ᠵᠢᠨᠢᠩ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠱᠢ ᠭᠤᠸᠠᠩ ᠲᠤᠬᠠᠶ ᠶᠢᠨ ᠲᠠᠯᠠᠪᠠᠶ ᠳᠤ ᠢᠳᠡᠭᠡᠨ ᠤ ᠠᠮᠤᠷ ᠲᠦᠪᠰᠢᠨ ᠤ ︽ᠬᠤᠶᠠᠷ ᠬᠠᠷᠢᠭᠤᠴᠠᠯᠭ᠎ᠠ︾᠎ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2024/3/29
      ᠢᠳᠡᠭᠡᠨ ᠤ ᠠᠮᠤᠷ ᠲᠦᠪᠰᠢᠨ ᠤ ︽ᠬᠤᠶᠠᠷ ᠬᠠᠷᠢᠭᠤᠴᠠᠯᠭ᠎ᠠ︾᠎ ᠶᠢ ᠭᠦᠨᠵᠡᠭᠡᠶ ᠨᠠᠶᠢᠳᠠᠪᠤᠷᠢᠵᠢᠭᠤᠯᠬᠤ ᠶᠢᠨ ᠲᠤᠰᠠᠳᠠ᠂ 3 ᠰᠠᠷ᠎ᠠ ᠶᠢᠨ 26᠎ ᠤ ᠡᠳᠦᠷ᠂ ᠵᠢᠨᠢᠩ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠱᠢ ᠭᠤᠸᠠᠩ ᠬᠠᠷᠢᠶ᠎ᠠ ᠣᠷᠣᠨ ᠤ ᠪᠠᠨ ᠳᠠᠭᠠᠭᠠᠴᠢᠯᠠᠯᠲᠠ ᠶᠢᠨ ᠠᠵᠤ ᠠᠬᠤᠶᠢᠯᠠᠯ ᠳᠤ ᠭᠦᠨᠵᠡᠭᠡᠶᠢᠷᠡᠨ᠂ ᠢᠳᠡᠭᠡᠨ ᠤ ᠠᠮᠤᠷ ᠲᠦᠪᠰᠢᠨ ᠤ ︽ᠬᠤᠶᠠᠷ ᠬᠠᠷᠢᠭᠤᠴᠠᠯᠭ᠎ᠠ︾᠎ ᠶᠢᠨ ᠲᠤᠬᠠᠶ ᠶᠢᠨ ᠲᠠᠯᠠᠪᠤᠷ ᠲᠤ ᠬᠢᠨᠠᠨ ᠵᠢᠯᠣᠭᠤᠳᠴᠤ ᠪᠠᠶᠢᠴᠠᠭᠠᠬᠤ ᠠᠵᠢᠯ ᠢ ᠥᠷᠨᠢᠭᠦᠯᠪᠡ᠃ ᠵᠢᠨᠢᠩ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠤᠪᠢᠳᠠᠨ ᠬᠠᠮᠢᠶᠠᠷᠴᠤ ᠪᠥᠬᠦᠶ ᠤᠳᠤᠷᠢᠳᠤᠯᠭ᠎ᠠ᠂ ᠢᠳᠡᠭᠡᠨ ᠤᠮᠳᠠᠭᠠᠨ ᠤ ᠲᠠᠰᠤᠭ ᠤᠨ ᠬᠠᠷᠢᠭᠤᠴᠠᠯᠭᠠᠲᠠᠨ᠂ ᠬᠠᠤᠯᠢ ᠬᠡᠷᠡᠭᠵᠢᠭᠦᠯᠬᠦ ᠳᠤᠮᠳᠠ ᠠᠩᠭᠢ ᠶᠢᠨ ᠠᠵᠢᠯᠲᠠᠨ ᠢ ᠳᠠᠭᠠᠯᠳᠤᠭᠤᠯᠤᠨ ᠬᠢᠨᠠᠨ  ᠵᠢᠯᠤᠭᠤᠳᠤᠪᠠ᠃      ᠪᠠᠶᠢᠴᠠᠭᠠᠯᠲᠠ ᠶᠢᠨ ᠳᠤᠮᠳᠠ᠂ ᠱᠢ ᠭᠤᠸᠠᠩ ᠵᠡᠷᠭᠡ ᠬᠥᠮᠦᠰ ᠤᠷᠢᠳ ᠬᠤᠵᠢᠳ ᠡᠮᠨᠡᠯᠭᠡ ᠶᠢᠨ ᠬᠤᠷᠢᠶᠠᠨ ᠤ ᠬᠤᠭᠤᠯᠠᠨ ᠬᠡᠷ ᠪᠠ ᠰᠤᠷᠭᠠᠭᠤᠯᠢ ᠶᠢᠨ ᠬᠤᠭᠤᠯᠠᠨ ᠬᠡᠷ ᠲᠤ ᠬᠦᠷᠴᠦ᠂ ᠡᠭᠦᠷᠭᠡ ᠶᠢᠨ ᠨᠠᠷᠢᠨ ᠲᠠᠩᠰᠠ ᠶᠢᠨ ᠶᠣᠰᠣᠭᠠᠷ ᠠᠵᠤ ᠠᠬᠤᠶᠢᠯᠠᠯ ᠤᠨ ᠭᠤᠤᠯ ᠴᠣᠭᠴᠠ ᠶᠢ ᠵᠦᠶᠯ ᠳᠠᠷᠠᠭᠠᠯᠠᠨ ᠬᠠᠷᠢᠴᠠᠭᠤᠯᠤᠨ ᠪᠠᠶᠢᠴᠠᠭᠠᠵᠤ᠂ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠰᠢᠰᠲ᠋ᠧᠮᠵᠢ᠂ ᠠᠵᠢᠯᠲᠠᠨ ᠤ ᠬᠠᠮᠢᠶᠠᠷᠤᠯᠲᠠ ᠵᠡᠷᠭᠡ ᠲᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠪᠠᠴᠢᠮ ᠪᠠᠶᠢᠳᠠᠯ ᠢ ᠠᠷᠭᠠᠴᠠᠨ ᠰᠢᠶᠳᠪᠦᠷᠢᠯᠡᠬᠦ᠂ ᠤᠬᠠᠭᠤᠯᠭ᠎ᠠ ᠬᠥᠮᠦᠵᠢᠯ ᠪᠣᠯᠪᠠᠰᠤᠷᠠᠭᠤᠯᠤᠯ ᠵᠡᠷᠭᠡ ᠠᠵᠢᠯ ᠢ ᠭᠤᠤᠯᠳᠠᠯᠭ᠎ᠠ ᠲᠠᠢ ᠪᠠᠷ ᠪᠠᠶᠢᠴᠠᠭᠠᠨ ᠦᠵᠡᠪᠡ᠃ ᠰᠤᠷᠭᠠᠭᠤᠯᠢ ᠶᠢᠨ ᠬᠤᠭᠤᠯᠠᠨ ᠬᠡᠷ ᠲᠤ᠂ ᠱᠢ ᠭᠤᠸᠠᠩ ᠠᠵᠢᠯ ᠡᠷᠭᠢᠯᠡᠭᠰᠡᠳ ᠤᠨ ᠡᠷᠡᠭᠦᠯ ᠮᠡᠨᠳᠦ ᠶᠢᠨ ᠦᠨᠡᠮᠯᠡᠯ᠂ ᠲᠦᠭᠦᠬᠡᠶ ᠮᠠᠲ᠋ᠧᠷᠢᠶᠠᠯ ᠬᠤᠳᠠᠯᠳᠤᠨ ᠠᠪᠬᠤ ᠪᠠ ᠬᠠᠳᠠᠭᠠᠯᠠᠬᠤ᠂ ᠢᠳᠡᠭᠡᠨ ᠤ ᠥᠯᠢᠭᠡᠷ ᠡᠳ᠋ ᠦᠯᠡᠳᠡᠭᠡᠬᠦ᠂ ᠢᠳᠡᠭᠡᠨ ᠤᠮᠳᠠᠭᠠᠨ ᠤ ᠠᠷᠢᠭᠤᠨ ᠴᠡᠪᠡᠷ ᠵᠡᠷᠭᠡ ᠪᠠᠶᠢᠳᠠᠯ ᠢ ᠨᠠᠷᠢᠨ ᠣᠶᠢᠯᠠᠭᠠᠭᠰᠠᠨ ᠪᠥᠭᠡᠳ ᠬᠤᠯᠪᠣᠭᠳᠠᠯ ᠪᠥᠬᠦᠶ ᠬᠠᠷᠢᠭᠤᠴᠠᠯᠭᠠᠲᠠᠨ ᠤ ᠬᠤᠯᠪᠣᠭᠳᠠᠯ ᠪᠥᠬᠦᠶ ᠬᠠᠷᠢᠭᠤ ᠮᠡᠳᠡᠭᠦᠯᠦᠯᠲᠡ ᠶᠢ ᠰᠣᠨᠣᠰᠴᠤ᠂ ᠰᠤᠷᠭᠠᠭᠤᠯᠢ ᠶᠢᠨ ᠬᠤᠭᠤᠯᠠᠨ ᠬᠡᠷ ᠤᠨ ᠠᠵᠢᠯ ᠪᠠ ᠰᠣᠷᠣᠭᠴᠢ ᠶᠢᠨ ᠬᠤᠭᠤᠯᠠᠨ ᠳᠤ ᠬᠠᠨᠤᠮᠵᠢᠲᠠᠶ ᠪᠠᠶᠢᠬᠤ ᠪᠠᠨ ᠢᠯᠡᠳᠬᠡᠭᠰᠡᠨ ᠪᠥᠭᠡᠳ ᠬᠢᠨᠠᠨ ᠵᠢᠯᠣᠭᠤᠳᠴᠤ ᠪᠠᠶᠢᠴᠠᠭᠠᠭᠠᠳ ᠢᠯᠡᠷᠡᠭᠦᠯᠦᠭᠰᠡᠨ ᠠᠰᠠᠭᠤᠳᠠᠯ ᠤᠨ ᠲᠤᠬᠠᠶ ᠰᠠᠨᠠᠯ ᠪᠠ ᠰᠠᠨᠠᠭᠤᠯᠭ᠎ᠠ ᠳᠤᠷᠠᠳᠤᠭᠰᠠᠨ ᠪᠠᠶᠢᠨ᠎ᠠ᠃      ᠲᠠᠷᠠᠭᠠᠴᠢ ᠶᠢᠨ ᠠᠯᠬᠤᠮ ᠳᠤ᠂ ᠮᠠᠨ ᠤ ᠲᠣᠪᠴᠢᠶ᠎ᠠ ᠢᠳᠡᠭᠡᠨ ᠤ ᠠᠮᠤᠷ ᠲᠦᠪᠰᠢᠨ ᠤ ︽ᠬᠤᠶᠠᠷ ᠬᠠᠷᠢᠭᠤᠴᠠᠯᠭ᠎ᠠ︾᠎ ᠶᠢ ᠨᠠᠶᠢᠳᠠᠪᠤᠷᠢᠵᠢᠭᠤᠯᠬᠤ ᠶᠢ ᠢᠳᠡᠭᠡᠨ ᠤ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠵᠢᠴᠢ ᠡᠯ᠎ᠡ ᠲᠥᠷᠥᠯ ᠤᠨ ᠲᠤᠰᠬᠠᠶ ᠠᠵᠢᠯᠯᠠᠭ᠎ᠠ ᠲᠠᠢ ᠨᠢᠭᠲᠠ ᠤᠶᠠᠯᠳᠤᠭᠤᠯᠤᠨ᠎ᠠ᠃ ᠢᠳᠡᠭᠡᠨ ᠤ ᠠᠮᠤᠷ ᠲᠦᠪᠰᠢᠨ ᠤ ᠬᠠᠷᠢᠶᠠᠲᠤ ᠣᠷᠣᠨ ᠤ ᠬᠠᠷᠢᠭᠤᠴᠠᠯᠭ᠎ᠠ ᠶᠢ ᠡᠷᠡᠰ ᠪᠠᠲᠤ ᠡᠭᠦᠷᠭᠡᠯᠡᠵᠦ᠂ ᠢᠳᠡᠭᠡᠨ ᠤ ᠠᠮᠤᠷ ᠲᠦᠪᠰᠢᠨ ᠤ ︽ᠬᠠᠮᠠᠭᠠᠯᠠᠯᠲᠠ ᠶᠢᠨ ᠲᠣᠤᠷ︾᠎ ᠢ ᠤᠯᠠᠮ ᠨᠢᠭᠡ ᠠᠯᠬᠤᠮ ᠪᠠᠲᠤ ᠪᠠᠬᠢ ᠪᠥᠭᠡᠳ ᠨᠢᠭᠲᠠ ᠰᠦᠯᠵᠢᠵᠦ᠂ ᠠᠮᠤᠷ ᠲᠦᠪᠰᠢᠨ᠂ ᠡᠷᠡᠭᠦᠯ ᠴᠢᠭᠢᠷᠠᠭ᠂ ᠰᠠᠨᠠᠭ᠎ᠠ ᠠᠮᠤᠷ ᠢᠳᠡᠭᠡᠨ ᠤ ᠬᠡᠷᠡᠭᠯᠡᠭᠡᠨ ᠤ ᠣᠷᠴᠢᠨ ᠲᠣᠭᠤᠷᠢᠨ ᠢ ᠬᠦᠴᠦᠯᠡᠨ ᠪᠣᠶ ᠪᠣᠯᠭᠠᠵᠤ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠥᠬᠡᠶ ᠨᠡᠮᠡᠭᠳᠡᠭᠦᠯᠦᠨ᠎ᠡ᠃           ᠣᠷᠴᠢᠭᠤᠯᠤᠭᠴᠢ᠄ ᠳ᠋ᠥᠩ ᠾᠦᠢ 
 
ᠢᠷᠡᠯᠲᠡ᠄ ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2