ᠵᠢᠨᠢᠩ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠡᠤᠬᠡᠳ ᠪᠠᠭᠠᠴᠤᠳ ᠤᠨ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠦᠶᠯᠡᠳᠬᠦᠨ ᠤ ᠬᠠᠤᠯᠢ ᠲᠣᠭᠲᠠᠭᠠᠯ ᠢ ᠵᠥᠷᠢᠴᠡᠭᠰᠡᠨ ᠬᠤᠳᠠᠯᠳᠤᠭᠠᠨ ᠤ ᠡᠵᠡᠩᠨᠡᠯᠲᠡ ᠪᠣᠷᠣᠯᠠᠭᠤᠯᠤᠯᠲᠠ ᠶᠢᠨ ᠤᠬᠠᠭᠤᠯᠭ᠎ᠠ ᠶᠢᠨ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄
2024/3/29
       2024 ᠣᠨ ᠤ 3 ᠰᠠᠷ᠎ᠠ ᠪᠣᠯ ᠮᠠᠨ ᠤ ᠤᠯᠤᠰ ᠤᠨ 8 ᠳ᠋ᠤᠭᠠᠷ ᠪᠥᠬᠦ ᠤᠯᠤᠰ ᠤᠨ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠤᠬᠠᠭᠤᠯᠭ᠎ᠠ ᠬᠥᠮᠦᠵᠢᠯ ᠤᠨ ᠰᠠᠷ᠎ᠠ ᠪᠣᠯᠤᠨ᠎ᠠ᠂ ᠰᠢ ᠶᠢᠨ ᠫᠢᠩ ᠶᠡᠷᠦᠩᠬᠡᠶ ᠱᠦᠵᠢ ᠶᠢᠨ ᠬᠡᠤᠬᠡᠳ ᠪᠠᠭᠠᠴᠤᠳ ᠤᠨ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠲᠤᠬᠠᠶ ᠰᠢᠷᠢᠰ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ᠬᠡᠤᠬᠡᠳ ᠪᠠᠭᠠᠴᠤᠳ ᠤᠨ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠦᠶᠯᠡᠳᠬᠦᠨ ᠤ ᠬᠠᠤᠯᠢ ᠲᠣᠭᠲᠠᠭᠠᠯ ᠠᠴᠠ ᠵᠥᠷᠢᠴᠡᠭᠰᠡᠨ ᠬᠤᠳᠠᠯᠳᠤᠭᠠᠨ ᠤ ᠡᠵᠡᠩᠨᠡᠯᠲᠡ ᠪᠣᠷᠣᠯᠠᠭᠤᠯᠤᠯᠲᠠ ᠶᠢᠨ ᠤᠬᠠᠭᠤᠯᠭ᠎ᠠ ᠶᠢ ᠰᠡᠷᠭᠡᠶᠢᠯᠡᠬᠦ ᠶᠢᠨ ᠲᠥᠯᠥᠭᠡ᠂ 3 ᠰᠠᠷ᠎ᠠ ᠶᠢᠨ 26᠎ ᠤ ᠡᠳᠦᠷ ᠠᠴᠠ ᠡᠬᠢᠯᠡᠨ᠂ ᠵᠢᠨᠢᠩ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠷᠢᠶᠠᠲᠤ ᠣᠷᠣᠨ ᠳᠠᠭᠠᠨ ᠬᠡᠤᠬᠡᠳ ᠪᠠᠭᠠᠴᠤᠳ ᠤᠨ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠦᠶᠯᠡᠳᠬᠦᠨ ᠤ ᠬᠠᠤᠯᠢ ᠲᠣᠭᠲᠠᠭᠠᠯ ᠠᠴᠠ ᠵᠥᠷᠢᠴᠡᠭᠰᠡᠨ ᠬᠤᠳᠠᠯᠳᠤᠭᠠᠨ ᠤ ᠡᠵᠡᠩᠨᠡᠯᠲᠡ ᠪᠣᠷᠣᠯᠠᠭᠤᠯᠤᠯᠲᠠ ᠶᠢᠨ ᠤᠬᠠᠭᠤᠯᠭ᠎ᠠ ᠶᠢᠨ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ᠃       ᠴᠡᠭᠴᠡᠯᠡᠨ ᠵᠠᠰᠠᠬᠤ ᠠᠵᠢᠯᠯᠠᠭ᠎ᠠ ᠨᠢ ᠬᠠᠷᠢᠶ᠎ᠠ ᠣᠷᠣᠨ ᠤ ᠨᠢᠳᠦᠨ ᠰᠢᠯ ᠤᠨ ᠳᠡᠯᠭᠡᠭᠦᠷ᠂ ᠰᠤᠷᠭᠠᠭᠤᠯᠢ ᠶᠢᠨ ᠡᠮᠨᠡᠯᠭᠡ ᠶᠢᠨ ᠬᠤᠷᠢᠶᠠᠨ ᠤ ᠡᠷᠬᠢᠨ ᠲᠣᠭᠤᠷᠢᠨ᠂ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ᠂ ᠬᠥᠮᠦᠨ ᠤ ᠤᠷᠤᠰᠬᠠᠯ ᠤᠨ ᠬᠡᠮᠵᠢᠶ᠎ᠡ ᠪᠠᠷ ᠨᠡᠯᠢᠶᠡᠳ ᠶᠡᠭᠡ ᠣᠯᠠᠨ ᠨᠡᠶᠢᠲᠡ ᠶᠢᠨ ᠲᠠᠯᠠᠪᠤᠷ ᠲᠤ ᠠᠩᠬᠠᠷᠤᠯ ᠢᠶᠠᠨ ᠲᠥᠪᠯᠡᠷᠡᠭᠦᠯᠵᠦ᠂ ᠬᠠᠤᠯᠢ ᠬᠡᠷᠡᠭᠵᠢᠭᠦᠯᠬᠦ ᠠᠵᠢᠯᠲᠠᠨ ᠢ ᠵᠣᠬᠢᠶᠠᠨ ᠪᠠᠶᠢᠭᠤᠯᠤᠨ ᠬᠡᠷ ᠤᠨ ᠭᠠᠳᠠᠨ᠎ᠠ ᠲᠣᠭᠤᠷᠢᠨ ᠪᠠᠶᠢᠴᠠᠭᠠᠵᠤ᠂ ᠳᠡᠯᠭᠡᠭᠦᠷ ᠲᠤ ᠣᠷᠣᠵᠤ ᠤᠬᠠᠭᠤᠯᠭ᠎ᠠ ᠶᠢᠨ ᠳᠡᠪᠲᠡᠷ᠂ ᠵᠠᠷᠯᠠᠯ ᠵᠢᠴᠢ ᠵᠠᠷ ᠤᠨ ᠫᠠᠶᠢᠰᠠ ᠶᠢ ᠪᠠᠶᠢᠴᠠᠭᠠᠨ ᠦᠵᠡᠬᠦ ᠪᠣᠯᠤᠨ᠎ᠠ᠃ ᠭᠤᠤᠯ ᠪᠠᠶᠢᠴᠠᠭᠠᠯᠲᠠ᠄ ᠨᠢᠭᠡ ᠳᠤ ︽ᠡᠷᠡᠭᠦᠯᠵᠢᠭᠦᠯᠬᠦ︾ ︽ᠰᠡᠷᠭᠦᠭᠡᠬᠦ︾ ︽ᠬᠡᠮᠵᠢᠶ᠎ᠡ ᠶᠢᠨ ᠲᠤᠭ᠎ᠠ ᠶᠢ ᠪᠠᠭᠤᠷᠠᠭᠤᠯᠬᠤ︾ ︽ᠣᠶᠢᠷ᠎ᠠ ᠬᠠᠷᠠᠭ᠎ᠠ ᠶᠢ ᠡᠳᠡᠭᠡᠷᠡᠭᠦᠯᠬᠦ︾ ︽ᠣᠶᠢᠷ᠎ᠠ ᠬᠠᠷᠠᠭ᠎ᠠ ᠶᠢ ᠳᠠᠷᠤᠯᠠᠬᠤ︾ ︽ᠬᠡᠮᠵᠢᠶ᠎ᠡ ᠶᠢᠨ ᠲᠤᠭ᠎ᠠ ᠶᠢ ᠰᠡᠷᠭᠦᠭᠡᠬᠦ︾ ᠵᠡᠷᠭᠡ ᠪᠤᠷᠤᠭᠤ ᠵᠦᠭ ᠬᠥᠲᠥᠯᠬᠦ ᠴᠢᠨᠠᠷᠲᠠᠶ ᠥᠭᠦᠯᠡᠯᠲᠡ ᠶᠢ ᠬᠡᠷᠡᠭᠯᠡᠨ ᠬᠡᠤᠬᠡᠳ ᠪᠠᠭᠠᠴᠤᠳ ᠤᠨ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠦᠶᠯᠡᠳᠬᠦᠨ ᠳᠤ ᠡᠵᠡᠩᠨᠡᠨ ᠪᠣᠷᠣᠯᠠᠭᠤᠯᠬᠤ ᠤᠬᠠᠭᠤᠯᠭ᠎ᠠ ᠬᠢᠬᠦ ᠦᠶᠯᠡ ᠠᠵᠢᠯᠯᠠᠭ᠎ᠠ᠃ ᠬᠤᠶᠠᠷ ᠲᠤ ᠬᠢᠲᠠᠳ ᠡᠮ ᠡᠮᠨᠡᠯᠭᠡ ᠶᠢᠨ ᠨᠡᠷ᠎ᠡ ᠶᠢ ᠬᠠᠭᠤᠷᠮᠠᠭᠯᠠᠨ ᠬᠡᠷᠡᠭᠯᠡᠬᠦ ᠪᠤᠶᠤ ᠬᠢᠲᠠᠳ ᠡᠮ ᠡᠮᠨᠡᠯᠭᠡ ᠶᠢᠨ ᠤᠨᠤᠯ᠂ ᠮᠡᠷᠭᠡᠵᠢᠯ ᠢᠶᠠᠷ ᠰᠢᠯᠲᠠᠭᠯᠠᠨ ᠡᠵᠡᠩᠨᠡᠨ ᠪᠣᠷᠣᠯᠠᠭᠤᠯᠬᠤ ᠤᠬᠠᠭᠤᠯᠭ᠎ᠠ ᠬᠢᠵᠦ ᠬᠡᠷᠡᠭᠯᠡᠭᠴᠢᠳ ᠢ ᠮᠡᠬᠡᠯᠡᠭᠰᠡᠨ ᠦᠢᠯᠡ ᠠᠵᠢᠯᠯᠠᠭ᠎ᠠ᠃ ᠭᠤᠷᠪᠠ ᠳᠤ ᠡᠪᠡᠳᠴᠢᠲᠡᠨ ᠤ ᠨᠡᠷ᠎ᠡ ᠪᠤᠶᠤ ᠳᠦᠷᠢ ᠲᠥᠷᠬᠦ ᠶᠢ ᠬᠡᠷᠡᠭᠯᠡᠨ ᠣᠨᠣᠰᠢᠯᠠᠨ ᠡᠮᠨᠡᠬᠦ ᠶᠢᠨ ᠡᠮᠦᠨ᠎ᠡ ᠬᠤᠶᠢᠨᠠᠬᠢ ᠦᠷ᠎ᠡ ᠳ᠋ᠦᠩ ᠢ ᠬᠠᠷᠢᠴᠠᠭᠤᠯᠬᠤ ᠪᠤᠶᠤ ᠭᠡᠷᠡᠴᠢᠯᠡᠬᠦ᠂ ᠵᠢᠴᠢ ᠣᠨᠣᠰᠢᠯᠠᠨ ᠡᠮᠨᠡᠬᠦ ᠦᠷ᠎ᠡ ᠳ᠋ᠦᠩ ᠪᠤᠶᠤ ᠣᠨᠣᠰᠢᠯᠠᠨ ᠡᠮᠨᠡᠬᠦ ᠶᠢᠨ ᠠᠶᠤᠯ ᠦᠭᠡᠢ ᠴᠢᠨᠠᠷ᠂ ᠦᠢᠯᠡᠳᠦᠯ ᠴᠢᠳᠠᠪᠤᠷᠢ ᠶᠢᠨ ᠪᠠᠲᠤᠯᠠᠭ᠎ᠠ ᠶᠢᠨ ᠴᠢᠨᠠᠷᠲᠠᠢ ᠠᠮᠠᠯᠠᠯᠲᠠ ᠶᠢ ᠤᠬᠠᠭᠤᠯᠬᠤ ᠬᠤᠳᠠᠯ ᠬᠠᠭᠤᠷᠮᠠᠭ ᠬᠠᠤᠯᠢ ᠠᠴᠠ ᠵᠥᠷᠢᠴᠡᠭᠰᠡᠨ ᠵᠠᠷ ᠮᠡᠳᠡᠭᠡ᠃       ᠣᠲᠣ ᠪᠣᠯᠲᠠᠯ᠎ᠠ᠂ ᠬᠠᠤᠯᠢ ᠬᠡᠷᠡᠭᠵᠢᠭᠦᠯᠬᠦ ᠠᠵᠢᠯᠲᠠᠨ ᠢ ᠨᠡᠶᠢᠲᠡ 13 ᠬᠥᠮᠦᠨ ᠤᠳᠠᠭ᠎ᠠ ᠬᠥᠳᠡᠯᠭᠡᠵᠦ᠂ ᠬᠤᠯᠪᠣᠭᠳᠠᠯ ᠪᠥᠬᠦᠶ ᠡᠵᠡᠩᠨᠡᠯᠲᠡ ᠶᠢᠨ 10 ᠪᠡᠶᠡᠴᠢ ᠴᠣᠭᠴᠠ ᠶᠢ ᠪᠠᠶᠢᠴᠠᠭᠠᠪᠠ᠃ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠬᠢᠬᠦ ᠶᠢᠨ ᠬᠠᠮᠲᠤ᠂ ᠬᠠᠤᠯᠢ ᠬᠡᠷᠡᠭᠵᠢᠭᠦᠯᠬᠦ ᠠᠵᠢᠯᠲᠠᠨ ᠬᠤᠳᠠᠯᠳᠤᠭᠠᠴᠢᠨ ᠳᠤ ᠵᠠᠰᠠᠭ ᠵᠠᠬᠢᠷᠭᠠᠨ ᠤ ᠰᠠᠨᠠᠭᠤᠯᠤᠮᠵᠢ ᠥᠭᠴᠦ᠂ ᠬᠤᠳᠠᠯᠳᠤᠭᠠᠴᠢᠨ ᠢ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠷ ᠤᠨ ᠬᠠᠤᠯᠢ︾ ︽ᠢᠨᠲ᠋ᠧᠷ ᠰᠦᠯᠵᠢᠶᠡᠨ ᠤ ᠵᠠᠷ ᠤᠨ ᠬᠠᠮᠢᠶᠠᠷᠤᠯᠲᠠ ᠶᠢᠨ ᠠᠷᠭ᠎ᠠ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠤᠨ ᠱᠠᠭᠠᠷᠳᠠᠯᠭ᠎ᠠ ᠶᠢ ᠵᠢᠷᠤᠮᠯᠠᠨ᠂ ᠵᠠᠷ ᠤᠨ ᠤᠬᠠᠭᠤᠯᠭ᠎ᠠ ᠶᠢᠨ ᠠᠭᠤᠯᠭ᠎ᠠ ᠶᠢ ᠵᠢᠷᠤᠮᠵᠢᠭᠤᠯᠵᠤ᠂ ᠬᠠᠤᠯᠢ ᠲᠣᠭᠲᠠᠭᠠᠯ ᠳᠤ ᠨᠡᠶᠢᠴᠡᠭᠦᠯᠦᠨ ᠡᠵᠡᠩᠨᠡᠯᠲᠡ ᠶᠢᠨ ᠠᠵᠢᠯᠯᠠᠭ᠎ᠠ ᠥᠷᠨᠢᠭᠦᠯᠬᠦ ᠶᠢᠨ ᠬᠠᠮᠲᠤ ᠬᠤᠯᠪᠣᠭᠳᠠᠯ ᠪᠦᠬᠦᠢ ᠡᠵᠡᠩᠨᠡᠯᠲᠡ ᠶᠢᠨ ᠪᠡᠶᠡᠴᠢ ᠴᠣᠭᠴᠠ ᠶᠢᠨ ᠨᠢᠭᠡᠴᠡ ᠳᠤ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠷ ᠤᠨ ᠬᠠᠤᠯᠢ︾ ︽ᠢᠨᠲ᠋ᠧᠷ ᠰᠦᠯᠵᠢᠶᠡᠨ ᠤ ᠵᠠᠷ ᠤᠨ ᠬᠠᠮᠢᠶᠠᠷᠤᠯᠲᠠ ᠶᠢᠨ ᠠᠷᠭ᠎ᠠ︾᠎ ᠶᠢᠨ ᠭᠠᠷ ᠳᠡᠪᠲᠡᠷ ᠢ ᠲᠠᠷᠬᠠᠭᠠᠬᠤ ᠬᠡᠷᠡᠭᠲᠡᠶ ᠭᠡᠵᠦ ᠱᠠᠭᠠᠷᠳᠠᠵᠠᠶ᠃       ᠲᠠᠷᠠᠭᠠᠴᠢ ᠶᠢᠨ ᠠᠯᠬᠤᠮ ᠳᠤ᠂ ᠵᠢᠨᠢᠩ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠨᠢᠭᠡ ᠴᠤᠭᠴᠠᠵᠢᠭᠤᠯᠤᠭᠰᠠᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠭᠥᠯᠢᠶᠡᠨ ᠠᠪᠤᠭᠴᠢᠳ ᠤᠨ ᠬᠡᠪᠴᠢᠶ᠎ᠡ ᠪᠠᠷ ᠥᠷᠭᠡᠨ᠂ ᠨᠡᠶᠢᠭᠡᠮ ᠤᠨ ᠨᠥᠯᠥᠭᠡ ᠪᠠᠷ ᠶᠡᠭᠡ ᠭᠤᠤᠯᠳᠠᠯᠭ᠎ᠠ ᠲᠠᠢ ᠵᠠᠭᠤᠴᠢᠯᠠᠭᠤᠷ ᠪᠠ ᠵᠠᠷ ᠮᠡᠳᠡᠭᠡ ᠨᠡᠶᠢᠲᠡᠯᠡᠬᠦ ᠠᠷᠭ᠎ᠠ ᠵᠠᠮ ᠢ ᠴᠢᠩᠭ᠎ᠠ ᠠᠩᠬᠠᠷᠬᠤ ᠪᠣᠯᠤᠨ᠎ᠠ᠃ ᠨᠡᠶᠢᠲᠡᠯᠢᠭ ᠬᠡᠷᠡᠭ ᠤᠨ ᠵᠢᠱᠢᠶ᠎ᠡ ᠶᠢ ᠴᠠᠭ ᠲᠤᠬᠠᠶ ᠳᠤᠨᠢ ᠢᠯᠡᠴᠢᠯᠡᠵᠦ᠂ ᠰᠡᠷᠡᠮᠵᠢᠯᠡᠭᠦᠯᠬᠦ ᠬᠥᠮᠦᠵᠢᠯ ᠢ ᠴᠢᠩᠭᠠᠳᠬᠠᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠦᠯᠲᠡ ᠶᠢᠨ ᠨᠥᠯᠥᠭᠡᠯᠡᠬᠦ ᠬᠦᠴᠦᠨ ᠪᠠ ᠰᠦᠷᠳᠡᠭᠦᠯᠬᠦ ᠬᠦᠴᠦᠨ ᠢ ᠴᠢᠩᠭᠠᠷᠠᠭᠤᠯᠤᠨ᠎ᠠ᠃                   ᠣᠷᠴᠢᠭᠤᠯᠤᠭᠴᠢ᠄ ᠳ᠋ᠥᠩ ᠾᠦᠢ 
 
ᠢᠷᠡᠯᠲᠡ᠄ ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2