ᠵᠢᠨᠢᠩ ᠲᠣᠭᠤᠷᠢᠭ ᠤᠨ ᠬᠢᠨ 2024 ᠣᠨ ᠤ ᠬᠠᠪᠤᠷ ᠤᠨ ᠲᠠᠷᠢᠶᠠᠯᠠᠩ ᠤᠨ ᠮᠠᠰᠢᠨ ᠤ ᠠᠶᠤᠯᠭᠦᠶ ᠦᠢᠯᠡᠳᠪᠦᠷᠢᠯᠡᠯ ᠤᠨ ᠪᠣᠯᠪᠠᠰᠤᠷᠠᠯ ᠤᠨ ᠠᠩᠭᠢ  ᠶᠢ ᠵᠣᠬᠢᠶᠠᠨ ᠪᠠᠶᠢᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄
2024/3/29
      ᠰᠢ ᠶᠢᠨ ᠫᠢᠩ ᠶᠡᠷᠦᠩᠬᠡᠶ ᠱᠦᠵᠢ ᠶᠢᠨ ᠠᠶᠤᠯᠭᠦᠶ ᠦᠢᠯᠡᠳᠪᠦᠷᠢᠯᠡᠯ ᠤᠨ ᠲᠤᠬᠠᠶ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠲᠠᠷᠢᠶᠠᠯᠠᠩ ᠤᠨ ᠬᠦᠷᠢᠶᠡᠨ ᠳᠠᠬᠢ ᠠᠶᠤᠯᠭᠦᠶ ᠶᠢᠨ ᠤᠬᠠᠭᠤᠯᠭ᠎ᠠ ᠬᠥᠮᠦᠵᠢᠯ ᠪᠠ ᠠᠶᠤᠯᠭᠦᠶ ᠶᠢᠨ ᠮᠡᠳᠡᠯᠭᠡ ᠶᠢ ᠲᠦᠭᠡᠮᠡᠯᠵᠢᠭᠦᠯᠬᠦ ᠶᠢ ᠲᠦᠯᠬᠢᠨ ᠠᠬᠢᠭᠤᠯᠵᠤ᠂ ᠲᠠᠷᠢᠶᠠᠯᠠᠩ ᠤᠨ ᠮᠠᠰᠢᠨ ᠤ ᠠᠶᠤᠯᠭᠦᠶ ᠶᠢᠨ ᠰᠠᠭᠤᠷᠢ ᠶᠢ ᠪᠠᠲᠤᠳᠬᠠᠨ᠂ ᠬᠠᠪᠤᠷ ᠤᠨ ᠤᠯᠠᠷᠢᠯ ᠤᠨ ᠲᠠᠷᠢᠶᠠᠯᠠᠩ ᠤᠨ ᠦᠢᠯᠡᠳᠪᠦᠷᠢᠯᠡᠯ ᠤᠨ ᠠᠵᠢᠯᠯᠠᠭ᠎ᠠ ᠶᠢ ᠤᠯᠠᠮ ᠨᠢᠭᠡ ᠠᠯᠬᠤᠮ ᠪᠠᠲᠤᠯᠠᠵᠤ᠂ ᠬᠠᠪᠤᠷ ᠤᠨ ᠤᠯᠠᠷᠢᠯ ᠤᠨ ᠲᠠᠷᠢᠶᠠᠯᠠᠭ᠎ᠠ ᠶᠢᠨ ᠠᠵᠢᠯ ᠤᠨ ᠤᠷᠤᠭᠰᠢᠲᠠᠶ ᠶᠠᠪᠤᠭᠳᠠᠬᠤ ᠳᠤ ᠬᠦᠴᠦᠨ ᠨᠡᠮᠡᠷᠢᠯᠡᠬᠦ ᠶᠢᠨ ᠲᠥᠯᠥᠭᠡ᠂ ᠣᠶᠢᠷ᠎ᠠ ᠳᠤ᠂ ᠵᠢᠨᠢᠩ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠤᠰᠤᠨ ᠠᠰᠢᠭᠯᠠᠯᠲᠠ ᠶᠢᠨ ᠲᠣᠪᠴᠢᠶ᠎ᠠ ᠲᠠᠷᠢᠶᠠᠯᠠᠩ ᠤᠨ ᠮᠠᠰᠢᠨ ᠤ ᠬᠢᠨᠠᠨ ᠬᠠᠮᠢᠶᠠᠷᠤᠯᠲᠠ ᠶᠢᠨ ᠠᠵᠢᠯᠲᠠᠨ ᠢ ᠵᠣᠬᠢᠶᠠᠨ ᠪᠠᠶᠢᠭᠤᠯᠵᠤ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠲᠠᠷᠢᠶᠠᠯᠠᠩ ᠤᠨ ᠮᠠᠰᠢᠨ ᠤ ᠠᠶᠤᠯᠭᠦᠶ ᠦᠶᠯᠡᠳᠪᠦᠷᠢᠯᠡᠯ ᠤᠨ ᠪᠣᠯᠪᠠᠰᠤᠷᠠᠯ ᠤᠨ ᠠᠩᠭᠢ ᠶᠢ ᠨᠡᠶᠢᠲᠡ 2 ᠬᠤᠭᠤᠴᠠᠭ᠎ᠠ ᠥᠷᠨᠢᠭᠦᠯᠵᠦ᠂ 40 ᠭᠠᠷᠤᠶ ᠬᠥᠮᠦᠨ ᠢ ᠪᠣᠯᠪᠠᠰᠤᠷᠠᠭᠤᠯᠵᠠᠶ᠃       ᠪᠣᠯᠪᠠᠰᠤᠷᠠᠭᠤᠯᠤᠯ ᠤᠨ ᠠᠭᠤᠯᠭ᠎ᠠ ᠨᠢ ᠭᠤᠤᠯᠳᠠᠭᠤ ᠣᠨᠣᠯ ᠤᠨ ᠰᠢᠯᠭᠠᠯᠲᠠ᠂ ᠰᠡᠷᠡᠮᠵᠢᠯᠡᠭᠦᠯᠬᠦ ᠬᠠᠷᠠᠭᠠᠨ ᠳᠠᠪᠲᠠᠮᠵᠢ ᠶᠢ ᠦᠵᠡᠬᠦ᠂ ᠲᠤᠬᠠᠶ ᠶᠢᠨ ᠲᠠᠯᠠᠪᠤᠷ ᠤᠨ ᠤᠷ᠎ᠠ ᠴᠢᠳᠠᠪᠤᠷᠢ ᠶᠢᠨ ᠠᠵᠢᠯᠯᠠᠭ᠎ᠠ ᠵᠡᠷᠭᠡ ᠬᠡᠯᠪᠡᠷᠢ ᠪᠠᠷ ᠭᠤᠤᠯᠯᠠᠨ᠎ᠠ᠃ ᠤᠨᠤᠯ ᠤᠨ ᠰᠢᠯᠭᠠᠯᠲᠠ ᠳᠤ ᠭᠤᠣᠯᠳᠠᠭᠤ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ᠂ ᠲᠠᠷᠢᠶᠠᠯᠠᠩ ᠤᠨ ᠮᠧᠬᠠᠨᠢᠭ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠲᠦᠷᠢᠮ᠂ ᠲᠠᠷᠢᠶᠠᠯᠠᠩ ᠤᠨ ᠮᠧᠬᠠᠨᠢᠭ ᠤᠨ ᠶᠡᠷᠦ ᠶᠢᠨ ᠮᠡᠳᠡᠯᠭᠡ᠂ ᠠᠵᠢᠯᠯᠠᠬᠤ ᠲᠦᠷᠢᠮ᠂ ᠲᠠᠷᠢᠶᠠᠯᠠᠩ ᠤᠨ ᠮᠧᠬᠠᠨᠢᠭ ᠤᠨ ᠠᠶᠤᠯᠭᠦᠶ ᠦᠢᠯᠡᠳᠪᠦᠷᠢᠯᠡᠯ ᠤᠨ ᠮᠡᠳᠡᠯᠭᠡ᠂ ᠬᠠᠳᠤᠵᠤ ᠬᠤᠷᠢᠶᠠᠬᠤ ᠠᠵᠢᠯ ᠳᠤ ᠠᠩᠬᠠᠷᠬᠤ ᠵᠦᠢᠯᠡᠰ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠬᠤᠯᠪᠣᠭᠳᠠᠯ ᠪᠦᠬᠦᠢ ᠮᠡᠳᠡᠯᠭᠡ ᠶᠢ ᠪᠠᠶᠢᠴᠠᠭᠠᠨ ᠣᠶᠢᠯᠠᠭᠠᠵᠤ᠂ ᠲᠠᠷᠢᠶᠠᠯᠠᠩ ᠤᠨ ᠮᠧᠬᠠᠨᠢᠭᠴᠢ ᠶᠢᠨ ᠤᠨᠤᠯ ᠤᠨ ᠮᠡᠳᠡᠯᠭᠡ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃      ᠰᠡᠷᠡᠮᠵᠢᠯᠡᠭᠦᠯᠬᠦ ᠬᠠᠷᠠᠭᠠᠨ ᠳᠠᠪᠲᠠᠮᠵᠢ ᠪᠠ ᠲᠠᠷᠢᠶᠠᠯᠠᠩ ᠤᠨ ᠮᠠᠰᠢᠨ ᠤ ᠡ᠊ᠨᠳᠡᠯ ᠤᠨ ᠬᠡᠷᠡᠭ ᠤᠨ ᠵᠢᠱᠢᠶ᠎ᠡ ᠶᠢᠨ ᠵᠠᠳᠠᠯᠤᠯᠲᠠ ᠶᠢ ᠦᠵᠡᠬᠦ ᠪᠠᠷ ᠳᠠᠮᠵᠢᠭᠤᠯᠤᠨ᠂ ᠥᠷᠭᠡᠨ ᠤᠯᠠᠨ ᠲᠠᠷᠢᠶᠠᠯᠠᠩ ᠤᠨ ᠮᠧᠬᠠᠨᠢᠭᠴᠢᠳ ᠲᠤ ᠰᠡᠳᠬᠢᠯ ᠤᠨ ᠭᠦᠨ ᠳᠤᠨᠢ ᠬᠦᠷᠭᠡᠵᠦ᠂ ᠰᠡᠷᠡᠮᠵᠢᠯᠡᠭᠦᠯᠦᠯ ᠪᠠ ᠬᠥᠮᠦᠵᠢᠯ ᠢ ᠦᠨᠡᠨ ᠬᠦ ᠬᠦᠷᠲᠡᠭᠡᠵᠦ᠂ ︽ᠠᠶᠤᠯᠭᠦᠶ ᠦᠢᠯᠡᠳᠪᠦᠷᠢᠯᠡᠯ ᠳᠤ ᠪᠠᠭ᠎ᠠ ᠶᠠᠪᠤᠳᠠᠯ ᠭᠡᠵᠦ ᠪᠠᠶᠢᠬᠤ ᠦᠭᠡᠢ᠂ ᠪᠠᠭ᠎ᠠ ᠳᠡᠭᠡᠷ᠎ᠡ ᠨᠢ ᠰᠡᠷᠭᠡᠶᠢᠯᠡᠬᠦ ᠪᠣᠯ ᠵᠠᠩᠭᠢᠯᠠᠭ᠎ᠠ ᠮᠥᠨ︾ ᠭᠡᠳᠡᠭ ᠢ ᠲᠠᠨᠢᠭᠤᠯᠵᠤ᠂ ᠲᠠᠷᠢᠶᠠᠯᠠᠩ ᠤᠨ ᠮᠠᠰᠢᠨ ᠤ ᠠᠶᠤᠯᠭᠦᠶ ᠦᠢᠯᠡᠳᠪᠦᠷᠢᠯᠡᠯ ᠤᠨ ᠤᠯᠠᠭᠠᠨ ᠱᠤᠭᠤᠮ ᠪᠠ ᠬᠤᠷᠢᠭ᠎ᠠ ᠱᠤᠭᠤᠮ ᠢ ᠰᠡᠳᠬᠢᠯ ᠠᠴᠠ ᠪᠠᠨ ᠪᠠᠶᠢᠭᠤᠯᠵᠤ᠂ ᠠᠵᠢᠯᠯᠠᠬᠤ ᠦᠶ᠎ᠡ ᠳᠡᠭᠡᠨ ᠡ᠊ᠨᠳᠡᠯ ᠤᠨ ᠲᠠᠯᠳᠠ ᠭᠡᠮ ᠢ ᠰᠠᠨᠠᠭᠠᠴᠢᠯᠠᠭ᠎ᠠ ᠠᠴᠠ ᠪᠠᠨ ᠵᠢᠭᠰᠠᠭᠠᠨ ᠪᠠᠶᠢᠴᠠᠭᠠᠬᠤ ᠪᠠ ᠠᠷᠢᠯᠭᠠᠵᠤ᠂ ᠲᠠᠷᠢᠶᠠᠯᠠᠩ ᠤᠨ ᠮᠠᠰᠢᠨ ᠤ ᠡ᠊ᠨᠳᠡᠯ ᠭᠠᠷᠬᠤ ᠶᠢ ᠰᠡᠷᠭᠡᠶᠢᠯᠡᠵᠦ ᠴᠢᠳᠠᠬᠤ ᠶᠢ ᠲᠠᠨᠢᠭᠤᠯᠵᠠᠶ᠃       ᠲᠤᠬᠠᠶ ᠶᠢᠨ ᠲᠠᠯᠠᠪᠤᠷ ᠤᠨ ᠤᠷ᠎ᠠ ᠮᠡᠷᠭᠡᠰᠢᠯ ᠤᠨ ᠠᠵᠢᠯᠯᠠᠭ᠎ᠠ᠂ ᠮᠡᠷᠭᠡᠵᠢᠯᠲᠡᠨ ᠠᠴᠠ ᠲᠠᠷᠢᠶᠠᠯᠠᠩ ᠤᠨ ᠮᠠᠰᠢᠨᠴᠢ ᠳᠤ ᠲᠠᠷᠢᠶᠠᠯᠠᠩ ᠤᠨ ᠮᠠᠰᠢᠨ ᠤ ᠵᠥᠪ ᠠᠵᠢᠯᠯᠠᠭ᠎ᠠ ᠶᠢᠨ ᠠᠷᠭ᠎ᠠ ᠮᠠᠶ᠋ᠢᠭ᠂ ᠬᠠᠮᠠᠭᠠᠯᠠᠨ ᠠᠷᠠᠴᠢᠯᠠᠬᠤ ᠶᠠᠪᠤᠴᠠ ᠂ ᠭᠤᠣᠯᠳᠠᠯᠭ᠎ᠠ ᠲᠠᠢ ᠠᠩᠬᠠᠷᠬᠤ ᠵᠦᠢᠯ ᠵᠢᠴᠢ ᠦᠷᠭᠦᠯᠵᠢ ᠲᠣᠬᠢᠶᠠᠯᠳᠤᠳᠠᠭ ᠰᠠᠭᠠᠳ ᠲᠣᠳᠬᠠᠷ ᠢ ᠠᠷᠢᠯᠭᠠᠬᠤ ᠵᠡᠷᠭᠡ ᠵᠦᠢᠯᠡᠰ ᠢ ᠲᠤᠬᠠᠶ ᠶᠢᠨ ᠭᠠᠵᠠᠷ ᠲᠤᠨᠢ ᠲᠠᠶᠢᠯᠪᠤᠷᠢᠯᠠᠨ ᠥᠭᠴᠦ᠂ ᠲᠠᠷᠢᠶᠠᠯᠠᠩ ᠤᠨ ᠮᠠᠰᠢᠨᠴᠢ ᠳᠤ ᠲᠠᠷᠢᠶᠠᠯᠠᠩ ᠤᠨ ᠮᠠᠰᠢᠨ ᠤ ᠬᠡᠷᠡᠭᠯᠡᠬᠦ ᠤᠷ᠎ᠠ ᠮᠡᠷᠭᠡᠰᠢᠯ ᠢ ᠣᠶᠢᠯᠠᠭᠠᠭᠤᠯᠪᠠ᠃       ᠲᠣᠰ ᠤᠳᠠᠭᠠᠨ ᠤ ᠪᠣᠯᠪᠠᠰᠤᠷᠠᠭᠤᠯᠤᠯ ᠢᠶᠠᠷ ᠳᠡᠮᠵᠢᠨ᠂ ᠲᠠᠷᠢᠶᠠᠯᠠᠩ ᠤᠨ ᠮᠠᠰᠢᠨᠴᠢ ᠶᠢᠨ ᠠᠶᠤᠯᠭᠦᠶ ᠦᠶᠯᠡᠳᠪᠦᠷᠢᠯᠡᠯ ᠤᠨ ᠤᠬᠠᠮᠰᠠᠷ ᠢ ᠳᠡᠭᠡᠭᠰᠢᠯᠡᠭᠦᠯᠵᠦ᠂ ᠲᠠᠷᠢᠶᠠᠯᠠᠩ ᠤᠨ ᠮᠠᠰᠢᠨ ᠤ ᠠᠳᠡᠯ ᠢ ᠪᠦᠲᠦᠮᠵᠢᠲᠡᠶ ᠰᠡᠷᠭᠡᠶᠢᠯᠡᠬᠦ ᠪᠠ ᠪᠠᠭᠠᠰᠬᠠᠬᠤ᠂ ᠠᠮᠤᠷ ᠲᠦᠪᠰᠢᠨ ᠤ ᠳᠠᠯᠳᠠ ᠬᠡᠮ ᠢ ᠠᠷᠢᠯᠭᠠᠬᠤ ᠳᠤ ᠰᠠᠶᠢᠨ ᠰᠠᠭᠤᠷᠢ ᠲᠠᠯᠪᠢᠵᠤ᠂ ᠬᠠᠮᠤᠭ ᠤᠨ ᠰᠠᠶᠢᠨ ᠪᠠᠶᠢᠳᠠᠯ ᠢᠶᠠᠷ ᠬᠠᠪᠤᠷ ᠤᠨ ᠲᠠᠷᠢᠶᠠᠯᠠᠭ᠎ᠠ ᠳᠤ ︽ᠪᠡᠯᠡᠳᠬᠡᠯ︾ ᠬᠢᠵᠡᠶ᠃               ᠣᠷᠴᠢᠭᠤᠯᠤᠭᠴᠢ᠄ ᠳ᠋ᠥᠩ ᠾᠦᠢ 
 
ᠢᠷᠡᠯᠲᠡ᠄ ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2