ᠵᠢᠨᠢᠩ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠮᠠ ᠯᠢᠶᠠᠨ ᠴᠢᠦᠶ ᠲᠣᠮᠢᠯᠠᠭᠰᠠᠨ ᠰᠠᠯᠪᠤᠷᠢ ︽ᠬᠤᠶᠠᠷ ᠢ ᠰᠤᠷᠤᠯᠴᠠᠵᠤ ᠬᠤᠶᠠᠷ ᠢ ᠤᠯᠠᠮᠵᠢᠯᠠᠬᠤ ᠠᠵᠢᠯ ᠤᠨ ᠠᠷᠭ᠎ᠠ︾᠎ ᠳᠤ ᠲᠦᠰᠢᠭᠯᠡᠨ ᠮᠡᠬᠡᠯᠡᠯ ᠢ ᠡᠰᠡᠷᠭᠦᠴᠡᠬᠦ ᠤᠬᠠᠭᠤᠯᠭ᠎ᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2024/3/29
      ᠬᠠᠷᠢᠶᠠᠲᠤ ᠣᠷᠣᠨ ᠤ ᠣᠯᠠᠨ ᠲᠦᠮᠡᠨ ᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠬᠠᠮᠠᠭᠠᠯᠠᠬᠤ ᠶᠢᠨ ᠲᠥᠯᠥᠭᠡ᠂ ᠣᠶᠢᠷ᠎ᠠ ᠳᠤ ᠵᠢᠨᠢᠩ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠮᠠ ᠯᠢᠶᠠᠨ ᠴᠢᠦᠶ ᠲᠣᠮᠢᠯᠠᠭᠰᠠᠨ ᠰᠠᠯᠪᠤᠷᠢ ᠨᠢ ᠰᠠᠨ ᠬᠥ᠋ ᠴᠢᠤᠸᠠᠨ ᠲᠣᠰᠬᠤᠨ ᠤ ᠠᠷᠠᠳ ᠤᠨ ᠵᠥᠪᠯᠡᠯ ᠲᠠᠢ ᠨᠢᠭᠲᠠ ᠬᠠᠮᠲᠤᠷᠠᠨ ᠠᠵᠢᠯᠯᠠᠵᠤ᠂ ᠲᠣᠰᠬᠤᠨ ᠤ ᠨᠠᠮ ᠤᠨ ᠡᠭᠦᠷ ᠲᠤ ᠨᠢᠭᠡ ᠤᠳᠠᠭᠠᠨ ᠤ ᠮᠡᠬᠡᠯᠡᠯ ᠢ ᠡᠰᠡᠷᠭᠦᠴᠡᠬᠦ ᠤᠬᠠᠭᠤᠯᠭ᠎ᠠ ᠶᠢᠨ ᠲᠤᠰᠬᠠᠶ ᠰᠡᠳᠦᠪᠲᠦ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ᠃       ᠠᠵᠢᠯᠯᠠᠭ᠎ᠠ ᠶᠢᠨ ᠳᠤᠮᠳᠠ᠂ ᠮᠠ ᠯᠢᠶᠠᠨ ᠴᠢᠦᠶ ᠶᠢᠨ ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ ᠨᠠᠷ ︽ᠬᠤᠶᠠᠷ ᠢ ᠰᠤᠷᠤᠯᠴᠠᠵᠤ ᠬᠤᠶᠠᠷ ᠢ ᠤᠯᠠᠮᠵᠢᠯᠠᠬᠤ ᠠᠵᠢᠯ ᠤᠨ ᠠᠷᠭ᠎ᠠ︾᠎ ᠶᠢ ᠤᠬᠠᠭᠤᠯᠬᠤ ᠶᠢᠨ ᠭᠤᠤᠯ ᠠᠭᠤᠯᠭ᠎ᠠ ᠶᠢ ᠭᠦᠨᠵᠡᠭᠡᠶ ᠲᠠᠶᠢᠯᠪᠤᠷᠢᠯᠠᠪᠠ᠂ ᠲᠤᠬᠠᠶᠢᠯᠠᠪᠠᠯ ᠠᠷᠠᠳ ᠤᠨ ᠲᠤᠰᠠᠯᠠᠬᠤ ᠴᠠᠭᠳᠠᠭ᠎ᠠ ᠪᠣᠯᠤᠨ ᠭᠠᠴᠠᠭᠠᠨ ᠤ ᠠᠷᠠᠳ ᠤᠨ ᠵᠥᠪᠯᠡᠯ ᠤᠨ ᠠᠵᠢᠯᠲᠠᠨ ᠬᠠᠮᠲᠤ ᠪᠠᠷ ᠰᠤᠷᠤᠯᠴᠠᠵᠤ᠂ ᠮᠡᠬᠡᠯᠡᠯ ᠢ ᠡᠰᠡᠷᠭᠦᠴᠡᠬᠦ ᠮᠡᠳᠡᠯᠭᠡ ᠶᠢ ᠤᠬᠠᠭᠤᠯᠵᠤ᠂ ᠭᠠᠴᠠᠭᠠᠨ ᠤ ᠠᠷᠠᠳ ᠤᠨ ᠰᠠᠨᠠᠭᠠᠴᠢᠯᠠᠭ᠎ᠠ ᠠᠴᠠ ᠪᠠᠨ ᠰᠤᠷᠤᠯᠴᠠᠬᠤ ᠢᠳᠡᠪᠬᠢᠵᠢᠯ ᠢ ᠬᠥᠭᠵᠢᠭᠡᠪᠡ᠃ ᠰᠦᠯᠵᠢᠶᠡᠨ ᠤ ᠮᠡᠬᠡᠯᠡᠯ ᠤᠨ ᠰᠢᠨ᠎ᠡ ᠮᠠᠶ᠋ᠢᠭ ᠤᠨ ᠬᠡᠷᠡᠭ ᠤᠨ ᠵᠢᠱᠢᠶ᠎ᠡ ᠶᠢ ᠨᠡᠪᠲᠡᠷᠡᠭᠦᠯᠬᠦ ᠪᠠᠷ ᠳᠠᠮᠵᠢᠭᠤᠯᠤᠨ᠂ ᠠᠷᠠᠳ ᠤᠨ ᠴᠠᠭᠳᠠᠭ᠎ᠠ ᠲᠣᠰᠬᠤᠨ ᠤ ᠠᠷᠠᠳ ᠢ ᠬᠥᠲᠥᠯᠥᠨ ᠵᠢᠯᠣᠭᠤᠳᠴᠤ ᠪᠠᠶᠢᠭᠠᠳ ᠭᠦᠨᠵᠡᠭᠡᠶ ᠪᠣᠳᠣᠯᠬᠢᠯᠠᠭᠤᠯᠤᠨ᠂ ᠢᠳᠡᠪᠬᠢᠲᠡᠶ ᠪᠠᠷ ᠠᠰᠠᠭᠤᠯᠲᠠ ᠲᠠᠯᠪᠢᠭᠤᠯᠵᠤ᠂ ᠲᠤᠬᠠᠶ ᠶᠢᠨ ᠲᠠᠯᠠᠪᠤᠷ ᠤᠨ ᠸᠢᠳᠢᠣ᠋ ᠶᠢ ᠨᠡᠪᠲᠡᠷᠡᠭᠦᠯᠦᠭᠰᠡᠨ ᠤ ᠳᠠᠷᠠᠭ᠎ᠠ᠂ ᠠᠷᠠᠳ ᠤᠨ ᠴᠠᠭᠳᠠᠭ᠎ᠠ ᠪᠠᠰᠠ ᠳᠠᠭᠤᠷᠢᠶᠠᠮᠠᠯ ᠰᠣᠷᠢᠯᠲᠠ ᠬᠢᠵᠦ᠂ ᠬᠠᠤᠯᠢ ᠶᠢ ᠵᠥᠷᠢᠴᠡᠵᠦ ᠶᠠᠯ᠎ᠠ ᠬᠢᠭᠰᠡᠨ ᠬᠥᠮᠦᠰ ᠤᠨ ᠮᠡᠬᠡᠯᠡᠯ ᠶᠠᠪᠤᠭᠤᠯᠬᠤ ᠶᠠᠪᠤᠴᠠ ᠶᠢ ᠦᠨᠡᠨ ᠪᠣᠳᠠᠲᠠᠶ ᠪᠠᠷ ᠳᠠᠬᠢᠨ ᠢᠯᠡᠷᠡᠭᠦᠯᠦᠭᠰᠡᠨ ᠪᠥᠭᠡᠳ ᠭᠠᠴᠠᠭᠠᠨ ᠤ ᠠᠷᠠᠳ ᠤᠨ ᠮᠡᠬᠡᠯᠡᠯ ᠢ ᠢᠯᠭᠠᠨ ᠲᠠᠨᠢᠬᠤ ᠪᠠ ᠠᠷᠭᠠᠴᠠᠬᠤ ᠤᠷ᠎ᠠ ᠮᠡᠷᠭᠡᠵᠢᠯ ᠢ ᠵᠢᠭᠠᠵᠤ᠂ ᠡᠨᠡ ᠬᠦ ᠭᠤᠭᠴᠤᠭ᠎ᠠ ᠨᠢ ᠭᠠᠴᠠᠭᠠᠨ ᠤ ᠠᠷᠠᠳ ᠤᠨ ᠥᠷᠭᠡᠨ ᠳᠡᠯᠭᠡᠷ ᠰᠠᠶᠢᠨ ᠦᠨᠡᠯᠡᠯᠲᠡ ᠶᠢ ᠣᠯᠤᠭᠰᠠᠨ ᠪᠠᠶᠢᠨ᠎ᠠ᠃       ᠡᠭᠦᠨ ᠠᠴᠠ ᠭᠠᠳᠠᠨ᠎ᠠ᠂ ᠮᠠ ᠯᠢᠶᠠᠨ ᠴᠢᠦᠶ ᠶᠢᠨ ᠲᠣᠮᠢᠯᠠᠭᠰᠠᠨ ᠰᠠᠯᠪᠤᠷᠢ ᠳᠣᠲᠣᠭᠠᠳᠤ ᠶᠢ ᠬᠠᠮᠠᠭᠠᠯᠠᠬᠤ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠠᠯᠢ ᠣᠯᠠᠨ ᠵᠠᠯᠢ ᠮᠡᠭᠡ ᠶᠢ ᠡᠰᠡᠷᠭᠦᠴᠡᠬᠦ ᠤᠬᠠᠭᠤᠯᠭ᠎ᠠ ᠶᠢᠨ ᠠᠵᠢᠯᠯᠠᠭ᠎ᠠ ᠶᠢ ᠰᠢᠨ᠎ᠡ ᠪᠠᠷ ᠥᠷᠨᠢᠭᠦᠯᠪᠡ᠃ ᠠᠷᠠᠳ ᠤᠨ ᠲᠤᠰᠠᠯᠠᠬᠤ ᠴᠠᠭᠳᠠᠭ᠎ᠠ ᠭᠠᠴᠠᠭᠠᠨ ᠤ ᠠᠷᠠᠳ ᠤᠨ ᠵᠥᠪᠯᠡᠯ ᠤᠨ ᠠᠵᠢᠯᠲᠠᠳ ᠲᠠᠢ ᠬᠠᠮᠲᠤ ᠭᠠᠴᠠᠭᠠᠨ ᠤ ᠠᠷᠠᠳ ᠤᠨ ᠬᠡᠷ ᠲᠤ ᠭᠦᠨᠵᠡᠭᠡᠶᠢᠷᠡᠵᠦ᠂ ᠮᠡᠬᠡᠯᠡᠨ ᠬᠢᠬᠠᠬᠤ ᠶᠢ ᠡᠰᠡᠷᠭᠦᠴᠡᠬᠦ ᠮᠡᠳᠡᠯᠭᠡ ᠶᠢ ᠨᠢᠭᠤᠷᠲᠠᠨ ᠤᠬᠠᠭᠤᠯᠤᠭᠰᠠᠨ ᠪᠥᠭᠡᠳ ᠲᠡᠳᠡᠨ ᠳᠤ ᠬᠠᠮᠵᠢᠨ ᠤᠯᠤᠰ ᠤᠨ ᠮᠡᠬᠡᠯᠡᠨ ᠬᠢᠬᠠᠬᠤ ᠶᠢ ᠡᠰᠡᠷᠭᠦᠴᠡᠬᠦ ᠲᠥᠪ ᠤᠨ APP᠎ ᠶᠢ ᠪᠠᠭᠤᠯᠭᠠᠨ ᠤᠭᠰᠠᠷᠠᠵᠤ᠂ ᠭᠠᠴᠠᠭᠠᠨ ᠤ ᠠᠷᠠᠳ ᠤᠨ ᠮᠡᠬᠡᠯᠡᠨ ᠬᠢᠬᠠᠬᠤ ᠶᠢ ᠡᠰᠡᠷᠭᠦᠴᠡᠬᠦ ᠤᠬᠠᠮᠰᠠᠷ ᠢ ᠪᠦᠲᠦᠮᠵᠢᠲᠡᠶ ᠳᠡᠭᠡᠭᠰᠢᠯᠡᠭᠦᠯᠪᠡ᠃      ᠳᠠᠷᠠᠭᠠᠴᠢ ᠶᠢᠨ ᠠᠯᠬᠤᠮ ᠳᠤ᠂ ᠮᠠ ᠯᠢᠶᠠᠨ ᠴᠢᠦᠶ ᠶᠢᠨ ᠲᠣᠮᠢᠯᠠᠭᠰᠠᠨ ᠰᠠᠯᠪᠤᠷᠢ ᠦᠷᠭᠦᠯᠵᠢᠯᠡᠨ ᠠᠷᠠᠳ ᠲᠦᠮᠡᠨ ᠳᠤ ᠦᠢᠯᠡᠴᠢᠯᠡᠬᠦ ᠵᠣᠷᠢᠯᠲᠠ ᠪᠠᠨ ᠪᠠᠷᠢᠮᠲᠠᠯᠠᠵᠤ᠂ ᠮᠡᠬᠡᠯᠡᠯ ᠢ ᠡᠰᠡᠷᠭᠦᠴᠡᠬᠦ ᠠᠵᠢᠯ ᠤᠨ ᠠᠷᠭ᠎ᠠ ᠪᠤᠳᠤᠯᠭ᠎ᠠ ᠶᠢᠨ ᠰᠢᠨ᠎ᠡ ᠶᠢ ᠡᠭᠦᠳᠴᠦ᠂ ᠠᠵᠢᠯ ᠤᠨ ᠠᠭᠤᠯᠭ᠎ᠠ ᠪᠠᠨ ᠪᠠᠶᠠᠯᠢᠭᠵᠢᠭᠤᠯᠵᠤ᠂ ᠨᠡᠩ ᠣᠨᠣᠪᠴᠢᠲᠠᠢ ᠪᠦᠲᠦᠮᠵᠢᠲᠡᠢ ᠠᠷᠭ᠎ᠠ  ᠬᠡᠮᠵᠢᠶ᠎ᠡ ᠪᠠᠷ ᠬᠠᠷᠢᠶ᠎ᠠ ᠣᠷᠣᠨ ᠤ ᠪᠠᠨ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠢ ᠬᠠᠮᠠᠭᠠᠯᠠᠵᠤ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠪᠠᠲᠤᠯᠠᠨ᠎ᠠ᠃                 ᠣᠷᠴᠢᠭᠤᠯᠤᠭᠴᠢ᠄ ᠳ᠋ᠥᠩ ᠾᠦᠢ 
 
ᠢᠷᠡᠯᠲᠡ᠄ ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2