠠᠷᠤᠭ᠎ᠠ ᠶᠢᠨ ᠡᠷᠬᠡ ᠣᠯᠭᠤᠵᠤ ᠲᠤᠰᠢᠶᠠᠯ ᠡᠭᠦᠷᠭᠡᠯᠡᠭᠦᠯᠬᠦ ᠵᠢᠴᠢ ᠠᠵᠢᠯ ᠤᠨ ᠬᠤᠪᠢᠶᠠᠷᠢᠯᠠᠯ ᠤᠨ | ᠲᠤᠬᠠᠶ ᠲᠣᠭᠲᠠᠭᠠᠯ︾ ᠢ ᠨᠡᠶᠢᠲᠡᠯᠡᠪᠡ᠃ | ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠬᠤ ᠠᠯᠪᠠᠨ | ᠭᠡᠷ ᠤᠨ ᠤᠳᠤᠷᠢᠳᠤᠯᠭ᠎ᠠ ᠶᠢᠨ ᠠᠶᠢᠮᠠᠭ᠂ ᠬᠤᠳᠠ ᠶᠢᠨ ᠨᠠᠮ ᠤᠨᠬᠤᠷᠢᠶ᠎ᠠ ᠶᠢᠨ ᠲᠣᠭᠤᠷᠢᠨ ᠪᠠᠶᠢᠴᠠᠭᠠᠬᠤ ᠠᠯᠪᠠᠨ | ᠭᠡᠷ ᠤᠨ ᠡᠷᠬᠢᠯᠡᠭᠴᠢ ᠶᠢᠨ ᠶᠠᠷᠢᠯᠴᠠᠬᠤ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ | ᠂ ᠲᠣᠭᠤᠷᠢᠨ ᠪᠠᠶᠢᠴᠠᠭᠠᠬᠤ ᠠᠵᠢᠯ ᠤᠨ ᠡᠯ᠎ᠡ ᠵᠦᠢᠯ ᠤᠨ ᠡᠭᠦᠷᠭᠡ ᠶᠢ ᠲᠤᠬᠢᠷᠠᠭᠤᠯᠤᠨ ᠪᠠᠶᠢᠷᠢᠯᠠᠭᠤᠯᠵᠠᠢ᠃ | ᠬᠤᠷᠠᠯ ᠠᠴᠠ ᠵᠢᠭᠠᠭᠰᠠᠨ ᠨᠢ ᠂ ᠴᠠᠭᠳᠠᠨ ᠪᠠᠶᠢᠴᠠᠭᠠᠭᠳᠠᠵᠤ ᠪᠠᠶᠢᠭ᠎ᠠ ᠨᠠᠮ ᠤᠨ ᠵᠣᠬᠢᠶᠠᠨ ᠪᠠᠶᠢᠭᠤᠯᠤᠯᠲᠠ ᠤᠯᠤᠰ | ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠴᠠᠭᠳᠠᠨ ᠪᠠᠶᠢᠴᠠᠭᠠᠬᠤ ᠠᠵᠢᠯ ᠤᠨ ᠴᠢᠬᠤᠯᠠ ᠠᠴᠢ | ᠬᠤᠯᠪᠣᠭᠳᠠᠯ ᠢ ᠭᠦᠢᠴᠡᠳ ᠲᠠᠨᠢᠵᠤ᠂ ᠴᠠᠭᠳᠠᠨ ᠪᠠᠶᠢᠴᠠᠭᠠᠬᠤ ᠳᠤᠭᠤᠶᠢᠯᠠᠩ ᠲᠠᠢ ᠠᠳᠠᠯᠢ ᠰᠡᠳᠦᠪ ᠢᠶᠠᠷ ᠬᠠᠮᠲᠤ ᠪᠠᠷ | ᠬᠠᠷᠢᠭᠤᠯᠵᠤ᠂ ᠠᠳᠠᠯᠢ ᠳᠠᠪᠲᠠᠮᠵᠢ ᠪᠠᠷ ᠴᠤᠤᠷᠢᠶᠠᠲᠤᠵᠤ᠂ ᠠᠳᠠᠯᠢ ᠴᠢᠭᠯᠡᠯ ᠢᠶᠠᠷ ᠬᠦᠴᠦᠯᠡᠵᠦ᠂ ᠲᠤᠰ ᠡᠭᠡᠯᠵᠢ ᠶᠢᠨ | ᠴᠠᠭᠳᠠᠨ ᠪᠠᠶᠢᠴᠠᠭᠠᠬᠤ ᠠᠵᠢᠯ ᠢ ᠴᠢᠨᠠᠷ ᠰᠠᠶᠢᠲᠠᠢ᠂ ᠥᠨᠳᠥᠷ ᠪᠦᠲᠦᠮᠵᠢᠲᠡᠢ᠂ ᠥᠨᠳᠥᠷ ᠪᠠᠷᠢᠮᠵᠢᠶ᠎ᠠ ᠪᠠᠷ ᠰᠠᠶᠢᠲᠤᠷ | ᠬᠢᠬᠦ ᠬᠡᠷᠡᠭᠲᠡᠢ᠃ | ᠬᠤᠷᠠᠯ ᠠᠴᠠ ᠱᠠᠭᠠᠷᠳᠠᠭᠰᠠᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ᠲᠣᠭᠤᠷᠢᠨ ᠪᠠᠶᠢᠴᠠᠭᠠᠬᠤ | ᠠᠵᠢᠯ ᠤᠨ ᠲᠤᠬᠠᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠵᠤ᠂ ᠰᠢᠨ᠎ᠡ ᠪᠠᠷ ᠵᠠᠰᠠᠪᠤᠷᠢ | ᠣᠷᠣᠭᠤᠯᠤᠭᠰᠠᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠤᠷᠢᠨ ᠪᠠᠶᠢᠴᠠᠭᠠᠬᠤ ᠠᠵᠢᠯ ᠤᠨ ᠲᠦᠷᠢᠮ︾ | ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠤᠭᠤᠷᠢᠭ ᠤᠨ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠬᠤ | ᠠᠵᠢᠯ ᠤᠨ ᠴᠢᠨᠠᠷ ᠴᠢᠨᠰᠠᠭ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠤᠯᠤᠰ ᠲᠦᠷᠦ ᠶᠢᠨ ᠴᠠᠭᠳᠠᠨ | ᠪᠠᠶᠢᠴᠠᠭᠠᠬᠤ ᠠᠷᠭ᠎ᠠ ᠵᠠᠮ ᠢ ᠣᠨᠣᠪᠴᠢᠲᠠᠢ ᠡᠷᠢᠨ ᠣᠯᠵᠤ᠂ ︽ᠬᠤᠶᠠᠷ ᠢ ᠬᠠᠮᠠᠭᠠᠯᠠᠬᠤ︾ ᠦᠨᠳᠦᠰᠦᠨ ᠡᠭᠦᠷᠭᠡ ᠶᠢ | ᠪᠠᠲᠤ ᠡᠵᠡᠮᠳᠡᠵᠦ᠂ ᠴᠠᠭᠳᠠᠨ ᠪᠠᠶᠢᠴᠠᠭᠠᠵᠤ ᠬᠢᠨᠠᠯᠲᠠ ᠲᠠᠯᠪᠢᠬᠤ ᠭᠤᠣᠯᠳᠠᠯᠭ᠎ᠠ ᠶᠢ ᠣᠨᠣᠪᠴᠢᠲᠠᠢ ᠡᠵᠡᠮᠳᠡᠵᠦ᠂ | ᠰᠠᠬᠢᠯᠭ᠎ᠠ ᠪᠠᠲᠤ ᠶᠢ ᠤᠯᠠᠮ ᠨᠢᠭᠡ ᠠᠯᠬᠤᠮ ᠴᠢᠩᠳᠠᠯᠠᠵᠤ᠂ ᠦᠨᠡᠨ ᠠᠴᠠ ᠵᠥᠪ ᠢ ᠡᠷᠢᠬᠦ ᠲᠦᠷᠢᠮ ᠲᠣᠭᠲᠠᠭᠠᠯ | ᠰᠠᠬᠢᠯᠭ᠎ᠠ ᠪᠠᠲᠤ ᠬᠠᠤᠯᠢ ᠶᠣᠰᠣᠭᠠᠷ ᠴᠠᠭᠳᠠᠨ ᠪᠠᠶᠢᠴᠠᠭᠠᠬᠤ ᠶᠢ ᠪᠠᠷᠢᠮᠲᠠᠯᠠᠵᠤ᠂ ᠴᠠᠭᠳᠠᠨ ᠪᠠᠶᠢᠴᠠᠭᠠᠬᠤ ᠡᠭᠦᠷᠭᠡ ᠪᠠᠨ | ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ | ᠲᠤᠭᠤᠷᠢᠭ ᠤᠨ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠬᠤ ᠠᠯᠪᠠᠨ ᠬᠡᠷ᠂ ᠲᠣᠭᠤᠷᠢᠨ ᠪᠠᠶᠢᠴᠠᠭᠠᠬᠤ | ᠳᠤᠭᠤᠶᠢᠯᠠᠩ ᠤᠨ ᠪᠥᠬᠦ ᠠᠵᠢᠯᠲᠠᠨ᠂ ᠲᠤᠭᠤᠷᠢᠭ ᠤᠨ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠵᠤ | ᠬᠠᠮᠵᠢᠯᠴᠠᠬᠤ ᠲᠣᠭᠲᠠᠴᠠ ᠶᠢᠨ ᠪᠦᠷᠢᠯᠳᠦᠬᠦᠨ ᠨᠢᠭᠡᠴᠢ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ᠂ ᠲᠣᠭᠤᠷᠢᠨ | ᠪᠠᠶᠢᠴᠠᠭᠠᠭᠳᠠᠬᠤ ᠨᠢᠭᠡᠴᠢ ᠵᠢᠴᠢ ᠬᠠᠷᠢᠶ᠎ᠠ ᠬᠤᠶᠠᠳᠤᠭᠠᠷ ᠳᠡᠰ ᠤᠨ ᠨᠢᠭᠡᠴᠢ ᠶᠢᠨ ᠭᠤᠤᠯ ᠬᠠᠷᠢᠭᠤᠴᠠᠯᠭᠠᠲᠠᠨ | ᠬᠤᠷᠠᠯ ᠳᠤ ᠣᠷᠣᠯᠴᠠᠪᠠ᠃ | ᠨᠠᠶᠢᠷᠠᠭᠤᠯᠤᠭᠴᠢ᠄ ᠴᠢᠶᠤᠤ ᠮᠢᠨ ᠮᠢᠨ᠂ ᠸᠠᠩ ᠵᠢᠩ ᠵᠢᠩ | ᠵᠢᠷᠤᠭ᠄ ᠴᠢᠶᠤᠤ ᠮᠢᠨ ᠮᠢᠨ᠂ ᠸᠠᠩ ᠵᠢᠩ ᠵᠢᠩ | ᠤᠷᠴᠢᠭᠤᠯᠤᠭᠴᠢ᠄ ᠲᠤᠶᠠᠭ᠎ᠠ | | | |