2024 ᠣᠨ ᠤ ᠵᠢᠨᠢᠩ ᠲᠣᠭᠤᠷᠢᠭ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ
ᠨᠡᠶᠢᠲᠡᠯᠡᠭᠰᠡᠨ ᠴᠠᠭ᠄
2024/3/4
             │2024 ᠣᠨ ᠤ 1 ᠰᠠᠷ᠎ᠠ ᠶᠢᠨ 23᠎ ᠤ ᠡᠳᠦᠷ ᠵᠢᠨᠢᠩ ᠲᠣᠭᠤᠷᠢᠭ ᠤᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠳᠡᠭᠡᠷ᠎ᠡ                ᠲᠣᠭᠤᠷᠢᠭ ᠤᠨ ᠳᠠᠷᠤᠭ᠎ᠠ ᠺᠠᠩ ᠬᠠᠶ ᠷᠦᠢᠲᠥᠯᠥᠭᠡᠯᠡᠭᠴᠢᠳ ᠡ᠄    ᠤᠳᠤ᠂ ᠪᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠢᠶᠠᠨ ᠮᠡᠳᠡᠭᠦᠯᠦᠶ᠎ᠡ᠂ ᠬᠢᠨᠠᠨ ᠵᠦᠪᠯᠡᠬᠦ ᠪᠣᠯᠪᠠᠤ᠂ ᠲᠡᠷᠡᠴᠢᠯᠡᠨ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠪᠣᠯᠤᠨ ᠰᠤᠯᠠ ᠣᠷᠣᠯᠴᠠᠭᠰᠠᠳ ᠰᠠᠨᠠᠯ ᠢᠶᠠᠨ ᠳᠤᠷᠠᠳᠬᠤ ᠪᠣᠯᠪᠠᠤ᠃    ᠨᠢᠭᠡ᠂ 2023 ᠣᠨ ᠤ ᠠᠵᠢᠯ ᠤᠨ ᠡᠷᠭᠢᠴᠡᠭᠦᠯᠦᠯ    ᠥᠩᠭᠡᠷᠡᠭᠰᠡᠨ ᠨᠢᠭᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠬᠤ ᠡᠬᠢᠯᠡᠯᠲᠡ ᠶᠢᠨ ᠵᠢᠯ ᠮᠥᠨ᠃ ᠠᠵᠤ ᠠᠬᠤᠶ ᠶᠢᠨ ᠪᠠᠭᠤᠷᠠᠯᠲᠠ᠂ ᠬᠠᠩᠭᠠᠯᠭ᠎ᠠ ᠶᠢᠨ ᠳᠠᠭᠠᠷᠢᠯᠲᠠ᠂ ᠵᠢᠱᠢᠯᠲᠡ ᠪᠠᠭᠤᠷᠠᠯᠲᠠ ᠶᠢᠨ ᠭᠤᠷᠪᠠᠨ ᠳᠠᠪᠬᠤᠷ ᠳᠠᠷᠤᠯᠲᠠ ᠶᠢᠨ ᠡᠮᠦᠨ᠎ᠡ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠢᠮᠠᠭᠲᠠ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠠᠷ ᠭᠤᠣᠯ ᠰᠢᠵᠢᠮ ᠪᠣᠯᠭᠠᠵᠤ᠂ ᠶᠡᠷᠦᠩᠬᠡᠢ ᠱᠦᠵᠢ ᠰᠢ ᠶᠢᠨ ᠫᠢᠩ ᠎ ᠤᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠪᠣᠯᠤᠨ ︽ᠵᠢᠱᠢᠶᠡᠴᠢ ᠥᠪᠡᠷᠲᠡᠭᠡᠨ ᠵᠠᠰᠠᠬᠤ ᠣᠷᠣᠨ︾᠎ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠤᠨ ᠲᠣᠭᠤᠷᠢᠨ ᠳᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠠᠯ᠎ᠠ ᠪᠠᠷ ᠯᠠᠪᠳᠠᠭᠤᠨ ᠪᠠᠲᠤᠲᠠᠢ ᠠᠯᠬᠤᠮ ᠢ ᠠᠯᠬᠤᠪᠠ᠃    ᠨᠢᠭᠡ ᠵᠢᠯ ᠤᠨ ᠲᠤᠷᠰᠢ᠂ ᠪᠢᠳᠡ ᠬᠦᠨᠳᠤ ᠳᠠᠷᠤᠯᠲᠠ ᠶᠢ ᠲᠤᠯᠵᠤ᠂ ᠳᠠᠪᠬᠤᠷ ᠳᠠᠪᠬᠤᠷ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠠᠵᠤ ᠠᠬᠤᠶ ᠶᠢᠨ ᠠᠵᠢᠯᠯᠠᠭᠠᠨ ᠤ ᠪᠠᠶᠢᠳᠠᠯ ᠲᠣᠭᠲᠠᠭᠤᠨ ᠢᠶᠠᠷ ᠰᠠᠶᠢᠵᠢᠷᠠᠪᠠ᠃ ᠤᠯᠤᠰ᠂ ᠥᠪᠡᠷᠲᠡᠭᠡᠨ ᠵᠠᠰᠠᠬᠤ ᠣᠷᠣᠨ᠂ ᠤᠯᠠᠭᠠᠨᠴᠠᠪ ᠬᠤᠲᠠ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠠᠯᠢ ᠣᠯᠠᠨ ᠲᠥᠷᠥ ᠶᠢᠨ ᠪᠣᠳᠣᠯᠭ᠎ᠠ ᠂ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠵᠤ ᠠᠬᠤᠶ ᠶᠢᠨ ᠠᠵᠢᠯᠯᠠᠭᠠᠨ ᠢ ᠦᠷᠭᠦᠯᠵᠢᠯᠡᠨ ᠰᠡᠷᠭᠦᠭᠡᠵᠦ᠂ ᠡᠯ᠎ᠡ ᠵᠦᠶᠯ ᠤᠨ ᠭᠦᠶᠴᠡᠳᠬᠡᠯ ᠲᠤᠭ᠎ᠠ ᠶᠢ ᠨᠡᠯᠢᠶᠡᠳ ᠲᠦᠷᠭᠡᠨ ᠨᠡᠮᠡᠭᠳᠡᠭᠦᠯᠬᠦ ᠶᠢ ᠪᠡᠶᠡᠯᠡᠭᠦᠯᠪᠡ᠃ ᠭᠠᠵᠠᠷ ᠣᠷᠣᠨ ᠤ ᠦᠶᠯᠡᠳᠪᠦᠷᠢᠯᠡᠯ ᠤᠨ ᠪᠥᠬᠦ ᠥᠷᠲᠡᠭ ᠢ 265.6 ᠳ᠋ᠦᠩᠰᠢᠭᠤᠷ ᠲᠥᠭᠦᠷᠢᠭ ᠪᠡᠶᠡᠯᠡᠭᠦᠯᠵᠦ᠂ 8.4%᠎ ᠪᠠᠷ ᠨᠡᠮᠡᠭᠳᠡᠪᠡ᠃ ᠲᠣᠭᠲᠠᠭᠠᠯ ᠳᠠᠬᠢ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠶ ᠦᠷᠳᠡᠭ 362 ᠳ᠋ᠦᠩᠰᠢᠭᠤᠷ ᠲᠥᠭᠦᠷᠢᠭ ᠲᠤ ᠬᠦᠷᠴᠦ᠂ ᠨᠡᠮᠡᠭᠳᠡᠯ ᠦᠷᠳᠡᠭ 16.1%᠎ ᠪᠠᠷ ᠨᠡᠮᠡᠭᠳᠡᠪᠡ᠃  ᠲᠤᠭᠤᠷᠢᠭ ᠤᠨ ᠲᠠᠰ ᠤᠨ 110 ᠭᠤᠤᠯᠳᠠᠯᠭ᠎ᠠ ᠲᠠᠢ ᠲᠥᠷᠥᠯ ᠵᠦᠶᠯ ᠢ ᠬᠡᠷᠡᠭᠵᠢᠭᠦᠯᠵᠦ᠂ ᠵᠢᠯ ᠤᠨ ᠳᠣᠲᠣᠷ᠎ᠠ 25 ᠲᠥᠷᠥᠯ ᠵᠦᠶᠯ ᠢ ᠰᠢᠨ᠎ᠡ ᠪᠠᠷ ᠠᠰᠢᠭᠯᠠᠯᠲᠠ ᠳᠤ ᠣᠷᠣᠭᠤᠯᠵᠤ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ 135.8 ᠳ᠋ᠦᠩᠰᠢᠭᠤᠷ ᠲᠥᠭᠦᠷᠢᠭ ᠪᠡᠶᠡᠯᠡᠭᠦᠯᠵᠦ᠂ 29.5%᠎ ᠪᠠᠷ ᠨᠡᠮᠡᠭᠳᠡᠪᠡ᠃ ᠸᠠᠨ ᠳ᠋ᠠ᠂ ᠦ᠋ ᠶᠤᠸᠠᠢ᠂  ᠸᠧᠢ  ᠳ᠋ᠦᠸᠧ ᠯᠢ ᠵᠡᠷᠭᠡ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ 97 ᠰᠢᠨ᠎ᠡ ᠨᠠᠷᠠᠲᠤ ᠲᠡᠮᠳᠡᠭᠲᠦ ᠶᠢ ᠣᠷᠣᠭᠤᠯᠤᠨ ᠠᠪᠴᠢᠷᠠᠵᠤ᠂ ᠰᠦᠯᠵᠢᠶᠡᠨ ᠳᠡᠭᠡᠷᠡᠬᠢ ᠰᠢᠭᠤᠳ ᠨᠡᠪᠲᠡᠷᠡᠭᠦᠯᠭᠡ ᠪᠠ ᠰᠦᠯᠵᠢᠶᠡᠨ ᠠᠴᠠ ᠭᠠᠳᠠᠭᠤᠷᠬᠢ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢ 200 ᠰᠢᠬᠠᠮ ᠲᠠᠯᠠᠪᠤᠷ ᠡᠷᠭᠢᠯᠡᠵᠦ᠂ ᠨᠡᠶᠢᠭᠡᠮ ᠤᠨ ᠬᠡᠷᠡᠭᠯᠡᠭᠡᠨ ᠤ ᠵᠦᠶᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 100 ᠳ᠋ᠦᠩᠰᠢᠭᠤᠷ ᠲᠥᠭᠦᠷᠢᠭ ᠲᠤ ᠬᠦᠷᠴᠦ᠂ 8.5%᠎ ᠪᠠᠷ ᠨᠡᠮᠡᠭᠳᠡᠪᠡ᠃ ᠠᠷᠠᠳ ᠤᠨ ᠠᠮᠢᠳᠤᠷᠠᠯ ᠤᠨ ᠴᠢᠬᠤᠯᠠ ᠲᠠᠸᠠᠷ ᠤᠨ ᠬᠡᠮᠵᠢᠶ᠎ᠡ ᠭᠦᠢᠴᠡᠳ ᠦᠨ᠎ᠡ ᠲᠣᠭᠲᠠᠭᠤᠨ ᠪᠠᠶᠢᠵᠤ᠂ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠬᠠᠩᠰᠢ 1.1%᠎ ᠪᠠᠷ ᠪᠠᠭᠤᠷᠠᠪᠠ᠃ ᠭᠠᠶᠢᠯᠢ ᠲᠠᠲᠠᠪᠤᠷᠢ ᠶᠢᠨ ᠨᠡᠮᠡᠭᠳᠡᠯ ᠢ ᠭᠦᠨᠵᠡᠭᠡᠶ ᠠᠭᠤᠳᠠᠯᠵᠤ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 13.2 ᠳ᠋ᠦᠩᠰᠢᠭᠤᠷ ᠲᠥᠭᠦᠷᠢᠭ ᠪᠡᠶᠡᠯᠡᠭᠦᠯᠵᠦ᠂ 5.6%᠎ ᠪᠠᠷ ᠨᠡᠮᠡᠭᠳᠡᠪᠡ᠃ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 41716 ᠲᠥᠭᠦᠷᠢᠭ᠂ 24739 ᠲᠥᠭᠦᠷᠢᠭ ᠲᠤ ᠬᠦᠷᠴᠦ᠂ ᠲᠤᠰ ᠲᠤᠰ 6.1% ᠪᠠ 9.3%᠎ ᠪᠠᠷ ᠨᠡᠮᠡᠭᠳᠡᠪᠡ᠃ 7 ᠵᠦᠢᠯ ᠤᠨ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠨᠢ ᠴᠥᠮ ᠵᠢᠯ ᠤᠨ ᠡᠬᠢᠨ ᠤ ᠵᠢᠱᠢᠭᠰᠡᠨ ᠬᠠᠷᠠᠯᠲᠠ ᠠᠴᠠ ᠳᠠᠪᠠᠵᠤ᠂ 6 ᠵᠦᠢᠯ ᠤᠨ ᠭᠦᠢᠴᠡᠳᠬᠡᠯ ᠲᠤᠭ᠎ᠠ ᠶᠢᠨ ᠶᠡᠷᠦᠩᠬᠡᠢ ᠬᠡᠮᠵᠢᠶ᠎ᠡ ᠨᠢ ᠪᠦᠬᠦ ᠬᠤᠳᠠ ᠶᠢᠨ ᠨᠢᠭᠡᠳᠦᠭᠡᠷ ᠲᠤ ᠣᠷᠣᠵᠤ᠂ ᠡᠩ ᠤᠨ ᠤᠯᠠᠨ ᠨᠡᠶᠢᠲᠡ ᠶᠢᠨ ᠲᠥᠰᠦᠪ ᠤᠨ ᠣᠷᠣᠯᠭ᠎ᠠ ᠠᠴᠠ ᠭᠠᠳᠠᠨ᠎ᠠ᠂ ᠪᠤᠰᠤᠳ 6 ᠵᠦᠢᠯ ᠤᠨ ᠭᠦᠢᠴᠡᠳᠬᠡᠯ ᠲᠤᠭ᠎ᠠ ᠶᠢᠨ ᠨᠡᠮᠡᠭᠳᠡᠯ ᠤᠨ ᠬᠤᠷᠳᠤᠴᠠ ᠨᠢ ᠴᠥᠮ ᠪᠦᠬᠦ ᠬᠤᠳᠠ ᠶᠢᠨ ᠳᠤᠮᠳᠠᠴᠢ ᠲᠦᠪᠰᠢᠨ ᠠᠴᠠ ᠳᠠᠪᠠᠵᠤ᠂ ᠭᠤᠣᠯ ᠬᠤᠳᠠ ᠶᠢᠨ ᠲᠣᠭᠤᠷᠢᠭ ᠤᠨ ᠪᠦᠬᠦ ᠬᠤᠳᠠ ᠶᠢᠨ ᠠᠵᠤ ᠠᠬᠤᠢ ᠶᠢᠨ ᠬᠥᠭᠵᠢᠯᠲᠡ ᠶᠢ ᠳᠠᠶᠢᠴᠢᠯᠠᠬᠤ ︽ᠪᠤᠬ᠎ᠠ ᠲᠡᠷᠭᠡ︾᠎ ᠶᠢᠨ ᠦᠢᠯᠡᠳᠦᠯ ᠦᠷᠭᠦᠯᠵᠢᠯᠡᠨ ᠢᠯᠡᠷᠡᠵᠡᠢ᠃    ᠨᠢᠭᠡ ᠵᠢᠯ ᠤᠨ ᠲᠤᠷᠰᠢ᠂ ᠪᠢᠳᠡ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠪᠥᠬᠦ ᠬᠦᠴᠦᠨ ᠢᠶᠠᠷ ᠢᠶᠠᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠵᠦ᠂ ᠣᠲᠣ ᠦᠶ᠎ᠡ ᠶᠢᠨ ᠠᠵᠤ ᠦᠶᠯᠡᠰ ᠤᠨ ᠰᠢᠰᠲ᠋ᠧᠮ ᠢ ᠲᠦᠷᠭᠡᠪᠴᠢᠯᠡᠨ ᠪᠠᠶᠢᠭᠤᠯᠪᠠ᠃ ᠲᠠᠷᠢᠶᠠᠨ ᠭᠠᠵᠠᠷ ᠤᠨ ᠬᠠᠮᠠᠭᠠᠯᠠᠯᠲᠠ ᠶᠢᠨ  ᠬᠤᠷᠢᠭ᠎ᠠ ᠱᠤᠭᠤᠮ ᠪᠣᠯᠤᠨ ᠠᠮᠤ ᠪᠤᠳᠠᠭᠠᠨ ᠤ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠵᠤ᠂ ᠠᠮᠤ ᠪᠤᠳᠠᠭ᠎ᠠ ᠲᠠᠷᠢᠬᠤ ᠲᠠᠯᠠᠪᠠᠢ ᠪᠣᠯᠤᠨ ᠤᠨᠠᠯᠲᠠ ᠶᠢᠨ ᠬᠡᠮᠵᠢᠶ᠎ᠡ ︽ᠬᠤᠣᠰ ᠨᠡᠮᠡᠭᠳᠡᠯ︾᠎ ᠢ ᠪᠡᠶᠡᠯᠡᠭᠦᠯᠪᠡ᠃ ᠰᠠᠭᠠᠯᠢ ᠶᠢᠨ ᠦᠨᠢᠶ᠎ᠡ ᠶᠢᠨ ᠠᠮᠢ ᠠᠬᠤᠶ ᠶᠢᠨ ᠲᠡᠵᠢᠭᠡᠨ ᠦᠷᠡᠵᠢᠭᠦᠯᠬᠦ ᠬᠦᠷᠢᠶᠡᠯᠡᠩ ᠲᠣᠭᠤᠷᠢᠭ ᠢ ᠲᠦᠷᠭᠡᠳᠬᠡᠨ ᠪᠠᠶᠢᠭᠤᠯᠵᠤ᠂ ᠰᠠᠨ ᠬᠥ᠋ ᠴᠢᠤᠸᠠᠨ᠂ ᠵᠢᠷᠭᠤᠳᠤᠭᠠᠷ ᠰᠤᠮᠤ ᠶᠢᠨ ᠠᠯᠠᠰᠢᠨ ᠦᠬᠡᠷ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠢ ᠪᠥᠬᠦ ᠲᠠᠯ᠎ᠠ ᠪᠠᠷ ᠪᠠᠶᠢᠭᠤᠯᠤᠨ ᠪᠦᠲᠦᠭᠡᠪᠡ᠃ ︽ᠤᠤᠯ ᠠᠮᠲᠠᠲᠤ ᠤᠯᠠᠭᠠᠨᠴᠠᠪ︾᠎ ᠤᠨ ᠨᠠᠷᠠᠲᠤ ᠲᠡᠮᠳᠡᠭᠲᠦ ᠶᠢᠨ ᠡᠷᠬᠡ ᠣᠯᠭᠤᠭᠰᠠᠨ ᠠᠵᠤ ᠠᠬᠤᠶᠢᠯᠠᠯ 9 ᠪᠣᠯᠵᠣ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠦᠨ ᠬᠤᠪᠢᠷᠠᠭᠤᠯᠬᠤ ᠨᠣᠷᠮ᠎ᠠ ᠶᠢ 75% ᠪᠣᠯᠭᠠᠨ ᠳᠡᠭᠡᠭᠰᠢᠯᠡᠭᠦᠯᠵᠦ᠂ ᠦᠶᠯᠡᠳᠬᠦᠨ ᠤ ᠥᠷᠲᠡᠭ ᠨᠢ 12 ᠳ᠋ᠦᠩᠰᠢᠭᠤᠷ ᠲᠥᠭᠦᠷᠢᠭ ᠢ ᠳᠠᠪᠠᠵᠤ᠂ ᠠᠳᠠᠯᠢ ᠬᠤᠭᠤᠴᠠᠭᠠᠨ ᠤ ᠬᠢ ᠠᠴᠠ 23%᠎ ᠪᠠᠷ ᠨᠡᠮᠡᠭᠳᠡᠪᠡ᠃ ᠵᠢᠩ ᠨᠢᠩ ᠬᠤᠶᠠᠳᠤᠭᠠᠷ ᠬᠤᠭᠤᠴᠠᠭᠠᠨ ᠤ ᠢᠯᠴᠢ ᠴᠠᠬᠢᠯᠭᠠᠨ ᠤ ᠬᠠᠮᠲᠤᠷᠠᠨ ᠦᠢᠯᠡᠳᠪᠦᠷᠢᠯᠡᠬᠦ ᠵᠦᠢᠯᠡᠰ ᠤᠷᠤᠭᠰᠢᠲᠠᠶ ᠪᠠᠷ ᠠᠰᠢᠭᠯᠠᠯᠲᠠ ᠳᠤ ᠣᠷᠣᠵᠤ᠂ ᠴᠠᠬᠢᠯᠭᠠᠨ ᠭᠠᠷᠭᠠᠬᠤ ᠬᠡᠮᠵᠢᠶ᠎ᠡ ᠪᠠ ᠢᠯᠴᠢ ᠬᠠᠩᠭᠠᠬᠤ ᠬᠡᠮᠵᠢᠶ᠎ᠡ ᠨᠢ ᠣᠷᠴᠢᠮ ᠤᠨ ᠵᠢᠯ ᠤᠳ ᠤᠨ ᠬᠠᠮᠤᠭ ᠤᠨ ᠥᠨᠳᠥᠷ ᠲᠡᠮᠳᠡᠭᠯᠡᠯ ᠢ ᠡᠭᠦᠳᠪᠡ᠃ ᠰᠢᠶᠠᠩ ᠲᠠᠢ ᠣᠷᠴᠢᠨ ᠠᠬᠤᠶ ᠶᠢᠨ ᠬᠠᠮᠠᠭᠠᠯᠠᠯᠲᠠ ᠶᠢ ᠠᠰᠢᠭᠯᠠᠯᠲᠠ ᠳᠤ ᠣᠷᠣᠭᠤᠯᠤᠨ ᠡᠵᠡᠩᠨᠡᠵᠦ᠂ ᠬᠤᠸᠠ ᠷᠦᠢ ᠨᠡᠭᠦᠷᠡᠰᠦᠲᠥ᠋ᠷᠥᠭᠴᠢ ᠡᠳ᠋᠂  ᠨᠠᠨ ᠳ᠋ᠠ ᠭᠡᠷᠡᠯ ᠴᠠᠬᠢᠯᠭᠠᠨ ᠤ ᠡᠨᠧᠷᠭᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠪᠡᠶᠡᠯᠡᠭᠦᠯᠵᠦ᠂ ᠰᠠᠨ ᠰᠢᠨ ᠪᠢᠯᠢᠭ ᠲᠦᠢᠯ ᠤᠨ ᠮᠠᠲ᠋ᠧᠷᠢᠶᠠᠯ᠂ ᠵᠦᠩ ᠬᠤᠩ ᠽᠢ ᠵᠢᠩ ᠬᠤᠶᠠᠳᠤᠭᠠᠷ ᠬᠤᠭᠤᠴᠠᠭᠠᠨ ᠤ ᠥᠭᠡᠷᠡᠴᠢᠯᠡᠯᠲᠡ ᠶᠢ ᠲᠣᠭᠲᠠᠭᠤᠨ ᠢᠶᠠᠷ ᠠᠬᠢᠭᠤᠯᠤᠨ᠂ ᠨᠠᠨ ᠳ᠋ᠠ ᠭᠡᠷᠡᠯ ᠴᠠᠬᠢᠯᠭᠠᠨ ᠤ ᠭᠤᠷᠪᠠᠨ ᠹᠯᠣᠷᠲᠤ ᠠᠽᠣᠲ᠂ ᠳ᠋ᠥᠩ ᠶᠠᠩ ᠭᠤᠸᠠᠩ ᠬᠤᠷᠠᠮᠠᠯ ᠳᠠᠪᠬᠤᠷᠭ᠎ᠠ ᠶᠢᠨ ᠴᠠᠭᠠᠰᠤ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠪᠡ᠃ ᠠᠯᠢᠪᠠᠪᠠ 5 ᠲᠦᠮᠡᠨ ᠦᠢᠯᠡᠴᠢᠯᠡᠭᠡᠨ ᠤ ᠮᠠᠰᠢᠨ ᠢ ᠰᠢᠨ᠎ᠡ ᠪᠠᠷ ᠨᠡᠮᠡᠭᠳᠡᠭᠦᠯᠵᠦ᠂  ᠬᠡᠷᠡᠭᠵᠢᠭᠦᠯᠦᠯᠲᠡ ᠶᠢᠨ ᠨᠤᠷᠮ᠎ᠠ ᠶᠢ 40%᠎ ᠪᠠᠷ ᠳᠡᠭᠡᠭᠰᠢᠯᠡᠭᠦᠯᠵᠦ᠂ 10.4 ᠳ᠋ᠦᠩᠰᠢᠭᠤᠷ ᠲᠥᠭᠦᠷᠢᠭ ᠤᠨ ᠦᠢᠯᠡᠳᠬᠦᠨ ᠤ ᠦᠷᠳᠡᠭ ᠢ ᠪᠡᠶᠡᠯᠡᠭᠦᠯᠪᠡ᠃  ᠳ᠋ᠦᠡᠭ ᠶᠠᠩ ᠭᠤᠸᠠᠩ ᠬᠤᠸᠠ ᠴᠸᠡᠭ ᠪᠦᠸᠧ᠂ ᠬᠠᠶ ᠯᠢ ᠴᠠᠬᠢᠯᠭᠠᠨ ᠪᠠᠭᠲᠠᠭᠠᠭᠴᠢ ᠶᠢᠨ ᠦᠶᠯᠡᠳᠪᠦᠷᠢᠯᠡᠯ ᠤᠨ ᠱᠤᠭᠤᠮ ᠢ ᠰᠢᠨ᠎ᠡ ᠪᠠᠷ 49 ᠨᠡᠮᠡᠭᠳᠡᠭᠦᠯᠵᠦ᠂ ᠦᠶᠯᠡᠳᠪᠦᠷᠢᠯᠡᠬᠦ ᠴᠢᠳᠠᠪᠤᠷᠢ ᠶᠢ 20%᠎ ᠪᠠᠷ ᠳᠡᠭᠡᠭᠰᠢᠯᠡᠭᠦᠯᠪᠡ᠃ ᠭᠡᠷ ᠪᠠᠶᠢᠰᠢᠩ ᠤᠨ ᠦᠵᠡᠭᠦᠯᠦᠯᠭᠡ ᠶᠢᠨ ᠴᠤᠭᠯᠠᠭᠠᠨ ᠢ 2 ᠬᠤᠭᠤᠴᠠᠭ᠎ᠠ ᠡᠷᠬᠢᠯᠡᠵᠦ᠂ ᠪᠦᠬᠦ ᠵᠢᠯ ᠳᠤ 3843 ᠢᠵᠢ ᠲᠠᠸᠠᠷ ᠤᠨ ᠭᠡᠷ ᠪᠠᠶᠢᠰᠢᠩ᠂ 51.35 ᠲᠦᠮᠡᠨ ᠲᠡᠭᠰᠢ ᠳᠥᠷᠪᠡᠯᠵᠢᠨ ᠮᠧᠲᠷ ᠤᠨ ᠲᠠᠸᠠᠷ ᠤᠨ ᠭᠡᠷ ᠪᠠᠶᠢᠰᠢᠩ ᠠᠷᠠᠯᠵᠢᠶᠠᠯᠠᠪᠠ᠃ ︽ᠤᠯᠠᠭᠠᠨᠪᠠᠭᠠᠲᠤᠷ ᠤᠯᠠᠭᠠᠨ ᠦᠳᠡ ᠤᠯᠠᠭᠠᠨᠴᠠᠪ︾᠎ ᠤᠨ ᠣᠯᠠᠨ ᠤᠯᠤᠰ ᠤᠨ ᠵᠠᠰᠠᠮᠠᠯ ᠵᠠᠮ ᠤᠨ ᠪᠠᠷᠠᠭᠠᠨ ᠤ ᠭᠦᠶᠯᠭᠡᠭᠡᠨ ᠤ ᠵᠠᠮ ᠨᠡᠪᠲᠡᠷᠡᠨ ᠠᠵᠢᠯᠯᠠᠵᠤ᠂ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ TIR ᠤᠯᠤᠰ ᠤᠨ ᠬᠢᠯᠢ ᠠᠯᠤᠰᠯᠠᠭᠰᠠᠨ ᠵᠠᠰᠠᠮᠠᠯ ᠵᠠᠮ ᠤᠨ ᠲᠡᠭᠡᠭᠡᠪᠦᠷᠢ ᠶᠢᠨ ᠵᠠᠮ ᠱᠤᠭᠤᠮ ᠪᠣᠯᠤᠭᠰᠠᠨ ᠪᠠᠶᠢᠨ᠎ᠠ᠃ ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠲᠤᠭ᠎ᠠ 24.1 ᠳ᠋ᠦᠩᠰᠢᠭᠤᠷ ᠲᠥᠭᠦᠷᠢᠭ ᠲᠤ ᠬᠦᠷᠴᠦ᠂ ᠪᠦᠬᠦ ᠬᠤᠳᠠ ᠶᠢᠨ 60%᠎ ᠠᠴᠠ ᠳᠡᠭᠡᠭᠰᠢᠬᠢ ᠶᠢ ᠡᠵᠡᠯᠡᠪᠡ᠃ ︽ᠬᠤᠶᠠᠷ ᠵᠡᠭᠡᠯᠢ ᠭᠤᠷᠪᠠᠨ ᠬᠤᠲᠠ︾᠎ ᠶᠢᠨ ᠠᠮᠢᠳᠤᠯᠢᠭ ᠡᠵᠡᠩᠨᠡᠯᠲᠡ ᠶᠢ ᠰᠢᠪᠲᠤᠯᠤᠯᠲᠠ ᠶᠢᠨ ᠴᠢᠨᠠᠷᠲᠠᠶ ᠠᠬᠢᠴᠠ ᠲᠠᠢ ᠪᠣᠯᠭᠠᠵᠤ᠂ ᠵᠢᠨᠢᠩ ᠵᠠᠮ ᠤᠨ ᠡᠷᠲᠡᠨ ᠤ ᠬᠤᠲᠠ ᠶᠢᠨ ᠬᠤᠳᠠᠯᠳᠤᠭᠠᠴᠢᠨ ᠤᠷᠢᠬᠤ ᠡᠵᠡᠩᠨᠡᠯᠲᠡ ᠶᠢ ᠪᠥᠬᠦ ᠲᠠᠯ᠎ᠠ ᠪᠠᠷ ᠡᠬᠢᠯᠡᠭᠦᠯᠵᠦ᠂ ᠴᠠᠬᠠᠷ ᠡᠷᠲᠡᠨ ᠤ ᠵᠡᠭᠡᠯᠢ ︽ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠰᠡᠯᠡᠭᠦᠴᠡᠯ ᠤᠨ ᠵᠡᠭᠡᠯᠢ ᠲᠣᠭᠤᠷᠢᠭ︾ ︽ᠥᠪᠡᠷᠲᠡᠭᠡᠨ ᠵᠠᠰᠠᠬᠤ ᠣᠷᠣᠨ ᠤ ᠰᠥᠨᠢ ᠶᠢᠨ ᠰᠣᠶᠣᠯ ᠪᠠ ᠵᠢᠭᠤᠯᠴᠢᠯᠠᠯ ᠤᠨ ᠬᠡᠷᠡᠭᠯᠡᠭᠡᠨ ᠤ ᠲᠥᠪᠯᠡᠷᠡᠭᠰᠡᠨ ᠣᠷᠣᠨ︾᠎ ᠤ ᠢᠷᠠᠭᠤ ᠠᠯᠳᠠᠷ ᠢ ᠭᠥᠷᠳᠡᠵᠦ᠂ ᠵᠢᠨᠢᠩ ᠤᠨ ᠳᠠᠶᠢᠯᠠᠯᠳᠤᠭᠠᠨ ᠤ ᠬᠤᠪᠢᠰᠬᠠᠯ ᠤᠨ ᠳᠤᠷᠠᠰᠬᠠᠯᠲᠤ ᠬᠦᠷᠢᠶᠡᠯᠡᠩ ᠮᠤᠵᠢ ᠶᠢᠨ ᠲᠠᠰ ᠤᠨ ᠪᠣᠯᠪᠠᠰᠤᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠨᠢᠭᠡᠴᠡ ᠳᠤ ᠰᠣᠩᠭᠤᠭᠳᠠᠪᠠ᠃ ᠦ᠋ ᠶᠤᠸᠠᠢ ᠠᠭᠤᠳᠠᠮ ᠲᠠᠯᠠᠪᠠᠢ ᠳᠤ ᠥᠪᠡᠷᠲᠡᠭᠡᠨ ᠵᠠᠰᠠᠬᠤ ᠣᠷᠣᠨ ᠤ ᠲᠦᠷᠦᠯ ᠲᠡᠮᠳᠡᠭ ᠤᠨ ᠲᠦᠷᠦᠭᠦᠦ 2 ᠳᠡᠯᠭᠡᠭᠦᠷ ᠢ ᠣᠷᠣᠭᠤᠯᠤᠨ ᠠᠪᠴᠢᠷᠠᠪᠠ᠃ ᠪᠦᠬᠦ ᠬᠤᠳᠠ ᠶᠢᠨ ᠠᠩᠬᠠᠳᠠᠭᠴᠢ ᠭᠡᠷ ᠳᠣᠲᠣᠷᠠᠬᠢ ᠮᠥᠰᠥ ᠲᠡᠰᠢᠯᠲᠡ ᠶᠢᠨ ᠣᠷᠳᠣᠨ ᠡᠭᠦᠳᠡ ᠪᠠᠨ ᠨᠡᠭᠡᠭᠡᠵᠦ ᠡᠵᠡᠩᠨᠡᠯᠲᠡ ᠪᠠᠨ ᠡᠬᠢᠯᠡᠭᠦᠯᠵᠦ᠂ ᠮᠥᠰᠥ ᠴᠠᠰᠤᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠲᠦᠷᠪᠡᠨ ᠤᠯᠠᠷᠢᠯ ᠤᠨ ᠬᠡᠪ ᠤᠨ ᠪᠠᠶᠢᠳᠠᠯ ᠲᠡᠰᠢ ᠠᠯᠬᠤᠮ ᠠᠯᠬᠤᠮ ᠢᠶᠠᠷ ᠤᠷᠤᠭᠰᠢᠯᠠᠪᠠ᠃ 6 ᠵᠤᠷᠪᠤᠰ ︽ᠵᠢᠨᠢᠩ ᠳᠤ ᠵᠢᠭᠤᠯᠴᠢᠯᠠᠬᠤ︾ ᠰᠣᠳᠣᠨ ᠵᠢᠭᠤᠯᠴᠢᠯᠠᠯ ᠤᠨ ᠵᠠᠮ ᠱᠤᠭᠤᠮ ᠢ ᠪᠣᠶ ᠪᠣᠯᠭᠠᠵᠤ᠂ ᠵᠤᠨ ᠤ ᠠᠮᠠᠷᠠᠯᠲᠠ ᠶᠢᠨ ᠰᠣᠶᠣᠯ ᠵᠢᠭᠤᠯᠴᠢᠯᠠᠯ ᠤᠨ ᠪᠠᠶᠠᠷ᠂ ᠣᠯᠠᠨ ᠤᠯᠤᠰ ᠤᠨ ᠠᠷᠠᠰᠤ ᠰᠢᠷᠢ ᠶᠢᠨ ᠪᠠᠶᠠᠷ᠂ ︽ᠠᠯᠲᠠᠨ ᠨᠠᠮᠤᠷ ᠤᠨ ᠪᠠᠷᠢᠯᠳᠤᠯᠭ᠎ᠠ︾ ︽ᠮᠥᠰᠥ ᠴᠠᠰᠤᠨ ᠤ ᠢᠨᠠᠭ ᠳᠤᠷᠠᠯᠠᠯ︾ ᠵᠡᠷᠭᠡ ᠰᠢᠷᠢᠰ ᠠᠵᠢᠯᠯᠠᠭ᠎ᠠ ᠶᠢ ᠡᠷᠭᠢᠯᠡᠵᠦ᠂ ᠰᠣᠶᠣᠯ ᠤᠨ ᠵᠢᠭᠤᠯᠴᠢᠯᠠᠯ ᠤᠨ ᠵᠠᠬ᠎ᠠ ᠳᠡᠯᠭᠡᠭᠦᠷ ᠦᠷᠭᠦᠯᠵᠢᠯᠡᠨ ᠬᠥᠭᠵᠢᠶᠡᠨ ᠲᠠᠢ ᠪᠣᠯᠵᠣ᠂ ᠪᠥᠬᠦ ᠵᠢᠯ ᠳᠤ 353 ᠲᠦᠮᠡᠨ ᠬᠥᠮᠦᠨ ᠤᠳᠠᠭ᠎ᠠ ᠶᠢᠨ ᠵᠤᠭᠠᠴᠠᠭᠰᠠᠳ ᠢ ᠭᠥᠯᠢᠶᠡᠨ ᠠᠪᠴᠤ᠂ ᠵᠢᠭᠤᠯᠴᠢᠯᠠᠯ ᠤᠨ ᠣᠷᠣᠯᠭ᠎ᠠ ᠶᠢᠨ ᠨᠡᠮᠡᠭᠳᠡᠯ 70%᠎ ᠶᠢ ᠳᠠᠪᠠᠪᠠ᠃   ᠨᠢᠭᠡ ᠵᠢᠯ ᠤᠨ ᠲᠤᠷᠰᠢ᠂ ᠪᠢᠳᠡ ᠰᠠᠭᠤᠷᠢ ᠲᠥᠬᠦᠭᠡᠷᠦᠮᠵᠢ ᠪᠠᠨ ᠲᠡᠭᠦᠯᠳᠡᠷᠵᠢᠭᠦᠯᠵᠦ᠂ ᠴᠢᠳᠠᠮᠵᠢ ᠲᠥᠬᠦᠷᠵᠢᠭᠦᠯᠦᠯᠲᠡ ᠪᠠᠨ ᠰᠢᠯᠢᠳᠡᠭᠵᠢᠭᠦᠯᠦᠨ᠂ ᠬᠤᠲᠠ ᠬᠥᠳᠡᠭᠡ ᠶᠢᠨ ᠣᠷᠴᠢᠨ ᠠᠬᠤᠶ ᠶᠢᠨ ᠳᠦᠷᠰᠦ ᠪᠠᠶᠢᠳᠠᠯ ᠢ ᠦᠷᠭᠦᠯᠵᠢᠯᠡᠨ ᠰᠠᠶᠢᠵᠢᠷᠠᠭᠤᠯᠪᠠ᠃ ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠪᠠ ᠥᠭᠡᠷᠡᠴᠢᠯᠡᠨ ᠪᠠᠶᠢᠭᠤᠯᠬᠤ ᠶᠢ ᠶᠡᠭᠡ ᠪᠠᠷ ᠠᠬᠢᠭᠤᠯᠵᠤ᠂ 41  ᠭᠤᠣᠯ ᠳᠡᠳ᠋ ᠵᠠᠮ᠂ 15 ᠠᠷᠤ ᠵᠡᠭᠡᠯᠢ ᠭᠤᠳᠤᠮᠵᠢ ᠶᠢ ᠵᠠᠰᠠᠵᠤ᠂ 103.9 ᠺᠢᠯᠣᠮᠧᠲᠷ ᠬᠤᠭᠤᠯᠠᠶ ᠶᠢᠨ ᠲᠣᠣᠷ ᠢ ᠳᠡᠪᠢᠰᠴᠦ᠂ 9.4 ᠲᠦᠮᠡᠨ ᠲᠡᠭᠰᠢ ᠳᠥᠷᠪᠡᠯᠵᠢᠨ ᠮᠧᠲᠷ ᠵᠠᠮ ᠤᠨ ᠭᠠᠳᠠᠷᠭᠤ ᠶᠢ ᠳᠡᠪᠢᠰᠴᠦ᠂ 73 ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠪᠠᠶᠢᠭᠤᠯᠬᠤ ᠠᠵᠢᠯ ᠢ ᠦᠨᠳᠦᠰᠦᠨ ᠳᠡᠭᠡᠨ ᠳᠠᠭᠤᠰᠬᠠᠵᠤ᠂ ᠪᠠᠶᠢᠭᠠᠯᠢ ᠶᠢᠨ ᠰᠢᠲᠠᠮᠠᠬᠠᠶ ᠬᠡᠢ ᠶᠢᠨ ᠳᠤᠮᠳᠠ ᠳᠠᠷᠤᠯᠲᠠᠲᠤ ᠬᠤᠭᠤᠯᠠᠶ ᠶᠢᠨ ᠲᠣᠣᠷ ᠤᠨ ᠪᠦᠷᠬᠦᠴᠡ ᠶᠢᠨ ᠨᠤᠷᠮ᠎ᠠ ᠶᠢ 90%᠎ ᠳᠤ ᠬᠦᠷᠭᠡᠵᠦ᠂ ᠡᠷᠦᠭᠡ ᠳᠤ ᠣᠷᠣᠬᠤ ᠨᠤᠷᠮ᠎ᠠ ᠶᠢ 12 ᠵᠠᠭᠤᠨ ᠤ ᠨᠢᠭᠡᠴᠢ ᠳᠡᠭᠡᠭᠰᠢᠯᠡᠭᠦᠯᠪᠡ᠃ 29 ᠰᠠᠭᠤᠭᠠᠯᠢ ᠲᠣᠭᠤᠷᠢᠭ ᠤᠨ ᠢᠯᠴᠢ ᠬᠠᠩᠭᠠᠬᠤ ᠬᠤᠶᠠᠳᠤᠭᠠᠷ ᠲᠣᠣᠷ ᠤᠨ ᠥᠭᠡᠷᠡᠴᠢᠯᠡᠯᠲᠡ ᠶᠢ ᠬᠡᠷᠡᠭᠵᠢᠭᠦᠯᠵᠦ᠂ 47 ᠢᠯᠴᠢ ᠰᠣᠯᠢᠯᠴᠠᠬᠤ ᠦᠷᠳᠡᠭᠡ ᠶᠢ ᠤᠶᠤᠨᠴᠢᠯᠠᠨ ᠬᠠᠮᠢᠶᠠᠷᠤᠨ ᠡᠵᠡᠮᠳᠡᠬᠦ ᠶᠢ ᠪᠡᠶᠡᠯᠡᠭᠦᠯᠦᠨ᠂ ᠵᠢᠩ ᠨᠢᠩ ᠬᠤᠶᠠᠳᠤᠭᠠᠷ ᠬᠤᠭᠤᠴᠠᠭᠠᠨ ᠤ ᠳᠠᠷᠤᠯᠲᠠ ᠶᠢ ᠲᠤᠰᠠᠭᠠᠷᠯᠠᠬᠤ ᠦᠷᠳᠡᠭᠡ ᠶᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠢᠯᠴᠢ ᠬᠠᠩᠭᠠᠬᠤ ᠶᠢ ᠪᠠᠲᠤᠯᠠᠬᠤ ᠴᠢᠳᠠᠪᠤᠷᠢ ᠶᠢ ᠢᠯᠡᠳᠲᠡ ᠳᠡᠭᠡᠭᠰᠢᠯᠡᠭᠦᠯᠪᠡ᠃ ᠰᠢᠨ᠎ᠡ ᠡᠨᠧᠷᠭᠢ ᠶᠢᠨ ᠰᠤᠷᠪᠤᠯᠵᠢ ᠶᠢᠨ ᠴᠠᠬᠢᠯᠭᠠᠨ ᠴᠡᠨᠡᠭᠯᠡᠬᠦ ᠲᠡᠷᠭᠡᠨ ᠵᠣᠭᠰᠣᠭᠠᠯ ᠢ 459 ᠰᠢᠨ᠎ᠡ ᠪᠠᠷ ᠨᠡᠮᠡᠭᠳᠡᠭᠦᠯᠵᠦ᠂ ᠮᠠᠰᠢᠨᠲᠤ ᠪᠤᠰᠤ ᠲᠡᠷᠭᠡᠨ ᠤ ᠵᠣᠭᠰᠣᠭᠠᠯ ᠢ 9000 ᠭᠠᠷᠤᠶ ᠨᠡᠮᠡᠭᠳᠡᠭᠦᠯᠪᠡ᠃ 10 ᠬᠠᠯᠠᠭᠤᠨ ᠳᠤᠯᠠᠭᠠᠨ ᠬᠡᠷ ᠪᠦᠯᠢ ᠶᠢ ᠰᠢᠨ᠎ᠡ ᠪᠠᠷ ᠪᠠᠶᠢᠭᠤᠯᠵᠤ᠂ ᠠᠷᠠᠳ ᠲᠤ ᠲᠥᠬᠦᠮ ᠦᠵᠡᠭᠦᠯᠬᠦ ᠵᠠᠬ᠎ᠠ ᠳᠡᠯᠭᠡᠭᠦᠷ ᠢ ᠨᠡᠭᠡᠭᠡᠵᠦ᠂ 13 ᠰᠥᠨᠢ ᠶᠢᠨ ᠵᠠᠬ᠎ᠠ ᠳᠡᠯᠭᠡᠭᠦᠷ ᠢ ᠨᠡᠭᠡᠭᠡᠵᠦ᠂ 10 ᠬᠤᠲᠠ ᠶᠢᠨ ᠦᠵᠡᠮᠵᠢ ᠶᠢᠨ ᠬᠠᠮᠢᠶᠠᠷᠤᠯᠲᠠ ᠶᠢᠨ ᠵᠢᠱᠢᠶ᠎ᠡ ᠦᠵᠡᠭᠦᠯᠬᠦ ᠵᠡᠭᠡᠯᠢ ᠶᠢ ᠪᠠᠶᠢᠭᠤᠯᠵᠤ᠂ ᠪᠥᠭᠡᠮ ᠬᠦᠴᠢᠯ ᠤᠨ ᠥᠯᠢᠭᠡᠷ ᠠᠪᠬᠤ ᠲᠢᠩᠰᠡ ᠶᠢ ᠪᠦᠬᠦᠨ ᠢ ᠬᠤᠲᠠ ᠶᠢᠨ ᠦᠶᠯᠡᠴᠢᠯᠡᠭᠡᠨ ᠤ ᠥᠷᠲᠡᠭᠡ ᠪᠣᠯᠭᠠᠨ ᠬᠤᠪᠢᠷᠠᠭᠤᠯᠤᠨ᠂ ᠬᠤᠲᠠ ᠶᠢᠨ ᠠᠷᠠᠳ ᠤᠨ ᠡᠳᠦᠷ ᠲᠤᠲᠤᠮ ᠤᠨ ᠠᠮᠢᠳᠤᠷᠠᠯ ᠳᠤ ᠲᠥᠬᠦᠮ ᠦᠵᠡᠭᠦᠯᠬᠦ ᠦᠶᠯᠡᠴᠢᠯᠡᠭᠡ ᠶᠢ ᠦᠷᠭᠦᠯᠵᠢᠯᠡᠨ ᠬᠠᠩᠭᠠᠨ᠎ᠠ ᠃  ᠴᠡᠴᠡᠷᠯᠢᠭ ᠂ 5 ᠺᠢᠯᠣᠮᠧᠲᠷ ᠤᠨ ᠪᠡᠶ᠎ᠡ ᠴᠢᠭᠢᠷᠠᠭᠵᠢᠭᠤᠯᠬᠤ ᠵᠠᠮ ᠢ ᠰᠢᠨ᠎ᠡ ᠪᠠᠷ ᠪᠠᠶᠢᠭᠤᠯᠵᠤ᠂ ᠰᠠᠭᠤᠭᠠᠯᠢ ᠠᠷᠠᠳ ᠤᠨ ᠳᠡᠷᠭᠡᠳᠡᠬᠢ ᠰᠡᠯᠡᠭᠦᠴᠡᠯ ᠤᠨ ᠪᠡᠶ᠎ᠡ ᠴᠢᠭᠢᠷᠠᠭᠵᠢᠭᠤᠯᠬᠤ ᠲᠠᠯᠠᠪᠤᠷ ᠭᠠᠵᠠᠷ ᠡᠳᠦᠷ ᠢᠷᠡᠬᠦᠶ᠎ᠡ ᠲᠡᠭᠦᠯᠳᠡᠷᠵᠢᠪᠡ᠃ ᠮᠠ ᠯᠢᠶᠠᠨ ᠲᠠᠨ ᠤᠰᠤᠨ ᠰᠤᠷᠪᠤᠯᠵᠢ ᠶᠢᠨ ᠭᠠᠵᠠᠷ᠂ ᠬᠤᠩ ᠬᠠᠶ ᠽᠢ ᠤᠰᠤᠨ ᠤ ᠦᠶᠯᠡᠳᠪᠦᠷᠢ ᠬᠤᠶᠢᠨ᠎ᠠ ᠬᠤᠶᠢᠨ᠎ᠠ ᠠᠴᠠ ᠪᠠᠨ ᠠᠰᠢᠭᠯᠠᠯᠲᠠ ᠳᠤ ᠣᠷᠣᠵᠤ᠂ ᠨᠢᠭᠡᠳᠦᠭᠡᠷ ᠬᠤᠶᠠᠳᠤᠭᠠᠷ ᠤᠰᠤᠨ ᠤ ᠦᠶᠯᠡᠳᠪᠦᠷᠢ ᠶᠢᠨ ᠬᠤᠯᠪᠣᠯᠳᠤᠨ ᠨᠡᠪᠲᠡᠷᠡᠯᠴᠡᠬᠦ ᠶᠢ ᠪᠡᠶᠡᠯᠡᠭᠦᠯᠵᠦ᠂ ᠤᠰᠤ ᠬᠠᠩᠭᠠᠬᠤ ᠪᠠᠲᠤᠯᠠᠭ᠎ᠠ ᠶᠢᠨ ᠴᠢᠳᠠᠪᠤᠷᠢ ᠶᠢ ᠦᠷᠭᠦᠯᠵᠢᠯᠡᠨ ᠴᠢᠩᠭᠠᠳᠬᠠᠪᠠ᠃ ᠬᠤᠲᠠ ᠲᠣᠭᠤᠷᠢᠭ ᠤᠨ ᠮᠤᠬᠤᠷ ᠵᠠᠮ ᠢ 3 ᠵᠤᠷᠪᠤᠰ ᠨᠡᠪᠲᠡᠷᠡᠭᠦᠯᠵᠦ ᠂ ᠬᠥᠳᠡᠭᠡ ᠲᠣᠰᠬᠤᠨ ᠤ ᠡᠷᠦᠬᠡ ᠶᠢᠨ ᠵᠣᠷᠯᠣᠩ ᠢ 160 ᠡᠷᠦᠬᠡ ᠳᠤ ᠥᠭᠡᠷᠡᠴᠢᠯᠡᠨ᠂ ᠬᠥᠳᠡᠭᠡ ᠲᠣᠰᠬᠤᠨ ᠤ ᠵᠠᠰᠠᠮᠠᠯ ᠵᠠᠮ ᠢ 9 ᠵᠤᠷᠪᠤᠰ ᠲᠠᠰ ᠳᠡᠪᠰᠢᠭᠦᠯᠵᠦ᠂ ᠰᠢᠯᠢᠳᠡᠭ ᠵᠢᠱᠢᠶ᠎ᠡ ᠦᠵᠡᠭᠦᠯᠬᠦ ᠲᠣᠰᠬᠤᠨ ᠢ 9 ᠪᠣᠶ ᠪᠣᠯᠭᠠᠵᠤ᠂ ᠬᠤᠲᠠ ᠬᠥᠳᠡᠭᠡ ᠶᠢᠨ ᠣᠷᠴᠢᠨ ᠲᠣᠭᠤᠷᠢᠨ ᠤ ᠳᠦᠷᠰᠦ ᠪᠠᠶᠢᠳᠠᠯ ᠢ ︽ᠪᠢᠴᠢᠯ ᠥᠭᠡᠷᠡᠴᠢᠯᠡᠯᠲᠡ᠂ ᠨᠠᠷᠢᠯᠢᠭ  ᠲᠡᠭᠡᠭᠰᠢᠯᠡᠭᠦᠯᠦᠯᠲᠡ︾ ᠳᠤᠮᠳᠠ ᠨᠠᠩ ᠢᠯᠡᠭᠦᠤ ᠣᠷᠣᠰᠢᠨ ᠰᠠᠭᠤᠬᠤ ᠳᠤ ᠲᠣᠬᠢᠷᠠᠮᠵᠢᠲᠠᠶ ᠪᠣᠯᠭᠠᠪᠠ᠃   ᠨᠢᠭᠡ ᠵᠢᠯ ᠤᠨ ᠲᠤᠷᠰᠢ᠂ ᠪᠢᠳᠡ ᠬᠠᠮᠠᠭᠠᠯᠠᠬᠤ ᠶᠢ ᠲᠡᠷᠢᠭᠦᠨ ᠳᠤ ᠲᠠᠯᠪᠢᠬᠤ ᠶᠢ ᠳᠣᠪᠣᠶᠢᠯᠭᠠᠵᠤ᠂ ᠵᠠᠰᠠᠯᠲᠠ ᠶᠢ ᠴᠢᠩᠭᠠᠳᠬᠠᠵᠤ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠦᠲᠦᠮᠵᠢᠲᠡᠢ ᠪᠠᠬᠢᠵᠢᠭᠦᠯᠪᠡ᠃ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠤᠯᠤᠰ ᠲᠦᠷᠦ ᠶᠢᠨ ᠬᠠᠷᠢᠭᠤᠴᠠᠯᠭ᠎ᠠ ᠶᠢ  ᠪᠠᠲᠤ ᠡᠭᠦᠷᠭᠡᠯᠡᠵᠦ᠂ ᠬᠤᠶᠠᠳᠤᠭᠠᠷ ᠡᠭᠡᠯᠵᠢ ᠶᠢᠨ ᠲᠥᠪ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠪᠦᠬᠦᠨ ᠢ ᠴᠡᠭᠴᠡᠯᠡᠨ ᠰᠠᠶᠢᠵᠢᠷᠠᠭᠤᠯᠵᠤ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠢ ᠦᠨᠡᠯᠡᠨ ᠵᠢᠱᠢᠬᠦ᠂ ᠬᠤᠳᠠ ᠪᠠᠯᠭᠠᠰᠤᠨ ᠤ ᠨᠡᠭᠡᠭᠡᠨ ᠬᠥᠭᠵᠢᠭᠦᠯᠦᠯᠲᠡ ᠶᠢᠨ ᠵᠠᠭᠠᠭ ᠱᠤᠭᠤᠮ ᠢ ᠲᠣᠭᠲᠠᠭᠠᠬᠤ ᠠᠵᠢᠯ ᠢ ᠲᠡᠭᠦᠰ ᠠᠮᠵᠢᠯᠲᠠᠲᠠᠢ ᠪᠡᠶᠡᠯᠡᠭᠦᠯᠪᠡ᠃ 65 ᠲᠣᠨ ᠠᠴᠠ ᠳᠡᠭᠡᠭᠰᠢᠬᠢ ᠨᠡᠭᠦᠷᠡᠰᠦ ᠰᠢᠲᠠᠭᠠᠬᠤ 8 ᠰᠠᠭᠤᠷᠢ ᠭᠦᠸᠧᠯᠦ ᠶᠢᠨ ᠬᠡᠲᠦ ᠳᠣᠤᠷ᠎ᠠ ᠭᠠᠳᠠᠭᠰᠢᠯᠠᠭᠤᠯᠤᠯᠲᠠ ᠶᠢᠨ ᠥᠭᠡᠷᠡᠴᠢᠯᠡᠯᠲᠡ ᠶᠢ ᠤᠷᠤᠭᠰᠢᠲᠠᠶ ᠳᠠᠭᠤᠰᠬᠠᠵᠤ᠂ 1.58 ᠲᠦᠮᠡᠨ ᠡᠷᠦᠬᠡ ᠰᠠᠭᠤᠭᠠᠯᠢ ᠠᠷᠠᠳ ᠤᠨ ᠰᠢᠲᠠᠭᠠᠯᠭ᠎ᠠ ᠶᠢᠨ ᠨᠡᠭᠦᠷᠡᠰᠦ ᠶᠢ ᠰᠤᠯᠠ ᠰᠢᠲᠠᠭᠠᠬᠤ ᠵᠠᠰᠠᠯᠲᠠ ᠶᠢ ᠬᠡᠷᠡᠭᠵᠢᠭᠦᠯᠦᠨ᠂ ᠢᠳᠡᠭᠡᠨ ᠤᠮᠳᠠᠭᠠᠨ ᠤ ᠳᠡᠯᠭᠡᠭᠦᠷ ᠤᠨ ᠲᠣᠰᠣ ᠣᠲᠤᠭ᠎ᠠ ᠴᠡᠪᠡᠷᠰᠢᠭᠦᠯᠬᠦ ᠲᠥᠬᠦᠭᠡᠷᠦᠮᠵᠢ ᠶᠢ ᠤᠭᠰᠠᠷᠠᠭᠤᠯᠤᠨ ᠠᠵᠢᠯ ᠲᠥᠷᠥᠯ ᠳᠤ ᠨᠡᠶᠢᠳᠡᠮ ᠪᠦᠷᠬᠦᠭᠦᠯᠬᠦ ᠶᠢ ᠪᠡᠶᠡᠯᠡᠭᠦᠯᠪᠡ᠃ ︽ᠳᠥᠷᠪᠡᠨ ᠰᠠᠮᠠᠭᠤᠨ ᠢ ᠠᠷᠢᠯᠭᠠᠬᠤ︾ ᠲᠤᠰᠬᠠᠶ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠰᠢᠶᠤᠤ ᠳ᠋ᠦᠩ ᠲᠠᠨ  ᠪᠣᠬᠢᠷ ᠤᠰᠤ ᠶᠢ ᠰᠢᠶᠳᠪᠦᠷᠢᠯᠡᠬᠦ ᠦᠶᠯᠡᠳᠪᠦᠷᠢ ᠶᠢ ᠥᠭᠡᠷᠡᠴᠢᠯᠡᠵᠦ ᠥᠷᠭᠡᠳᠬᠡᠨ ᠪᠠᠶᠢᠭᠤᠯᠬᠤ ᠢᠨᠵᠧᠨᠧᠷᠢᠩ ᠢ ᠲᠦᠷᠭᠡᠳᠬᠡᠨ  ᠠᠬᠢᠭᠤᠯᠤᠨ᠂ ᠱᠧᠩ ᠵᠢᠶᠠ ᠶᠢᠩ ᠠᠮᠢᠳᠤᠷᠠᠯ ᠤᠨ ᠪᠣᠬᠢᠷ ᠤᠰᠤ ᠶᠢ ᠰᠢᠶᠳᠪᠦᠷᠢᠯᠡᠬᠦ ᠦᠶᠯᠡᠳᠪᠦᠷᠢ ᠶᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠲᠥᠪᠯᠡᠷᠡᠩᠭᠦᠶ ᠮᠠᠶ᠋ᠢᠭ ᠤᠨ ᠤᠤᠭᠤᠬᠤ ᠤᠰᠤᠨ ᠤ ᠡᠬᠢ ᠰᠤᠷᠪᠤᠯᠵᠢ ᠶᠢᠨ ᠭᠠᠵᠠᠷ ᠪᠠ ᠭᠠᠵᠠᠷ ᠳᠣᠤᠷᠠᠬᠢ ᠤᠤᠭᠤᠬᠤ ᠤᠰᠤᠨ ᠤ ᠤᠰᠤᠨ ᠤ ᠴᠢᠨᠠᠷ ᠤᠨ ᠪᠠᠷᠢᠮᠵᠢᠶ᠎ᠠ ᠳᠤ ᠬᠦᠷᠦᠭᠰᠡᠨ ᠨᠣᠷᠮ᠎ᠠ ᠶᠢ ᠴᠥᠮ 100%᠎ ᠳᠤ ᠬᠦᠷᠦᠭᠦᠯᠬᠦ ᠶᠢ ᠪᠠᠲᠤᠯᠠᠪᠠ᠃ 3.68 ᠲᠦᠮᠡᠨ ᠮᠥ ᠬᠥᠮᠦᠨ ᠤ ᠬᠦᠴᠦ ᠪᠠᠷ ᠣᠶᠢᠵᠢᠭᠤᠯᠬᠤ᠂ ᠣᠶ ᠰᠢᠭᠤᠶ ᠶᠢ ᠠᠷᠠᠴᠢᠯᠠᠨ ᠪᠤᠶᠢᠵᠢᠭᠤᠯᠬᠤ᠂ ᠭᠤᠤᠯᠳᠠᠯᠭ᠎ᠠ ᠲᠠᠢ ᠣᠷᠣᠨ ᠪᠦᠰᠡ ᠶᠢᠨ ᠨᠣᠭᠤᠭᠠᠷᠠᠭᠤᠯᠤᠯᠲᠠ ᠶᠢ ᠪᠡᠶᠡᠯᠡᠭᠦᠯᠪᠡ᠃ ᠤᠢ ᠰᠢᠭᠤᠶ ᠡᠪᠡᠰᠦ ᠪᠡᠯᠴᠢᠭᠡᠷ ᠢ ᠡᠪᠳᠡᠬᠦ ᠠᠵᠢᠯᠯᠠᠭ᠎ᠠ ᠳᠤ ᠴᠣᠬᠢᠯᠲᠠ ᠥᠭᠬᠦ ᠲᠤᠰᠬᠠᠶ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠠᠰᠠᠭᠤᠳᠠᠯ ᠲᠠᠢ 34 ᠵᠦᠢᠯ  ᠢ ᠴᠡᠭᠴᠡᠯᠡᠨ ᠵᠠᠰᠠᠪᠠ᠃ ᠬᠤᠭ ᠨᠣᠪᠰᠢ ᠶᠢ ᠲᠥᠷᠥᠯ ᠬᠤᠪᠢᠶᠠᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ ᠂ ᠴᠢᠤᠸᠠᠨ ᠱᠠᠨ ᠵᠡᠭᠡᠯᠢ ᠭᠤᠳᠤᠮᠵᠢ ᠶᠢᠨ ᠬᠤᠭ ᠨᠣᠪᠰᠢ ᠶᠢ ᠲᠥᠷᠥᠯ ᠬᠤᠪᠢᠶᠠᠨ ᠵᠢᠱᠢᠶ᠎ᠡ ᠦᠵᠡᠭᠦᠯᠬᠦ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢ ᠡᠬᠢᠯᠡᠭᠦᠯᠵᠦ᠂ ᠳᠥᠷᠪᠡᠳᠡᠬᠢ ᠲᠥᠷᠥᠯ ᠬᠤᠪᠢᠶᠠᠭᠰᠠᠨ ᠬᠤᠭ ᠨᠣᠪᠰᠢ ᠶᠢᠨ ᠰᠠᠭᠤᠯᠠᠭ᠎ᠠ ᠶᠢᠨ ᠥᠷᠲᠡᠭᠡ ᠶᠢ 975 ᠲᠠᠯᠪᠢᠪᠠ᠃ ᠬᠠᠨ ᠯᠠᠨ ᠲᠣᠭᠤᠭᠠᠨ ᠬᠡᠷ ᠤᠨ ᠬᠤᠭ ᠨᠣᠪᠰᠢ ᠶᠢ ᠡᠬᠢ ᠪᠠᠶᠠᠯᠢᠭᠵᠢᠭᠤᠯᠤᠨ ᠠᠰᠢᠭᠯᠠᠬᠤ ᠲᠥᠷᠥᠯ ᠵᠦᠶᠯ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠵᠤ᠂ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠰᠢᠶᠳᠪᠦᠷᠢᠯᠡᠬᠦ ᠨᠣᠷᠮ᠎ᠠ ᠪᠠ ᠬᠤᠤᠷ ᠥᠬᠡᠶ ᠪᠣᠯᠭᠠᠨ ᠰᠢᠶᠳᠪᠦᠷᠢᠯᠡᠬᠦ ᠨᠣᠷᠮ᠎ᠠ ᠶᠢ 100%᠎ ᠳᠤ ᠬᠦᠷᠦᠭᠦᠯᠵᠦ᠂ ᠬᠠᠶᠠᠭᠳᠠᠮᠠᠯ ᠬᠠᠭᠤᠴᠢᠨ ᠲᠠᠷᠢᠶᠠᠯᠠᠩ ᠤᠨ  ᠪᠦᠷᠬᠦᠭᠦᠯ ᠤᠨ ᠪᠤᠴᠠᠭᠠᠨ ᠬᠤᠷᠢᠶᠠᠬᠤ ᠨᠣᠷᠮ᠎ᠠ ᠶᠢ 85%᠎ ᠳᠤ   ᠬᠦᠷᠦᠭᠦᠯᠪᠡ᠃     ᠨᠢᠭᠡ ᠵᠢᠯ ᠤᠨ ᠲᠤᠷᠰᠢ᠂ ᠪᠢᠳᠡ ᠥᠭᠡᠷᠡᠴᠢᠯᠡᠯᠲᠡ ᠨᠡᠭᠡᠭᠡᠯᠳᠡ ᠶᠢ ᠭᠦᠨᠵᠡᠭᠡᠶᠢᠷᠡᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠭᠰᠡᠨ ᠠᠴᠠ ᠬᠥᠭᠵᠢᠯᠲᠡ ᠶᠢᠨ ᠠᠮᠢᠵᠢᠷᠠᠯ ᠤᠨ ᠬᠦᠴᠦᠨ ᠪᠠ ᠬᠥᠳᠡᠯᠭᠡᠬᠦ ᠬᠦᠴᠦᠨ ᠲᠦᠷᠭᠡᠨ ᠢᠶᠠᠷ ᠢᠯᠡᠷᠡᠨ ᠭᠠᠷᠪᠠ᠃ ︽ᠬᠤᠶᠠᠷ ᠰᠢᠯᠢᠳᠡᠭ︾ ᠲᠤᠰᠬᠠᠶ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠬᠡᠷᠡᠭ ᠡᠷᠬᠢᠯᠡᠬᠦ ᠮᠠᠲ᠋ᠧᠷᠢᠶᠠᠯ᠂ ᠵᠠᠩᠭᠢᠯᠠᠭ᠎ᠠ᠂ ᠴᠠᠭ ᠤᠨ ᠬᠢᠵᠠᠭᠠᠷ ᠢ ᠳᠤᠮᠳᠠᠴᠢ ᠪᠠᠷ 51%᠎ ᠪᠠᠷ ᠪᠠᠭᠠᠰᠬᠠᠪᠠ᠃ ︽ᠨᠢᠭᠡ ᠤᠴᠢᠷ ᠶᠠᠪᠤᠳᠠᠯ ᠢ ᠨᠢᠭᠡ ᠯᠡ ᠤᠳᠠᠭ᠎ᠠ ᠳᠤ ᠰᠢᠶᠳᠪᠦᠷᠢᠯᠡᠬᠦ︾ ᠤᠴᠢᠷ ᠶᠠᠪᠤᠳᠠᠯ ᠢ 116 ᠵᠦᠢᠯ ᠪᠣᠯᠭᠠᠨ ᠥᠷᠭᠡᠳᠬᠡᠵᠦ᠂ 192 ᠦᠢᠯᠡᠴᠢᠯᠡᠭᠡᠨ ᠤ ᠤᠴᠢᠷ ᠶᠠᠪᠤᠳᠠᠯ ᠢ ︽ᠪᠦᠬᠦ ᠬᠤᠳᠠ ᠳᠤ ᠨᠡᠶᠢᠳᠡᠮ ᠰᠢᠶᠳᠪᠦᠷᠢᠯᠡᠬᠦ︾᠎ ᠶᠢ ᠪᠡᠶᠡᠯᠡᠭᠦᠯᠵᠦ᠂ 189 ᠥᠨᠳᠥᠷ ᠲᠠᠪᠳᠠᠮᠵᠢᠳᠤ  ᠶᠠᠪᠤᠳᠠᠯ ᠢ ︽ᠮᠤᠵᠢ ᠠᠯᠤᠰᠯᠠᠨ ᠨᠡᠶᠢᠳᠡᠮ ᠰᠢᠶᠳᠪᠦᠷᠢᠯᠡᠬᠦ︾᠎ ᠶᠢ ᠪᠡᠶᠡᠯᠡᠭᠦᠯᠪᠡ᠃ ᠡᠮ ᠡᠮᠨᠡᠯᠭᠡ ᠶᠢᠨ ᠳᠠᠭᠠᠳᠬᠠᠯ ᠤᠨ ᠭᠠᠷᠲᠠᠨ ᠭᠦᠶᠴᠡᠳᠬᠡᠬᠦ ᠦᠶᠯᠡᠴᠢᠯᠡᠭᠡ ᠶᠢ ᠰᠢᠯᠢᠳᠡᠭᠵᠢᠭᠦᠯᠦᠨ ᠳᠡᠭᠡᠭᠰᠢᠯᠡᠭᠦᠯᠵᠦ᠂ ᠡᠮ ᠡᠮᠨᠡᠯᠭᠡ ᠶᠢᠨ ᠳᠠᠭᠠᠳᠬᠠᠯ ᠤᠨ ᠦᠨᠳᠦᠰᠦᠨ ᠱᠠᠲᠤᠨ ᠤ ᠦᠶᠯᠡᠴᠢᠯᠡᠭᠡᠨ ᠤ ᠥᠷᠲᠡᠭᠡ ᠴᠢᠭ ᠢ 109 ᠪᠠᠶᠢᠭᠤᠯᠵᠤ᠂ 10 ᠶᠡᠭᠡ ᠲᠥᠷᠥᠯ ᠤᠨ 28 ᠵᠦᠶᠯ ᠤᠨ ᠦᠶᠯᠡᠴᠢᠯᠡᠭᠡᠨ ᠤ ᠵᠦᠶᠯᠡᠰ ᠢ ᠴᠠᠭ ᠲᠤᠬᠠᠶ ᠳᠤᠨᠢ ᠴᠠᠭ ᠬᠢᠵᠠᠭᠠᠷᠯᠠᠨ ᠰᠢᠶᠳᠪᠦᠷᠢᠯᠡᠵᠦ ᠳᠠᠭᠤᠰᠬᠠᠬᠤ ᠶᠢ ᠪᠡᠶᠡᠯᠡᠭᠦᠯᠪᠡ᠃ ᠵᠠᠰᠠᠭ ᠤᠨ ᠶᠠᠪᠤᠳᠠᠯ ᠤᠨ ᠦᠶᠯᠡᠴᠢᠯᠡᠭᠡ ᠶᠢ ᠦᠨᠳᠦᠰᠦᠨ ᠱᠠᠲᠤ ᠳᠠᠰᠢ ᠤᠷᠲᠤᠳᠬᠠᠬᠤ ᠶᠢ ᠶᠡᠬᠡᠪᠡᠷ ᠠᠬᠢᠭᠤᠯᠵᠤ᠂ ᠠᠷᠠᠳ ᠲᠤ ᠲᠥᠬᠦᠮ ᠦᠵᠡᠭᠦᠯᠬᠦ ᠦᠶᠯᠡᠴᠢᠯᠡᠭᠡᠨ ᠤ ᠲᠥᠪ ᠲᠤ ᠰᠢᠶᠠᠩ ᠪᠠᠯᠭᠠᠰᠤ ᠵᠡᠭᠡᠯᠢ ᠭᠤᠳᠤᠮᠵᠢ ᠶᠢ ᠪᠦᠬᠦᠨ ᠢ ︽ᠮᠢᠩᠭᠠᠨ ᠵᠦᠢᠯ ᠤᠨ ᠠᠮᠠᠯᠠᠯᠲᠠ︾᠎ ᠶᠢᠨ ᠡᠵᠡᠩᠨᠡᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠤᠰᠬᠠᠶ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ 80 ᠵᠦᠢᠯ ᠤᠨ ᠬᠦᠴᠦᠨ ᠴᠢᠳᠠᠪᠤᠷᠢ ᠶᠢᠨ ᠭᠦᠢᠴᠡᠳᠬᠡᠯ ᠲᠤᠭ᠎ᠠ ᠴᠥᠮ ᠪᠦᠬᠦ ᠬᠤᠳᠠ ᠶᠢᠨ ᠡᠮᠦᠨ᠎ᠡ ᠡᠩᠨᠡᠭᠡᠨ ᠳᠤ ᠣᠷᠣᠪᠠ᠃ ᠠᠵᠤ ᠠᠬᠤᠶᠢᠯᠠᠯ ᠢ ᠪᠥᠬᠦ ᠬᠦᠴᠦᠨ ᠢᠶᠠᠷ ᠢᠶᠠᠨ ᠬᠠᠪᠰᠤᠷᠤᠨ ᠬᠦᠴᠢᠷᠳᠡᠯ ᠢ ᠨᠢ ᠰᠢᠶᠳᠪᠦᠷᠢᠯᠡᠵᠦ᠂ ᠭᠠᠶᠢᠯᠢ ᠶᠢᠨ ᠰᠦᠶᠳᠬᠡᠯ ᠢ ᠨᠡᠶᠢᠲᠡ 10.2 ᠳ᠋ᠦᠩᠰᠢᠭᠤᠷ ᠲᠥᠭᠦᠷᠢᠭ ᠬᠠᠰᠤᠵᠤ ᠭᠡᠯᠳᠦᠷᠢᠭᠦᠯᠦᠨ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠪᠠᠯᠠ ᠮᠥᠩᠭᠦ ᠶᠢ 1.8 ᠳ᠋ᠦᠩᠰᠢᠭᠤᠷ ᠲᠥᠭᠦᠷᠢᠭ ᠣᠯᠭᠤᠵᠤ᠂ ᠠᠵᠤ ᠠᠬᠤᠶᠢᠯᠠᠯ ᠢ ᠳᠡᠮᠵᠢᠨ 14.2 ᠳ᠋ᠦᠩᠰᠢᠭᠤᠷ ᠲᠥᠭᠦᠷᠢᠭ  ᠤᠨ ᠪᠠᠯᠠ ᠳᠣᠭᠢᠷᠠᠭᠤᠯᠵᠤ ᠂ ᠠᠵᠤ ᠠᠬᠤᠶᠢᠯᠠᠯ ᠤᠨ ᠬᠥᠭᠵᠢᠯᠲᠡ ᠶᠢᠨ ᠢᠲᠡᠭᠡᠯ ᠵᠣᠷᠢᠭ ᠢ ᠬᠦᠴᠦᠲᠡᠶ ᠬᠥᠪᠴᠢᠯᠡᠪᠡ᠃ ᠥᠪᠡᠷᠲᠡᠭᠡᠨ ᠵᠠᠰᠠᠬᠤ ᠣᠷᠣᠨ ᠤ 46 ᠵᠦᠶᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠶᠯ ᠢ ᠠᠮᠵᠢᠯᠲᠠ ᠲᠠᠢ ᠭᠤᠶᠤᠴᠢᠯᠠᠨ ᠮᠡᠳᠡᠭᠦᠯᠵᠦ᠂ ᠨᠠᠨ ᠳ᠋ᠠ ᠪᠢᠴᠢᠯ ᠡᠯᠧᠺᠲᠷᠣᠨ᠂ ᠮᠢᠨ ᠹᠧᠩ ᠦᠷ᠎ᠡ ᠶᠢᠨ ᠦᠶᠯᠡᠰ ᠵᠡᠷᠭᠡ 14 ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠰᠢᠨ᠎ᠡ ᠪᠠᠷ ᠨᠡᠮᠡᠭᠳᠡᠭᠦᠯᠦᠨ᠂ ᠯᠠᠨ ᠭᠧ ᠭᠧ ᠪᠥᠬᠦ ᠤᠯᠤᠰ ᠤᠨ ᠠᠩᠬᠠᠳᠠᠭᠴᠢ ᠲᠠᠯ᠎ᠠ ᠨᠤᠲᠤᠭ ᠤᠨ ᠡᠭᠡᠳᠡᠭᠰᠡᠨ  ᠰᠦ ᠶᠢᠨ ᠲᠥᠷᠥᠯ ᠤᠨ ᠫᠤᠰᠲ ᠳ᠋ᠣᠺᠲ᠋ᠣᠷ ᠤᠨ ᠰᠤᠳᠤᠯᠭᠠᠨ ᠤ ᠥᠷᠲᠡᠭᠡ ᠶᠢ ᠪᠠᠶᠢᠭᠤᠯᠪᠠ᠃ ︽ᠲᠠᠪᠤᠨ ᠦᠨᠳᠦᠰᠦᠨ ᠵᠦᠢᠯ ᠢ ᠶᠡᠭᠡ ᠪᠠᠷ ᠡᠬᠢᠯᠡᠭᠦᠯᠬᠦ ︾ ᠠᠵᠢᠯ ᠤᠨ ᠦᠷ᠎ᠡ ᠪᠦᠲᠦᠮᠵᠢ ᠶᠢ ᠦᠷᠭᠦᠯᠵᠢᠯᠡᠨ ᠪᠠᠬᠢᠵᠢᠭᠦᠯᠵᠦ᠂ ᠰᠤᠯᠠ ᠪᠠᠶᠢᠬᠤ ᠪᠠ ᠵᠥᠪᠰᠢᠶᠡᠷᠡᠭᠰᠡᠨ ᠪᠣᠯᠪᠠᠴᠤ ᠬᠠᠩᠭᠠᠭᠠᠳᠤᠶ 66.57 ᠾᠧᠺᠲ᠋ᠠᠷ ᠭᠠᠵᠠᠷ ᠰᠢᠷᠣᠶ ᠶᠢ ᠠᠮᠢᠳᠤᠯᠢᠭ ᠢᠶᠠᠷ ᠰᠢᠶᠳᠪᠦᠷᠢᠯᠡᠵᠦ᠂ ᠡᠬᠢ ᠪᠠᠶᠠᠯᠢᠭ ᠢ ᠠᠷᠪᠢᠲᠠᠶ ᠡᠷᠴᠢᠮᠯᠢᠭ ᠠᠰᠢᠭᠯᠠᠬᠤ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃   ᠨᠢᠭᠡ ᠵᠢᠯ ᠤᠨ ᠲᠤᠷᠰᠢ᠂ ᠪᠢᠳᠡ ᠬᠥᠮᠦᠨ ᠢᠶᠠᠷ ᠦᠨᠳᠦᠰᠦ ᠪᠣᠯᠭᠠᠬᠤ ᠶᠢ ᠪᠠᠷᠢᠮᠲᠠᠯᠠᠨ᠂ ᠪᠠᠲᠤᠯᠠᠭ᠎ᠠ ᠶᠢᠨ ᠬᠢᠷᠢ ᠲᠦᠪᠰᠢᠨ ᠢᠶᠠᠨ ᠳᠡᠭᠡᠭᠰᠢᠯᠡᠭᠦᠯᠵᠦ᠂ ᠠᠷᠠᠳ ᠤᠨ ᠠᠮᠢᠳᠤᠷᠠᠯ ᠤᠨ ᠪᠤᠶᠠᠨ ᠬᠡᠰᠢᠭ ᠨᠠᠩ ᠰᠠᠶᠢᠨ ᠪᠣᠯᠪᠠ᠃ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠠᠵᠢᠯ ᠣᠯᠭᠤᠯᠲᠠ ᠶᠢᠨ ᠪᠠᠶᠢᠳᠠᠯ ᠢ ᠲᠣᠭᠲᠠᠪᠤᠷᠢᠵᠢᠭᠤᠯᠵᠤ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢ 8087 ᠡᠷᠦᠬᠡ ᠰᠢᠨ᠎ᠡ ᠪᠠᠷ ᠨᠡᠮᠡᠭᠳᠡᠭᠦᠯᠵᠦ᠂ ᠬᠥᠳᠡᠭᠡ ᠲᠣᠰᠬᠤᠨ ᠤ ᠬᠥᠳᠡᠯᠮᠦᠷᠢ ᠶᠢᠨ ᠬᠦᠴᠦᠨ ᠢ 1.62 ᠲᠦᠮᠡᠨ ᠬᠥᠮᠦᠨ ᠳᠤ ᠰᠢᠯᠵᠢᠭᠦᠯᠦᠨ ᠠᠵᠢᠯ ᠣᠯᠭᠤᠵᠤ᠂ ᠨᠢᠭᠡ ᠴᠦ ᠠᠵᠢᠯ ᠣᠯᠤᠭᠰᠠᠨ ᠦᠭᠡᠢ ᠭᠡᠷ ᠪᠦᠯᠢ ᠶᠢ ᠬᠥᠳᠡᠯᠦᠩᠭᠦᠶ ᠪᠠᠷ ᠦᠭᠡᠢ ᠪᠣᠯᠭᠠᠬᠤ ᠶᠢ ᠪᠡᠶᠡᠯᠡᠭᠦᠯᠪᠡ᠃ ᠣᠷᠣᠯᠭ᠎ᠠ ᠪᠠᠭᠠᠲᠠᠶ ᠬᠠᠮᠲᠤᠯᠢᠭ ᠤᠨ ᠦᠨᠳᠦᠰᠦᠨ ᠠᠮᠢᠳᠤᠷᠠᠯ ᠢ ᠪᠦᠬᠦ ᠲᠠᠯ᠎ᠠ ᠪᠠᠷ ᠪᠠᠲᠤᠯᠠᠵᠤ᠂ ᠬᠤᠳᠠ ᠬᠥᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠲᠦᠷ ᠴᠠᠭ ᠤᠨ ᠠᠪᠤᠷᠠᠨ ᠲᠤᠰᠠᠯᠠᠯᠲᠠ᠂ ᠵᠡᠮᠳᠡᠭᠴᠦᠳ ᠤᠨ ᠨᠥᠬᠦᠪᠥᠷᠢ ᠵᠡᠷᠭᠡ ᠨᠡᠶᠢᠭᠡᠮ ᠤᠨ ᠠᠪᠤᠷᠠᠯᠳᠠ ᠶᠢᠨ ᠪᠡᠯᠡ ᠮᠥᠩᠭᠦ ᠶᠢ 1.22 ᠳ᠋ᠦᠩᠰᠢᠭᠤᠷ ᠲᠥᠭᠦᠷᠢᠭ ᠲᠠᠷᠬᠠᠭᠠᠪᠠ᠃ ᠴᠠᠬᠠᠷ ᠪᠠᠭ᠎ᠠ ᠰᠤᠷᠭᠠᠭᠤᠯᠢ᠂ ᠶᠦᠩ ᠠᠨ ᠵᠠᠮ ᠤᠨ ᠪᠠᠭ᠎ᠠ ᠰᠤᠷᠭᠠᠭᠤᠯᠢ ᠶᠢᠨ ᠬᠤᠪᠢᠶᠠᠷᠢ ᠰᠤᠷᠭᠠᠭᠤᠯᠢ᠂ ᠠᠷᠪᠠᠨ ᠲᠠᠪᠤᠳᠤᠭᠠᠷ ᠬᠡᠦᠬᠡᠳ ᠤᠨ ᠴᠡᠴᠡᠷᠯᠢᠭ ᠤᠨ ᠪᠦᠳᠦᠭᠡᠨ ᠪᠠᠶᠢᠭᠤᠯᠤᠯᠲᠠ ᠶᠢ ᠡᠬᠢᠯᠡᠭᠦᠯᠵᠦ᠂ ᠲᠦᠭᠡᠮᠡᠯ ᠬᠠᠷᠠᠭᠠᠯᠵᠠᠯ ᠤᠨ ᠴᠢᠨᠠᠷᠲᠠᠢ ᠬᠡᠦᠬᠡᠳ ᠤᠨ ᠴᠡᠴᠡᠷᠯᠢᠭ ᠢ ᠬᠤᠳᠠ ᠶᠢᠨ ᠲᠣᠭᠤᠷᠢᠭ ᠲᠤ ᠪᠦᠬᠦᠨ ᠢ ᠪᠦᠷᠬᠦᠬᠦᠯᠬᠦ ᠶᠢ ᠪᠡᠶᠡᠯᠡᠭᠦᠯᠪᠡ᠃ ᠤᠯᠤᠰ ᠤᠨ ᠲᠠᠰ ᠤᠨ ︽ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠤᠨᠴᠠᠯᠢᠭᠳᠤ ᠰᠤᠷᠭᠠᠭᠤᠯᠢ︾ ︽ᠮᠥᠰᠥ ᠴᠠᠰᠤᠨ ᠤ ᠤᠨᠴᠠᠯᠢᠭᠳᠤ ᠰᠤᠷᠭᠠᠭᠤᠯᠢ︾᠎ ᠶᠢ 18 ᠠᠮᠵᠢᠯᠲᠠ ᠲᠠᠢ  ᠪᠠᠶᠢᠭᠤᠯᠪᠠ᠃ 52 ᠰᠤᠷᠭᠠᠭᠤᠯᠢ ᠶᠢᠨ ᠰᠤᠷᠭᠠᠭᠤᠯᠢ ︵ᠬᠦᠷᠢᠶᠡᠯᠡᠩ︶᠎ ᠶᠢᠨ ᠳᠠᠷᠤᠭ᠎ᠠ ᠶᠢ ᠢᠯᠡ ᠪᠠᠷ ᠥᠷᠢᠰᠥᠯᠳᠦᠭᠦᠯᠦᠨ ᠤᠷᠢᠬᠤ ᠶᠢ ᠪᠡᠶᠡᠯᠡᠭᠦᠯᠵᠦ᠂ 108 ᠵᠢᠩᠬᠢᠨᠢ ᠠᠩᠭᠢ ᠠᠴᠠ ᠳᠡᠭᠡᠭᠰᠢᠬᠢ ᠲᠡᠭᠦᠰᠬᠦ ᠰᠣᠷᠣᠭᠴᠢ ᠶᠢ ᠵᠢᠭᠠᠨ ᠰᠤᠷᠭᠠᠯᠲᠠ ᠶᠢᠨ ᠨᠢᠭᠡᠳᠦᠭᠡᠷ ᠹᠷᠣᠨᠲ ᠲᠤ ᠲᠡᠭᠦᠯᠳᠡᠷᠵᠢᠭᠦᠯᠵᠦ᠂ ᠪᠠᠭᠰᠢ ᠶᠢᠨ ᠪᠦᠲᠦᠴᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠵᠢᠭᠠᠨ ᠰᠤᠷᠭᠠᠯᠲᠠ ᠶᠢᠨ ᠶᠠᠰᠤ ᠴᠢᠨᠠᠷ ᠢ ᠲᠣᠭᠲᠠᠭᠤᠨ ᠢᠶᠠᠷ ᠳᠡᠭᠡᠭᠰᠢᠯᠡᠭᠦᠯᠵᠦ᠂ ᠵᠢᠩᠬᠢᠨᠢ ᠠᠩᠭᠢ ᠎ ᠳᠤ ᠤᠷᠤᠭᠰᠠᠨ ᠨᠣᠷᠮ᠎ᠠ ᠳᠡᠭᠡᠷ᠎ᠡ ᠵᠢᠯ ᠤᠨ ᠬᠢ ᠠᠴᠠ 7 ᠵᠠᠭᠤᠨ ᠤ ᠨᠢᠭᠡᠴᠢ ᠳᠡᠭᠡᠭᠰᠢᠯᠡᠪᠡ᠃ ᠨᠠᠰᠤᠵᠢᠯ ᠤᠨ ᠠᠰᠠᠷᠠᠮᠵᠢ  ᠪᠠ ᠨᠡᠶᠢᠭᠡᠮ ᠤᠨ ᠠᠰᠠᠷᠠᠮᠵᠢ ᠶᠢᠨ ᠣᠶᠤᠨᠴᠢ ᠦᠢᠯᠡᠴᠢᠯᠡᠭᠡᠨ ᠤ ᠲᠥᠪ ᠢ ᠰᠢᠨ᠎ᠡ ᠪᠠᠷ ᠪᠠᠶᠢᠭᠤᠯᠵᠤ᠂ 28 ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠢ ᠪᠠᠶᠢᠭᠤᠯᠵᠤ ᠳᠠᠭᠤᠰᠬᠠᠭᠰᠠᠨ ᠪᠥᠭᠡᠳ ᠲᠤᠰᠬᠠᠶ ᠡᠵᠡᠩᠨᠡᠯᠲᠡ ᠶᠢ ᠪᠡᠶᠡᠯᠡᠭᠦᠯᠪᠡ᠃ ᠬᠡᠤᠬᠡᠳ ᠰᠠᠭᠠᠲᠠᠭᠤᠯᠬᠤ ᠪᠠᠶᠢᠭᠤᠯᠤᠮᠵᠢ ᠶᠢ ᠰᠢᠨ᠎ᠡ ᠪᠠᠷ 13 ᠨᠡᠮᠡᠭᠳᠡᠭᠦᠯᠵᠦ᠂ ᠨᠢᠯᠬ᠎ᠠ ᠬᠡᠤᠬᠡᠳ ᠤᠨ ᠰᠠᠭᠠᠲᠠᠭᠤᠯᠬᠤ ᠪᠠᠶᠢᠷᠢ  ᠶᠢᠨ ᠲᠤᠭ᠎ᠠ ᠶᠢ 1578 ᠪᠣᠯᠭᠠᠪᠠ᠃ ᠬᠤᠷᠢᠮ ᠤᠨ ᠵᠠᠩ ᠳᠠᠳᠬᠠᠯ ᠤᠨ ᠥᠭᠡᠷᠡᠴᠢᠯᠡᠯᠲᠡ ᠶᠢᠨ ᠲᠤᠷᠰᠢᠯᠲᠠ ᠶᠢ ᠯᠠᠪᠳᠠᠭᠤᠨ ᠢᠶᠠᠷ ᠠᠬᠢᠭᠤᠯᠵᠤ᠂ ᠬᠤᠷᠢᠮ ᠤᠨ ᠵᠠᠩ ᠳᠠᠳᠬᠠᠯ ᠤᠨ ᠰᠣᠶᠣᠯ ᠤᠨ ᠭᠤᠣᠯ ᠰᠡᠳᠦᠪᠲᠦ ᠴᠡᠴᠡᠷᠯᠢᠭ ᠢ ᠪᠠᠶᠢᠭᠤᠯᠤᠨ ᠪᠦᠲᠦᠭᠡᠪᠡ᠃ 6.06 ᠳ᠋ᠦᠩᠰᠢᠭᠤᠷ ᠲᠥᠭᠦᠷᠢᠭ ᠤᠨ ︽ᠪᠠᠲᠤᠯᠠᠭᠠᠲᠤ ᠵᠠᠮ ᠬᠠᠷᠢᠯᠴᠠᠭᠠᠨ ᠤ ᠠᠰᠠᠷ︾᠎ ᠤᠨ ᠲᠤᠰᠬᠠᠶ ᠵᠢᠭᠡᠯᠡᠯᠭᠡ ᠶᠢᠨ ᠵᠣᠭᠤᠰ ᠢ ᠭᠤᠶᠤᠴᠢᠯᠠᠵᠤ᠂ 17 ᠣᠷᠣᠨ ᠰᠠᠭᠤᠴᠠ ᠶᠢᠨ ᠰᠠᠭᠤᠭᠠᠯᠢ ᠲᠣᠭᠤᠷᠢᠭ ᠢ ᠪᠠᠷᠢᠵᠤ ᠳᠠᠭᠤᠰᠬᠠᠭᠠᠳ ᠲᠤᠰᠢᠶᠠᠨ ᠥᠭᠴᠦ᠂ 8700 ᠭᠠᠷᠤᠶ ᠡᠷᠤᠭᠡ ᠶᠢᠨ ᠰᠠᠭᠤᠭᠠᠯᠢ ᠠᠷᠠᠳ ᠤᠨ ︽ᠠᠮᠤᠭᠤᠯᠠᠩ ᠰᠠᠭᠤᠬᠤ ᠬᠦᠰᠡᠯ︾᠎ ᠢ ᠪᠡᠶᠡᠯᠡᠭᠦᠯᠪᠡ᠃ ᠭᠤᠷᠪᠠᠳᠤᠭᠠᠷ ᠡᠮᠨᠡᠯᠭᠡ ᠶᠢᠨ ᠬᠤᠷᠢᠶᠠᠨ ᠤ ︽ᠭᠤᠷᠪᠠᠨ ᠶᠡᠭᠡ ᠲᠥᠪ︾᠎ ᠢ ᠪᠠᠶᠢᠭᠤᠯᠤᠨ ᠳᠠᠭᠤᠰᠬᠠᠵᠤ᠂ ︽ᠡᠮᠴᠢᠯᠡᠭᠡ + ᠢᠨᠲ᠋ᠧᠷ ᠰᠦᠯᠵᠢᠶ᠎ᠡ︾ ︽ᠨᠠᠷᠠᠲᠤ ᠡᠮᠴᠢ + ᠲᠤᠰᠬᠠᠶ ᠡᠮᠴᠢᠯᠡᠭᠡ︾᠎ ᠶᠢᠨ ᠲᠣᠭᠲᠠᠴᠠ ᠶᠢ ᠦᠷᠭᠦᠯᠵᠢᠯᠡᠨ ᠲᠡᠭᠦᠯᠳᠡᠷᠵᠢᠭᠦᠯᠵᠦ ᠂ ᠪᠡᠭᠡᠵᠢᠩ ᠤᠨ ᠲᠦᠩ ᠷᠧᠨ ᠡᠮᠨᠡᠯᠭᠡ ᠶᠢᠨ ᠬᠤᠷᠢᠶ᠎ᠠ᠂ ᠥᠪᠥᠷ ᠮᠣᠩᠭᠤᠯ ᠤᠨ ᠣᠯᠠᠨ ᠤᠯᠤᠰ ᠤᠨ ᠬᠢᠲᠠᠳ ᠮᠣᠩᠭᠤᠯ ᠤᠨ ᠡᠮᠨᠡᠯᠭᠡ ᠶᠢᠨ ᠬᠤᠷᠢᠶ᠎ᠠ ᠵᠡᠷᠭᠡ 7 ᠭᠤᠷᠪᠠᠳᠤᠭᠠᠷ ᠳᠡᠰ ᠤᠨ ᠡᠮᠨᠡᠯᠭᠡ ᠶᠢᠨ ᠬᠤᠷᠢᠶ᠎ᠠ ᠲᠠᠢ ᠬᠠᠮᠲᠤᠷᠠᠨ ᠠᠵᠢᠯᠯᠠᠬᠤ ᠪᠠ ᠬᠠᠮᠲᠤ ᠪᠠᠷ ᠪᠠᠶᠢᠭᠤᠯᠬᠤ ᠬᠠᠷᠢᠴᠠᠭ᠎ᠠ ᠶᠢ ᠠᠮᠵᠢᠯᠲᠠ ᠲᠠᠢ ᠪᠠᠶᠢᠭᠤᠯᠵᠤ᠂ ︽ᠬᠡᠷ ᠤᠨ ᠡᠭᠦᠳᠡᠨ ᠳᠤ︾ ᠰᠢᠯᠢᠳᠡᠭ ᠡᠮᠴᠢᠯᠡᠭᠡᠨ ᠤ ᠦᠶᠯᠡᠴᠢᠯᠡᠭᠡ ᠶᠢ ᠳᠠᠬᠢᠨᠲᠠ ᠨᠡᠮᠡᠪᠡ᠃ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠲᠣᠭᠯᠠᠯᠲᠠ ᠶᠢ 180 ᠭᠠᠷᠤᠢ ᠲᠠᠯᠠᠪᠠᠢ ᠥᠷᠨᠢᠭᠦᠯᠵᠦ᠂ ᠳᠠᠭᠤᠤ ︽ᠡᠵᠢ ᠶᠢᠨ ᠳᠠᠭᠤᠳᠠᠯᠭ᠎ᠠ︾ ᠵᠡᠷᠭᠡ ᠨᠢ ᠪᠦᠬᠦ ᠬᠤᠳᠠ ᠶᠢᠨ ︽ᠲᠠᠪᠤᠨ ᠨᠢᠭᠡ ᠢᠨᠵᠧᠨᠧᠷᠢᠩ︾᠎ ᠤᠨ ᠰᠢᠯᠢᠳᠡᠭ ᠪᠦᠲᠦᠭᠡᠯ ᠤᠨ ᠱᠠᠩᠨᠠᠯ ᠢᠶᠠᠷ ᠦᠨᠡᠯᠡᠭᠳᠡᠵᠦ᠂ ᠪᠥᠵᠢᠭ ︽ᠲᠡᠷᠭᠡᠯ ᠰᠠᠷᠠᠨ ᠲᠡᠷᠭᠡᠯᠰᠢᠬᠦ︾᠎ ᠨᠢ ᠥᠪᠡᠷᠲᠡᠭᠡᠨ ᠵᠠᠰᠠᠬᠤ ᠣᠷᠣᠨ ᠤ ᠤᠯᠠᠨ ᠤᠳᠤᠨ ᠤ ᠱᠠᠩᠨᠠᠯ ᠢᠶᠠᠷ ᠦᠨᠡᠯᠡᠭᠳᠡᠪᠡ᠃   ᠨᠢᠭᠡ ᠵᠢᠯ ᠤᠨ ᠲᠤᠷᠰᠢ᠂ ᠪᠢᠳᠡ ᠠᠮᠤᠷ ᠲᠦᠪᠰᠢᠨ ᠤ ᠬᠤᠷᠢᠭ᠎ᠠ ᠱᠤᠭᠤᠮ ᠢ ᠴᠢᠩᠭ᠎ᠠ ᠰᠠᠬᠢᠵᠤ᠂ ᠠᠶᠤᠯ ᠲᠦᠭᠰᠢᠭᠦᠷᠢ ᠶᠢ ᠬᠦᠴᠦᠯᠡᠨ ᠰᠡᠷᠭᠡᠶᠢᠯᠡᠵᠦ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠩᠭᠤᠢ ᠲᠣᠭᠲᠠᠭᠤᠨ ᠪᠠᠶᠢᠳᠠᠯ ᠢ ᠪᠠᠲᠤᠯᠠᠪᠠ᠃ ᠡᠭᠦᠳᠡ ᠪᠠᠨ ᠨᠡᠭᠡᠭᠡᠵᠦ ᠰᠤᠷᠪᠤᠯᠵᠢᠯᠠᠭ᠎ᠠ ᠶᠢ ᠬᠦᠯᠢᠶᠡᠨ ᠠᠪᠬᠤ᠂ ᠬᠡᠷᠡᠭ ᠲᠤ ᠴᠢᠭᠯᠡᠭᠦᠯᠦᠨ ᠳᠣᠷᠣᠭᠰᠢ ᠪᠠᠭᠤᠵᠤ ᠰᠤᠷᠪᠤᠯᠵᠢᠯᠠᠬᠤ ᠠᠵᠢᠯ ᠤᠨ ᠲᠣᠭᠲᠠᠴᠠ ᠶᠢ ᠶᠡᠭᠡ ᠪᠠᠷ ᠬᠡᠷᠡᠭᠵᠢᠭᠦᠯᠵᠦ᠂ ᠪᠦᠬᠦ ᠬᠤᠳᠠ ᠳᠤ ᠵᠠᠬᠢᠳᠠᠯ ᠰᠤᠷᠪᠤᠯᠵᠢᠯᠠᠭ᠎ᠠ ᠶᠢᠨ ᠬᠠᠪᠰᠤᠷᠤᠨ ᠰᠢᠶᠳᠪᠦᠷᠢᠯᠡᠬᠦ ᠣᠷᠣᠯᠠᠨ ᠰᠢᠶᠳᠪᠦᠷᠢᠯᠡᠬᠦ ᠦᠢᠯᠡᠴᠢᠯᠡᠭᠡ ᠶᠢ ᠤᠷᠢᠳᠠᠪᠠᠷ ᠡᠬᠢᠯᠡᠭᠦᠯᠵᠦ᠂ ᠵᠠᠬᠢᠳᠠᠯ ᠰᠤᠷᠪᠤᠯᠵᠢᠯᠠᠭ᠎ᠠ ᠶᠢᠨ ᠵᠥᠷᠢᠴᠡᠯ ᠢ ᠨᠡᠶᠢᠲᠡ 706 ᠬᠤᠪᠢ ᠨᠠᠮᠳᠠᠭᠤᠯᠵᠤ᠂ ᠨᠠᠮᠳᠠᠭᠤᠯᠤᠭᠰᠠᠨ ᠨᠤᠷᠮ᠎ᠠ 85%᠎ ᠠᠴᠠ ᠳᠡᠭᠡᠭᠰᠢ ᠳᠤ ᠬᠦᠷᠪᠡ᠃ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠴᠦ ᠲᠡᠭᠦᠨ ᠢ ᠵᠠᠰᠠᠵᠤ᠂ ᠴᠠᠬᠢᠯᠭᠠᠨ ᠢᠶᠠᠷ ᠮᠡᠬᠡᠯᠡᠭᠰᠡᠨ 1583 ᠬᠡᠷᠡᠭ ᠢ ᠠᠮᠵᠢᠯᠲᠠ ᠲᠠᠢ ᠪᠠᠷ ᠢᠯᠡᠷᠡᠭᠦᠯᠵᠦ᠂ ︽ᠡᠭᠦᠯᠡᠨ ᠰᠡᠯᠡᠮ᠎ᠡ︾᠎ ᠶᠢᠨ ᠪᠦᠯᠦᠭᠯᠡᠯ ᠤᠨ ᠳᠠᠶᠢᠯᠠᠯᠳᠤᠭᠠᠨ ᠤ ᠠᠵᠢᠯᠯᠠᠭ᠎ᠠ ᠶᠢᠨ ᠦᠷ᠎ᠡ ᠪᠦᠲᠦᠭᠡᠯ ᠨᠢ ᠪᠦᠬᠦ ᠬᠤᠳᠠ ᠳᠤ ᠨᠢᠭᠡᠳᠦᠭᠡᠷ ᠲᠤ ᠣᠷᠣᠪᠠ᠃ ᠲᠥᠪ ᠤᠨ ᠳᠠᠯᠳᠠ ᠥᠭᠴᠡᠭᠡ ᠶᠢ ᠠᠷᠢᠯᠭᠠᠬᠤ ᠠᠯᠢ ᠣᠯᠠᠨ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠢ ᠵᠠᠪᠳᠤᠨ ᠠᠳᠬᠤᠵᠤ᠂ ᠳᠠᠯᠳᠠ ᠥᠭᠴᠡᠭᠡ ᠶᠢᠨ ᠪᠠᠶᠢᠭᠤᠯᠤᠯᠳᠤ ᠰᠢᠶᠠᠨ ᠳᠤ ᠵᠢᠭᠡᠯᠡᠯᠭᠡ ᠶᠢᠨ ᠲᠡᠮᠳᠡᠭᠲᠦ ᠶᠢ ᠰᠣᠯᠢᠬᠤ ᠲᠤᠷᠰᠢᠯᠲᠠ ᠬᠢᠬᠦ ᠵᠡᠷᠭᠡ ᠡᠯ᠎ᠡ ᠲᠥᠷᠥᠯ ᠤᠨ ᠪᠠᠯᠠ ᠮᠥᠩᠭᠦ ᠶᠢ 55 ᠳ᠋ᠦᠩᠰᠢᠭᠤᠷ ᠲᠥᠭᠦᠷᠢᠭ ᠠᠮᠵᠢᠯᠲᠠ ᠲᠠᠢ ᠪᠠᠷ ᠭᠤᠶᠤᠴᠢᠯᠠᠨ ᠮᠡᠳᠡᠭᠦᠯᠵᠦ᠂ ᠡᠳ᠋ ᠬᠥᠷᠥᠩᠭᠡ ᠶᠢ ᠰᠢᠶᠳᠪᠦᠷᠢᠯᠡᠬᠦ᠂ ᠬᠡᠯᠡᠯᠴᠡᠭᠡᠷ ᠢᠶᠠᠷ ᠬᠦᠤ ᠮᠥᠩᠭᠦ ᠶᠢ ᠪᠠᠭᠤᠷᠠᠭᠤᠯᠬᠤ᠂ ᠥᠨᠳᠥᠷ ᠪᠣᠭᠤᠨᠢ ᠶᠢ ᠰᠣᠯᠢᠬᠤ ᠵᠡᠷᠭᠡ ᠣᠯᠠᠨ ᠵᠦᠶᠯ ᠤᠨ ᠠᠷᠭ᠎ᠠ ᠪᠠᠷᠢᠯ ᠢ ᠶᠡᠷᠦᠩᠬᠡᠶᠢᠯᠡᠨ ᠬᠡᠷᠡᠭᠯᠡᠵᠦ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ︽4+1︾᠎ ᠶᠢᠨ ᠥᠷᠢ ᠥᠭᠴᠡᠭᠡ ᠶᠢ ᠠᠷᠢᠯᠭᠠᠬᠤ ᠪᠡᠷᠬᠡ ᠰᠡᠳᠦᠪ ᠢ ᠰᠢᠶᠳᠪᠦᠷᠢᠯᠡᠬᠦ  ᠶᠢ ᠠᠬᠢᠭᠤᠯᠵᠤ᠂ ᠵᠠᠰᠠᠭ ᠤᠨ ᠣᠷᠳᠣᠨ ᠤ ᠥᠷᠢ ᠥᠭᠴᠡᠭᠡ ᠶᠢᠨ ᠡᠬᠡ ᠬᠦᠤ ᠮᠥᠩᠭᠦ ᠶᠢ ᠨᠡᠶᠢᠲᠡ 76.4 ᠳ᠋ᠦᠩᠰᠢᠭᠤᠷ ᠲᠥᠭᠦᠷᠢᠭ ᠳᠥᠯᠥᠵᠦ ᠳᠠᠭᠤᠰᠬᠠᠪᠠ᠃ ᠣᠷᠣᠨ ᠨᠤᠲᠤᠭ ᠤᠨ ᠬᠠᠤᠯᠢ ᠶᠢᠨ ᠡᠷᠬᠡᠲᠡᠨ ᠤ ᠪᠠᠩᠬᠢ ᠶᠢᠨ ᠠᠰᠠᠭᠤᠳᠠᠯ ᠲᠠᠢ ᠡᠳ᠋ ᠬᠦᠷᠦᠩᠭᠡ ᠶᠢ 5.12 ᠳ᠋ᠦᠩᠰᠢᠭᠤᠷ ᠲᠥᠭᠦᠷᠢᠭ ᠢᠯᠭᠠᠷᠠᠭᠤᠯᠤᠨ ᠬᠤᠷᠢᠶᠠᠨ ᠠᠪᠴᠤ ᠰᠢᠶᠳᠪᠦᠷᠢᠯᠡᠵᠦ᠂ ᠣᠷᠣᠨ ᠪᠦᠰᠡ ᠶᠢᠨ ᠴᠢᠨᠠᠷᠲᠠᠶ ᠰᠢᠰᠲ᠋ᠧᠮ ᠤᠨ ᠴᠢᠨᠠᠷᠲᠠᠶ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠦᠯᠦ ᠭᠠᠷᠭᠠᠬᠤ ᠬᠢᠵᠠᠭᠠᠷ ᠱᠤᠭᠤᠮ ᠢ ᠪᠠᠲᠤ ᠰᠠᠬᠢᠪᠠ᠃ ︽ᠳᠥᠷᠪᠡᠨ ᠬᠠᠮᠤᠭ ᠤᠨ ᠴᠢᠩᠭ᠎ᠠ︾᠎ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠬᠤᠶᠠᠷ ᠬᠠᠷᠢᠭᠤᠴᠠᠯᠭ᠎ᠠ︾᠎ ᠶᠢ ᠳᠠᠭᠠᠭᠠᠴᠢᠯᠠᠬᠤ ᠶᠢ ᠴᠢᠩᠭ᠎ᠠ ᠠᠳᠬᠤᠵᠤ᠂ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠵᠡᠭᠡᠯᠢ 6᠂ ᠵᠢᠱᠢᠶ᠎ᠡ ᠦᠵᠡᠭᠦᠯᠬᠦ ᠳᠡᠯᠭᠡᠭᠦᠷ 464 ᠪᠣᠶ ᠪᠣᠯᠭᠠᠵᠤ᠂ ᠣᠯᠠᠨ ᠲᠦᠮᠡᠨ ᠤ ︽ᠢᠳᠡᠭᠡᠨ ᠤᠮᠳᠠᠭᠠᠨ ᠤ ᠠᠮᠤᠷ ᠲᠦᠪᠰᠢᠨ︾᠎ ᠢ ᠪᠥᠬᠦ ᠬᠦᠴᠦᠨ ᠢᠶᠠᠷ ᠢᠶᠠᠨ ᠰᠠᠬᠢᠨ ᠬᠠᠮᠠᠭᠠᠯᠠᠨ᠎ᠠ᠃ ᠪᠥᠬᠦ ᠬᠤᠲᠠ ᠶᠢᠨ ᠠᠩᠬᠠᠳᠠᠭᠴᠢ ᠲᠤᠰᠬᠠᠶ ᠮᠡᠷᠭᠡᠵᠢᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠪᠠ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠶᠡᠭᠡ ᠠᠩᠭᠢ ᠶᠢ ᠵᠣᠬᠢᠶᠠᠨ ᠪᠠᠶᠢᠭᠤᠯᠵᠤ᠂ ᠶᠡᠷᠦᠩᠬᠡᠶᠢᠯᠡᠭᠰᠡᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠬᠠᠤ ᠴᠢᠳᠠᠪᠤᠷᠢ ᠶᠢ ᠢᠯᠡᠳᠲᠡ ᠳᠡᠭᠡᠭᠰᠢᠯᠡᠭᠦᠯᠪᠡ᠃ ᠬᠦᠨᠳᠦ ᠶᠡᠭᠡ ᠡ᠊ᠨᠳᠡᠯ ᠤᠨ ᠲᠠᠯᠳᠠ ᠭᠡᠮ ᠢ ᠳᠠᠷᠠᠭᠠᠯᠠᠨ ᠪᠠᠶᠢᠴᠠᠭᠠᠵᠤ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠠᠰᠠᠭᠤᠳᠠᠯ ᠤᠨ ᠲᠠᠯᠳᠠ ᠭᠡᠮ ᠢ 1246 ᠵᠦᠢᠯ ᠳᠤ ᠴᠡᠭᠴᠡᠯᠡᠨ ᠵᠠᠰᠠᠵᠤ᠂ ᠠᠶᠤᠯᠭᠦᠶ ᠶᠢᠨ ᠡ᠊ᠨᠳᠡᠯ ᠭᠠᠷᠤᠭᠰᠠᠨ ᠲᠤᠭ᠎ᠠ ᠪᠠ ᠦᠬᠦᠭᠰᠡᠨ ᠬᠥᠮᠦᠨ ᠤ ᠲᠤᠭ᠎ᠠ ᠶᠢ ︽ᠬᠤᠶᠠᠷ ᠲᠠᠯ᠎ᠠ ᠪᠠᠷ ᠪᠠᠭᠤᠷᠠᠭᠤᠯᠬᠤ︾᠎ ᠶᠢ ᠪᠡᠶᠡᠯᠡᠭᠦᠯᠪᠡ᠃   ᠨᠢᠭᠡ ᠵᠢᠯ ᠤᠨ ᠲᠤᠷᠰᠢ᠂ ᠪᠢᠳᠡ ᠦᠷᠭᠦᠯᠵᠢᠯᠡᠨ ᠵᠠᠰᠠᠭ ᠢ ᠴᠢᠩᠭ᠎ᠠ ᠵᠠᠰᠠᠵᠤ᠂ ᠠᠵᠢᠯ ᠤᠨ ᠰᠤᠷᠲᠠᠯ ᠢᠶᠠᠨ ᠰᠠᠶᠢᠵᠢᠷᠠᠭᠤᠯᠵᠤ᠂ ᠵᠠᠰᠠᠭ ᠤᠨ ᠣᠷᠳᠣᠨ ᠤ ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠪᠦᠬᠦ ᠲᠠᠯ᠎ᠠ ᠪᠠᠷ ᠳᠡᠭᠡᠭᠰᠢᠯᠡᠪᠡ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠵᠦ᠂ ᠵᠠᠰᠠᠭ ᠤᠨ ᠣᠷᠳᠣᠨ ᠤ ᠰᠢᠰᠲ᠋ᠧᠮ ᠤᠨ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠤᠨ ︽ᠲᠦᠷᠪᠡᠨ ᠤᠬᠠᠮᠰᠠᠷ︾ ᠨᠡᠩ ᠪᠠᠲᠤᠵᠢᠵᠤ᠂ ︽ᠲᠦᠷᠪᠡᠨ ᠢᠲᠡᠭᠡᠯ︾ ᠨᠡᠩ ᠪᠠᠬᠢᠵᠢᠵᠦ᠂ ︽ᠬᠤᠶᠠᠷ ᠢ ᠬᠠᠮᠠᠭᠠᠯᠠᠬᠤ ︾ ᠤᠬᠠᠮᠰᠠᠷ ᠲᠠᠢ ᠪᠣᠯᠪᠠ᠃ ᠤᠯᠤᠰ ᠲᠦᠷᠦ ᠶᠢᠨ ᠲᠠᠯ᠎ᠠ ᠠᠴᠠ ᠦᠵᠡᠬᠦ᠂ ᠤᠯᠤᠰ ᠲᠦᠷᠦ ᠶᠢᠨ ᠲᠠᠯ᠎ᠠ ᠠᠴᠠ ᠰᠢᠢᠳᠪᠦᠷᠢᠯᠡᠬᠦ ᠶᠢ ᠪᠠᠷᠢᠮᠲᠠᠯᠠᠵᠤ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ᠂ ᠲᠦᠷᠦ ᠶᠢᠨ ᠶᠠᠪᠤᠳᠠᠯ ᠤᠨ ᠬᠤᠷᠢᠶᠠᠨ ᠤ ᠶᠡᠭᠡ ᠱᠠᠯᠠᠪᠳᠠᠭᠤᠯᠤᠨ ᠪᠠᠶᠢᠴᠠᠭᠠᠯᠲᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠯᠲᠠ ᠵᠡᠷᠭᠡ ᠶᠢᠨ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠵᠤ᠂ ᠪᠣᠳᠠᠲᠤ ᠠᠵᠢᠯᠯᠠᠭ᠎ᠠ ᠪᠠᠷ ᠢᠶᠠᠨ ᠨᠠᠮ ᠳᠤ ᠲᠦᠢᠯ ᠤᠨ ᠦᠨᠡᠨᠴᠢ ᠰᠢᠳᠤᠷᠭᠤ ᠪᠠᠶᠢᠬᠤ ᠶᠢ ᠲᠠᠶᠢᠯᠪᠤᠷᠢᠯᠠᠪᠠ᠃ ᠪᠥᠬᠦ ᠣᠷᠣᠨ ᠪᠦᠰᠡ ᠪᠠᠷ ᠢᠶᠠᠨ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠶᠢ ᠳᠥᠯᠭᠢᠨ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠭᠤᠣᠯ ᠰᠡᠳᠦᠪᠲᠦ ᠬᠥᠮᠦᠵᠢᠯ ᠤᠨ ᠰᠠᠭᠤᠷᠢᠨ ᠢ ᠪᠠᠲᠤ ᠪᠠᠬᠢ  ᠴᠣᠭᠴᠠᠯᠠᠪᠠ᠃ ᠬᠠᠥᠯᠢ ᠶᠣᠰᠣᠭᠠᠷ ᠰᠢᠨᠵᠢᠯᠡᠬᠦ ᠤᠬᠠᠭᠠᠨᠴᠢ ᠪᠠᠷ ᠠᠷᠠᠳᠴᠢᠯᠠᠯ ᠢᠶᠠᠷ ᠰᠢᠶᠳᠪᠦᠷᠢᠲᠦ ᠪᠤᠳᠤᠯᠭ᠎ᠠ ᠲᠣᠭᠲᠠᠭᠠᠬᠤ ᠶᠢ ᠪᠠᠷᠢᠮᠲᠠᠯᠠᠵᠤ᠂ ᠴᠢᠬᠤᠯᠠ ᠶᠡᠭᠡ ᠰᠢᠶᠳᠪᠦᠷᠢᠲᠦ ᠪᠤᠳᠤᠯᠭ᠎ᠠ ᠶᠢᠨ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠪᠠ ︽ᠭᠤᠷᠪᠠᠨ ᠴᠢᠬᠤᠯᠠ ᠨᠢᠭᠡ ᠶᠡᠭᠡ︾᠎ ᠶᠢᠨ ᠬᠡᠷᠡᠭ ᠵᠥᠪᠯᠡᠬᠦ ᠲᠦᠷᠢᠮ ᠢ ᠬᠢᠨᠠᠮᠠᠭᠠᠶ  ᠬᠡᠷᠡᠭᠵᠢᠭᠦᠯᠪᠡ᠃ ᠬᠠᠤᠯᠢ ᠶᠣᠰᠣᠭᠠᠷ ᠵᠠᠰᠠᠭ ᠶᠠᠪᠤᠭᠤᠯᠬᠤ ᠲᠦᠷᠢᠮ ᠤᠨ ᠰᠢᠰᠲ᠋ᠧᠮ ᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠪᠠ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠬᠠᠤᠯᠢ ᠴᠠᠭᠠᠵᠠ ᠶᠢᠨ ᠵᠥᠪᠯᠡᠭᠴᠢ ᠶᠢᠨ ᠪᠦᠷᠬᠦᠴᠡ ᠶᠢᠨ ᠨᠤᠷᠮ᠎ᠠ 98%᠎ ᠳᠤ ᠬᠦᠷᠪᠡ᠃ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ᠂ ᠠᠵᠢᠯ ᠤᠨ ᠬᠢᠨᠠᠯᠲᠠ ᠪᠠ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ 208 ᠬᠤᠪᠢ ᠰᠠᠨᠠᠯ ᠵᠥᠪᠯᠡᠯᠭᠡ ᠪᠠ ᠰᠠᠨᠠᠯ ᠵᠥᠪᠯᠡᠯᠭᠡ ᠶᠢ ᠰᠢᠶᠳᠪᠦᠷᠢᠯᠡᠵᠦ᠂ ︽12345︾ ᠠᠷᠠᠳ ᠲᠤ ᠲᠦᠬᠦᠮ ᠦᠵᠡᠭᠦᠯᠬᠦ ᠦᠢᠯᠡᠴᠢᠯᠡᠭᠡᠨ ᠤ  ᠬᠠᠯᠠᠮᠰᠢᠯ ᠤᠲᠠᠰᠤᠨ ᠤ ᠤᠯᠠᠨ ᠲᠦᠮᠡᠨ ᠤ 6.9 ᠲᠦᠮᠡᠨ ᠬᠤᠪᠢ ᠬᠦᠰᠡᠯ ᠱᠠᠭᠠᠷᠳᠠᠯᠭ᠎ᠠ ᠶᠢ ᠰᠢᠶᠳᠪᠦᠷᠢᠯᠡᠵᠦ᠂ ᠤᠯᠠᠨ ᠲᠦᠮᠡᠨ ᠤ ᠰᠡᠳᠬᠢᠯ ᠢ ᠵᠣᠪᠠᠭᠠᠬᠤ ᠶᠠᠪᠤᠳᠠᠯ᠂ ᠬᠦᠴᠢᠷ ᠶᠠᠪᠤᠳᠠᠯ ᠢ ᠪᠦᠬᠦ ᠬᠦᠴᠦᠨ ᠢᠶᠠᠷ ᠢᠶᠠᠨ ᠰᠠᠶᠢᠲᠤᠷ ᠰᠢᠶᠳᠪᠦᠷᠢᠯᠡᠪᠡ᠃ ︽ᠪᠠᠷᠢᠮᠵᠢᠶ᠎ᠠ ᠶᠢ ᠳᠡᠭᠡᠭᠰᠢᠯᠡᠭᠦᠯᠬᠦ᠂ ᠬᠤᠷᠳᠤᠴᠠ ᠶᠢ ᠳᠡᠭᠡᠭᠰᠢᠯᠡᠭᠦᠯᠬᠦ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ︾ ᠲᠤᠰᠬᠠᠶ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠵᠠᠰᠠᠭ ᠤᠨ ᠣᠷᠳᠣᠨ ᠤ ᠰᠢᠰᠲ᠋ᠧᠮ ᠤᠨ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠬᠦ᠂ ᠬᠦᠨᠳᠦ ᠡᠭᠦᠷᠭᠡ ᠶᠢ ᠡᠭᠦᠷᠭᠡᠯᠡᠬᠦ ᠲᠡᠮᠡᠴᠡᠯ ᠤᠨ ᠣᠷᠭᠢᠯᠤᠮ᠎ᠠ ᠰᠡᠳᠬᠢᠯᠭᠡ ᠶᠢ ᠲᠠᠰᠤᠷᠠᠯᠲᠠ ᠥᠬᠡᠶ ᠬᠥᠪᠴᠢᠯᠡᠵᠦ᠂ ᠬᠦᠴᠢᠷ ᠠᠰᠠᠭᠤᠳᠠᠯ ᠢ ᠰᠢᠶᠳᠪᠦᠷᠢᠯᠡᠬᠦ᠂ ᠰᠢᠨ᠎ᠡ ᠵᠠᠮ ᠢ ᠨᠡᠭᠡᠭᠡᠬᠦ ︽ᠰᠢᠶᠳᠪᠦᠷᠢᠯᠡᠬᠦ ᠰᠡᠳᠬᠢᠬᠦᠶ︾᠎ ᠶᠢ ᠦᠷᠭᠦᠯᠵᠢᠯᠡᠨ ᠭᠦᠨᠵᠡᠭᠡᠶᠢᠷᠡᠭᠦᠯᠪᠡ᠃   ᠨᠢᠭᠡ ᠵᠢᠯ ᠤᠨ ᠲᠤᠷᠰᠢ᠂ ᠪᠢᠳᠡ ᠲᠡᠷᠢᠭᠦᠨ ᠤ ᠬᠢ ᠶᠢ ᠡᠭᠦᠳᠴᠦ ᠰᠢᠯᠢᠳᠡᠭ ᠪᠣᠯᠬᠤ ᠪᠠᠷ ᠴᠢᠷᠮᠠᠶᠢᠬᠤ ᠬᠠᠷᠠᠯᠲᠠ ᠶᠢ ᠴᠢᠩᠭ᠎ᠠ ᠠᠳᠬᠤᠵᠤ᠂ ᠬᠤᠲᠠ ᠶᠢᠨ ᠨᠡᠷ᠎ᠡ ᠶᠢᠨ ᠬᠠᠭᠤᠳᠠᠰᠤ ᠶᠢ ᠲᠠᠰᠤᠷᠠᠯᠲᠠ ᠥᠬᠡᠶ ᠭᠢᠯᠠᠯᠵᠠᠭᠤᠯᠵᠤ᠂ ᠠᠩᠬᠠᠨ ᠤ ᠪᠦᠯᠦᠭ ᠤᠨ ︽ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠣᠷᠣᠨ︾᠎ ᠤ ᠢᠷᠠᠭᠤ ᠠᠯᠳᠠᠷ ᠤᠨ ᠴᠣᠯᠠ ᠶᠢ ᠠᠮᠵᠢᠯᠲᠠ ᠲᠠᠢ ᠭᠥᠷᠳᠡᠵᠦ᠂ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠬᠢᠨᠠᠨ ᠰᠢᠯᠭᠠᠯᠲᠠ ᠪᠥᠬᠦ ᠣᠷᠣᠨ ᠤ ᠰᠢᠯᠢᠳᠡᠭ ᠳᠠᠷᠠᠭᠠᠯᠠᠯ ᠳᠤ ᠣᠷᠣᠪᠠ᠃ ᠲᠥᠪ ᠬᠤᠲᠠ ᠶᠢᠨ ᠲᠣᠭᠤᠷᠢᠭ ᠤᠨ ᠭᠤᠤᠯ ᠲᠠᠯᠠᠪᠤᠷ ᠤᠨ ᠦᠶᠯᠡᠳᠦᠯ ᠢ ᠭᠦᠶᠴᠡᠳ ᠪᠠᠳᠠᠷᠠᠭᠤᠯᠵᠤ᠂ ᠪᠥᠬᠦ ᠬᠤᠲᠠ ᠶᠢᠨ ︽ᠤᠯᠤᠰ ᠤᠨ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠲᠠ︾᠎ ᠶᠢ ᠠᠮᠵᠢᠯᠲᠠ ᠲᠠᠢ ᠡᠭᠦᠳᠦᠨ ᠪᠠᠶᠢᠭᠤᠯᠬᠤ ᠳᠤ ᠬᠦᠴᠦᠨ ᠨᠡᠮᠡᠷᠢᠯᠡᠵᠦ᠂ ᠪᠣᠯᠪᠠᠰᠤᠨ ᠬᠤᠲᠠ ᠶᠢᠨ ᠡᠭᠦᠳᠦᠨ ᠪᠠᠶᠢᠭᠤᠯᠤᠯᠲᠠ ᠶᠢᠨ ᠰᠢᠯᠭᠠᠨ ᠦᠨᠡᠯᠡᠯᠲᠡ ᠳᠤ ᠲᠡᠤᠬᠡᠨ ᠳᠡᠭᠡᠷᠡᠬᠢ ᠬᠠᠮᠤᠭ ᠤᠨ ᠰᠠᠶᠢᠨ ᠬᠢᠷᠢ ᠪᠦᠲᠦᠮᠵᠢ ᠶᠢ ᠤᠯᠪᠠ᠃ ᠥᠪᠡᠷᠲᠡᠭᠡᠨ ᠵᠠᠰᠠᠬᠤ ᠣᠷᠣᠨ ᠤ ᠠᠷᠪᠠᠳᠤᠭᠠᠷ ᠬᠤᠭᠤᠴᠠᠭᠠᠨ ᠤ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠤ ᠦᠶᠯᠡᠴᠢᠯᠡᠭᠡᠨ ᠤ ᠪᠠᠲᠤᠯᠠᠭ᠎ᠠ ᠶᠢᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠰᠢᠨ᠎ᠡ ᠴᠠᠭ ᠦᠶ᠎ᠡ ᠶᠢᠨ ᠵᠢᠨᠢᠩ ᠤᠨ ᠪᠣᠯᠪᠠᠰᠤᠨ ᠴᠤᠭ ᠵᠢᠪᠬᠤᠭ᠎ᠠ ᠪᠠ ᠰᠠᠶᠢᠨ ᠰᠠᠶᠢᠬᠠᠨ ᠳᠦᠷᠢ ᠲᠥᠷᠬᠦ ᠶᠢ ᠭᠦᠶᠴᠡᠳ ᠢᠯᠡᠷᠡᠭᠦᠯᠪᠡ᠃ ᠨᠢᠭᠡ ᠵᠢᠯ ᠤᠨ ᠲᠤᠷᠰᠢ᠂ ᠪᠢᠳᠡ ᠦᠨᠳᠦᠰᠦᠨ ᠱᠠᠲᠤᠨ ᠤ ᠰᠠᠭᠤᠷᠢ ᠪᠥᠲᠥᠭᠡᠨ ᠪᠠᠶᠢᠭᠤᠯᠤᠯᠲᠠ ᠶᠢ ᠭᠦᠨᠵᠡᠭᠡᠶ  ᠠᠬᠢᠭᠤᠯᠵᠤ᠂ ᠵᠢᠷᠭᠤᠳᠤᠭᠠᠷ ᠰᠤᠮᠤ ᠲᠣᠰᠬᠤᠨ ︽ᠪᠥᠬᠦ ᠣᠷᠣᠨ ᠤ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠶ ᠶᠢᠨ ᠬᠥᠭᠵᠢᠯᠲᠡ ᠶᠢᠨ ᠨᠡᠶᠢᠲᠡᠯᠢᠭ ᠥᠯᠢᠭᠡᠷ ᠳᠠᠭᠤᠷᠢᠶᠠᠯ ᠪᠣᠯᠬᠤ ᠲᠣᠰᠬᠤᠨ︾᠎ ᠢᠶᠠᠷ ᠦᠨᠡᠯᠡᠭᠳᠡᠵᠦ᠂ ᠬᠠᠮ ᠵᠠᠭᠤᠴᠢᠯᠠᠭᠤᠷ ᠤᠨ ᠲᠥᠪ ︽ᠪᠥᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠨᠢᠭᠡᠴᠢ︾᠎ ᠪᠠᠷ ᠦᠨᠡᠯᠡᠭᠳᠡᠵᠦ᠂ ᠠᠷᠠᠳ ᠤᠨ ᠶᠠᠪᠤᠳᠠᠯ ᠤᠨ ᠲᠣᠪᠴᠢᠶ᠎ᠠ ︽ᠪᠥᠬᠦ ᠣᠷᠣᠨ ᠤ ᠨᠠᠰᠤᠵᠢᠯ ᠤᠨ ᠠᠰᠠᠷᠠᠮᠵᠢ ᠶᠢᠨ ᠦᠶᠯᠡᠴᠢᠯᠡᠭᠡᠨ ᠤ ᠲᠡᠷᠢᠭᠦᠨ ᠤ ᠨᠢᠭᠡᠴᠢ︾᠎ ᠶᠢ ᠢᠷᠠᠭᠤ ᠠᠯᠳᠠᠷᠲᠠᠶ ᠪᠠᠷ ᠭᠥᠷᠳᠡᠵᠦ᠂ ᠦᠶᠯᠡᠳᠪᠦᠷᠢ ᠬᠤᠳᠠᠯᠳᠤᠭᠠᠨ ᠤ ᠬᠤᠯᠪᠣᠭ᠎ᠠ ᠪᠥᠬᠦ ᠤᠯᠤᠰ ᠤᠨ ︽ᠲᠠᠪᠤᠨ ᠰᠠᠶᠢᠨᠲᠠᠶ︾ ᠰᠢᠶᠠᠨ ᠤ ᠱᠠᠲᠤᠨ ᠤ ᠦᠶᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠨᠡᠷᠡᠰ ᠲᠤ ᠰᠣᠩᠭᠤᠭᠳᠠᠪᠠ᠃ ᠨᠢᠭᠡ ᠵᠢᠯ ᠤᠨ ᠲᠤᠷᠰᠢ᠂ ᠪᠢᠳᠡ ᠵᠣᠬᠢᠴᠠᠭᠤᠯᠤᠨ ᠬᠠᠮᠲᠤᠷᠠᠯᠴᠠᠬᠤ᠂ ᠬᠠᠮᠲᠤᠷᠠᠯ ᠤᠨ ᠬᠦᠴᠦᠨ ᠢ ᠨᠢᠭᠲᠠᠷᠠᠭᠤᠯᠬᠤ ᠶᠢ ᠪᠠᠷᠢᠮᠲᠠᠯᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠬᠤᠶᠠᠷ ᠢ ᠬᠦᠷᠢᠶᠡᠯᠡᠨ ᠬᠠᠷᠠᠭᠠᠯᠵᠠᠬᠤ᠂ ᠴᠡᠷᠢᠭ ᠠᠴᠠ ᠬᠠᠯᠠᠭᠳᠠᠭᠰᠠᠳ ᠵᠡᠷᠭᠡ ᠠᠵᠢᠯ ᠳᠤ ᠴᠥᠮ ᠰᠢᠨ᠎ᠡ ᠠᠮᠵᠢᠯᠲᠠ ᠪᠦᠲᠦᠮᠵᠢ ᠣᠯᠵᠤ᠂ ᠭᠠᠳᠠᠭᠠᠳᠤ ᠶᠠᠪᠤᠳᠠᠯ ᠬᠠᠷᠢᠶᠠᠲᠤ ᠨᠠᠷ ᠤᠨ ᠶᠠᠪᠤᠳᠠᠯ᠂ ᠲᠠᠩᠰᠠ ᠡᠪᠬᠡᠮᠡᠯ ᠲᠡᠦᠬᠡ ᠣᠶᠢᠯᠠᠯᠭ᠎ᠠ᠂ ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ᠂ ᠴᠠᠭ ᠠᠭᠤᠷ ᠤᠨ ᠭᠠᠯ ᠤᠨᠲᠠᠷᠠᠭᠠᠬᠤ ᠵᠡᠷᠭᠡ ᠠᠵᠢᠯ ᠦᠢᠯᠡᠰ ᠲᠤ ᠴᠥᠮ ᠰᠢᠨ᠎ᠡ ᠠᠮᠵᠢᠯᠲᠠ ᠪᠦᠲᠦᠮᠵᠢ ᠣᠯᠵᠤ᠂ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭ᠎ᠠ᠂ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠵᠡᠮᠳᠡᠭᠴᠦᠳ ᠤᠨ ᠬᠤᠯᠪᠣᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠵᠡᠷᠭᠡ ᠵᠣᠬᠢᠶᠠᠨ ᠪᠠᠶᠢᠭᠤᠯᠤᠯᠲᠠ ᠳᠤ ᠴᠥᠮ ᠰᠢᠨ᠎ᠡ ᠳᠦᠷᠰᠦ ᠪᠠᠶᠢᠳᠠᠯ ᠲᠠᠢ ᠪᠣᠯᠪᠠ᠃    ᠲᠥᠯᠥᠭᠡᠯᠡᠭᠴᠢᠳ ᠡ᠂ ᠠᠮᠵᠢᠯᠲᠠ ᠪᠦᠲᠦᠮᠵᠢ ᠪᠠ ᠢᠷᠠᠭᠤ ᠠᠯᠳᠠᠷ ᠪᠣᠯ ᠰᠢᠷᠭᠠᠭᠤ ᠬᠠᠲᠠᠭᠤᠵᠢᠯᠲᠠᠶ ᠪᠠᠷ ᠵᠣᠷᠢᠭᠤᠯᠤᠭᠰᠠᠨ ᠤ ᠬᠠᠮᠤᠭ ᠤᠨ ᠰᠠᠶᠢᠨ ᠭᠡᠷᠡᠴᠢ ᠮᠥᠨ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠣᠯ ᠬᠦᠴᠢᠷ ᠪᠡᠷᠬᠡᠰᠢᠶᠡᠯ ᠢ ᠢᠯᠠᠨ ᠳᠠᠪᠠᠭ᠋ᠤ ᠬᠠᠮᠤᠭ ᠤᠨ ᠶᠡᠭᠡ ᠢᠳᠡ ᠬᠦᠴᠦᠨ ᠮᠥᠨ᠃ ᠥᠩᠭᠡᠷᠡᠭᠰᠡᠨ ᠨᠢᠭᠡ ᠵᠢᠯ ᠢ ᠡᠷᠭᠢᠴᠡᠭᠦᠯᠬᠦᠶ᠎ᠡ᠂ ᠵᠢᠨᠢᠩ ᠤᠨ ᠣᠯᠤᠭᠰᠠᠨ ᠰᠢᠨ᠎ᠡ ᠲᠠᠪᠰᠢᠯᠳᠠ᠂ ᠢᠯᠡᠷᠡᠭᠰᠡᠨ ᠰᠢᠨ᠎ᠡ ᠬᠤᠪᠢᠷᠠᠯᠲᠠ ᠶᠢᠨ ᠬᠠᠮᠤᠭ ᠤᠨ ᠪᠠᠲᠤ ᠴᠢᠩᠭ᠎ᠠ ᠪᠠᠲᠤᠯᠠᠭ᠎ᠠ ᠪᠣᠯ ᠶᠡᠷᠦᠩᠬᠡᠢ ᠱᠦᠵᠢ ᠰᠢ ᠶᠢᠨ ᠫᠢᠩ ᠵᠠᠮᠴᠢᠯᠠᠨ ᠳᠠᠭᠠᠭᠤᠯᠬᠤ ᠪᠠ ᠨᠠᠮ ᠤᠨ ᠲᠥᠪ ᠬᠤᠷᠢᠶᠠᠨ ᠤ ᠴᠢᠩᠭ᠎ᠠ ᠤᠳᠤᠷᠢᠳᠤᠯᠭ᠎ᠠ ᠪᠣᠯᠤᠨ᠎ᠠ᠂ ᠬᠠᠮᠤᠭ ᠤᠨ ᠦᠨᠳᠦᠰᠦᠨ ᠵᠢᠷᠤᠮᠯᠠᠯ ᠪᠣᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠵᠢᠯᠤᠭᠤᠳᠤᠯᠭ᠎ᠠ ᠪᠣᠯᠤᠨ᠎ᠠ ᠭᠡᠳᠡᠭ ᠢ ᠪᠢᠳᠡ ᠭᠦᠨᠵᠡᠭᠡᠢ ᠣᠶᠢᠯᠠᠭᠠᠪᠠ᠃ ᠵᠢᠨᠢᠩ ᠤᠨ ᠪᠡᠶᠡᠯᠡᠭᠦᠯᠦᠭᠰᠡᠨ ᠰᠢᠨ᠎ᠡ ᠬᠠᠷᠠᠯᠲᠠ ᠨᠢᠭᠡᠪᠦᠷᠢ᠂ ᠪᠡᠶᠡᠯᠡᠭᠦᠯᠦᠭᠰᠡᠨ ᠠᠯᠬᠤᠮ ᠪᠦᠷᠢ ᠶᠢᠨ ᠰᠢᠨ᠎ᠡ ᠳᠠᠪᠠᠯᠲᠠ ᠨᠢ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ  ᠲᠣᠭᠤᠷᠢᠭ ᠤᠨ ᠨᠠᠮ ᠤᠨ ᠬᠤᠷᠢᠶ᠎ᠠ ᠶᠢᠨ ᠠᠶᠠᠯᠠᠯ ᠵᠠᠮᠴᠢᠯᠠᠯ ᠤᠨ ᠴᠢᠭᠯᠡᠯ ᠳᠤ ᠲᠦᠰᠢᠭᠯᠡᠵᠦ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠥᠪᠯᠡᠯᠭᠡᠨ ᠤ ᠬᠦᠴᠦᠲᠡᠢ ᠳᠡᠮᠵᠢᠯᠭᠡ ᠶᠢᠨ ᠠᠴᠢ ᠪᠠᠷ ᠪᠦᠬᠦ ᠲᠣᠭᠤᠷᠢᠭ ᠤᠨ ᠥᠷᠭᠡᠨ ᠤᠯᠠᠨ ᠺᠠᠳ᠋ᠷ ᠤᠯᠠᠨ ᠲᠦᠮᠡᠨ ᠤ ᠪᠦᠯᠬᠦᠮᠳᠡᠨ ᠲᠡᠮᠡᠴᠡᠬᠦ ᠠᠴᠠ ᠰᠠᠯᠵᠤ ᠴᠢᠳᠠᠬᠤ ᠦᠭᠡᠢ ᠭᠡᠳᠡᠭ ᠢ ᠪᠢᠳᠡ ᠪᠠᠰᠠ ᠭᠦᠨᠵᠡᠭᠡᠢ ᠣᠶᠢᠯᠠᠭᠠᠵᠠᠢ᠃ ᠠᠳᠡ᠂ ᠪᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ᠂ ᠪᠥᠬᠦ ᠲᠣᠭᠤᠷᠢᠭ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠪᠣᠯᠤᠨ ᠵᠢᠨᠢᠩ ᠲᠣᠭᠤᠷᠢᠭ ᠤᠨ ᠴᠢᠨᠠᠷ ᠰᠠᠶᠢᠲᠠᠶ ᠬᠥᠭᠵᠢᠯᠲᠡ ᠶᠢ ᠬᠠᠯᠠᠮᠵᠢᠯᠠᠨ ᠳᠡᠮᠵᠢᠵᠦ ᠪᠠᠶᠢᠭ᠎ᠠ ᠪᠣᠶ ᠪᠥᠬᠦᠶ ᠡᠯ᠎ᠡ ᠡᠲᠡᠭᠡᠳ ᠤᠨ ᠬᠥᠮᠦᠰ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠬᠦ ᠶᠢᠨ ᠬᠠᠮᠲᠤ ᠬᠠᠮᠤᠭ ᠤᠨ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠦᠶ᠎ᠡ︕     ᠲᠥᠯᠥᠭᠡᠯᠡᠭᠴᠢᠳ ᠡ᠂ ᠠᠮᠤᠷ ᠵᠢᠮᠦᠷ ᠪᠠᠶᠢᠬᠤ ᠳᠠᠭᠠᠨ ᠠᠶᠤᠯ ᠲᠦᠭᠰᠢᠭᠦᠷᠢ ᠶᠢ ᠦᠯᠦ ᠮᠠᠷᠲᠠᠵᠦ᠂ ᠵᠣᠪᠠᠭᠤᠷᠢ ᠵᠦᠳᠡᠭᠦᠷᠢ ᠶᠢ ᠮᠡᠳᠡᠪᠡᠯ ᠰᠠᠶ᠋ᠢ ᠬᠦᠴᠢᠷ ᠢ ᠢᠯᠠᠨ ᠳᠠᠪᠠᠵᠤ ᠴᠢᠳᠠᠨ᠎ᠠ᠃ ᠬᠡᠬᠦᠳᠡᠭ ᠳᠦᠭᠦᠷᠡᠩ ᠣᠯᠤᠯᠲᠠ ᠲᠠᠢ ᠪᠠᠶᠢᠬᠤ ᠶᠢᠨ ᠬᠠᠮᠲᠤ᠂  ᠵᠢᠨᠢᠩ ᠲᠣᠭᠤᠷᠢᠭ ᠤᠨ ᠬᠥᠭᠵᠢᠯᠲᠡ ᠳᠤ ᠮᠠᠰᠢ ᠤᠯᠠᠨ ᠠᠰᠠᠭᠤᠳᠠᠯ ᠪᠠ ᠥᠷᠢᠰᠥᠯᠳᠦᠭᠡᠨ ᠲᠤᠯᠭᠠᠷᠠᠵᠤ ᠪᠠᠶᠢᠬᠤ ᠶᠢ ᠪᠢᠳᠡ ᠪᠠᠰᠠ ᠣᠯᠵᠤ ᠬᠠᠷᠠᠬᠤ ᠬᠡᠷᠡᠭᠲᠡᠶ᠃ ᠨᠢᠭᠡ ᠳᠤ ᠠᠵᠤ ᠠᠬᠤᠶ ᠶᠢᠨ ᠨᠡᠮᠡᠭᠳᠡᠯ ᠤᠨ ᠬᠥᠳᠡᠯᠭᠡᠭᠴᠢ ᠡᠨᠧᠷᠭᠢ ᠬᠦᠷᠦᠯᠴᠡᠬᠦ ᠦᠭᠡᠢ᠂ ᠳᠠᠶᠢᠴᠢᠯᠠᠬᠤ ᠴᠢᠳᠠᠪᠤᠷᠢ ᠪᠠᠷ ᠴᠢᠩᠭ᠎ᠠ᠂ ᠪᠡᠯᠡ ᠣᠷᠣᠭᠤᠯᠤᠯᠲᠠ ᠶᠢᠨ ᠬᠡᠪᠴᠢᠶ᠎ᠡ ᠪᠠᠷ ᠶᠡᠭᠡ ᠵᠦᠢᠯᠡᠰ ᠤᠯᠠᠨ ᠪᠢᠰᠢ᠂ ᠨᠡᠶᠢᠭᠡᠮ ᠤᠨ ᠪᠡᠯᠡ ᠣᠷᠣᠭᠤᠯᠤᠯᠲᠠ ᠶᠢᠨ ᠨᠡᠮᠡᠭᠳᠡᠯ ᠤᠳᠠᠭᠠᠨ ᠪᠠᠶᠢᠵᠤ ᠂ ᠬᠡᠷᠡᠭᠯᠡᠭᠡᠨ ᠤ ᠠᠮᠢᠵᠢᠷᠠᠯ ᠤᠨ ᠬᠦᠴᠦᠨ ᠢ ᠬᠠᠷᠠᠬᠠᠨ ᠭᠦᠢᠴᠡᠳ ᠪᠠᠳᠠᠷᠠᠭᠤᠯᠤᠭᠠᠳᠤᠶ ᠪᠠᠶᠢᠨ᠎ᠠ ᠃ ᠬᠤᠶᠠᠷ ᠲᠤ ᠡᠬᠢ ᠪᠠᠶᠠᠯᠢᠭ ᠣᠷᠴᠢᠨ ᠠᠬᠤᠶ ᠶᠢᠨ ᠬᠢᠵᠠᠭᠠᠷᠯᠠᠯ ᠴᠢᠩᠭᠠᠷᠠᠬᠤ ᠬᠠᠨᠳᠤᠰᠢ ᠲᠠᠢ ᠪᠤᠯᠵᠤ᠂ ᠤᠰᠤ ᠬᠠᠩᠭᠠᠬᠤ᠂ ᠭᠠᠵᠠᠷ ᠰᠢᠷᠣᠶ᠂ ᠡᠨᠧᠷᠭᠢ ᠶᠢᠨ ᠬᠤᠷᠣᠭᠳᠠᠭᠤᠯᠤᠯ᠂ ᠴᠠᠬᠢᠯᠭᠠᠨ ᠬᠦᠴᠦ᠂ ᠮᠥᠩᠭᠦᠨ ᠭᠦᠢᠯᠭᠡᠭᠡ᠂ ᠴᠢᠳᠠᠪᠤᠷᠢᠲᠠᠨ ᠵᠡᠷᠭᠡ ᠡᠯᠧᠮᠧᠨ᠋ᠲ ᠤᠨ ᠪᠠᠲᠤᠯᠠᠭ᠎ᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠴᠢᠬᠤᠯᠠᠲᠠᠶ ᠪᠠᠶᠢᠨ᠎ᠠ ᠃ ᠭᠤᠷᠪᠠ ᠳᠤ ᠠᠷᠠᠳ ᠤᠨ ᠠᠮᠢᠳᠤᠷᠠᠯ ᠤᠨ ᠪᠠᠲᠤᠯᠠᠭ᠎ᠠ ᠳᠤ ᠮᠥᠨ ᠬᠦ  ᠳᠤᠲᠠᠭᠳᠠᠯ ᠣᠷᠣᠰᠢᠵᠤ ᠪᠠᠶᠢᠨ᠎ᠠ᠂ ᠪᠢᠳᠡ ᠬᠡᠳᠦ᠋ᠢᠪᠡᠷ ᠠᠷᠠᠳ ᠤᠨ ᠠᠮᠢᠳᠤᠷᠠᠯ ᠤᠨ ᠬᠦᠷᠢᠶᠡᠨ ᠳᠤ ᠮᠠᠰᠢ ᠣᠯᠠᠨ ᠠᠷᠭ᠎ᠠ ᠪᠤᠳᠤᠵᠤ᠂ ᠴᠥᠭᠡᠨ ᠪᠤᠰᠤ ︽ᠦᠨᠡᠨ ᠮᠥᠩᠭᠦ︾ ᠭᠠᠷᠭᠠᠭᠰᠠᠨ ᠪᠣᠯᠪᠠᠴᠤ ᠣᠯᠠᠨ ᠲᠦᠮᠡᠨ ᠤ ᠠᠵᠢᠯ ᠣᠯᠭᠤᠯᠲᠠ᠂ ᠰᠤᠷᠭᠠᠨ ᠬᠥᠮᠦᠵᠢᠯ᠂ ᠡᠮ ᠡᠮᠨᠡᠯᠭᠡ᠂ ᠣᠷᠣᠨ ᠰᠠᠭᠤᠴᠠ᠂ ᠬᠡᠤᠬᠡᠳ ᠰᠠᠭᠠᠲᠠᠭᠤᠯᠬᠤ ᠬᠥᠮᠦᠵᠢᠯ᠂ ᠨᠠᠰᠤᠵᠢᠯ ᠤᠨ ᠠᠰᠠᠷᠠᠮᠵᠢ ᠵᠡᠷᠭᠡ ᠲᠠᠯ᠎ᠠ ᠪᠠᠷ ᠬᠢ ᠬᠦᠰᠡᠯ ᠡᠷᠡᠮᠡᠯᠵᠡᠯ ᠲᠠᠢ ᠬᠠᠷᠢᠴᠠᠭᠤᠯᠪᠠᠯ ᠪᠠᠰᠠ ᠪᠠᠭ᠎ᠠ ᠪᠤᠰᠤ ᠵᠥᠷᠢᠶ᠎ᠡ ᠲᠠᠢ ᠪᠠᠶᠢᠨ᠎ᠠ ᠃ ᠡᠭᠦᠨ ᠠᠴᠠ ᠭᠠᠳᠠᠨ᠎ᠠ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠲᠠᠯ᠎ᠠ ᠪᠠᠷ ᠮᠥᠨ ᠬᠦ ᠳᠤᠲᠠᠭᠳᠠᠯ ᠣᠷᠣᠰᠢᠵᠤ ᠪᠠᠶᠢᠨ᠎ᠠ᠃ ᠲᠦᠷᠪᠡ ᠳᠤ ᠠᠶᠤᠯ ᠲᠦᠭᠰᠢᠭᠦᠷᠢ ᠶᠢ ᠰᠡᠷᠭᠡᠶᠢᠯᠡᠬᠦ ᠡᠭᠦᠷᠭᠡ ᠨᠡᠯᠢᠶᠡᠳ ᠬᠦᠨᠳᠦ ᠪᠠᠶᠢᠵᠤ᠂ ᠡᠳ᠋ ᠤᠨ ᠵᠠᠰᠠᠭ ᠤᠨ ︽ᠭᠤᠷᠪᠠ ᠶᠢ ᠪᠠᠲᠤᠯᠠᠬᠤ︾᠂ ᠵᠠᠰᠠᠭ ᠤᠨ ᠣᠷᠳᠣᠨ ᠤ ᠥᠷᠢ ᠥᠭᠴᠡᠭᠡ᠂ ᠠᠶᠤᠯᠭᠦᠶ ᠦᠢᠯᠡᠳᠪᠦᠷᠢᠯᠡᠯ᠂ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠵᠡᠷᠭᠡ ᠲᠠᠯ᠎ᠠ ᠶᠢᠨ ᠠᠶᠤᠯ ᠲᠦᠭᠰᠢᠭᠦᠷᠢ ᠶᠢᠨ ᠲᠠᠯᠳᠠ ᠭᠡᠮ ᠢ ᠣᠮᠲᠣᠭᠠᠶᠢᠯᠠᠵᠤ ᠪᠣᠯᠤᠰᠢ ᠦᠭᠡᠢ ᠪᠠᠶᠢᠨ᠎ᠠ ᠃ ᠲᠠᠪᠤ ᠳᠤ᠂ ᠲᠤᠰ ᠪᠡᠶ᠎ᠡ ᠶᠢᠨ ᠪᠠᠶᠢᠭᠤᠯᠤᠯᠲᠠ ᠪᠠᠨ ᠪᠠᠰᠠ ᠴᠢᠩᠭᠠᠳᠬᠠᠬᠤ ᠴᠢᠬᠤᠯᠠᠲᠠᠢ ᠂ ᠬᠡᠰᠡᠭ ᠺᠠᠳ᠋ᠷ ᠦᠵᠡᠯ ᠰᠠᠨᠠᠭ᠎ᠠ ᠪᠠᠨ ᠴᠢᠯᠥᠭᠡᠯᠡᠭᠰᠡᠨ ᠢᠶᠠᠷ ᠬᠦᠷᠦᠯᠴᠡᠬᠦ ᠦᠭᠡᠢ᠂ ᠡᠷᠴᠢ ᠵᠣᠷᠢᠭ ᠭᠠᠪᠰᠢᠭᠠᠶᠢᠯᠠᠬᠤ ᠵᠣᠷᠢᠭ ᠢᠶᠠᠷ ᠬᠦᠷᠦᠯᠴᠡᠬᠦ ᠦᠭᠡᠢ᠂ ᠦᠢᠯᠡᠴᠢᠯᠡᠭᠡᠨ ᠤ ᠤᠬᠠᠮᠰᠠᠷ ᠪᠠ ᠴᠢᠳᠠᠪᠤᠷᠢ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠬᠦ ᠴᠢᠬᠤᠯᠠᠲᠠᠢ ᠪᠠᠶᠢᠵᠤ᠂ ︽ᠭᠤᠷᠪᠠᠨ ᠤᠯᠠᠨ᠂ ᠭᠤᠷᠪᠠᠨ ᠴᠥᠭᠡᠨ᠂ ᠭᠤᠷᠪᠠᠨ ᠤᠳᠠᠭᠠᠨ︾ ᠠᠰᠠᠭᠤᠳᠠᠯ ᠮᠥᠨ ᠠᠳᠠᠯᠢ ᠪᠤᠰᠤ ᠬᠡᠮᠵᠢᠶ᠎ᠡ ᠪᠠᠷ ᠣᠷᠣᠰᠢᠵᠤ ᠪᠠᠶᠢᠨ᠎ᠠ᠃ ᠡᠭᠦᠨ ᠳᠤ᠂ ᠪᠢᠳᠡ ᠵᠠᠪᠠᠯ ᠠᠰᠠᠭᠤᠳᠠᠯ ᠳᠤ ᠵᠥᠪ ᠢᠶᠠᠷ ᠬᠠᠨᠳᠤᠵᠤ᠂ ᠥᠷᠢᠰᠥᠯᠳᠦᠭᠡᠨ ᠳᠤ ᠰᠢᠭᠤᠳ ᠬᠠᠨᠳᠤᠵᠤ᠂ ᠠᠰᠠᠭᠤᠳᠠᠯ ᠢ ᠰᠢᠢᠳᠪᠦᠷᠢᠯᠡᠬᠦ ᠳᠤᠮᠳᠠ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠪᠠᠷ ᠴᠢᠷᠮᠠᠶᠢᠨ᠎ᠠ᠃ ᠬᠤᠶᠠᠷ᠂ 2024 ᠣᠨ ᠤ ᠠᠵᠢᠯ ᠤᠨ ᠲᠣᠬᠢᠷᠠᠭᠤᠯᠤᠯᠲᠠ     2024 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠠ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠵᠢᠯ ᠮᠥᠨ᠂ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠶ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠶᠢ ᠪᠠᠷᠢᠮᠲᠠᠯᠠᠵᠤ᠂ ᠤᠷᠤᠭᠰᠢᠯᠠᠯᠲᠠ ᠪᠠᠷ ᠲᠣᠭᠲᠠᠭᠤᠨ ᠢ ᠠᠬᠢᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠶ᠂ ᠪᠦᠬᠦ ᠲᠠᠯ᠎ᠠ ᠪᠠᠷ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠪᠠᠷ ᠭᠤᠣᠯ ᠱᠤᠭᠤᠮ ᠪᠣᠯᠭᠠᠵᠤ᠂ ︽ᠬᠤᠶᠠᠷ ᠶᠡᠭᠡ ᠶᠠᠪᠤᠳᠠᠯ︾᠎ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾᠎ ᠢ ᠪᠥᠬᠦ ᠲᠠᠯ᠎ᠠ ᠪᠠᠷ ᠬᠡᠷᠡᠭᠵᠢᠭᠦᠯᠦᠨ᠂ ︽ᠲᠠᠪᠤᠨ ᠵᠦᠶᠯ ᠤᠨ ᠠᠵᠢᠯᠯᠠᠭ᠎ᠠ︾᠎ ᠶᠢ ᠭᠦᠨᠵᠡᠭᠡᠶ ᠥᠷᠨᠢᠭᠦᠯᠵᠦ᠂ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠯᠠᠪᠳᠠᠭᠤᠨ ᠪᠠᠲᠤᠲᠠᠶ ᠵᠠᠮᠨᠠᠵᠤ᠂ ᠠᠵᠤ ᠠᠬᠤᠶ ᠨᠡᠶᠢᠭᠡᠮ ᠤᠨ ᠴᠢᠨᠠᠷ ᠴᠢᠨᠰᠠᠭ᠎ᠠ ᠶᠢ ᠪᠦᠲᠦᠮᠵᠢᠲᠡᠶ ᠳᠡᠭᠡᠭᠰᠢᠯᠡᠭᠦᠯᠬᠦ ᠪᠠ ᠲᠤᠭ᠎ᠠ ᠬᠡᠮᠵᠢᠶ᠎ᠡ ᠶᠢ ᠵᠣᠬᠢᠰᠲᠠᠶ ᠨᠡᠮᠡᠭᠳᠡᠭᠦᠯᠬᠦ ᠶᠢ ᠴᠢᠷᠮᠠᠶᠢᠨ ᠪᠡᠶᠡᠯᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠵᠢᠨᠢᠩ ᠤᠨ ᠰᠢᠨ᠎ᠡ ᠬᠠᠭᠤᠳᠠᠰᠤ ᠶᠢ ᠲᠠᠰᠤᠷᠠᠯᠲᠠ ᠥᠬᠡᠶ ᠪᠢᠴᠢᠭᠯᠡᠨ᠎ᠡ᠃        ᠲᠤᠭᠤᠷᠢᠭ ᠤᠨ ᠨᠠᠮ ᠤᠨ ᠬᠤᠷᠢᠶᠠᠨ ᠤ ᠠᠷᠪᠠᠨ ᠳᠥᠷᠪᠡᠳᠦᠭᠡᠷ ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠵᠢᠴᠢ ᠪᠦᠬᠦ ᠣᠷᠣᠨ ᠤ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠣᠰᠣᠭᠠᠷ᠂ ᠡᠯ᠎ᠡ ᠲᠠᠯ᠎ᠠ ᠶᠢᠨ ᠬᠦᠴᠦᠨ ᠵᠦᠶᠯ ᠢ ᠶᠡᠷᠦᠩᠬᠡᠶᠢᠯᠡᠪᠡᠯ᠂ ᠡᠨᠡ ᠵᠢᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠶᠯᠡᠳᠪᠦᠷᠢᠯᠡᠯ ᠤᠨ ᠶᠡᠷᠦᠩᠬᠡᠶ ᠥᠷᠲᠡᠭ ᠢ 6.0%᠎ ᠠᠴᠠ ᠳᠡᠭᠡᠭᠰᠢ ᠨᠡᠮᠡᠭᠳᠡᠭᠦᠯᠵᠦ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ 15.0%᠎ ᠠᠴᠠ ᠳᠡᠭᠡᠭᠰᠢ ᠨᠡᠮᠡᠭᠳᠡᠭᠦᠯᠵᠦ᠂ ᠲᠣᠭᠲᠠᠭᠠᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠠᠵᠤ ᠠᠬᠤᠶᠢᠯᠠᠯ ᠤᠨ ᠨᠡᠮᠡᠭᠳᠡᠯ ᠥᠷᠲᠡᠭ ᠢ 7.0%᠎ ᠠᠴᠠ ᠳᠡᠭᠡᠭᠰᠢ ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ ᠵᠦᠶᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ ᠶᠢ 6.0%᠎ ᠠᠴᠠ ᠳᠡᠭᠡᠭᠰᠢ ᠨᠡᠮᠡᠭᠳᠡᠭᠦᠯᠵᠦ᠂ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ ᠨᠡᠮᠡᠭᠳᠡᠯ ᠢ ᠠᠵᠤ ᠠᠬᠤᠶ ᠶᠢᠨ ᠨᠡᠮᠡᠭᠳᠡᠯ ᠲᠠᠢ ᠦᠨᠳᠦᠰᠦᠨ ᠳᠡᠭᠡᠨ ᠠᠳᠠᠯᠢ ᠠᠯᠬᠤᠮ ᠎ ᠳᠤ ᠪᠠᠶᠢᠯᠭᠠᠨ᠎ᠠ     ᠳᠡᠭᠡᠷ᠎ᠡ ᠳᠤᠷᠠᠳᠤᠭᠰᠠᠨ ᠬᠠᠷᠠᠯᠲᠠ ᠡᠭᠦᠷᠭᠡ ᠶᠢᠨ ᠲᠣᠭᠤᠷᠢᠨ ᠳᠤ᠂ ᠪᠢᠳᠡ ᠳᠣᠤᠷᠠᠬᠢ ᠠᠵᠢᠯ ᠤᠳ ᠢ ᠭᠤᠤᠯᠳᠠᠯᠭ᠎ᠠ ᠲᠠᠢ ᠰᠠᠶᠢᠲᠤᠷ ᠠᠳᠬᠤᠨ᠎ᠠ᠄    ︵ᠨᠢᠭᠡ︶ ᠲᠣᠭᠲᠠᠭᠤᠨ  ᠤ ᠳᠤᠮᠳᠠ ᠤᠷᠤᠭᠰᠢᠯᠠᠭᠤᠯᠬᠤ ᠶᠢ ᠪᠠᠷᠢᠮᠲᠠᠯᠠᠵᠤ᠂ ᠠᠵᠤ ᠠᠬᠤᠶ ᠶᠢᠨ ᠤᠷᠤᠭᠰᠢᠯᠠᠯᠲᠠ ᠶᠢᠨ ᠳᠤᠮᠳᠠ ᠶᠠᠰᠤ ᠴᠢᠨᠠᠷ ᠢ ᠳᠡᠭᠡᠭᠰᠢᠯᠡᠭᠦᠯᠬᠦ ᠶᠢ ᠠᠬᠢᠭᠤᠯᠤᠨ᠎ᠠ       ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢ ᠬᠦᠴᠦᠯᠡᠨ ᠲᠣᠭᠲᠠᠪᠤᠷᠢᠵᠢᠭᠤᠯᠤᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ᠂ ᠤᠯᠠᠭᠠᠨᠴᠠᠪ ᠬᠤᠲᠠ ᠶᠢᠨ ᠠᠵᠤ ᠠᠬᠤᠶ ᠶᠢ ᠲᠣᠭᠲᠠᠪᠤᠷᠢᠵᠢᠭᠤᠯᠬᠤ ᠰᠢᠷᠢᠰ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶ ᠶᠢᠨ ᠬᠥᠭᠵᠢᠨ ᠪᠤᠵᠠᠭᠠᠶᠢᠷᠠᠬᠤ ᠶᠢ ᠠᠬᠢᠭᠤᠯᠬᠤ ᠰᠠᠨᠠᠯ ᠪᠠ ᠪᠦᠲᠦᠴᠡ ᠶᠢᠨ ᠴᠢᠨᠠᠷᠲᠠᠶ ᠪᠠᠷ ᠭᠠᠶᠢᠯᠢ ᠬᠥᠩᠭᠡᠯᠡᠵᠦ ᠰᠦᠶᠳᠬᠡᠯ ᠢ ᠪᠠᠭᠤᠷᠠᠭᠤᠯᠬᠤ ᠡᠯ᠎ᠡ ᠵᠦᠶᠯ ᠤᠨ ᠠᠷᠭ᠎ᠠ ᠬᠡᠮᠵᠢᠶ᠎ᠡ ᠶᠢ ᠭᠦᠨᠵᠡᠭᠡᠶ ᠨᠠᠶᠢᠳᠠᠪᠤᠷᠢᠵᠢᠭᠤᠯᠤᠨ᠂ ᠲᠥᠷᠥ ᠶᠢᠨ ᠪᠣᠳᠣᠯᠭ᠎ᠠ ᠶᠢᠨ ᠠᠰᠢᠭ ᠲᠤᠰᠠ ᠶᠢ ᠰᠢᠭᠤᠳ ᠭᠥᠷᠳᠡᠵᠦ ᠲᠦᠷᠭᠡᠨ ᠡᠳ᠋ᠯᠡᠬᠦ ᠶᠢ ᠠᠬᠢᠭᠤᠯᠤᠨ᠎ᠠ᠃ ᠠᠵᠤ ᠠᠬᠤᠶᠢᠯᠠᠯ ᠤᠨ ᠦᠶᠯᠡᠴᠢᠯᠡᠭᠡ ᠪᠠ ᠪᠤᠶᠢᠵᠢᠭᠤᠯᠤᠯᠲᠠ ᠶᠢ ᠰᠠᠶᠢᠲᠤᠷ ᠠᠳᠬᠤᠵᠤ᠂ ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ ᠠᠵᠤ ᠦᠶᠯᠡᠳᠪᠦᠷᠢ ᠬᠤᠳᠠᠯᠳᠤᠭᠠᠨ ᠤ ᠡᠷᠦᠬᠡ ᠶᠢ 3000 ᠡᠷᠦᠬᠡ ᠠᠴᠠ ᠳᠡᠭᠡᠭᠰᠢ ᠰᠢᠨ᠎ᠡ ᠪᠠᠷ ᠪᠠᠶᠢᠭᠤᠯᠬᠤ ᠪᠠᠷ ᠴᠢᠷᠮᠠᠶᠢᠨ᠎ᠠ᠃ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠲᠤᠭ᠎ᠠ ᠪᠠᠷᠢᠮᠲᠠ ᠶᠢ ᠪᠣᠳᠠᠲᠠᠶᠢᠵᠢᠭᠤᠯᠤᠨ᠂ ᠪᠠᠶᠢᠳᠠᠯ ᠢ ᠲᠣᠳᠣᠷᠬᠠᠶ ᠣᠶᠢᠯᠠᠭᠠᠪᠠ᠃ ᠵᠠᠰᠠᠭ ᠪᠠᠩᠬᠢ ᠠᠵᠤ ᠠᠬᠤᠶᠢᠯᠠᠯ ᠢ ᠵᠣᠯᠭᠠᠭᠤᠯᠬᠤ ᠶᠢ ᠦᠷᠭᠦᠯᠵᠢᠯᠡᠨ ᠴᠢᠩᠭᠠᠳᠬᠠᠵᠤ᠂ ᠠᠵᠤ ᠠᠬᠤᠶᠢᠯᠠᠯ ᠪᠠ ᠠᠵᠢᠯ ᠲᠥᠷᠥᠯ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ᠮᠥᠩᠭᠦᠨ ᠭᠦᠶᠯᠭᠡᠭᠡᠨ ᠤ ᠪᠠᠶᠢᠭᠤᠯᠤᠮᠵᠢ ᠶᠢᠨ ᠠᠵᠢᠯᠲᠠᠨ ᠢ ᠤᠷᠢᠨ ᠵᠠᠰᠠᠭ ᠤᠨ ᠣᠷᠳᠣᠨ ᠤ ᠮᠥᠩᠭᠦᠨ ᠭᠦᠶᠯᠭᠡᠭᠡᠨ ᠤ ᠵᠥᠪᠯᠡᠭᠴᠢ ᠪᠠᠷ ᠤᠷᠢᠨ ᠬᠡᠷᠡᠭᠯᠡᠵᠦ᠂ ᠮᠥᠩᠭᠦᠨ ᠭᠦᠶᠯᠭᠡᠭᠡᠨ ᠤ ᠪᠠᠶᠢᠭᠤᠯᠤᠮᠵᠢ ᠶᠢ ᠬᠥᠲᠥᠯᠦᠨ ᠵᠢᠯᠣᠭᠤᠳᠴᠤ ᠪᠠᠶᠢᠭᠠᠳ ᠦᠶᠯᠡᠳᠬᠦ ᠦᠶᠯᠡᠰ᠂ ᠳᠤᠮᠳᠠ ᠵᠢᠵᠢᠭ ᠪᠢᠴᠢᠯ ᠠᠵᠤ ᠠᠬᠤᠶᠢᠯᠠᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠬᠦᠷᠢᠶᠡᠨ ᠳᠠᠬᠢ ᠳᠡᠮᠵᠢᠯᠭᠡ ᠶᠢᠨ ᠡᠷᠴᠢᠮ ᠢ ᠴᠢᠩᠭᠠᠷᠠᠭᠤᠯᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠢ ᠬᠠᠪᠰᠤᠷᠤᠨ ᠬᠦᠴᠢᠷ ᠠᠰᠠᠭᠤᠳᠠᠯ ᠢ ᠰᠢᠶᠳᠪᠦᠷᠢᠯᠡᠵᠦ᠂ ᠬᠦᠴᠢᠷ ᠪᠣᠭᠤᠮᠲᠠ ᠶᠢ ᠳᠤᠭᠤᠯᠤᠨ᠂ ᠵᠢᠱᠢᠯᠲᠡ ᠶᠢ ᠲᠣᠭᠲᠠᠪᠤᠷᠢᠵᠢᠭᠤᠯᠵᠤ᠂ ᠢᠲᠡᠭᠡᠯ ᠵᠣᠷᠢᠭ ᠢ ᠨᠢ ᠬᠥᠪᠴᠢᠯᠡᠨ᠎ᠡ᠃    ᠪᠦᠲᠦᠮᠵᠢᠲᠡᠶ ᠪᠡᠯᠡ ᠣᠷᠣᠭᠤᠯᠤᠯᠲᠠ ᠶᠢ ᠬᠦᠴᠦᠯᠡᠨ ᠥᠷᠭᠡᠳᠬᠡᠨ᠎ᠡ᠃ ᠭᠤᠤᠯᠳᠠᠯᠭ᠎ᠠ ᠲᠠᠢ ᠲᠥᠷᠥᠯ ᠵᠦᠶᠯ ᠤᠨ ᠲᠥᠪᠯᠡᠷᠡᠭᠦᠯᠦᠨ ᠪᠣᠭᠤᠮᠲᠠ ᠰᠢᠪᠲᠤᠯᠬᠤ ᠶᠢ ᠭᠦᠨᠵᠡᠭᠡᠶ ᠬᠡᠷᠡᠭᠵᠢᠭᠦᠯᠵᠦ᠂ 61 ᠰᠢᠨ᠎ᠡ ᠪᠠᠷ ᠪᠠᠶᠢᠭᠤᠯᠬᠤ ᠲᠥᠷᠥᠯ ᠵᠦᠶᠯ ᠢ ᠲᠣᠭᠲᠠᠭᠰᠠᠨ ᠬᠤᠭᠤᠴᠠᠭᠠᠨ ᠳᠤ ᠠᠵᠢᠯ ᠡᠬᠢᠯᠡᠭᠦᠯᠦᠨ᠂ 41 ᠦᠷᠭᠦᠯᠵᠢᠯᠡᠨ ᠪᠠᠶᠢᠭᠤᠯᠬᠤ ᠲᠥᠷᠥᠯ ᠵᠦᠶᠯ ᠢ ᠲᠦᠷᠭᠡᠳᠬᠡᠨ ᠪᠠᠶᠢᠭᠤᠯᠬᠤ ᠶᠢ ᠠᠬᠢᠭᠤᠯᠵᠤ᠂ 3 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠡᠮᠦᠨᠡᠬᠢ ᠬᠤᠭᠤᠴᠠᠭᠠᠨ ᠤ ᠭᠠᠷᠳᠠᠮ ᠢ ᠪᠦᠬᠦᠨ ᠢ ᠭᠦᠶᠴᠡᠳᠬᠡᠵᠦ ᠳᠠᠭᠤᠰᠬᠠᠨ᠂ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠪᠦᠬᠦᠨ ᠢ ᠠᠵᠢᠯ ᠡᠬᠢᠯᠡᠭᠦᠯᠬᠦ ᠶᠢ ᠦᠨᠡᠨᠬᠦ ᠪᠠᠲᠤᠯᠠᠵᠤ᠂ ᠪᠥᠬᠦ ᠵᠢᠯ ᠳᠤ 90 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠠᠯᠠ ᠣᠷᠣᠭᠤᠯᠤᠯᠲᠠ ᠶᠢ ᠪᠡᠶᠡᠯᠡᠭᠦᠯᠦᠨ᠎ᠡ᠃ ᠬᠤᠳᠠ ᠶᠢᠨ ᠶᠠᠪᠤᠳᠠᠯ ᠤᠨ ᠰᠠᠭᠤᠷᠢ᠂ ᠠᠷᠠᠳ ᠤᠨ ᠠᠮᠢᠳᠤᠷᠠᠯ ᠤᠨ ᠰᠠᠶᠢᠵᠢᠷᠠᠯᠲᠠ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠲᠥᠪ ᠤᠨ ᠲᠥᠰᠦᠪ ᠤᠨ ᠳᠣᠲᠣᠷᠠᠬᠢ ᠪᠡᠯᠡ ᠣᠷᠣᠭᠤᠯᠤᠯᠲᠠ ᠶᠢ ᠢᠳᠡᠪᠬᠢᠲᠡᠢ ᠲᠡᠮᠡᠴᠡᠨ ᠣᠯᠵᠤ᠂ ᠨᠡᠩ ᠤᠯᠠᠨ ᠲᠦᠷᠦᠯ ᠵᠦᠢᠯ ᠢ ᠤᠯᠤᠰ᠂ ᠥᠪᠡᠷᠲᠡᠭᠡᠨ ᠵᠠᠰᠠᠬᠤ ᠣᠷᠣᠨ ᠤ ︽ᠲᠤᠮᠤ ᠬᠡᠪᠴᠢᠶᠡᠨ︾᠎ ᠳᠤ ᠣᠷᠣᠭᠤᠯᠬᠤ ᠶᠢ ᠠᠬᠢᠭᠤᠯᠤᠨ᠎ᠠ᠃ ᠤᠯᠤᠰ ᠤᠨ ᠵᠢᠭᠡᠯᠡᠯᠭᠡ ᠶᠢᠨ ᠵᠦᠢᠯᠡᠰ ᠢ ᠨᠡᠮᠡᠵᠦ ᠲᠠᠷᠬᠠᠭᠠᠬᠤ ᠲᠦᠷᠦ ᠶᠢᠨ ᠪᠤᠳᠤᠯᠭ᠎ᠠ ᠶᠢᠨ ᠠᠵᠠ ᠲᠣᠬᠢᠶᠠᠯ ᠢ ᠵᠠᠪᠳᠤᠨ ᠠᠳᠬᠤᠵᠤ᠂ ᠨᠢᠭᠡ ᠪᠦᠯᠦᠭ ᠰᠠᠭᠤᠷᠢ ᠴᠢᠨᠠᠷᠲᠠᠶ᠂ ᠲᠤᠯᠭᠠᠭᠤᠷᠢᠯᠠᠬᠤ ᠴᠢᠨᠠᠷᠲᠠᠶ᠂ ᠬᠥᠲᠥᠯᠥᠨ ᠳᠠᠭᠠᠭᠤᠯᠬᠤ ᠴᠢᠨᠠᠷᠲᠠᠶ ᠲᠤᠮᠤ ᠵᠦᠢᠯᠡᠰ ᠰᠠᠶᠢᠨ ᠵᠦᠢᠯᠡᠰ ᠢ ᠦᠷᠭᠦᠯᠵᠢᠯᠡᠨ ᠲᠥᠯᠥᠪᠯᠡᠨ ᠨᠥᠭᠡᠴᠡᠯᠡᠵᠦ᠂ ᠲᠦᠷᠦ ᠶᠢᠨ ᠪᠤᠳᠤᠯᠭ᠎ᠠ ᠶᠢᠨ ᠠᠵᠠ ᠲᠣᠬᠢᠶᠠᠯ ᠢ ᠦᠨᠡᠨ ᠬᠦ ᠪᠣᠳᠠᠲᠠᠶᠢᠵᠢᠭᠤᠯᠤᠭᠰᠠᠨ ᠪᠡᠯᠡ ᠮᠥᠩᠭᠦ ᠪᠣᠯᠭᠠᠨ ᠬᠤᠪᠢᠷᠠᠭᠤᠯᠤᠨ᠎ᠠ᠃     ᠨᠠᠷᠢᠯᠢᠭ ᠣᠨᠣᠴᠠᠲᠠᠶ ᠪᠠᠷ ᠬᠤᠳᠠᠯᠳᠤᠭᠠᠴᠢᠨ ᠤᠷᠢᠬᠤ ᠶᠢ ᠬᠦᠴᠦᠯᠡᠨ ᠠᠬᠢᠭᠤᠯᠤᠨ᠎ᠠ᠃ ᠲᠠᠪᠤᠨ ᠶᠡᠭᠡ ᠭᠤᠤᠯᠯᠠᠬᠤ ᠠᠵᠤ ᠦᠶᠯᠡᠰ ᠤᠨ ᠲᠣᠭᠤᠷᠢᠨ ᠳᠤ᠂ ᠭᠤᠷᠪᠠᠨ ᠤᠳᠠᠭᠠᠨ ᠤ ᠠᠵᠤ ᠦᠶᠯᠡᠰ ᠤᠨ ᠪᠤᠶᠢᠵᠢᠭᠤᠯᠤᠨ ᠱᠤᠭᠤᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠪᠥᠬᠦ  ᠲᠤᠭᠤᠷᠢᠭ ᠤᠨ ᠬᠦᠴᠦᠨ ᠢ ᠳᠠᠶᠢᠴᠢᠯᠠᠨ ᠲᠤᠰᠬᠠᠶ ᠮᠡᠷᠭᠡᠵᠢᠯ ᠤᠨ ᠬᠤᠳᠠᠯᠳᠤᠭᠠᠴᠢᠨ ᠤᠷᠢᠬᠤ᠂ ᠬᠤᠳᠠᠯᠳᠤᠭᠠᠴᠢᠨ ᠢᠶᠠᠷ ᠬᠤᠳᠠᠯᠳᠤᠭᠠᠴᠢᠨ ᠤᠷᠢᠬᠤ᠂ ᠪᠥᠬᠦ ᠠᠵᠢᠯᠲᠠᠨ ᠢᠶᠠᠷ ᠬᠤᠳᠠᠯᠳᠤᠭᠠᠴᠢᠨ ᠤᠷᠢᠬᠤ᠂ ᠰᠦᠯᠵᠢᠶᠡᠨ ᠳᠡᠭᠡᠷ᠎ᠡ ᠬᠤᠳᠠᠯᠳᠤᠭᠠᠴᠢᠨ ᠤᠷᠢᠬᠤ ᠶᠢ ᠥᠷᠨᠢᠭᠦᠯᠵᠦ᠂ ᠪᠥᠬᠦ ᠵᠢᠯ ᠳᠤ ᠰᠢᠨ᠎ᠡ ᠪᠠᠷ ᠭᠡᠷ᠎ᠡ ᠲᠣᠭᠲᠠᠭᠰᠠᠨ ᠲᠥᠷᠥᠯ ᠵᠦᠶᠯ ᠢ 180᠎ ᠠᠴᠠ ᠳᠡᠭᠡᠭᠰᠢ᠂ ᠪᠣᠳᠠᠲᠠᠶᠢᠵᠢᠭᠤᠯᠤᠭᠰᠠᠨ ᠪᠠᠯᠠ ᠮᠥᠩᠭᠦ ᠶᠢ 70 ᠳ᠋ᠦᠩᠰᠢᠭᠤᠷ ᠲᠥᠭᠦᠷᠢᠭ ᠠᠴᠠ ᠳᠠᠪᠠᠭᠤᠯᠬᠤ ᠪᠠᠷ ᠴᠢᠷᠮᠠᠶᠢᠨ᠎ᠠ᠃ ᠭᠠᠵᠠᠷ ᠬᠡᠷᠡᠭᠯᠡᠬᠦ᠂ ᠲᠥᠯᠥᠪᠵᠢᠭᠦᠯᠬᠦ᠂ ᠡᠨᠧᠷᠭᠢ ᠶᠢᠨ ᠬᠤᠷᠣᠭᠳᠠᠭᠤᠯᠤᠯ᠂ ᠦᠢᠯᠡᠳᠪᠦᠷᠢᠯᠡᠵᠦ ᠭᠠᠷᠭᠠᠬᠤ ᠵᠡᠷᠭᠡ ᠬᠦᠴᠦᠨ ᠵᠦᠢᠯ ᠢ ᠨᠢᠭᠡᠳᠦᠯᠲᠡᠶ ᠲᠥᠯᠥᠪᠯᠡᠵᠦ᠂ ᠵᠣᠯᠭᠠᠭᠤᠯᠬᠤ᠂ ᠵᠥᠪᠳᠡᠯᠴᠡᠬᠦ᠂ ᠭᠡᠷ᠎ᠡ ᠲᠣᠭᠲᠠᠬᠤ᠂ ᠪᠦᠳᠦᠭᠡᠨ ᠪᠠᠶᠢᠭᠤᠯᠬᠤ ᠠᠴᠠ ᠠᠰᠢᠭᠯᠠᠯᠲᠠ ᠳᠤ ᠣᠷᠣᠭᠤᠯᠬᠤ ᠬᠦᠷᠲᠡᠯᠡᠬᠢ ᠦᠢᠯᠡᠴᠢᠯᠡᠭᠡᠨ ᠤ ᠪᠠᠲᠤᠯᠠᠭ᠎ᠠ ᠶᠢᠨ ᠲᠣᠭᠲᠠᠴᠠ ᠶᠢ ᠪᠦᠷᠢᠨᠰᠢᠬᠦᠯᠵᠤ᠂ ᠠᠵᠤ ᠠᠬᠤᠶᠢᠯᠠᠯ ᠤᠨ ᠪᠡᠯᠡ ᠣᠷᠣᠭᠤᠯᠤᠯᠲᠠ ᠶᠢ ᠰᠤᠳᠤᠯᠤᠨ ᠮᠠᠭᠠᠳᠯᠠᠬᠤ ᠴᠠᠭ ᠪᠠ ᠭᠠᠷ ᠭᠦᠢᠴᠡᠳᠬᠡᠯ ᠬᠢᠬᠦ ᠴᠠᠭ ᠤᠨ ᠬᠢᠵᠠᠭᠠᠷ ᠢ ᠪᠣᠭᠤᠨᠢᠰᠬᠠᠨ᠎ᠠ᠃ ᠠᠷᠠᠯᠵᠢᠶᠠᠴᠢᠨ ᠤᠷᠢᠬᠤ ᠡᠭᠦᠷᠭᠡ ᠬᠠᠷᠢᠭᠤᠴᠠᠯᠭ᠎ᠠ ᠪᠠ ᠡᠭᠦᠷᠭᠡ ᠶᠢᠨ ᠨᠠᠷᠢᠨ ᠲᠠᠩᠰᠠ ᠶᠢ ᠨᠠᠷᠢᠯᠢᠬᠵᠢᠭᠤᠯᠵᠤ᠂ ᠬᠡᠯᠡᠯᠴᠡᠭᠡᠷ ᠲᠣᠭᠲᠠᠭᠰᠠᠨ ᠲᠤᠭ᠎ᠠ ᠬᠡᠮᠵᠢᠶ᠎ᠡ ᠪᠠ ᠪᠠᠯᠠ ᠣᠷᠣᠭᠤᠯᠤᠯᠲᠠ ᠶᠢᠨ ᠲᠤᠭ᠎ᠠ ᠬᠡᠮᠵᠢᠶ᠎ᠡ ᠪᠠᠷ ᠦᠨᠡᠯᠡᠬᠦ ᠥᠬᠡᠶ᠂ ᠭᠡᠷ᠎ᠡ ᠲᠣᠭᠲᠠᠭᠰᠠᠨ ᠲᠥᠷᠥᠯ ᠵᠦᠶᠯ ᠢ ᠨᠠᠶᠢᠳᠠᠪᠤᠷᠢᠵᠢᠭᠤᠯᠬᠤ ᠳᠡᠭᠡᠷ᠎ᠡ ᠭᠤᠤᠯᠳᠠᠯᠭ᠎ᠠ ᠲᠠᠢ ᠪᠣᠳᠠᠲᠤ ᠦᠷ᠎ᠡ ᠪᠦᠲᠦᠮᠵᠢ ᠶᠢ ᠡᠷᠬᠢᠮᠯᠡᠵᠦ᠂ ᠭᠡᠷ᠎ᠡ ᠲᠣᠭᠲᠠᠭᠰᠠᠨ ᠲᠥᠷᠥᠯ ᠵᠦᠶᠯ ᠤᠨ ᠭᠡᠷ᠎ᠡ ᠭᠦᠶᠴᠡᠳᠬᠡᠬᠦ ᠨᠣᠷᠮ᠎ᠠ ᠶᠢ ᠪᠥᠬᠦ ᠬᠦᠴᠦᠨ ᠢᠶᠠᠷ ᠢᠶᠠᠨ ᠳᠡᠭᠡᠭᠰᠢᠯᠡᠭᠦᠯᠦᠨ᠎ᠡ᠃     ︵ᠬᠤᠶᠠᠷ︶ ᠰᠠᠭᠤᠷᠢ ᠶᠢ ᠪᠠᠲᠤᠳᠬᠠᠨ ᠦᠨᠳᠦᠰᠦ ᠶᠢ ᠪᠠᠬᠢᠵᠢᠭᠦᠯᠬᠦ ᠶᠢ ᠪᠠᠷᠢᠮᠲᠠᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠤᠨ᠎ᠠ    ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠶᠳᠪᠦᠷᠢᠯᠡᠬᠦ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠨ᠎ᠡ᠃ ᠲᠠᠬᠢᠨ ᠶᠠᠳᠠᠭᠤᠷᠠᠬᠤ ᠶᠢ ᠰᠡᠷᠭᠡᠶᠢᠯᠡᠨ ᠬᠤᠷᠢᠭᠯᠠᠬᠤ ᠬᠢᠨᠠᠨ ᠬᠡᠮᠵᠢᠵᠦ ᠬᠠᠪᠰᠤᠷᠤᠨ ᠲᠡᠳᠬᠦᠬᠦ ᠲᠣᠭᠲᠠᠴᠠ ᠶᠢ ᠰᠠᠶᠢᠲᠤᠷ ᠨᠠᠶᠢᠳᠠᠪᠤᠷᠢᠵᠢᠭᠤᠯᠵᠤ᠂ ᠡᠪᠡᠳᠴᠢᠨ ᠡᠮᠭᠡᠭ᠂ ᠭᠠᠮᠰᠢᠭ ᠠᠴᠠ ᠪᠤᠯᠵᠤ ᠲᠠᠬᠢᠨ ᠶᠠᠳᠠᠭᠤᠷᠠᠬᠤ ᠠᠴᠠ ᠪᠤᠯᠵᠤ ᠶᠠᠳᠠᠭᠤᠷᠠᠬᠤ ᠬᠦᠴᠦᠨ ᠵᠦᠢᠯ ᠢ ᠭᠤᠣᠯᠳᠠᠯᠭ᠎ᠠ ᠲᠠᠢ ᠠᠩᠬᠠᠷᠴᠤ᠂ ᠬᠡᠪᠴᠢᠶᠡᠵᠢᠭᠰᠡᠨ ᠴᠢᠨᠠᠷᠲᠠᠢ ᠲᠠᠬᠢᠨ ᠶᠠᠳᠠᠭᠤᠷᠠᠬᠤ ᠦᠬᠡᠢ ᠪᠠᠶᠢᠬᠤ ᠬᠤᠷᠢᠭ᠎ᠠ ᠱᠤᠭᠤᠮ ᠢ ᠡᠷᠡᠰ ᠰᠠᠬᠢᠨ᠎ᠠ᠃ ᠠᠵᠤ ᠦᠶᠯᠡᠰ ᠢᠶᠠᠷ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠰᠠᠶᠢᠲᠤᠷ ᠨᠠᠶᠢᠳᠠᠪᠤᠷᠢᠵᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ 11 ᠲᠥᠷᠥᠯ ᠵᠦᠶᠯ ᠢ ᠲᠥᠯᠥᠪᠵᠢᠭᠦᠯᠦᠨ ᠬᠡᠷᠡᠭᠵᠢᠭᠦᠯᠵᠦ᠂ ᠦᠶᠯᠡᠳᠪᠦᠷᠢᠯᠡᠬᠦ ᠪᠣᠯᠪᠠᠰᠤᠷᠠᠭᠤᠯᠬᠤ ᠪᠣᠷᠣᠯᠠᠭᠤᠯᠬᠤ ᠶᠢ ᠨᠡᠪᠲᠡᠷᠡᠭᠦᠯᠦᠭᠰᠡᠨ᠂ ᠲᠠᠷᠢᠶᠠᠯᠠᠩ ᠰᠣᠶᠣᠯ ᠵᠢᠭᠤᠯᠴᠢᠯᠠᠯ ᠠᠭᠤᠰᠤᠯᠴᠠᠭᠰᠠᠨ ᠣᠲᠣ ᠦᠶ᠎ᠡ ᠶᠢᠨ ᠬᠥᠳᠡᠭᠡ ᠲᠣᠰᠬᠤᠨ ᠤ ᠠᠵᠤ ᠦᠶᠯᠡᠰ ᠤᠨ ᠰᠢᠰᠲ᠋ᠧᠮᠵᠢ ᠶᠢ ᠲᠦᠷᠭᠡᠳᠬᠡᠨ ᠪᠠᠶᠢᠭᠤᠯᠵᠤ᠂ ᠠᠵᠤ ᠠᠬᠤᠶ ᠶᠢᠨ ᠦᠷ᠎ᠡ ᠠᠰᠢᠭ ᠢᠶᠠᠷ ᠰᠠᠶᠢᠨ᠂ ᠳᠠᠶᠢᠴᠢᠯᠠᠬᠤ ᠴᠢᠳᠠᠪᠤᠷᠢ ᠪᠠᠷ ᠴᠢᠩᠭ᠎ᠠ ᠨᠢᠭᠡ ᠪᠦᠯᠦᠭ ᠲᠣᠰᠬᠤᠨ ᠤ ᠬᠠᠮᠲᠤ ᠶᠢᠨ ᠠᠵᠤ ᠠᠬᠤᠶ ᠶᠢ ᠪᠣᠶ ᠪᠣᠯᠭᠠᠵᠤ᠂ ᠲᠣᠰᠬᠤᠨ ᠤ ᠬᠠᠮᠲᠤ ᠶᠢᠨ ᠠᠵᠤ ᠠᠬᠤᠶ ᠶᠢᠨ ᠣᠷᠣᠯᠭ᠎ᠠ ᠶᠢ ᠪᠦᠬᠦᠨ ᠢ 10 ᠲᠦᠮᠡᠨ ᠲᠥᠭᠦᠷᠢᠭ ᠠᠴᠠ ᠳᠡᠭᠡᠭᠰᠢ᠂ 65%᠎ ᠠᠴᠠ ᠳᠡᠭᠡᠭᠰᠢᠬᠢ ᠵᠠᠰᠠᠭ ᠵᠠᠬᠢᠷᠭᠠᠨ ᠤ ᠲᠣᠰᠬᠤᠨ ᠤ ᠬᠠᠮᠲᠤ ᠶᠢᠨ ᠠᠵᠤ ᠠᠬᠤᠶ ᠶᠢᠨ ᠣᠷᠣᠯᠭ᠎ᠠ ᠶᠢ 20 ᠲᠦᠮᠡᠨ ᠲᠥᠭᠦᠷᠢᠭ ᠠᠴᠠ ᠳᠠᠪᠠᠭᠤᠯᠬᠤ ᠪᠠᠷ ᠴᠢᠷᠮᠠᠶᠢᠨ᠎ᠠ᠃    ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠨᠠᠷᠢᠯᠢᠭ ᠭᠦᠨᠵᠡᠭᠡᠶ ᠡᠳ᠋ᠰᠢᠭᠦᠯᠬᠦ ᠠᠵᠢᠯ ᠢ ᠰᠠᠶᠢᠲᠤᠷ ᠬᠢᠵᠦ᠂ ᠲᠠᠷᠢᠶᠠᠨ ᠭᠠᠵᠠᠷ ᠤᠨ ᠬᠠᠮᠠᠭᠠᠯᠠᠯᠲᠠ ᠪᠠ ᠠᠮᠤ ᠪᠤᠳᠠᠭᠠᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠬᠠᠮᠢᠶᠠᠷᠤᠯᠲᠠ ᠬᠠᠮᠠᠭᠠᠯᠠᠯᠲᠠ ᠶᠢ ᠴᠢᠩᠭᠠᠳᠬᠠᠵᠤ᠂ 240 ᠮᠦ ᠲᠦᠬᠦᠭᠡᠷᠦᠮᠵᠢᠳᠤ ᠲᠠᠷᠢᠶᠠᠯᠠᠩ ᠢ ᠰᠢᠨ᠎ᠡ ᠪᠠᠷ ᠨᠡᠮᠡᠭᠳᠡᠭᠦᠯᠵᠦ᠂ ᠠᠮᠤ ᠪᠤᠳᠠᠭ᠎ᠠ ᠲᠠᠷᠢᠬᠤ ᠲᠠᠯᠠᠪᠠᠢ᠂ ᠤᠨᠠᠯᠲᠠ ᠶᠢ ᠨᠡᠮᠡᠭᠳᠡᠭᠦᠯᠬᠦ ᠠᠴᠠ ᠪᠢᠰᠢ ᠬᠠᠰᠤᠭᠳᠠᠭᠤᠯᠬᠤ ᠦᠭᠡᠢ ᠪᠠᠶᠢᠬᠤ ᠶᠢ ᠦᠨᠡᠨ ᠬᠦ ᠪᠠᠲᠤᠯᠠᠨ᠎ᠠ᠃  ᠯᠠᠨ ᠭᠧ ᠭᠧ ᠳᠣᠣᠷ᠎ᠠ ᠳᠤᠯᠠᠭᠠᠨᠳᠤ ᠡᠭᠡᠳᠡᠭᠰᠡᠨ ᠰᠦ ᠎ ᠶᠢᠨ ᠬᠦᠭᠵᠢᠯᠲᠡ ᠶᠢ ᠠᠬᠢᠭᠤᠯᠵᠤ᠂ ᠳᠣᠯᠣᠳᠤᠭᠠᠷ ᠰᠤᠮᠤᠨ ᠤ ᠭᠤᠯᠢᠷ ᠤᠨ ᠦᠢᠯᠡᠳᠪᠦᠷᠢ ᠶᠢᠨ ᠵᠦᠢᠯᠡᠰ ᠢ ᠲᠦᠷᠭᠡᠬᠡᠨ ᠠᠵᠢᠯ ᠡᠬᠢᠯᠡᠭᠦᠯᠪᠡ᠃  ᠯᠠᠨ ᠭᠧ ᠭᠧ  ᠰᠦ ᠶᠢᠨ ᠦᠢᠯᠡᠰ  ᠶᠢ ᠤᠮᠠᠷᠠᠲᠤ ᠶᠢᠨ ᠠᠷᠠᠯᠵᠢᠶᠠᠨ ᠤ ᠭᠠᠵᠠᠷ ᠤᠨ  ᠵᠠᠬ᠎ᠠ ᠳᠡᠯᠭᠡᠭᠦᠷ ᠲᠤ ᠭᠠᠷᠭᠠᠬᠤ ᠶᠢ ᠳᠡᠮᠵᠢᠵᠦ᠂ ᠲᠥᠮᠥᠰᠥᠨ ᠤ ᠴᠤᠭᠯᠠᠷᠠᠯ᠂ ᠰᠢᠨ ᠶᠤᠸᠠᠢ ᠰᠦ ᠶᠢᠨ ᠦᠶᠯᠡᠰ᠂ ᠳ᠋ᠦᠩ ᠯᠠᠶ ᠱᠦᠨ᠂ ᠯᠣᠣ ᠮᠠ ᠯᠠᠯᠤ ᠶᠢᠨ ᠠᠵᠤ ᠠᠬᠤᠶᠢᠯᠠᠯ ᠵᠡᠷᠭᠡ ᠠᠵᠤ ᠠᠬᠤᠶᠢᠯᠠᠯ ᠤᠨ ᠰᠢᠨ᠎ᠡ ᠶᠢ ᠡᠭᠦᠳᠦᠭᠰᠡᠨ ᠪᠦᠲᠦᠭᠡᠭᠳᠡᠬᠦᠨ ᠢ ᠰᠤᠳᠤᠯᠤᠨ ᠨᠡᠭᠡᠭᠡᠬᠦ ᠶᠢ ᠵᠣᠷᠢᠭᠵᠢᠭᠤᠯᠵᠤ᠂ ᠠᠵᠤ ᠦᠶᠯᠡᠰ ᠤᠨ ᠬᠡᠯᠬᠢᠶ᠎ᠡ ᠶᠢ ᠤᠷᠲᠤᠳᠬᠠᠨ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠨᠡᠮᠡᠯᠲᠡ ᠥᠷᠲᠡᠭ ᠢ ᠳᠡᠭᠡᠭᠰᠢᠯᠡᠭᠦᠯᠦᠨ᠎ᠡ᠃ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠰᠦᠯᠵᠢᠶᠡᠨ ᠳᠡᠭᠡᠷ᠎ᠡ ᠪᠠ ᠰᠦᠯᠵᠢᠶᠡᠨ ᠠᠴᠠ ᠭᠠᠳᠠᠭᠤᠷ ᠪᠣᠷᠣᠯᠠᠭᠤᠯᠬᠤ ᠠᠷᠭ᠎ᠠ ᠵᠠᠮ ᠢ ᠢᠳᠡᠪᠬᠢᠲᠡᠶ ᠥᠷᠭᠡᠳᠬᠡᠵᠦ᠂ ᠨᠠᠩ ᠣᠯᠠᠨ ᠠᠵᠤ ᠠᠬᠤᠶᠢᠯᠠᠯ ᠤᠨ ︽ᠤᠤᠯ ᠤᠨ ᠦᠨᠦᠷ ᠠᠮᠲᠠ ᠲᠠᠢ ᠤᠯᠠᠭᠠᠨᠴᠠᠪ︾᠎  ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠳᠤ ᠰᠣᠩᠭᠤᠭᠳᠠᠬᠤ ᠶᠢ ᠠᠬᠢᠭᠤᠯᠵᠤ᠂ ᠦᠨᠡᠨ ᠬᠦ ᠰᠠᠶᠢᠨ ᠵᠦᠶᠯ ᠢ ᠲᠣᠮᠣ ᠨᠠᠷᠠᠲᠤ ᠲᠥᠷᠥᠯ ᠲᠡᠮᠳᠡᠭᠲᠦ ᠪᠣᠯᠭᠠᠨ᠂ ᠥᠨᠳᠥᠷ ᠦᠷ᠎ᠡ ᠠᠰᠢᠭ ᠲᠠᠢ ᠪᠣᠯᠭᠠᠨ᠎ᠠ᠃    ᠬᠥᠳᠡᠭᠡ ᠲᠣᠰᠬᠤᠨ ᠢ ᠪᠦᠳᠦᠭᠡᠨ ᠪᠠᠶᠢᠭᠤᠯᠬᠤ ᠠᠵᠢᠯᠯᠠᠭ᠎ᠠ ᠶᠢ ᠶᠡᠬᠡᠪᠡᠷ ᠬᠡᠷᠡᠭᠵᠢᠭᠦᠯᠦᠨ᠎ᠡ᠃ ︽ᠮᠢᠩᠭᠠᠨ ᠲᠦᠮᠡ ᠶᠢᠨ ᠢᠨᠵᠧᠨᠧᠷᠢᠩ︾᠎ ᠢ ᠭᠦᠨᠵᠡᠭᠡᠶᠢᠷᠡᠭᠦᠯᠬᠦ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠬᠥᠳᠡᠭᠡ ᠲᠣᠰᠬᠤᠨ ᠤ ᠵᠠᠮ᠂ ᠤᠰᠤ ᠤᠮᠳᠠ᠂ ᠣᠷᠣᠨ ᠰᠠᠭᠤᠴᠠ ᠶᠢᠨ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠵᠤ᠂ 7 ᠵᠤᠷᠪᠤᠰ ᠬᠥᠳᠡᠭᠡ ᠲᠣᠰᠬᠤᠨ ᠤ ᠵᠠᠰᠠᠮᠠᠯ ᠵᠠᠮ ᠢ ᠲᠡᠰ ᠳᠡᠪᠰᠢᠭᠦᠯᠵᠦ᠂ 5 ᠵᠠᠰᠠᠭ ᠵᠠᠬᠢᠷᠭᠠᠨ ᠤ ᠲᠣᠰᠬᠤᠨ ᠢ ᠨᠣᠭᠤᠭᠠᠷᠠᠭᠤᠯᠵᠤ ᠭᠤᠶᠤᠵᠢᠭᠤᠯᠬᠤ ᠢᠨᠵᠧᠨᠧᠷᠢᠩ ᠢ ᠬᠡᠷᠡᠭᠵᠢᠭᠦᠯᠵᠦ᠂ 2 ᠲᠣᠰᠬᠤᠨ ᠤ ᠬᠥᠮᠦᠰ ᠤᠨ ᠤᠮᠳᠠᠭᠠᠨ ᠤ ᠪᠦᠳᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠪᠡᠶᠡᠯᠡᠭᠦᠯᠵᠦ᠂ 2 ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠲᠣᠰᠬᠤᠨ ᠢ ᠴᠣᠭᠴᠠᠯᠠᠨ ᠪᠠᠶᠢᠭᠤᠯᠤᠨ᠎ᠠ᠃ ᠪᠡᠯᠡᠳᠭᠡᠮᠵᠢᠳᠤ ᠲᠡᠵᠢᠭᠡᠨ ᠦᠷᠡᠵᠢᠭᠦᠯᠬᠦ ᠦᠢᠯᠡᠰ ᠢ ᠶᠡᠬᠡᠪᠡᠷ ᠲᠡᠳᠬᠦᠵᠦ᠂ ᠲᠠᠷᠢᠶᠠᠴᠢᠨ ᠡᠷᠦᠬᠡ ᠶᠢ ᠳᠠᠶᠢᠴᠢᠯᠠᠨ ᠬᠠᠰᠢᠶᠠᠯᠠᠨ ᠲᠡᠵᠢᠭᠡᠬᠦ ᠪᠠ ᠬᠡᠪᠴᠢᠶᠡᠵᠢᠭᠦᠯᠦᠭᠰᠡᠨ᠂ ᠲᠥᠪᠯᠡᠷᠡᠭᠦᠯᠦᠭᠰᠡᠨ ᠲᠡᠵᠢᠭᠡᠨ ᠦᠷᠡᠵᠢᠭᠦᠯᠬᠦ ᠦᠢᠯᠡᠰ ᠢ ᠬᠥᠭᠵᠢᠭᠦᠯᠦᠨ᠎ᠡ᠃ ︽ᠪᠣᠯᠪᠠᠰᠤᠨ ᠭᠡᠷ ᠪᠦᠯᠢ︾᠂ ︽ᠬᠠᠮᠤᠭ ᠤᠨ ᠭᠤᠶᠤ  ᠬᠦᠷᠢᠶ᠎ᠡ︾᠂ ︽ᠨᠠᠰᠤᠲᠠᠨ ᠢᠶᠠᠨ ᠠᠴᠢᠯᠠᠵᠤ ᠲᠦᠷᠦᠯ ᠰᠠᠳᠤᠨ ᠢᠶᠠᠨ ᠬᠠᠶᠢᠷᠠᠯᠠᠬᠤ︾ ᠵᠡᠷᠭᠡ ᠰᠢᠯᠭᠠᠷᠠᠭᠤᠯᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠪᠣᠯᠪᠠᠰᠤᠨ ᠬᠥᠳᠡᠭᠡ ᠶᠢᠨ ᠰᠤᠷᠲᠠᠯ᠂ ᠰᠠᠶᠢᠨ ᠰᠠᠶᠢᠬᠠᠨ ᠭᠡᠷ ᠤᠨ ᠰᠤᠷᠲᠠᠯ᠂ ᠡᠭᠡᠯ ᠪᠣᠷᠣᠭᠵᠢᠭᠤᠨ ᠠᠷᠠᠳ ᠤᠨ ᠰᠤᠷᠲᠠᠯ ᠢ ᠪᠤᠢ ᠪᠣᠯᠭᠠᠬᠤ ᠶᠢ ᠠᠬᠢᠭᠤᠯᠵᠤ᠂ ᠬᠥᠳᠡᠭᠡ ᠲᠣᠰᠬᠤᠨ ᠢ ︽  ᠰᠢᠨ᠎ᠡ ᠳᠦᠷᠢ ᠳᠦᠷᠬᠦ︾᠎ ᠲᠠᠢ ᠪᠣᠯᠭᠠᠬᠤ ᠳᠤ ᠨᠡᠩ ᠴᠤ ︽ᠰᠦᠷ ᠵᠢᠪᠬᠤᠭ᠎ᠠ︾᠎ ᠲᠠᠢ ᠪᠣᠯᠭᠠᠨ᠎ᠠ᠃     ︵ᠭᠤᠷᠪᠠ︶ ᠰᠢᠯᠢᠳᠡᠭ ᠢ ᠬᠥᠮᠦᠵᠢᠭᠦᠯᠵᠦ ᠬᠦᠴᠦᠷᠬᠡᠭ ᠢ ᠳᠠᠳᠠᠨ ᠣᠷᠣᠭᠤᠯᠬᠤ ᠶᠢ ᠪᠠᠷᠢᠮᠲᠠᠯᠠᠵᠤ᠂ ᠠᠵᠤ ᠦᠢᠯᠡᠳᠪᠦᠷᠢ ᠶᠢᠨ ᠠᠵᠤ ᠠᠬᠤᠶ ᠶᠢᠨ ᠶᠡᠷᠦᠩᠬᠡᠶ ᠬᠡᠮᠵᠢᠶ᠎ᠡ ᠶᠢ ᠪᠤᠵᠠᠭᠠᠶᠢᠷᠠᠭᠤᠯᠤᠨ᠎ᠠ      ︽ᠬᠠᠳᠠᠭᠠᠯᠠᠯᠲᠠ ᠶᠢᠨ ᠬᠡᠮᠵᠢᠶ᠎ᠡ︾᠎ ᠶᠢ ᠭᠦᠨᠵᠡᠭᠡᠶ ᠠᠮᠢᠯᠠᠭᠤᠯᠤᠨ᠎ᠠ᠃ ᠡᠬᠢ ᠪᠠᠶᠠᠯᠢᠭ᠂ ᠠᠵᠤ ᠦᠶᠯᠡᠰ ᠤᠨ ᠣᠨᠴᠠᠯᠢᠭ ᠪᠠ ᠪᠥᠬᠦ ᠬᠤᠲᠠ ᠶᠢᠨ ᠬᠥᠭᠵᠢᠯᠲᠡ ᠶᠢᠨ ᠶᠡᠭᠡ ᠲᠠᠯ᠎ᠠ ᠳᠠᠬᠢ ᠴᠢᠳᠠᠮᠵᠢ ᠶᠢᠨ ᠪᠠᠶᠢᠷᠢ ᠲᠣᠭᠲᠠᠭᠠᠯᠲᠠ ᠶᠢ ᠪᠠᠲᠤ ᠡᠵᠡᠮᠳᠡᠵᠦ᠂ ᠠᠵᠤ ᠠᠬᠤᠶ ᠶᠢ ᠬᠥᠭᠵᠢᠭᠦᠯᠬᠦ ᠬᠦᠴᠦᠯᠡᠬᠦ ᠴᠡᠭ ᠢ ᠪᠣᠳᠠᠲᠤ ᠴᠣᠭᠴᠠ ᠶᠢᠨ ᠠᠵᠤ ᠠᠬᠤᠶ ᠳᠡᠭᠡᠷ᠎ᠡ ᠲᠠᠯᠪᠢᠬᠤ ᠶᠢ ᠪᠠᠷᠢᠮᠲᠠᠯᠠᠨ᠂ ᠵᠢᠯ ᠤᠨ ᠳᠣᠲᠣᠷ᠎ᠠ ᠠᠵᠤ ᠦᠶᠯᠡᠳᠪᠦᠷᠢ ᠶᠢᠨ ᠦᠶᠯᠡᠳᠬᠦᠨ ᠤ ᠥᠷᠲᠡᠭ ᠢ 400 ᠳ᠋ᠦᠩᠰᠢᠭᠤᠷ ᠲᠥᠭᠦᠷᠢᠭ ᠠᠴᠠ ᠳᠠᠪᠠᠭᠤᠯᠵᠤ᠂ 10%᠎ ᠠᠴᠠ ᠳᠡᠭᠡᠭᠰᠢ ᠨᠡᠮᠡᠭᠳᠡᠭᠦᠯᠬᠦ ᠪᠠᠷ ᠴᠢᠷᠮᠠᠶᠢᠨ᠎ᠠ᠃ ᠪᠥᠬᠦ ᠬᠤᠲᠠ ᠶᠢᠨ ᠪᠣᠬᠢᠷᠲᠤᠯ ᠥᠬᠡᠶ ᠰᠢᠨ᠎ᠡ ᠮᠠᠲ᠋ᠧᠷᠢᠶᠠᠯ ᠤᠨ ᠠᠵᠤ ᠦᠶᠯᠡᠰ ᠢ ᠳᠠᠬᠢᠨ ᠱᠤᠭᠤᠵᠤ ᠳᠠᠬᠢᠨ ᠪᠠᠶᠢᠭᠤᠯᠬᠤ ᠠᠰᠢᠭᠲᠠᠶ ᠠᠵᠠ ᠲᠣᠬᠢᠶᠠᠯ ᠢ ᠵᠠᠪᠳᠤᠨ ᠠᠳᠬᠤᠵᠤ᠂ ᠬᠠᠳᠠᠭᠠᠯᠠᠵᠤ ᠪᠠᠶᠢᠭ᠎ᠠ ᠳᠠᠭᠠᠭᠠᠴᠠ ᠎ ᠪᠠᠷ ᠴᠠᠬᠢᠯᠭᠠᠨ ᠎ ᠤ ᠶᠡᠷᠦᠩᠬᠡᠢ ᠴᠢᠳᠠᠮᠵᠢ ᠶᠢ ᠣᠷᠣᠯᠠᠭᠤᠯᠬᠤ᠂ ᠴᠠᠬᠢᠯᠭᠠᠨ ᠎ ᠤ ᠶᠡᠷᠦᠩᠬᠡᠢ ᠴᠢᠳᠠᠮᠵᠢ  ᠶᠢ ᠰᠢᠭᠤᠳ ᠬᠠᠩᠭᠠᠬᠤ ᠪᠠᠷ ᠴᠢᠷᠮᠠᠶᠢᠵᠤ᠂ ᠳ᠋ᠦᠩ ᠶᠠᠩ ᠭᠤᠸᠠᠩ ᠴᠠᠬᠢᠯᠭᠠᠨ ᠲᠦᠢᠯ ᠤᠨ ᠴᠠᠭᠠᠰᠤ᠂ ᠳᠤᠮᠳᠠ ᠳᠣᠤᠷ᠎ᠠ ᠬᠦᠴᠦᠳᠡᠯᠲᠦ  ᠬᠤᠸᠠ ᠴᠸᠡᠭ ᠪᠦᠸᠧ ᠪᠠ ᠬᠠᠶ ᠯᠢ ᠳᠥᠷᠪᠡᠳᠦᠭᠡᠷ ᠬᠤᠭᠤᠴᠠᠭᠠᠨ ᠤ  ᠬᠤᠸᠠ ᠴᠸᠡᠭ ᠪᠦᠸᠧ  ᠶᠢ ᠡᠷᠲᠡᠬᠡᠨ ᠡᠬᠢᠯᠡᠭᠦᠯᠬᠦ ᠶᠢ ᠠᠬᠢᠭᠤᠯᠵᠤ᠂    ᠬᠤᠸᠠ ᠴᠸᠡᠭ ᠪᠦᠸᠧ ᠡᠯᠧᠺᠲᠷᠣᠨ ᠪᠣᠬᠢᠷᠲᠤᠯ ᠥᠬᠡᠶ ᠰᠢᠨ᠎ᠡ ᠮᠠᠲ᠋ᠧᠷᠢᠶᠠᠯ ᠤᠨ ᠠᠵᠤ ᠦᠶᠯᠡᠰ ᠤᠨ ᠤᠷᠢᠳᠠᠪᠠᠷ ᠵᠢᠱᠢᠶ᠎ᠡ ᠦᠵᠡᠭᠦᠯᠬᠦ ᠣᠷᠣᠨ ᠢ ᠪᠣᠶ ᠪᠣᠯᠭᠠᠨ᠎ᠠ᠃ ᠥᠪᠡᠷᠲᠡᠭᠡᠨ ᠵᠠᠰᠠᠬᠤ ᠣᠷᠣᠨ ᠤ ᠰᠢᠨ᠎ᠡ ᠬᠡᠯᠪᠡᠷᠢ ᠶᠢᠨ ᠡᠨᠧᠷᠭᠢ ᠬᠠᠳᠠᠭᠠᠯᠠᠬᠤ ᠬᠥᠭᠵᠢᠯᠲᠡ ᠶᠢ ᠳᠡᠮᠵᠢᠬᠦ ᠲᠥᠷᠥ ᠶᠢᠨ ᠪᠣᠳᠣᠯᠭ᠎ᠠ ᠶᠢᠨ ᠠᠰᠢᠭ ᠲᠤᠰᠠ ᠨᠤᠭᠤᠳ ᠲᠤ ᠠᠩᠬᠠᠷᠤᠯ ᠢᠶᠠᠨ ᠲᠥᠪᠯᠡᠷᠡᠭᠦᠯᠵᠦ᠂ ᠨᠡᠭᠦᠷᠡᠰᠦᠲᠥ᠋ᠷᠥᠭᠴᠢ ᠥᠬᠡᠶ ᠡᠨᠧᠷᠭᠢ ᠬᠠᠳᠠᠭᠠᠯᠠᠬᠤ ᠠᠵᠤ ᠦᠶᠯᠡᠰ ᠤᠨ ᠬᠦᠷᠢᠶᠡᠯᠡᠩ ᠢ ᠪᠣᠳᠠᠲᠠᠶᠢᠵᠢᠭᠤᠯᠤᠨ ᠪᠥᠲᠥᠭᠡᠨ ᠪᠠᠶᠢᠭᠤᠯᠬᠤ ᠶᠢ ᠠᠬᠢᠭᠤᠯᠵᠤ᠂ ᠯᠢᠲ᠋ᠢ ᠢᠶᠣᠨ ᠤ ᠠᠷᠭ᠎ᠠ ᠲᠦᠢᠯ ᠤᠨ ᠮᠠᠲ᠋ᠧᠷᠢᠶᠠᠯ᠂ ᠴᠠᠬᠢᠯᠭᠠᠨ ᠭᠤᠤᠯ᠂ ᠲᠠᠰᠤᠯᠤᠪᠴᠢ ᠪᠦᠷᠬᠦᠪᠴᠢ ᠪᠠᠷ ᠭᠤᠤᠯ ᠪᠣᠯᠭᠠᠭᠰᠠᠨ ᠡᠨᠧᠷᠭᠢ ᠬᠠᠳᠠᠭᠠᠯᠠᠬᠤ ᠳ᠋ᠢᠶᠠᠨ ᡂᠢ ᠶᠢᠨ ᠪᠥᠬᠦ ᠠᠵᠤ ᠦᠶᠯᠡᠰ ᠤᠨ ᠬᠡᠯᠬᠢᠶ᠎ᠡ ᠶᠢ ᠤᠷᠲᠤᠳᠬᠠᠨ ᠬᠥᠭᠵᠢᠭᠦᠯᠵᠦ᠂ ᠰᠢᠨ᠎ᠡ ᠡᠨᠧᠷᠭᠢ ᠰᠢᠨ᠎ᠡ ᠮᠠᠲ᠋ᠧᠷᠢᠶᠠᠯ ᠤᠨ ᠠᠵᠤ ᠦᠶᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠦᠨ᠎ᠡ᠃     ︽ᠨᠡᠮᠡᠭᠳᠡᠯ ᠤᠨ ᠬᠡᠮᠵᠢᠶ᠎ᠡ︾᠎ ᠶᠢ ᠲᠠᠰᠤᠷᠠᠯᠲᠠ ᠥᠬᠡᠶ ᠥᠷᠭᠡᠳᠬᠡᠨ᠎ᠡ᠃ ᠭᠤᠤᠯᠯᠠᠬᠤ ᠠᠵᠤ ᠦᠶᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢᠨ ᠲᠣᠭᠤᠷᠢᠨ ᠳᠤ᠂ ᠲᠣᠮᠣ ᠲᠥᠷᠥᠯ ᠵᠦᠶᠯ᠂ ᠠᠵᠤ ᠦᠶᠯᠡᠰ ᠤᠨ ᠬᠡᠯᠬᠢᠶ᠎ᠡ ᠶᠢᠨ ᠬᠥᠲᠥᠴᠢ ᠲᠥᠷᠥᠯ ᠵᠦᠶᠯ᠂ ᠬᠡᠯᠬᠢᠶ᠎ᠡ ᠶᠢ ᠨᠥᠬᠦᠪᠥᠷᠢᠯᠡᠵᠦ ᠬᠡᠯᠬᠢᠶ᠎ᠡ ᠶᠢ ᠴᠢᠩᠭᠠᠳᠬᠠᠬᠤ ᠲᠥᠷᠥᠯ ᠵᠦᠶᠯ ᠢ ᠬᠠᠷᠠᠭᠠᠯᠠᠨ᠂ ᠠᠵᠤ ᠦᠶᠯᠡᠳᠪᠦᠷᠢ ᠶᠢᠨ ᠠᠵᠤ ᠠᠬᠤᠶᠢᠯᠠᠯ ᠤᠨ ︽ᠲᠦᠷᠢᠮ ᠢ ᠳᠡᠭᠡᠭᠰᠢᠯᠡᠭᠦᠯᠦᠨ ᠨᠢᠭᠡᠳᠦᠯᠲᠡᠶ ᠪᠣᠯᠭᠠᠬᠤ︾᠎ ᠶᠢ ᠰᠠᠶᠢᠲᠤᠷ ᠠᠳᠬᠤᠵᠤ᠂ ᠠᠵᠤ ᠦᠶᠯᠡᠳᠪᠦᠷᠢ ᠶᠢᠨ ᠠᠵᠤ ᠠᠬᠤᠶᠢᠯᠠᠯ ᠤᠨ ᠪᠠᠭᠲᠠᠭᠠᠮᠵᠢ ᠶᠢ ᠪᠥᠬᠦ ᠬᠦᠴᠦᠨ ᠢᠶᠠᠷ ᠢᠶᠠᠨ ᠥᠷᠭᠡᠳᠬᠡᠨ᠎ᠡ᠃ ᠰᠢᠨ᠎ᠡ ᠡᠨᠧᠷᠭᠢ ᠶᠢᠨ ᠰᠤᠷᠪᠤᠯᠵᠢ ᠶᠢᠨ ᠬᠠᠶᠠᠭᠳᠠᠮᠠᠯ ᠬᠠᠭᠤᠴᠢᠨ ᠡᠬᠢ ᠪᠠᠶᠠᠯᠢᠭ ᠢ ᠲᠠᠬᠢᠨ ᠠᠰᠢᠭᠯᠠᠬᠤ ᠶᠢ ᠠᠬᠢᠭᠤᠯᠵᠤ᠂ ᠰᠢᠶᠦ᠋ᠩ ᠲᠧ ᠣᠷᠴᠢᠨ ᠠᠬᠤᠶ ᠶᠢ ᠬᠠᠮᠠᠭᠠᠯᠠᠬᠤ ᠪᠣᠭᠤᠳᠠᠯᠯᠠᠬᠤ ᠵᠦᠢᠯᠡᠰ ᠢ ᠲᠦᠷᠭᠡᠨ ᠪᠠᠶᠢᠭᠤᠯᠵᠤ ᠲᠦᠷᠭᠡᠨ ᠪᠡᠯᠡ ᠣᠷᠣᠭᠤᠯᠤᠨ᠎ᠠ᠃ ᠨᠠᠨ ᠳ᠋ᠠ ᠬᠡᠷᠡᠯ ᠴᠠᠬᠢᠯᠭᠠᠨ ᠤ 8400 ᠲᠣᠨ ᠴᠡᠪᠡᠷ ᠭᠤᠷᠪᠠᠨ ᠹᠯᠣᠷᠲᠤ ᠠᠽᠣᠲ ᠵᠢᠴᠢ ᠹᠯᠣᠷᠲᠤ ᠴᠠᠬᠢᠭᠤᠷ ᠤᠨ ᠮᠡᠷᠭᠡᠵᠢᠯ ᠤᠨ ᠲᠥᠪ ᠤᠨ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠹᠯᠣᠷᠲᠤ ᠬᠢᠮᠢ ᠶᠢᠨ ᠠᠵᠤ ᠦᠶᠯᠡᠳᠪᠦᠷᠢ ᠶᠢᠨ ᠠᠵᠤ ᠦᠶᠯᠡᠰ ᠢ ᠲᠠᠰᠤᠷᠠᠯᠲᠠ ᠥᠬᠡᠶ ᠪᠤᠶᠢᠵᠢᠭᠤᠯᠤᠨ ᠪᠤᠵᠠᠭᠠᠶᠢᠷᠠᠭᠤᠯᠤᠨ᠎ᠠ᠃ ᠲᠤᠮᠤ ᠳ᠋ᠠᠶᠢᠲ᠋ᠠ ᠶᠢᠨ ᠦᠢᠯᠡᠴᠢᠯᠡᠭᠡᠨ ᠤ ᠮᠠᠰᠢᠨ ᠤ ᠲᠠᠯᠪᠢᠭᠤᠷ ᠲᠤ ᠭᠠᠷᠬᠤ ᠨᠤᠷᠮ᠎ᠠ ᠶᠢ ᠦᠷᠭᠦᠯᠵᠢᠯᠡᠨ ᠳᠡᠭᠡᠭᠰᠢᠯᠡᠭᠦᠯᠵᠦ᠂ ᠵᠦᠩ ᠬᠤᠩ ᠽᠢ ᠵᠢᠩ ᠬᠤᠶᠠᠳᠤᠭᠠᠷ ᠬᠤᠭᠤᠴᠠᠭ᠎ᠠ᠂ ᠰᠠᠨᠰᠠᠷ ᠤᠨ ᠠᠶᠠᠯᠠᠯ ᠤᠨ ᠡᠭᠦᠯᠡᠨ ᠲᠣᠣᠷ ᠤᠨ ᠠᠵᠤ ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠲᠠᠪᠴᠠᠩ᠂  ᠰᠢᠯᠵᠢᠮᠡᠯ  ᠬᠤᠯᠪᠤᠭ᠎ᠠ ᠺᠣᠮᠫᠠᠨᠢ ᠶᠢᠨ ᠳ᠋ᠠᠶᠢᠲ᠋ᠠ ᠶᠢᠨ ᠲᠥᠪ ᠢ ᠪᠣᠳᠠᠲᠠᠢ ᠳᠤ ᠨᠠᠶᠢᠳᠠᠪᠤᠷᠢᠵᠢᠭᠤᠯᠤᠨ ᠪᠦᠳᠦᠭᠡᠨ ᠪᠠᠶᠢᠭᠤᠯᠬᠤ ᠶᠢ ᠠᠬᠢᠭᠤᠯᠵᠤ᠂ ᠨᠢᠭᠡ ᠪᠦᠯᠦᠭ ᠤᠶᠤᠨ ᠤ ᠪᠤᠳᠤᠯᠭ᠎ᠠ ᠶᠢᠨ ᠲᠥᠪ᠂ ᠭᠡᠳᠤ ᠪᠤᠳᠤᠯᠭ᠎ᠠ ᠶᠢᠨ ᠲᠥᠪ᠂ ᠳ᠋ᠠᠶᠢᠲ᠋ᠠ ᠶᠢᠨ ᠠᠷᠠᠯᠵᠢᠶᠠᠨ ᠤ ᠲᠦᠷᠦᠯ ᠵᠦᠢᠯ ᠢ ᠣᠷᠣᠭᠤᠯᠤᠨ ᠠᠪᠴᠢᠷᠠᠵᠤ᠂ ᠲᠤᠮᠤ ᠳ᠋ᠠᠶᠢᠲ᠋ᠠ ᠶᠢᠨ ᠠᠵᠤ ᠦᠢᠯᠡᠰ ᠤᠨ ᠬᠡᠪᠴᠢᠶᠡᠵᠢᠯᠲᠡ᠂ ᠪᠦᠯᠦᠭᠵᠢᠯᠲᠡ ᠶᠢᠨ ᠬᠥᠭᠵᠢᠯᠲᠡ ᠶᠢᠨ ᠲᠦᠪᠰᠢᠨ ᠢ ᠴᠢᠨᠠᠭᠰᠢᠳᠠ ᠴᠢᠩᠭᠠᠳᠬᠠᠨ᠎ᠠ᠃      ︽ᠬᠤᠪᠢᠰᠤᠭᠴᠢ ᠬᠡᠮᠵᠢᠭᠳᠡᠬᠦᠨ︾᠎ ᠢ ᠦᠷᠭᠦᠯᠵᠢᠯᠡᠨ ᠪᠤᠢ ᠪᠣᠯᠭᠠᠨ᠎ᠠ᠃ ᠲᠥᠷᠥ ᠶᠢᠨ ᠶᠠᠪᠤᠳᠠᠯ ᠤᠨ ᠬᠤᠷᠢᠶᠠᠨ ᠤ ︽ᠰᠠᠨᠠᠯ︾᠎ ᠤᠨ ᠴᠢᠬᠤᠯᠠ ᠶᠡᠭᠡ ᠲᠡᠤᠬᠡᠨ ᠠᠵᠠ ᠲᠣᠬᠢᠶᠠᠯ ᠪᠠ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠢ ᠵᠠᠪᠳᠤᠨ ᠠᠳᠬᠤᠵᠤ᠂ ᠡᠯ᠎ᠡ ᠵᠦᠶᠯ ᠤᠨ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠭᠦᠶᠴᠡᠳ ᠰᠠᠶᠢᠲᠤᠷ ᠬᠡᠷᠡᠭᠯᠡᠵᠦ ᠠᠮᠢᠳᠤᠯᠢᠭ ᠬᠡᠷᠡᠭᠯᠡᠨ᠂ ᠲᠥᠷᠥ ᠶᠢᠨ ᠪᠣᠳᠣᠯᠭ᠎ᠠ ᠶᠢᠨ ᠠᠰᠢᠭ ᠲᠤᠰᠠ ᠶᠢ ᠬᠠᠮᠤᠭ ᠤᠨ ᠶᠡᠭᠡ ᠬᠡᠮᠵᠢᠶ᠎ᠡ ᠪᠠᠷ ᠶᠡᠬᠡᠰᠬᠡᠪᠡ᠃ ᠤᠯᠠᠭᠠᠨᠴᠠᠪ ᠬᠤᠶᠠᠳᠤᠭᠠᠷ ᠬᠦᠷᠢᠶᠡᠯᠡᠩ ᠲᠣᠭᠤᠷᠢᠭ᠂ ᠴᠠᠬᠠᠷ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠯᠤᠭ᠎ᠠ ᠬᠠᠮᠵᠢᠯᠴᠠᠨ ᠬᠥᠭᠵᠢᠬᠦ ᠲᠣᠭᠲᠠᠴᠠ ᠶᠢ ᠲᠡᠭᠦᠯᠳᠡᠷᠵᠢᠭᠦᠯᠵᠦ᠂ ᠭᠤᠷᠪᠠᠨ ᠲᠠᠯ᠎ᠠ ᠪᠠᠷ ᠢᠶᠠᠨ ᠠᠭᠤᠰᠤᠯᠴᠠᠨ ᠬᠥᠭᠵᠢᠬᠦ᠂ ᠬᠠᠷᠢᠯᠴᠠᠨ ᠨᠥᠬᠦᠪᠥᠷᠢᠯᠡᠵᠦ ᠬᠥᠭᠵᠢᠬᠦ ᠶᠢ ᠪᠡᠶᠡᠯᠡᠭᠦᠯᠦᠨ᠎ᠡ᠃ ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠣᠬᠢᠷᠲᠤᠯ ᠥᠬᠡᠶ ᠪᠠᠷ ᠴᠠᠬᠢᠯᠭᠠᠨ ᠬᠠᠩᠭᠠᠬᠤ᠂ ᠡᠬᠢ ᠰᠤᠷᠪᠤᠯᠵᠢ ᠶᠢ ᠲᠣᠤᠷᠵᠢᠭᠤᠯᠤᠨ ᠨᠥᠭᠡᠴᠡᠯᠡᠬᠦ᠂ ᠪᠥᠬᠦ ᠲᠤᠭ᠎ᠠ ᠶᠢ ᠠᠶᠠᠨᠳᠠᠭᠠᠨ ᠬᠡᠷᠡᠭᠯᠡᠵᠦ ᠥᠪᠡᠰᠦᠪᠡᠨ ᠬᠡᠷᠡᠭᠯᠡᠬᠦ ᠵᠡᠷᠭᠡ ᠵᠠᠬ᠎ᠠ ᠳᠡᠯᠭᠡᠭᠦᠷᠴᠢᠯᠡᠨ ᠰᠢᠩᠭᠡᠭᠡᠬᠦ ᠲᠥᠷᠥᠯ ᠵᠦᠶᠯ ᠢᠶᠠᠷ ᠭᠠᠷᠳᠠᠴᠠ ᠪᠣᠯᠭᠠᠵᠤ᠂ ᠪᠣᠬᠢᠷᠲᠤᠯ ᠥᠬᠡᠶ ᠴᠠᠬᠢᠯᠭᠠᠨ ᠤ ᠬᠡᠷᠡᠭᠯᠡᠭᠡ ᠶᠢ ᠬᠦᠴᠦᠯᠡᠨ ᠥᠷᠭᠡᠳᠬᠡᠵᠦ᠂ ᠪᠣᠬᠢᠷᠲᠤᠯ ᠥᠬᠡᠶ ᠴᠠᠬᠢᠯᠭᠠᠨ ᠤ ᠳᠠᠭᠠᠭᠠᠴᠠ ᠶᠢ ᠨᠡᠮᠡᠭᠳᠡᠭᠦᠯᠦᠨ᠂ ᠪᠣᠬᠢᠷᠲᠤᠯ ᠥᠬᠡᠶ ᠴᠠᠬᠢᠯᠭᠠᠨ ᠤ ᠣᠷᠣᠯᠠᠭᠤᠯᠤᠯᠲᠠ ᠶᠢ ᠲᠦᠷᠭᠡᠳᠬᠡᠨ᠎ᠡ᠃ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠡᠶᠡᠴᠢ ᠴᠣᠭᠴᠠ ᠶᠢᠨ ᠪᠠᠶᠢᠷᠢ ᠰᠠᠭᠤᠷᠢ ᠶᠢ ᠴᠢᠩᠭᠠᠷᠠᠭᠤᠯᠵᠤ᠂ ᠵᠢᠯ ᠤᠨ ᠳᠣᠲᠣᠷ᠎ᠠ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ 10᠎ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠵᠦ᠂ ᠰᠢᠨ᠎ᠡ ᠶᠢ ᠡᠭᠦᠳᠬᠦ ᠬᠡᠯᠪᠡᠷᠢ ᠶᠢᠨ ᠪᠠ ︽ᠲᠤᠰᠬᠠᠶ ᠨᠠᠷᠢᠯᠢᠭ ᠣᠨᠴᠠ ᠰᠢᠨ᠎ᠡ︾ ᠠᠵᠤ ᠠᠬᠤᠶᠢᠯᠠᠯ ᠢ 5᠎ ᠠᠴᠠ ᠳᠡᠭᠡᠭᠰᠢ ᠮᠠᠭᠠᠳᠯᠠᠨ ᠲᠣᠭᠲᠠᠭᠠᠨ᠎ᠠ᠃ ᠭᠠᠵᠠᠷ ᠰᠢᠷᠣᠶ᠂ ᠤᠰᠤ ᠬᠠᠩᠭᠠᠬᠤ᠂ ᠴᠠᠬᠢᠯᠭᠠᠨ ᠬᠦᠴᠦᠨ ᠵᠡᠷᠭᠡ ᠬᠦᠴᠦᠨ ᠵᠦᠶᠯ ᠤᠨ ᠬᠠᠩᠭᠠᠯᠭ᠎ᠠ ᠶᠢ ᠨᠢᠭᠡᠳᠦᠯᠲᠡᠶ ᠲᠥᠯᠥᠪᠯᠡᠨ ᠰᠠᠶᠢᠲᠤᠷ ᠬᠢᠵᠦ᠂ ᠭᠠᠵᠠᠷ ᠰᠢᠷᠣᠶ ᠶᠢᠨ ᠠᠰᠢᠭᠯᠠᠯᠲᠠ ᠶᠢᠨ ᠶᠠᠰᠤ ᠴᠢᠨᠠᠷ ᠦᠷ᠎ᠡ ᠠᠰᠢᠭ ᠢ ᠲᠤᠰᠬᠠᠶ ᠵᠦᠶᠯ ᠢᠶᠠᠷ ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠲᠥᠷᠥᠯ ᠵᠦᠶᠯ ᠢ ᠲᠦᠷᠭᠡᠨ ᠨᠠᠶᠢᠳᠠᠪᠤᠷᠢᠵᠢᠭᠤᠯᠬᠤ ᠳᠤ ᠨᠠᠩ ᠣᠯᠠᠨ ᠴᠢᠨᠠᠷ ᠰᠠᠶᠢᠲᠠᠶ ᠣᠷᠣᠨ ᠵᠠᠶ ᠭᠠᠷᠭᠠᠵᠤ ᠥᠭᠭᠦᠨ᠎ᠡ᠃     ︵ᠳᠥᠷᠪᠡ︶ ᠳᠠᠯᠳᠠ ᠬᠦᠴᠦᠨ ᠢ ᠠᠭᠤᠳᠠᠯᠤᠨ ᠴᠢᠳᠠᠪᠤᠷᠢ ᠶᠢ ᠥᠷᠭᠡᠳᠬᠡᠬᠦ ᠶᠢ ᠪᠠᠷᠢᠮᠲᠠᠯᠠᠵᠤ᠂ ᠣᠲᠣ ᠦᠶ᠎ᠡ ᠶᠢᠨ ᠦᠶᠯᠡᠴᠢᠯᠡᠭᠡᠨ ᠤ ᠦᠶᠯᠡᠰ ᠤᠨ ᠲᠠᠰ ᠳᠡᠪᠰᠢᠬᠦ ᠶᠢ ᠠᠬᠢᠭᠤᠯᠤᠨ᠎ᠠ     ᠤᠯᠠᠨ ᠨᠡᠶᠢᠲᠡ ᠶᠢᠨ ᠬᠡᠷᠡᠭᠯᠡᠭᠡᠨ ᠤ ᠲᠠᠯᠳᠠ ᠬᠦᠴᠦᠨ ᠢ ᠲᠦᠷᠭᠡᠪᠴᠢᠯᠡᠨ ᠪᠠᠳᠠᠷᠠᠭᠤᠯᠤᠨ᠎ᠠ᠃ ᠢᠳᠡᠭᠡᠨ ᠤᠮᠳᠠᠭᠠᠨ᠂ ᠬᠤᠨᠤᠭ ᠪᠠᠭᠤᠳᠠᠯ᠂ ᠪᠠᠷᠠᠭ᠎ᠠ ᠬᠤᠳᠠᠯᠳᠤᠨ ᠠᠪᠬᠤ᠂ ᠶᠠᠪᠤᠵᠤ ᠰᠠᠭᠤᠬᠤ ᠵᠡᠷᠭᠡ ᠢᠵᠢ ᠪᠦᠷᠢᠳᠦᠭᠰᠡᠨ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠲᠡᠷᠭᠡᠨ ᠵᠣᠭᠰᠣᠭᠠᠯ᠂ ᠴᠠᠬᠢᠯᠭᠠᠨ ᠴᠡᠨᠡᠭᠯᠡᠬᠦ ᠪᠠᠭᠠᠨ᠎ᠠ ᠵᠡᠷᠭᠡ ᠤᠯᠠᠨ ᠨᠡᠶᠢᠲᠡ ᠶᠢᠨ ᠲᠥᠬᠦᠭᠡᠷᠦᠮᠵᠢ ᠶᠢᠨ ᠪᠠᠶᠢᠷᠢᠰᠢᠯ ᠢ ᠰᠢᠯᠢᠳᠡᠭᠵᠢᠭᠦᠯᠵᠦ᠂ ᠨᠡᠩ ᠤᠯᠠᠨ ᠨᠡᠷᠡᠳᠤ ᠲᠡᠮᠳᠡᠭᠲᠦ ᠪᠠᠭᠤᠳᠠᠯ᠂ ᠤᠨᠴᠠᠯᠢᠭᠳᠤ ᠢᠳᠡᠭᠡᠨ ᠤᠮᠳᠠᠭᠠᠨ᠂ ᠭᠤᠣᠯ ᠰᠡᠳᠦᠪᠲᠦ ᠬᠤᠳᠠᠯᠳᠤᠭᠠᠨ ᠤ ᠦᠢᠯᠡᠰ ᠢ ᠣᠷᠣᠭᠤᠯᠤᠨ ᠠᠪᠴᠢᠷᠠᠨ᠎ᠠ᠃ ᠤᠯᠠᠭᠠᠨᠴᠠᠪ ᠤᠨ ᠨᠠᠷᠠᠲᠤ ᠦᠶᠯᠡᠳᠬᠦᠨ ᠤ ᠨᠠᠶᠢᠷ᠂ ᠣᠯᠠᠨ ᠤᠯᠤᠰ ᠤᠨ ᠠᠷᠠᠰᠤ ᠰᠢᠷᠢ ᠶᠢᠨ ᠨᠠᠶᠢᠷ᠂ ᠢᠳᠡᠭᠡᠨ ᠤᠮᠳᠠᠭᠠᠨ ᠤ ᠰᠣᠶᠣᠯ ᠤᠨ ᠨᠠᠶᠢᠷ ᠤᠨ ᠪᠣᠷᠣᠯᠠᠭᠤᠯᠭ᠎ᠠ ᠶᠢ ᠠᠬᠢᠭᠤᠯᠬᠤ ᠰᠢᠷᠢᠰ ᠠᠵᠢᠯᠯᠠᠭ᠎ᠠ ᠶᠢ ᠰᠠᠶᠢᠲᠤᠷ ᠡᠷᠭᠢᠯᠡᠵᠦ᠂ ᠰᠣᠶᠣᠯ ᠤᠨ ᠪᠦᠲᠦᠭᠡᠯᠴᠢ ᠰᠡᠳᠬᠢᠮᠵᠢ᠂ ᠡᠷᠡᠭᠦᠯ ᠮᠡᠨᠳᠦ ᠨᠠᠰᠤᠵᠢᠯ ᠤᠨ ᠠᠰᠠᠷᠠᠮᠵᠢ᠂ ᠬᠤᠳᠠᠯᠳᠤᠭᠠᠨ ᠤ ᠶᠠᠪᠤᠳᠠᠯ ᠤᠨ ᠬᠠᠮ ᠦᠵᠡᠰᠬᠦᠯᠡᠩ ᠵᠡᠷᠭᠡ ᠰᠢᠨ᠎ᠡ ᠪᠠᠷ ᠬᠥᠭᠵᠢᠭᠰᠡᠨ ᠦᠶᠯᠡᠴᠢᠯᠡᠭᠡᠨ ᠤ ᠦᠶᠯᠡᠰ ᠢ ᠪᠤᠶᠢᠵᠢᠭᠤᠯᠤᠨ ᠬᠥᠭᠵᠢᠭᠦᠯᠦᠨ᠎ᠡ᠃ ᠸᠠᠨ ᠳ᠋ᠠ᠂ ᠸᠧᠢ  ᠳ᠋ᠦᠸᠧ ᠯᠢ᠂ ᠦ᠋ ᠶᠤᠸᠠᠢ᠂  ᠠᠷᠠᠰᠦ ᠰᠢᠷᠢ ᠶᠢᠨ ᠬᠤᠳᠠ᠂ ᠴᠠᠬᠠᠷ ᠡᠷᠲᠡᠨ ᠤ ᠵᠡᠭᠡᠯᠢ᠂ ᠵᠢᠨᠢᠩ ᠵᠠᠮ ᠤᠨ ᠡᠷᠲᠡᠨ ᠤ ᠬᠤᠳᠠ ᠵᠡᠷᠭᠡ ᠭᠤᠣᠯᠳᠠᠯᠭ᠎ᠠ ᠲᠠᠢ ᠬᠤᠳᠠᠯᠳᠤᠭᠠᠨ ᠤ ᠲᠣᠭᠤᠷᠢᠭ ᠤᠨ ᠰᠢᠨ᠎ᠡ ᠶᠢ ᠡᠭᠦᠳᠦᠨ ᠬᠥᠭᠵᠢᠬᠦ ᠶᠢ ᠲᠡᠮᠵᠢᠵᠤ᠂ ︽ᠵᠢᠨᠢᠩ ᠡᠷᠲᠡᠨ ᠤ ᠵᠡᠭᠡᠯᠢ︾᠎ ᠶᠢᠨ ᠢᠳᠡᠭᠡᠨ ᠤᠮᠳᠠᠭᠠᠨ ᠤ ᠦᠢᠯᠡᠰ ᠤᠨ ᠪᠠᠶᠢᠳᠠᠯ ᠢ ᠪᠠᠶᠠᠯᠢᠭᠵᠢᠭᠤᠯᠬᠤ᠂ ᠡᠵᠡᠩᠨᠡᠯᠲᠡ ᠶᠢᠨ ᠵᠠᠭᠪᠤᠷ ᠤᠨ ᠰᠢᠨ᠎ᠡ ᠶᠢ ᠡᠭᠦᠳᠬᠦ ᠶᠢ ᠠᠬᠢᠭᠤᠯᠵᠤ᠂ ᠬᠤᠳᠠ ᠶᠢᠨ ᠠᠵᠤ ᠠᠬᠤᠶ ᠶᠢ ᠲᠠᠶᠢᠴᠢᠯᠠᠨ ᠰᠢᠨ᠎ᠡ ᠠᠮᠢᠵᠢᠷᠠᠯ ᠤᠨ ᠬᠦᠴᠦᠨ ᠲᠠᠢ ᠪᠣᠯᠭᠠᠨ᠎ᠠ᠃ ᠮᠠᠰᠢᠨ ᠲᠡᠷᠭᠡᠨ ᠤ ᠪᠣᠷᠣᠯᠠᠭᠤᠯᠭ᠎ᠠ ᠶᠢᠨ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠠᠶᠠᠯᠢᠭᠵᠢᠭᠤᠯᠤᠨ ᠥᠷᠭᠡᠳᠬᠡᠵᠦ᠂ ᠮᠠᠰᠢᠨ ᠲᠡᠷᠭᠡᠨ ᠤ ᠬᠤᠳᠠᠯᠳᠤᠭ᠎ᠠ ᠠᠷᠠᠯᠵᠢᠶ᠎ᠠ ᠶᠢᠨ ᠬᠤᠲᠠ ᠶᠢᠨ ᠡᠵᠡᠩᠨᠡᠯᠲᠡ ᠶᠢ ᠡᠬᠢᠯᠡᠭᠦᠯᠬᠦ ᠶᠢ ᠠᠬᠢᠭᠤᠯᠤᠨ᠂ ᠮᠠᠰᠢᠨ ᠲᠡᠷᠭᠡᠨ ᠤ ᠬᠡᠲᠦ ᠳᠡᠯᠭᠡᠭᠦᠷ ᠢ 5 ᠣᠷᠣᠭᠤᠯᠤᠨ ᠠᠪᠴᠢᠷᠠᠬᠤ ᠪᠠᠷ ᠴᠢᠷᠮᠠᠶᠢᠵᠤ᠂ ᠵᠢᠯ ᠤᠨ ᠠᠷᠠᠯᠵᠢᠶ᠎ᠠ ᠶᠢᠨ ᠨᠣᠷᠮ᠎ᠠ ᠨᠢ 5 ᠳ᠋ᠦᠩᠰᠢᠭᠤᠷ ᠲᠥᠭᠦᠷᠢᠭ ᠢ ᠰᠢᠭᠤᠳ ᠨᠡᠪᠲᠡᠷᠡᠭᠦᠯᠬᠦ ᠡᠯᠧᠺᠲᠷᠣᠨ ᠬᠤᠳᠠᠯᠳᠤᠭᠠᠨ ᠤ ᠠᠵᠤ ᠦᠶᠯᠡᠰ ᠤᠨ ᠬᠦᠷᠢᠶᠡᠯᠡᠩ᠂ ᠬᠢᠯᠢ ᠠᠯᠤᠰᠯᠠᠭᠰᠠᠨ ᠰᠦᠯᠵᠢᠶᠡᠨ ᠠᠴᠠ ᠭᠠᠳᠠᠭᠤᠷᠬᠢ ᠪᠡᠶᠡᠴᠢᠯᠡᠨ ᠣᠶᠢᠯᠠᠭᠠᠬᠤ ᠳᠡᠯᠭᠡᠭᠦᠷ᠂ ᠤᠨᠴᠠᠯᠢᠬᠳᠤ ᠰᠢᠭᠤᠳ ᠨᠡᠪᠲᠡᠷᠡᠭᠦᠯᠭᠡ ᠶᠢᠨ ᠪᠦᠲᠦᠭᠡᠭᠳᠡᠬᠦᠨ ᠰᠣᠩᠭᠤᠬᠤ ᠰᠠᠭᠤᠷᠢᠨ ᠭᠠᠵᠠᠷ ᠢ ᠪᠥᠲᠥᠭᠡᠨ ᠪᠠᠶᠢᠭᠤᠯᠵᠤ᠂ ᠡᠯᠧᠺᠲᠷᠣᠨ ᠬᠤᠳᠠᠯᠳᠤᠭ᠎ᠠ᠂ ᠪᠢᠴᠢᠯ ᠬᠤᠳᠠᠯᠳᠤᠭ᠎ᠠ᠂ ᠰᠢᠭᠤᠳ ᠨᠡᠪᠲᠡᠷᠡᠭᠦᠯᠭᠡ ᠶᠢᠨ ᠪᠠᠷᠠᠭ᠎ᠠ ᠠᠪᠴᠤ ᠶᠠᠪᠤᠬᠤ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠢᠳᠡᠪᠬᠢᠲᠡᠶ ᠪᠠᠷ ᠪᠤᠶᠢᠵᠢᠭᠤᠯᠤᠨ᠂ ᠣᠯᠠᠨ ᠲᠦᠮᠡᠨ ᠤ ᠣᠯᠠᠨ ᠡᠰᠢᠵᠢᠭᠰᠡᠨ ᠬᠡᠷᠡᠭᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃     ᠤᠳᠤ ᠦᠶ᠎ᠡ ᠶᠢᠨ ᠪᠠᠷᠠᠭᠠᠨ ᠭᠦᠢᠯᠭᠡᠭᠡᠨ ᠤ ᠰᠢᠰᠲ᠋ᠧᠮ ᠢ ᠥᠪᠡᠷᠲᠡᠭᠡᠨ ᠵᠠᠰᠠᠬᠤ ᠣᠷᠣᠨ ᠤ ᠴᠢᠯᠥᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠢᠨᠵᠧᠨᠧᠷᠢᠩ ᠢ ᠬᠡᠷᠡᠭᠵᠢᠭᠦᠯᠬᠦ ᠪᠠᠷ ᠠᠵᠠ ᠲᠣᠬᠢᠶᠠᠯ ᠪᠣᠯᠭᠠᠵᠤ᠂ ︽ᠨᠢᠭᠡ ᠣᠷᠣᠨ ᠨᠢᠭᠡ ᠬᠦᠶᠰᠦ᠂ ᠨᠢᠭᠡ ᠭᠠᠵᠠᠷ ᠨᠢᠭᠡ ᠲᠥᠪ︾᠎ ᠤᠨ ᠪᠥᠲᠥᠭᠡᠨ ᠪᠠᠶᠢᠭᠤᠯᠤᠯᠲᠠ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠨ᠂ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠢ ᠭᠤᠶᠤᠴᠢᠯᠠᠨ ᠮᠡᠳᠡᠭᠦᠯᠬᠦ ᠪᠡᠯᠡᠳᠬᠡᠯ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠤᠮᠠᠷᠠᠰᠢ ᠨᠡᠭᠡᠭᠡᠯᠲᠡ ᠬᠢᠬᠦ ᠲᠥᠷᠥ ᠶᠢᠨ ᠪᠣᠳᠣᠯᠭ᠎ᠠ ᠶᠢᠨ ᠠᠰᠢᠭ ᠢ ᠦᠷᠭᠦᠯᠵᠢᠯᠡᠨ ᠪᠠᠳᠠᠷᠠᠭᠤᠯᠤᠨ᠎ᠠ᠃ ᠮᠣᠳᠣᠨ ᠮᠠᠲ᠋ᠧᠷᠢᠶᠠᠯ᠂ ᠠᠮᠤ ᠪᠤᠳᠠᠭ᠎ᠠ ᠲᠣᠰᠣ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠵᠡᠷᠭᠡ ᠶᠢ ᠭᠠᠳᠠᠭᠠᠳᠤ ᠠᠴᠠ ᠣᠷᠣᠭᠤᠯᠬᠤ ᠲᠦᠭᠦᠬᠡᠶ ᠮᠠᠲ᠋ᠧᠷᠢᠶᠠᠯ ᠳᠤ ᠲᠦᠰᠢᠭᠯᠡᠨ᠂ ᠨᠢᠭᠡ ᠪᠦᠯᠦᠭ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢᠨ ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ᠲᠤᠬᠠᠶ ᠶᠢᠨ ᠭᠠᠵᠠᠷ ᠲᠤᠨᠢ ᠰᠢᠯᠵᠢᠭᠦᠯᠦᠨ ᠪᠣᠷᠣᠯᠠᠭᠤᠯᠬᠤ᠂ ᠡᠳ᠋ ᠪᠠᠷᠠᠭ᠎ᠠ ᠶᠢ ᠲᠥᠪᠯᠡᠷᠡᠭᠦᠯᠦᠨ ᠲᠠᠷᠬᠠᠭᠠᠬᠤ᠂ ᠬᠢᠯᠢ ᠠᠯᠤᠰᠯᠠᠭᠰᠠᠨ ᠠᠷᠠᠯᠵᠢᠶ᠎ᠠ ᠶᠢ ᠥᠷᠨᠢᠭᠦᠯᠵᠦ᠂ ᠬᠥᠮᠥᠷᠭᠡᠯᠡᠨ ᠬᠠᠳᠠᠭᠠᠯᠠᠬᠤ᠂ ᠪᠣᠭᠤᠳᠠᠯᠯᠠᠬᠤ᠂ ᠡᠳ᠋ᠰᠢᠭᠦᠯᠬᠦ ᠵᠡᠷᠭᠡ ᠤᠷᠲᠤᠳᠬᠠᠭᠰᠠᠨ ᠠᠵᠤ ᠦᠶᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠦᠨ᠎ᠡ᠃ ᠤᠮᠠᠷᠠᠲᠤ ᠶᠢᠨ ᠡᠬᠡ ᠬᠠᠭᠤᠷᠠᠢ ᠶᠢᠨ ᠭᠠᠷᠠᠮ ᠤᠨ ᠡᠵᠡᠩᠨᠡᠯᠲᠡ ᠶᠢᠨ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ︽ᠤᠯᠠᠭᠠᠨᠪᠠᠭᠠᠲᠤᠷ  ᠤᠯᠠᠭᠠᠨ ᠦᠳᠡ ᠤᠯᠠᠭᠠᠨᠴᠠᠪ︾᠎  ᠨᠡᠪᠲᠡᠷᠡᠬᠦ ᠵᠠᠮ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢᠨ ᠨᠡᠮᠡᠭᠳᠡᠯ ᠤᠨ  ᠬᠡᠮᠵᠢᠶ᠎ᠡ ᠶᠢ ᠥᠷᠭᠡᠳᠬᠡᠬᠦ ᠶᠢ ᠠᠬᠢᠭᠤᠯᠵᠤ᠂ ᠪᠦᠬᠦ ᠬᠤᠲᠠ ᠶᠢᠨ ᠤᠯᠤᠰ ᠤᠨ ᠤᠮᠠᠷᠠᠰᠢ ᠨᠡᠬᠡᠬᠡᠯᠳᠡ ᠬᠢᠬᠦ ᠴᠢᠬᠤᠯᠠ ᠪᠠᠬᠢᠯᠡᠯᠲᠡ ᠶᠢ ᠪᠠᠶᠢᠭᠤᠯᠬᠤ ᠳᠤ ᠵᠢᠨᠢᠩ ᠬᠤᠪᠢ ᠨᠡᠮᠡᠷᠢ ᠢᠶᠠᠨ ᠦᠵᠡᠭᠦᠯᠦᠨ᠎ᠡ᠃     ᠰᠣᠶᠣᠯ ᠵᠢᠭᠤᠯᠴᠢᠯᠠᠯ ᠡᠷᠡᠭᠦᠯ ᠮᠡᠨᠳᠦ ᠶᠢᠨ ᠶᠠᠰᠤ ᠴᠢᠨᠠᠷ ᠪᠠ ᠦᠷ᠎ᠡ ᠠᠰᠢᠭ ᠢ ᠦᠷᠭᠦᠯᠵᠢᠯᠡᠨ ᠳᠡᠭᠡᠭᠰᠢᠯᠡᠭᠦᠯᠦᠨ᠎ᠡ᠃ ︽ᠰᠣᠶᠣᠯ ᠵᠢᠭᠤᠯᠴᠢᠯᠠᠯ +︾ ᠠᠵᠤ ᠦᠶᠯᠡᠰ ᠢ ᠪᠤᠵᠠᠭᠠᠶᠢᠷᠠᠭᠤᠯᠵᠤ᠂ ᠣᠯᠠᠨ ᠲᠦᠮᠡᠨᠴᠢ ᠴᠢᠨᠠᠷᠲᠠᠶ ᠰᠣᠶᠣᠯ ᠪᠡᠶ᠎ᠡ ᠶᠢᠨ ᠲᠠᠮᠢᠷ ᠤᠷᠠᠯᠢᠭ ᠤᠨ ᠲᠥᠪ᠂ ᠳ᠋ᠠ ᠾᠧ ᠸᠠᠨ  ᠬᠠᠯᠠᠭᠤᠨ ᠷᠠᠰᠢᠶᠠᠨ ᠪᠠᠭᠤᠳᠠᠯ ᠢ ᠲᠥᠯᠥᠪᠵᠢᠭᠦᠯᠦᠨ ᠪᠠᠶᠢᠭᠤᠯᠵᠤ᠂ ᠵᠢᠨᠢᠩ ᠤᠨ ᠳᠠᠶᠢᠯᠠᠯᠳᠤᠭᠠᠨ ᠤ ᠳᠤᠷᠠᠰᠬᠠᠯ ᠤᠨ ᠬᠦᠷᠢᠶᠡᠯᠡᠩ ᠤᠨ 5A ᠲᠠᠰ ᠤᠨ ᠦᠵᠡᠮᠵᠢ ᠶᠢᠨ ᠣᠷᠣᠨ ᠢ ᠡᠭᠦᠳᠦᠨ ᠪᠠᠶᠢᠭᠤᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ᠃ ᠯᠢ  ᠯᠤᠤ ᠬᠤ᠋ ᠠᠷᠠᠳ ᠤᠨ ᠣᠷᠣᠨ ᠰᠠᠭᠤᠴᠠ ᠶᠢᠨ ᠰᠠᠭᠤᠷᠢᠰᠢᠯ᠂ ᠶᠡᠭᠡ ᠠᠷᠪᠠᠳᠤᠭᠠᠷ ᠨᠣᠮᠧᠷᠲᠤ ᠶᠦᠨ ᠳ᠋ᠦᠸᠧ ᠭᠠᠴᠠᠭ᠎ᠠ ᠲᠣᠰᠬᠤᠨ ᠤ ᠵᠤᠭᠠᠴᠠᠯ ᠤᠨ ᠰᠤᠳᠤᠯᠭᠠᠨ ᠤ ᠰᠠᠭᠤᠷᠢᠨ ᠭᠠᠵᠠᠷ ᠢ ᠪᠠᠶᠢᠭᠤᠯᠵᠤ᠂ ᠬᠠᠶᠢᠯ ᠲᠣᠰᠬᠤᠨ ᠤ ᠬᠤᠪᠢᠰᠬᠠᠯ ᠤᠨ ᠡᠬᠢ ᠪᠠᠶᠠᠯᠢᠭ ᠢ ᠭᠦᠨᠵᠡᠭᠡᠢ ᠠᠭᠤᠳᠠᠯᠵᠤ᠂ ᠤᠶᠢᠷ᠎ᠠ ᠲᠡᠭᠦᠷᠭᠡ ᠶᠢᠨ ᠬᠥᠳᠡᠭᠡ ᠲᠣᠰᠬᠤᠨ ᠤ ᠰᠣᠳᠣᠨ ᠤᠳᠤᠨ ᠳᠡᠰ ᠤᠨ ᠠᠷᠠᠳ ᠤᠨ ᠣᠷᠣᠨ ᠰᠠᠭᠤᠴᠠ ᠶᠢᠨ ᠰᠠᠭᠤᠷᠢᠰᠢᠯ ᠢ ᠢᠵᠢ ᠪᠦᠷᠢᠳᠦᠭᠦᠯᠦᠨ ᠪᠠᠶᠢᠭᠤᠯᠵᠤ ᠂ ᠨᠡᠩ ᠤᠯᠠᠨ ᠵᠤᠭᠠᠴᠠᠭᠰᠠᠳ ᠢ ᠵᠢᠨᠢᠩ ᠳᠤ ᠢᠷᠡᠭᠦᠯᠵᠦ᠂ ᠵᠢᠨᠢᠩ ᠳᠤ ᠰᠠᠭᠤᠯᠭᠠᠵᠤ᠂ ᠬᠡᠷᠡᠭᠯᠡᠭᠡ ᠶᠢ ᠵᠢᠨᠢᠩ ᠳᠤ ᠬᠦᠷᠲᠡᠭᠡᠨ᠎ᠡ᠃ ᠴᠢᠨᠠᠷ ᠰᠠᠶᠢᠲᠠᠶ ᠡᠮᠴᠢᠯᠡᠭᠡᠨ ᠤ ᠡᠬᠢ ᠪᠠᠶᠠᠯᠢᠭ᠂ ᠠᠭᠤᠷ ᠠᠮᠢᠰᠬᠤᠯ ᠤᠨ ᠡᠬᠢ ᠪᠠᠶᠠᠯᠢᠭ ᠪᠠ ᠣᠷᠣᠨ ᠪᠠᠶᠢᠷᠢ ᠶᠢᠨ ᠵᠠᠮ ᠬᠠᠷᠢᠯᠴᠠᠭᠠᠨ ᠤ ᠳᠠᠪᠠᠭᠤᠯᠢᠭ ᠢ ᠭᠦᠶᠴᠡᠳ ᠪᠠᠳᠠᠷᠠᠭᠤᠯᠵᠤ᠂ ᠡᠷᠡᠭᠦᠯᠵᠢᠯ ᠰᠤᠪᠢᠯᠠᠯᠲᠠ ᠶᠢᠨ ᠠᠵᠤ ᠦᠶᠯᠡᠰ ᠢ ᠶᠡᠬᠡᠪᠡᠷ ᠬᠥᠭᠵᠢᠭᠦᠯᠦᠨ᠂ ︽ᠡᠷᠡᠭᠦᠯᠵᠢᠯ ᠰᠤᠪᠢᠯᠠᠯᠲᠠ + ᠡᠮᠴᠢᠯᠡᠭᠡ︾᠎ ᠶᠢᠨ ᠠᠭᠤᠰᠤᠯᠴᠠᠨ ᠬᠥᠭᠵᠢᠬᠦ ᠶᠢ ᠠᠬᠢᠭᠤᠯᠵᠤ᠂ ︽ᠡᠮᠴᠢᠯᠡᠭᠡᠨ ᠤ ᠳᠤᠮᠳᠠ ᠰᠤᠪᠢᠯᠠᠯᠲᠠ ᠲᠠᠢ᠂ ᠰᠤᠪᠢᠯᠠᠯᠲᠠ ᠶᠢᠨ ᠳᠤᠮᠳᠠ ᠡᠮᠴᠢᠯᠡᠭᠡ ᠲᠠᠢ᠂ ᠡᠮᠴᠢᠯᠡᠭᠡ ᠰᠤᠪᠢᠯᠠᠯᠲᠠ ᠶᠢ ᠤᠶᠠᠯᠳᠤᠭᠤᠯᠤᠭᠰᠠᠨ︾ ᠡᠷᠡᠭᠦᠯ ᠮᠡᠨᠳᠦ ᠶᠢᠨ ᠦᠶᠯᠡᠴᠢᠯᠡᠭᠡᠨ ᠤ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠴᠢᠷᠮᠠᠶᠢᠨ ᠪᠤᠶᠢᠵᠢᠭᠤᠯᠤᠨ᠎ᠠ᠃ ︽ᠮᠥᠰᠥ ᠴᠠᠰᠤᠨ ᠤ ᠢᠨᠠᠭ ᠳᠤᠷᠠᠯᠠᠯ ︾ ︽ᠴᠡᠴᠡᠭᠲᠦ ᠳ᠋ᠧᠩ ᠤᠨ ᠪᠠᠷᠢᠯᠳᠤᠯᠭ᠎ᠠ︾᠎ ᠶᠢᠨ ᠰᠢᠷᠢᠰ ᠠᠵᠢᠯᠯᠠᠭ᠎ᠠ ᠶᠢ ᠰᠠᠶᠢᠲᠤᠷ ᠡᠷᠭᠢᠯᠡᠵᠦ᠂ ︽ᠢᠳᠡᠵᠦ ᠤᠤᠭᠤᠬᠤ ᠶᠠᠪᠤᠵᠤ ᠰᠠᠭᠤᠬᠤ᠂ ᠵᠤᠭᠠᠴᠠᠨ ᠬᠤᠳᠠᠯᠳᠤᠨ ᠠᠪᠬᠤ ᠵᠤᠭ᠎ᠠ ᠴᠡᠩᠭᠡᠯ︾ ᠵᠡᠷᠭᠡ ᠵᠢᠭᠤᠯᠴᠢᠯᠠᠯ ᠤᠨ ᠢᠵᠢ ᠪᠥᠷᠢᠳᠦᠭᠰᠡᠨ ᠡᠵᠡᠩᠨᠡᠯᠲᠡ ᠶᠢᠨ ᠬᠡᠯᠪᠡᠷᠢ ᠪᠠᠶᠢᠳᠠᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠴᠢᠨᠠᠷ ᠰᠠᠶᠢᠲᠠᠶ ᠵᠢᠭᠤᠯᠴᠢᠯᠠᠯ ᠤᠨ ᠪᠦᠲᠦᠭᠡᠭᠳᠡᠬᠦᠨ ᠤ ᠬᠠᠩᠭᠠᠯᠭ᠎ᠠ ᠶᠢ ᠲᠠᠰᠤᠷᠠᠯᠲᠠ ᠥᠬᠡᠶ ᠨᠡᠮᠡᠭᠳᠡᠭᠦᠯᠵᠦ᠂ ᠰᠣᠶᠣᠯ ᠵᠢᠭᠤᠯᠴᠢᠯᠠᠯ ᠤᠨ ᠠᠵᠤ ᠦᠶᠯᠡᠰ ᠤᠨ ᠬᠥᠭᠵᠢᠯᠲᠡ ᠶᠢᠨ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠪᠥᠬᠦ ᠵᠢᠯ ᠤᠨ ᠵᠢᠭᠤᠯᠴᠢᠯᠠᠯ ᠤᠨ ᠣᠷᠣᠯᠭ᠎ᠠ ᠶᠢ 15%᠎ ᠠᠴᠠ ᠳᠡᠭᠡᠭᠰᠢ ᠨᠡᠮᠡᠭᠳᠡᠭᠦᠯᠬᠦ ᠪᠠᠷ ᠴᠢᠷᠮᠠᠶᠢᠨ᠎ᠠ᠃     ︵ᠲᠠᠪᠤ︶ ᠪᠥᠳᠥᠭᠡᠨ ᠪᠠᠶᠢᠭᠤᠯᠬᠤ ᠪᠠ ᠬᠠᠮᠢᠶᠠᠷᠬᠤ ᠶᠢ ᠵᠡᠷᠭᠡ ᠲᠤᠨᠢ ᠴᠢᠬᠤᠯᠠᠴᠢᠯᠠᠬᠤ ᠶᠢ ᠪᠠᠷᠢᠮᠲᠠᠯᠠᠨ᠂ ᠬᠤᠳᠠ ᠬᠥᠳᠡᠭᠡ ᠶᠢᠨ ᠬᠠᠮᠵᠢᠯᠴᠠᠨ ᠬᠥᠭᠵᠢᠬᠦ ᠶᠢ ᠠᠬᠢᠭᠤᠯᠤᠨ᠎ᠠ     ᠬᠤᠳᠠ ᠶᠢᠨ ᠰᠢᠨᠡᠴᠢᠯᠡᠯᠲᠡ ᠶᠢ ᠥᠨᠳᠥᠷ ᠪᠠᠷᠢᠮᠵᠢᠶ᠎ᠠ ᠪᠠᠷ ᠬᠡᠷᠡᠭᠵᠢᠭᠦᠯᠦᠨ᠎ᠡ᠃ ᠤᠯᠤᠰ ᠤᠨ ᠬᠤᠲᠠ ᠶᠢᠨ ᠬᠠᠮᠢᠶᠠᠷᠤᠯᠲᠠ ᠶᠢᠨ ᠲᠣᠣᠷ ᠢ ᠥᠭᠡᠷᠡᠴᠢᠯᠡᠬᠦ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠢ ᠠᠮᠵᠢᠨ ᠠᠳᠬᠤᠵᠤ᠂ ︽ᠬᠠᠯᠠᠭᠤᠨ ᠳᠤᠯᠠᠭᠠᠨ ᠢᠨᠵᠧᠨᠧᠷᠢᠩ︾᠎ ᠢ ᠶᠡᠭᠡ ᠪᠠᠷ ᠬᠡᠷᠡᠭᠵᠢᠭᠦᠯᠵᠦ᠂ ᠢᠯᠴᠢ ᠬᠠᠩᠭᠠᠬᠤ ᠪᠡᠯᠡᠳᠬᠡᠮᠵᠢ ᠶᠢᠨ ︽ᠡᠪᠦᠯ ᠤᠨ ᠡᠪᠡᠳᠴᠢᠨ ᠢ ᠵᠣᠨ ᠵᠠᠰᠠᠬᠤ︾᠎ ᠶᠢ ᠢᠳᠡᠪᠬᠢᠲᠡᠶ ᠥᠷᠨᠢᠭᠦᠯᠵᠦ᠂ ᠫᠦ ᠶᠤᠸᠠᠨ᠂ ᠹᠦ᠋ ᠯᠸᠢ ᠢᠯᠴᠢ ᠶᠢᠨ ᠡᠬᠢ ᠰᠤᠷᠪᠤᠯᠵᠢ ᠶᠢᠨ ᠦᠶᠯᠡᠳᠪᠦᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠬᠦ ᠪᠠ ᠵᠢᠩ ᠨᠢᠩ ᠴᠠᠬᠢᠯᠭᠠᠨ ᠦᠶᠯᠡᠳᠪᠦᠷᠢ ᠶᠢᠨ ᠰᠢᠲᠠᠮᠠᠬᠠᠶ ᠬᠡᠶ ᠶᠢᠨ ᠡᠬᠢ ᠰᠤᠷᠪᠤᠯᠵᠢ ᠶᠢᠨ ᠥᠭᠡᠷᠡᠴᠢᠯᠡᠯᠲᠡ ᠶᠢ ᠪᠡᠶᠡᠯᠡᠭᠦᠯᠵᠦ᠂ 2 ᠳᠠᠷᠤᠯᠲᠠ ᠶᠢ ᠲᠤᠰᠠᠭᠠᠷᠯᠠᠬᠤ ᠥᠷᠲᠡᠭᠡ ᠪᠠᠶᠢᠭᠤᠯᠵᠤ᠂ 53 ᠺᠢᠯᠣᠮᠧᠲᠷ ᠬᠤᠭᠤᠯᠠᠶ ᠲᠣᠤᠷ ᠢ ᠨᠢᠭᠡ ᠬᠤᠶᠠᠷ ᠤᠳᠠᠭ᠎ᠠ ᠥᠭᠡᠷᠡᠴᠢᠯᠡᠵᠦ᠂ 251 ᠢᠯᠴᠢ ᠰᠣᠯᠢᠯᠴᠠᠬᠤ ᠥᠷᠲᠡᠭᠡ ᠪᠠᠶᠢᠭᠤᠯᠵᠤ᠂ 73 ᠬᠠᠭᠤᠴᠢᠨ ᠰᠠᠭᠤᠭᠠᠯᠢ ᠲᠣᠭᠤᠷᠢᠭ ᠤᠨ ᠥᠭᠡᠷᠡᠴᠢᠯᠡᠯᠲᠡ ᠶᠢ ᠬᠡᠷᠡᠭᠵᠢᠭᠦᠯᠦᠨ᠂ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ ᠢᠵᠢ ᠪᠥᠷᠢᠳᠦᠭᠦᠯᠬᠦ ᠴᠠᠬᠢᠯᠭᠠᠨ ᠤ ᠲᠣᠤᠷ ᠤᠨ ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠪᠡᠶᠡᠯᠡᠭᠦᠯᠵᠦ᠂ 1.16 ᠲᠦᠮᠡᠨ ᠡᠷᠦᠬᠡ ᠰᠠᠭᠤᠭᠠᠯᠢ ᠠᠷᠠᠳ ᠲᠤ ᠠᠷᠢᠭᠤᠨ ᠴᠡᠪᠡᠷ ᠳᠤᠯᠠᠭᠠᠯᠠᠭ᠎ᠠ ᠶᠢᠨ ᠦᠷ᠎ᠡ ᠪᠦᠲᠦᠭᠡᠯ ᠢ ᠨᠠᠩ ᠲᠦᠷᠭᠡᠨ ᠨᠠᠩ ᠰᠠᠶᠢᠨ ᠬᠦᠷᠲᠡᠭᠡᠪᠡ᠃ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠲᠤᠰᠬᠠᠶ ᠴᠡᠭᠴᠡᠯᠡᠨ ᠵᠠᠰᠠᠬᠤ ᠠᠵᠢᠯ ᠢ ᠭᠦᠨᠵᠡᠭᠡᠶ ᠥᠷᠨᠢᠭᠦᠯᠵᠦ᠂ ᠲᠥᠪ ᠬᠤᠲᠠ ᠶᠢᠨ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠤᠰᠤ ᠬᠠᠩᠭᠠᠬᠤ ᠢᠵᠢ ᠪᠥᠷᠢᠳᠦᠭᠦᠯᠬᠦ ᠪᠡᠯᠡᠳᠬᠡᠮᠵᠢ ᠶᠢ ᠲᠡᠭᠦᠯᠳᠡᠷᠵᠢᠭᠦᠯᠦᠨ᠂ ᠤᠰᠤ ᠬᠠᠩᠭᠠᠬᠤ ᠬᠤᠭᠤᠯᠠᠶ ᠱᠤᠭᠤᠮ ᠢ 12 ᠺᠢᠯᠣᠮᠧᠲᠷ ᠰᠢᠨ᠎ᠡ ᠪᠠᠷ ᠥᠭᠡᠷᠡᠴᠢᠯᠡᠨ ᠪᠠᠶᠢᠭᠤᠯᠵᠤ᠂ ᠬᠠᠭᠤᠴᠢᠷᠬᠠᠰᠠᠨ ᠬᠤᠭᠤᠯᠠᠶ ᠲᠣᠤᠷ ᠢ ᠥᠭᠡᠷᠡᠴᠢᠯᠡᠨ ᠵᠠᠰᠠᠵᠤ᠂ ᠤᠰᠤ ᠵᠠᠯᠠᠵᠤ ᠤᠰᠤᠲᠤᠯ ᠢ ᠰᠡᠷᠭᠡᠶᠢᠯᠡᠬᠦ ᠪᠡᠯᠡᠳᠬᠡᠮᠵᠢ ᠶᠢ 42 ᠺᠢᠯᠣᠮᠧᠲᠷ ᠵᠠᠰᠠᠵᠤ᠂ ᠬᠡᠰᠡᠭ ᠪᠠᠶᠢᠰᠢᠩ ᠬᠡᠷ ᠤᠨ ᠲᠣᠭᠤᠷᠢᠭ ᠤᠨ ᠪᠣᠷᠣᠭᠠᠨ ᠤ ᠤᠰᠤ ᠶᠢ ᠬᠤᠷᠢᠶᠠᠨ ᠴᠤᠭᠯᠠᠭᠤᠯᠬᠤ ᠢᠨᠵᠧᠨᠧᠷᠢᠩ ᠢ ᠡᠬᠢᠯᠡᠭᠦᠯᠵᠦ᠂ ᠤᠰᠤᠨ ᠤ ᠡᠬᠢ ᠪᠠᠶᠠᠯᠢᠭ ᠢ ᠠᠷᠪᠢᠯᠠᠨ ᠡᠷᠴᠢᠮᠵᠢᠭᠦᠯᠬᠦ ᠦᠷ᠎ᠡ ᠪᠦᠲᠦᠮᠵᠢ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃    ᠰᠠᠭᠤᠷᠢ ᠲᠥᠬᠦᠭᠡᠷᠦᠮᠵᠢ ᠶᠢ ᠴᠢᠨᠠᠷ ᠰᠠᠶᠢᠲᠠᠶ ᠪᠥᠲᠥᠭᠡᠨ ᠪᠠᠶᠢᠭᠤᠯᠤᠨ᠎ᠠ᠃ ᠰᠢᠨ᠎ᠡ ᠡᠨᠧᠷᠭᠢ ᠶᠢᠨ ᠰᠤᠷᠪᠤᠯᠵᠢ ᠶᠢᠨ ᠮᠠᠰᠢᠨ ᠲᠡᠷᠭᠡᠨ ᠤ ᠢᠵᠢ ᠪᠦᠷᠢᠳᠦᠭᠦᠯᠬᠦ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠵᠦ᠂ ᠴᠠᠬᠢᠯᠭᠠᠨ ᠴᠡᠨᠡᠭᠯᠡᠬᠦ ᠪᠠᠭᠠᠨ᠎ᠠ ᠶᠢᠨ ᠳᠠᠭᠠᠭᠠᠴᠠ ᠶᠢ ᠤᠷᠢᠳᠴᠢᠯᠠᠨ ᠲᠥᠯᠥᠪᠵᠢᠭᠦᠯᠦᠨ ᠪᠠᠶᠢᠷᠢᠰᠢᠭᠤᠯᠵᠤ᠂ ᠰᠢᠨ᠎ᠡ ᠡᠨᠧᠷᠭᠢ ᠶᠢᠨ ᠰᠤᠷᠪᠤᠯᠵᠢ ᠶᠢᠨ ᠴᠠᠬᠢᠯᠭᠠᠨ ᠴᠡᠨᠡᠭᠯᠡᠬᠦ 234 ᠲᠡᠷᠭᠡᠨ ᠪᠠᠶᠢᠷᠢ ᠶᠢ ᠰᠢᠨ᠎ᠡ ᠪᠠᠷ ᠪᠠᠶᠢᠭᠤᠯᠪᠠ᠃ ᠬᠤᠲᠠ ᠶᠢᠨ ᠵᠠᠮ ᠤᠨ ᠲᠣᠤᠷ ᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠴᠠᠩᠫᠢᠩ ᠵᠠᠮ᠂ ᠰᠢᠶᠠᠩ ᠶᠤᠸᠠᠨ ᠵᠡᠭᠡᠯᠢ ᠵᠡᠷᠭᠡ ᠬᠤᠲᠠ ᠶᠢᠨ ᠨᠡᠪᠲᠡᠷᠡᠭᠡ ᠦᠭᠡᠢ ᠵᠠᠮ ᠢ ᠨᠡᠪᠲᠡᠷᠡᠭᠦᠯᠦᠨ᠎ᠡ᠃ ᠬᠤᠭᠤᠯᠠᠶ ᠪᠠᠷ ᠳᠠᠮᠵᠢᠭᠤᠯᠬᠤ ᠪᠠᠶᠢᠭᠠᠯᠢ ᠶᠢᠨ ᠰᠢᠲᠠᠮᠠᠬᠠᠶ ᠬᠡᠢ ᠬᠠᠩᠭᠠᠬᠤ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠭᠦᠨᠵᠡᠭᠡᠶ ᠠᠬᠢᠭᠤᠯᠵᠤ᠂ 12 ᠰᠠᠭᠤᠭᠠᠯᠢ ᠲᠣᠭᠤᠷᠢᠭ ᠤᠨ ᠪᠠᠶᠢᠭᠠᠯᠢ ᠶᠢᠨ ᠰᠢᠲᠠᠮᠠᠬᠠᠶ ᠬᠡᠢ ᠶᠢ ᠡᠷᠦᠭᠡ ᠳᠤ ᠣᠷᠣᠭᠤᠯᠬᠤ ᠢᠨᠵᠧᠨᠧᠷᠢᠩ ᠢ ᠪᠡᠶᠡᠯᠡᠭᠦᠯᠪᠡ᠃ ᠰᠢᠶᠤᠤ ᠳ᠋ᠦᠩ ᠲᠠᠨ  ᠪᠣᠬᠢᠷ ᠤᠰᠤ ᠰᠢᠶᠳᠪᠦᠷᠢᠯᠡᠬᠦ ᠦᠶᠯᠡᠳᠪᠦᠷᠢ ᠶᠢᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠳᠤᠮᠳᠠᠬᠢ ᠤᠰᠤᠨ ᠤ ᠬᠡᠷᠡᠭᠯᠡᠯᠲᠡ ᠶᠢᠨ ᠦᠷ᠎ᠡ ᠪᠦᠲᠦᠮᠵᠢ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ᠬᠤᠳᠠ ᠶᠢᠨ ᠬᠤᠭ ᠨᠣᠪᠰᠢ ᠶᠢ ᠲᠦᠷᠦᠯ ᠬᠤᠪᠢᠶᠠᠭᠰᠠᠨ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠵᠦ᠂ ᠪᠠᠷᠢᠯᠭ᠎ᠠ ᠶᠢᠨ ᠬᠤᠭ ᠨᠣᠪᠰᠢ ᠶᠢ ᠰᠢᠩᠭᠡᠭᠡᠬᠦ ᠦᠢᠯᠡᠳᠪᠦᠷᠢ ᠶᠢ ᠰᠢᠨ᠎ᠡ ᠪᠠᠷ ᠪᠠᠶᠢᠭᠤᠯᠵᠤ᠂ ︽ᠣᠷᠣᠭᠤᠯᠬᠤ᠂ ᠬᠤᠷᠢᠶᠠᠬᠤ᠂ ᠲᠡᠭᠡᠭᠡᠪᠦᠷᠢᠯᠡᠬᠦ᠂ ᠰᠢᠶᠳᠪᠦᠷᠢᠯᠡᠬᠦ︾ ᠪᠦᠬᠦ ᠶᠠᠪᠤᠴᠠ ᠶᠢᠨ ᠪᠢᠲᠡᠭᠦᠦ ᠴᠠᠭᠠᠷᠢᠭ ᠤᠨ ᠰᠢᠰᠲ᠋ᠧᠮ ᠢ ᠲᠡᠭᠦᠯᠳᠡᠷᠵᠢᠭᠦᠯᠵᠦ᠂ ᠠᠮᠢᠳᠤᠷᠠᠯ ᠤᠨ ᠬᠤᠭ ᠨᠣᠪᠰᠢ ᠶᠢᠨ ᠬᠡᠮᠵᠢᠶ᠎ᠡ ᠶᠢ ᠪᠠᠭᠠᠰᠬᠠᠬᠤ᠂ ᠡᠬᠢ ᠪᠠᠶᠠᠯᠢᠭᠵᠢᠭᠤᠯᠬᠤ ᠪᠠ ᠬᠤᠣᠷ ᠦᠭᠡᠶᠢᠵᠢᠬᠦᠯᠦᠨ ᠰᠢᠶᠳᠪᠦᠷᠢᠯᠡᠬᠦ ᠶᠢ ᠪᠡᠶᠡᠯᠡᠭᠦᠯᠦᠨ᠎ᠡ᠃     ᠥᠨᠳᠥᠷ ᠬᠢᠷᠢ ᠬᠡᠮᠵᠢᠶ᠎ᠡ ᠲᠠᠢ ᠬᠤᠳᠠ ᠶᠢᠨ ᠬᠠᠮᠢᠶᠠᠷᠤᠯᠲᠠ ᠶᠢ ᠠᠬᠢᠭᠤᠯᠤᠨ᠎ᠠ᠃ ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠰᠤᠷᠭᠠᠭᠤᠯᠢ᠂ ᠡᠮᠨᠡᠯᠭᠡ ᠶᠢᠨ ᠬᠤᠷᠢᠶ᠎ᠠ᠂ ᠬᠤᠳᠠᠯᠳᠤᠭᠠᠨ ᠤ ᠭᠡᠳᠤ ᠳᠡᠯᠭᠡᠭᠦᠷ ᠪᠠ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢᠨ ᠲᠡᠷᠭᠡ ᠵᠣᠭᠰᠣᠬᠤ ᠡᠮᠬᠢ ᠵᠢᠷᠤᠮ ᠢ ᠦᠷᠭᠦᠯᠵᠢᠯᠡᠨ ᠵᠢᠷᠤᠮᠵᠢᠭᠤᠯᠵᠤ᠂ ᠠᠷᠠᠳ ᠲᠤ ᠲᠦᠬᠦᠮ ᠦᠵᠡᠭᠦᠯᠬᠦ ᠵᠠᠬ᠎ᠠ ᠳᠡᠯᠭᠡᠭᠦᠷ᠂ ᠰᠥᠨᠢ ᠶᠢᠨ ᠵᠠᠬ᠎ᠠ ᠳᠡᠯᠭᠡᠭᠦᠷ ᠵᠡᠷᠭᠡ 4 ᠭᠠᠵᠠᠷ ᠢ ᠰᠦᠪᠡᠭᠴᠢᠯᠡᠨ ᠪᠠᠶᠢᠭᠤᠯᠵᠤ᠂ ᠬᠤᠳᠠ ᠶᠢ ︽ᠬᠤᠸᠠᠷ ᠫᠤᠤᠵᠢᠩ︾᠎ ᠲᠠᠢ ᠪᠣᠯᠭᠠᠬᠤ ᠮᠥᠷᠲᠡᠭᠡᠨ ᠪᠠᠰᠠ ︽ᠪᠣᠯᠪᠠᠰᠤᠨ ᠰᠤᠷᠲᠠᠯ︾᠎ ᠲᠠᠢ ᠪᠣᠯᠭᠠᠨ᠎ᠠ᠃ ᠣᠷᠣᠨ ᠰᠠᠭᠤᠴᠠ ᠶᠢᠨ ᠠᠳᠠᠯ ᠠᠬᠤᠶ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠶ ᠠᠬᠢᠭᠤᠯᠵᠤ᠂ ᠠᠳᠠᠯ ᠠᠬᠤᠶ ᠶᠢᠨ ᠺᠣᠮᠫᠠᠨᠢ ᠶᠢᠨ ᠵᠥᠪᠰᠢᠶᠡᠷᠡᠨ ᠣᠷᠣᠭᠤᠯᠬᠤ ᠪᠠ ᠪᠤᠴᠠᠭᠠᠨ ᠭᠠᠷᠭᠠᠬᠤ ᠲᠣᠭᠲᠠᠴᠠ ᠶᠢ ᠲᠡᠭᠦᠯᠳᠡᠷᠵᠢᠭᠦᠯᠦᠨ᠂ ᠬᠤᠪᠢᠰᠬᠠᠯ ᠤᠨ ᠳᠤᠷᠠᠰᠬᠠᠯᠲᠤ ᠠᠳᠠᠯ ᠠᠬᠤᠶ ᠶᠢ ᠶᠡᠬᠡᠪᠡᠷ ᠳᠡᠯᠭᠡᠷᠡᠭᠦᠯᠵᠦ᠂ ᠪᠥᠬᠦ ᠬᠤᠲᠠ ᠳᠤ ᠣᠷᠣᠨ ᠰᠠᠭᠤᠴᠠ ᠶᠢᠨ ᠰᠠᠭᠤᠭᠠᠯᠢ ᠲᠣᠭᠤᠷᠢᠭ ᠤᠨ ᠠᠳᠠᠯ ᠠᠬᠤᠶ ᠶᠢᠨ ᠬᠠᠮᠢᠶᠠᠷᠤᠯᠲᠠ ᠶᠢ ᠪᠦᠬᠦᠨ ᠢ ᠬᠠᠮᠤᠷᠬᠤ ᠶᠢ ᠨᠡᠶᠢᠭᠡᠮ ᠤᠨ ᠠᠵᠢᠯ ᠤᠨ ᠡᠩᠨᠡᠭᠡ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ ︽ᠭᠤᠷᠪᠠᠨ ᠡᠷᠦᠬᠡ ᠳᠥᠷᠪᠡᠨ ᠳᠠᠷᠤᠭ᠎ᠠ︾᠎ ᠶᠢᠨ ᠰᠢᠯᠢᠳᠡᠭ ᠢ ᠰᠣᠩᠭᠤᠨ ᠳᠣᠭᠢᠷᠠᠭᠤᠯᠵᠤ᠂ ᠦᠨᠳᠦᠰᠦᠨ ᠱᠠᠲᠤᠨ ᠤ ᠵᠠᠰᠠᠯᠲᠠ ᠶᠢᠨ ᠰᠢᠨ᠎ᠡ ᠠᠮᠢᠵᠢᠷᠠᠯ ᠤᠨ ᠬᠦᠴᠦᠨ ᠢ ᠪᠥᠬᠦ ᠬᠦᠴᠦᠨ ᠢᠶᠠᠷ ᠬᠥᠭᠵᠢᠭᠡᠨ᠎ᠡ᠃ ᠢᠳᠡᠭᠡᠨ ᠪᠠ ᠡᠮ ᠤᠨ ᠵᠦᠶᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠲᠠᠰᠤᠷᠠᠯᠲᠠ ᠥᠬᠡᠶ ᠴᠢᠩᠭᠠᠳᠬᠠᠵᠤ᠂ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ 6 ᠵᠡᠭᠡᠯᠢ ᠶᠢ ᠪᠣᠶ ᠪᠣᠯᠭᠠᠵᠤ᠂ ᠢᠳᠡᠭᠡᠨ ᠤᠮᠳᠠᠭᠠᠨ ᠤ ᠵᠢᠱᠢᠶ᠎ᠡ ᠦᠵᠡᠭᠦᠯᠬᠦ 200᠎ ᠠᠴᠠ ᠳᠡᠭᠡᠭᠰᠢ ᠳᠡᠯᠭᠡᠭᠦᠷ ᠢ ᠡᠭᠦᠳᠦᠨ ᠪᠠᠶᠢᠭᠤᠯᠤᠨ᠎ᠠ᠃ ᠬᠤᠳᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠪᠠᠶᠢᠭᠤᠯᠤᠯ ᠢ ᠰᠢᠯᠤᠭᠤᠳᠬᠠᠵᠤ᠂ ︽ᠬᠤᠶᠠᠷ ᠠᠴᠠ ᠵᠥᠷᠢᠴᠡᠭᠰᠡᠨ︾ ᠪᠠᠶᠢᠳᠠᠯ ᠢ ᠲᠤᠰᠬᠠᠶᠢᠯᠠᠨ ᠵᠠᠰᠠᠬᠤ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ ᠪᠠᠶᠢᠭᠤᠯᠤᠭᠰᠠᠨ ᠲᠣᠭᠤᠷᠢᠭ᠂ ᠬᠤᠳᠠ ᠬᠥᠳᠡᠭᠡ ᠶᠢᠨ ᠠᠭᠤᠯᠵᠠᠷ ᠭᠠᠵᠠᠷ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢᠨ ᠳᠤᠷ᠎ᠠ ᠪᠠᠷ ᠢᠶᠠᠨ ᠪᠠᠶᠢᠭᠤᠯᠬᠤ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠵᠤ᠂ ᠴᠡᠪᠡᠷ ᠲᠡᠭᠰᠢ᠂ ᠡᠮᠬᠢ ᠵᠢᠷᠤᠮ ᠲᠠᠢ ᠬᠤᠳᠠ ᠶᠢᠨ ᠣᠷᠴᠢᠨ ᠨᠥᠬᠦᠴᠡᠯ ᠢ ᠪᠤᠢ ᠪᠣᠯᠭᠠᠨ᠎ᠠ᠃      ︵ᠵᠢᠷᠭᠤᠭ᠎ᠠ︶ ᠥᠩᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠬᠤ ᠶᠢ ᠪᠠᠷᠢᠮᠲᠠᠯᠠᠵᠤ᠂ ᠪᠣᠬᠢᠷᠲᠤᠯ ᠥᠬᠡᠶ ᠠᠮᠢ ᠠᠬᠤᠶ ᠶᠢᠨ ᠰᠠᠭᠤᠷᠢ ᠶᠢ ᠪᠠᠬᠢᠵᠢᠭᠦᠯᠦᠨ᠎ᠡ     ᠠᠮᠢ ᠠᠬᠤᠶ ᠶᠢᠨ ᠵᠠᠰᠠᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ ᠤᠰᠤᠨ ᠤ ᠬᠡᠮᠵᠢᠶ᠎ᠡ ᠶᠢ ᠦᠨᠳᠦᠰᠦᠯᠡᠨ᠂ ᠤᠰᠤ ᠪᠠᠷ ᠭᠠᠷᠤᠯᠲᠠ ᠶᠢ ᠲᠣᠭᠲᠠᠭᠠᠬᠤ ᠶᠢ ᠪᠠᠷᠢᠮᠲᠠᠯᠠᠨ᠂ ᠲᠦᠷᠦᠯ ᠵᠦᠢᠯ ᠤᠨ ᠤᠰᠤ ᠲᠠᠲᠠᠬᠤ ᠵᠥᠪᠰᠢᠶᠡᠷᠡᠯ ᠤᠨ ᠬᠢᠨᠠᠨ ᠵᠥᠪᠰᠢᠶᠡᠷᠡᠬᠦ ᠲᠦᠷᠢᠮ ᠢ ᠴᠢᠩᠭ᠎ᠠ ᠬᠡᠷᠡᠭᠵᠢᠭᠦᠯᠵᠦ᠂ ᠬᠤᠲᠠ ᠪᠠᠯᠭᠠᠰᠤ᠂ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠭᠠᠵᠠᠷ ᠳᠣᠣᠷᠠᠬᠢ ᠤᠰᠤ ᠶᠢ ᠨᠡᠭᠡᠭᠡᠨ ᠠᠰᠢᠭᠯᠠᠬᠤ ᠶᠢ ᠬᠠᠮᠢᠶᠠᠷᠤᠨ ᠡᠵᠡᠮᠳᠡᠬᠦ ᠠᠵᠢᠯ ᠢ ᠴᠢᠩᠭ᠎ᠠ ᠰᠠᠶᠢᠲᠤᠷ ᠬᠢᠵᠦ᠂ ᠲᠠᠷᠢᠶᠠᠯᠠᠩ ᠤᠨ ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ᠂ ᠠᠵᠤ ᠦᠢᠯᠡᠳᠪᠦᠷᠢ ᠶᠢᠨ ᠤᠰᠤ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ᠂ ᠬᠤᠲᠠ ᠪᠠᠯᠭᠠᠰᠤᠨ ᠤ ᠤᠰᠤ ᠠᠷᠪᠢᠯᠠᠵᠤ ᠬᠤᠬᠢᠷᠠᠯ ᠢ ᠪᠠᠭᠠᠰᠬᠠᠬᠤ ᠶᠢ ᠠᠬᠢᠭᠤᠯᠤᠨ᠎ᠠ᠃ ᠪᠥᠬᠦ ᠲᠠᠯ᠎ᠠ ᠪᠠᠷ ᠠᠷᠪᠢᠯᠠᠨ ᠭᠠᠮᠨᠠᠬᠤ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠲᠥᠷᠥᠯ ᠵᠦᠶᠯ ᠳᠤ ᠣᠷᠣᠬᠤ ᠵᠥᠪᠰᠢᠶᠡᠷᠡᠯ ᠤᠨ ᠪᠠᠷᠢᠮᠵᠢᠶ᠎ᠠ ᠶᠢ ᠳᠡᠭᠡᠭᠰᠢᠯᠡᠭᠦᠯᠦᠨ᠂ ᠡᠨᠧᠷᠭᠢ ᠶᠢᠨ ᠬᠤᠷᠣᠭᠳᠠᠯ ᠤᠨ ᠬᠦᠴᠦᠯᠡᠴᠡ᠂ ᠪᠠᠯᠠ ᠣᠷᠣᠭᠤᠯᠤᠯᠲᠠ ᠶᠢᠨ ᠲᠤᠭ᠎ᠠ ᠬᠡᠮᠵᠢᠶ᠎ᠡ ᠪᠠ ᠦᠶᠯᠡᠳᠪᠦᠷᠢᠯᠡᠯ ᠤᠨ ᠦᠷ᠎ᠡ ᠠᠰᠢᠭ ᠢ ᠰᠢᠨᠵᠢᠯᠡᠬᠦ ᠤᠬᠠᠭᠠᠨᠴᠢ ᠪᠠᠷ ᠦᠨᠡᠯᠡᠨ ᠵᠢᠱᠢᠵᠦ᠂ ᠦᠷᠭᠦᠯᠵᠢᠯᠡᠬᠦ ᠬᠥᠭᠵᠢᠯᠲᠡ ᠶᠢᠨ ᠴᠢᠳᠠᠪᠤᠷᠢ ᠶᠢ ︽ᠲᠠᠪᠤᠨ ᠶᠡᠭᠡ ᠰᠠᠭᠤᠷᠢ︾᠎ ᠶᠢᠨ ᠦᠷ᠎ᠡ ᠪᠦᠲᠦᠭᠡᠯ ᠢ ᠪᠠᠬᠢᠵᠢᠭᠦᠯᠵᠦ᠂ 288 ᠮᠥ ᠭᠠᠵᠠᠷ ᠰᠢᠷᠣᠶ ᠶᠢ ᠰᠢᠶᠳᠪᠦᠷᠢᠯᠡᠨ ᠰᠢᠩᠭᠡᠭᠡᠵᠦ᠂ ᠠᠷᠪᠢᠯᠠᠨ ᠭᠠᠮᠨᠠᠵᠤ ᠡᠷᠴᠢᠮᠵᠢᠭᠦᠯᠬᠦ ᠬᠢᠷᠢ ᠬᠡᠮᠵᠢᠶ᠎ᠡ ᠶᠢ ᠪᠦᠲᠦᠮᠵᠢᠲᠡᠶ ᠳᠡᠭᠡᠭᠰᠢᠯᠡᠭᠦᠯᠦᠨ᠎ᠡ᠃    ᠪᠣᠬᠢᠷᠲᠤᠯ ᠦᠭᠡᠢ ᠠᠮᠢᠳᠤᠷᠠᠯ ᠤᠨ ᠠᠷᠭ᠎ᠠ ᠬᠡᠯᠪᠡᠷᠢ ᠶᠢ ᠰᠠᠨᠠᠭᠠᠴᠢᠯᠠᠵᠤ᠂ ᠪᠦᠬᠦ ᠠᠷᠠᠳ ᠤᠨ ᠠᠷᠪᠢᠯᠠᠨ ᠭᠠᠮᠨᠠᠬᠤ ᠤᠬᠠᠮᠰᠠᠷ᠂ ᠣᠷᠴᠢᠨ ᠲᠣᠭᠤᠷᠢᠨ ᠢ ᠬᠠᠮᠠᠭᠠᠯᠠᠬᠤ ᠤᠬᠠᠮᠰᠠᠷ᠂ ᠠᠮᠢ ᠠᠬᠤᠢ ᠶᠢᠨ ᠤᠬᠠᠮᠰᠠᠷ ᠢ ᠴᠢᠩᠭᠠᠳᠬᠠᠵᠤ᠂ ᠦᠵᠡᠰᠬᠦᠯᠡᠩᠲᠦ ᠰᠠᠶᠢᠬᠠᠨ ᠵᠢᠨᠢᠩ ᠢ ᠪᠦᠲᠦᠭᠡᠨ ᠪᠠᠶᠢᠭᠤᠯᠬᠤ ᠶᠢ ᠪᠦᠬᠦ ᠲᠤᠭᠤᠷᠢᠭ ᠤᠨ ᠠᠷᠠᠳ ᠲᠦᠮᠡᠨ ᠤ ᠤᠬᠠᠮᠰᠠᠷᠲᠤ ᠠᠵᠢᠯᠯᠠᠭ᠎ᠠ ᠪᠣᠯᠭᠠᠬᠤ ᠬᠡᠷᠡᠭᠲᠡᠢ᠃    ᠣᠷᠴᠢᠨ ᠠᠬᠤᠶ ᠶᠢᠨ ᠴᠢᠨᠠᠷ ᠴᠢᠨᠰᠠᠭ᠎ᠠ ᠶᠢ ᠦᠷᠭᠦᠯᠵᠢᠯᠡᠨ ᠰᠠᠶᠢᠵᠢᠷᠠᠭᠤᠯᠤᠨ᠎ᠠ᠃ ᠠᠭᠠᠷ ᠮᠠᠨᠳᠠᠯ ᠤᠨ ᠪᠣᠬᠢᠷᠲᠤᠯ ᠢ ᠶᠡᠷᠦᠩᠬᠡᠶᠢᠯᠡᠨ ᠵᠠᠰᠠᠬᠤ ᠶᠢ ᠬᠡᠷᠡᠭᠵᠢᠭᠦᠯᠵᠦ᠂ ᠠᠵᠤ ᠦᠢᠯᠡᠳᠪᠦᠷᠢ ᠶᠢᠨ ᠪᠣᠬᠢᠷᠲᠤᠯ᠂ ᠡᠰᠢ ᠰᠦᠷᠡᠯ ᠢ ᠰᠢᠲᠠᠭᠠᠬᠤ ᠶᠢ ᠴᠠᠭᠠᠵᠠᠯᠠᠬᠤ᠂ ᠪᠠᠷᠢᠯᠭ᠎ᠠ ᠶᠢᠨ ᠭᠠᠵᠠᠷ ᠤᠨ ᠲᠣᠭᠤᠰᠣ ᠰᠢᠷᠣᠶ ᠵᠡᠷᠭᠡ ᠶᠢᠨ ᠪᠣᠬᠢᠷᠲᠤᠯ ᠤᠨ ᠡᠬᠢ ᠶᠢ ᠬᠠᠮᠢᠶᠠᠷᠤᠨ ᠡᠵᠡᠮᠳᠡᠬᠦ ᠶᠢ ᠰᠠᠶᠢᠲᠤᠷ ᠠᠳᠬᠤᠵᠤ᠂ ᠠᠷᠢᠭᠤᠨ ᠴᠡᠪᠡᠷ ᠳᠤᠯᠠᠭᠠᠯᠠᠭ᠎ᠠ ᠶᠢᠨ ᠥᠭᠡᠷᠡᠴᠢᠯᠡᠯᠲᠡ ᠶᠢᠨ ᠭᠤᠭᠤᠵᠢᠭᠰᠠᠨ ᠢ ᠪᠠᠶᠢᠴᠠᠭᠠᠵᠤ ᠳᠤᠲᠠᠭᠤ ᠶᠢ ᠨᠥᠬᠦᠪᠥᠷᠢᠯᠡᠬᠦ ᠶᠢ ᠥᠷᠨᠢᠭᠦᠯᠵᠦ᠂ ᠪᠦᠬᠦ ᠵᠢᠯ ᠤᠨ ᠠᠭᠠᠷ ᠤᠨ ᠶᠠᠰᠤ ᠴᠢᠨᠠᠷ ᠰᠢᠯᠢᠳᠡᠭ ᠰᠠᠶᠢᠨ ᠡᠳᠦᠷ ᠤᠨ ᠲᠤᠭ᠎ᠠ ᠶᠢᠨ ᠬᠠᠷᠢᠴᠠᠯ ᠤᠨ ᠨᠤᠷᠮ᠎ᠠ ᠶᠢ 92%᠎ ᠠᠴᠠ ᠳᠡᠭᠡᠭᠰᠢ ᠳᠤ ᠬᠦᠷᠭᠡᠬᠦ ᠶᠢ ᠦᠨᠡᠨ ︽ᠳᠥᠷᠪᠡᠨ ᠰᠠᠮᠠᠭᠤᠨ ᠢ ᠴᠡᠪᠡᠷᠯᠡᠬᠦ︾ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠰᠢᠶᠤᠤ ᠳ᠋ᠦᠩ ᠲᠠᠨ ᠪᠣᠬᠢᠷ ᠤᠰᠤ ᠶᠢ ᠰᠢᠶᠳᠪᠦᠷᠢᠯᠡᠬᠦ ᠦᠶᠯᠡᠳᠪᠦᠷᠢ ᠶᠢᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ᠂ ᠪᠣᠬᠢᠷ ᠤᠰᠤ ᠶᠢ ᠰᠢᠶᠳᠪᠦᠷᠢᠯᠡᠬᠦ ᠣᠨᠴᠠ ᠵᠥᠪᠰᠢᠶᠡᠷᠡᠯ ᠤᠨ ᠡᠵᠡᠩᠨᠡᠯᠲᠡ ᠶᠢᠨ ᠡᠷᠬᠡ ᠶᠢ ᠵᠠᠬ᠎ᠠ ᠳᠡᠯᠭᠡᠭᠦᠷᠴᠢᠯᠡᠨ ᠡᠵᠡᠩᠨᠡᠬᠦ ᠶᠢ ᠭᠦᠨᠵᠡᠭᠡᠶ ᠠᠬᠢᠭᠤᠯᠵᠤ᠂ ᠳᠤᠮᠳᠠᠬᠢ ᠤᠰᠤ ᠶᠢ ᠡᠭᠡᠭᠦᠯᠦᠨ ᠬᠡᠷᠡᠭᠯᠡᠬᠦ᠂ ᠪᠣᠷᠣᠭᠠᠨ ᠤ ᠤᠰᠤ ᠶᠢ ᠬᠤᠷᠢᠶᠠᠨ ᠴᠤᠭᠯᠠᠭᠤᠯᠬᠤ ᠪᠡᠯᠡᠳᠬᠡᠮᠵᠢ ᠶᠢ ᠦᠷᠭᠦᠯᠵᠢᠯᠡᠨ ᠲᠡᠭᠦᠯᠳᠡᠷᠵᠢᠭᠦᠯᠵᠦ᠂ ᠳᠠᠬᠢᠯᠲᠠ ᠤᠰᠤ ᠶᠢ ᠠᠰᠢᠭᠯᠠᠬᠤ ᠦᠷ᠎ᠡ ᠪᠦᠲᠦᠮᠵᠢ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ᠬᠥᠷᠥᠰᠥ ᠰᠢᠷᠣᠶ ᠶᠢᠨ ᠪᠣᠬᠢᠷᠲᠤᠯ ᠢ ᠡᠬᠢ ᠡᠭᠦᠰᠦᠯ ᠠᠴᠠ ᠨᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠣᠶ ᠰᠢᠭᠤᠶ ᠪᠡᠯᠴᠢᠭᠡᠷ ᠢ ᠡᠪᠳᠡᠭᠰᠡᠨ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠠᠵᠤ ᠦᠶᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ᠂ ᠠᠶᠤᠯᠲᠠᠶ ᠬᠠᠶᠠᠭᠳᠠᠮᠠᠯ ᠪᠣᠳᠠᠰ ᠢ ᠰᠢᠶᠳᠪᠦᠷᠢᠯᠡᠬᠦ ᠠᠵᠢᠯ ᠢ ᠦᠷᠭᠦᠯᠵᠢᠯᠡᠨ ᠰᠠᠶᠢᠲᠤᠷ ᠠᠳᠬᠤᠨ᠎ᠠ᠃ ᠲᠠᠷᠢᠶᠠᠯᠠᠩ ᠤᠨ ᠤᠯᠠᠨ ᠡᠬᠢᠳᠤ ᠪᠣᠬᠢᠷᠲᠤᠯ ᠢ ᠰᠡᠷᠭᠡᠶᠢᠯᠡᠨ ᠵᠠᠰᠠᠬᠤ ᠶᠢ ᠴᠢᠩᠭᠠᠳᠬᠠᠵᠤ᠂ ᠬᠢᠮᠢ ᠶᠢᠨ ᠪᠤᠷᠳᠤᠭᠤᠷ ᠲᠠᠷᠢᠶᠠᠨ ᠡᠮ ᠤᠨ ᠬᠡᠮᠵᠢᠶ᠎ᠡ ᠶᠢ ᠪᠠᠭᠠᠰᠬᠠᠬᠤ ᠠᠵᠢᠯᠯᠠᠭ᠎ᠠ ᠶᠢ ᠭᠦᠨᠵᠡᠭᠡᠶ ᠠᠬᠢᠭᠤᠯᠵᠤ᠂ ᠴᠢᠨᠠᠷ ᠮᠠᠭᠤᠲᠠᠶ ᠦᠷ᠎ᠡ ᠠᠰᠢᠭ ᠢᠶᠠᠷ ᠳᠣᠣᠷ᠎ᠠ ᠤᠢ ᠰᠢᠭᠤᠶ ᠶᠢᠨ ᠥᠭᠡᠷᠡᠴᠢᠯᠡᠯᠲᠡ᠂ ᠭᠤᠣᠯᠳᠠᠯᠭ᠎ᠠ ᠲᠠᠢ ᠣᠷᠣᠨ ᠪᠦᠰᠡ ᠶᠢᠨ ᠨᠣᠭᠤᠭᠠᠷᠠᠭᠤᠯᠤᠯᠲᠠ ᠶᠢ 5700 ᠮᠦ ᠪᠡᠶᠡᠯᠡᠭᠦᠯᠵᠦ᠂ ᠦᠨᠡᠨ ᠪᠣᠳᠠᠲᠠᠶ ᠦᠷ᠎ᠡ ᠪᠦᠲᠦᠮᠵᠢ ᠪᠠᠷ ᠤᠯᠤᠰ ᠤᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠳᠤ ᠪᠠᠲᠤ ᠪᠠᠬᠢ ᠰᠠᠭᠤᠷᠢ ᠶᠢ  ᠲᠠᠯᠪᠢᠨ᠎ᠠ᠃     ᠲᠦᠷᠢᠮ ᠤᠨ ᠬᠢᠵᠠᠭᠠᠷᠯᠠᠯ ᠢ ᠴᠢᠩᠭ᠎ᠠ ᠨᠠᠶᠢᠳᠠᠪᠤᠷᠢᠵᠢᠭᠤᠯᠤᠨ᠎ᠠ᠃ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠶᠢ ᠬᠠᠮᠢᠶᠠᠷᠤᠨ ᠡᠵᠡᠮᠳᠡᠵᠦ ᠬᠥᠲᠥᠯᠥᠨ ᠳᠠᠭᠠᠭᠤᠯᠬᠤ ᠶᠢ ᠴᠢᠩᠭᠠᠳᠬᠠᠵᠤ᠂   ︽ᠭᠤᠷᠪᠠᠨ ᠣᠷᠣᠨ ᠭᠤᠷᠪᠠᠨ ᠱᠤᠭᠤᠮ︾᠂ ︽ᠭᠤᠷᠪᠠᠨ ᠱᠤᠭᠤᠮ ᠨᠢᠭᠡ ᠬᠠᠭᠤᠳᠠᠰᠤ︾᠎ ᠶᠢᠨ ᠬᠢᠵᠠᠭᠠᠷ ᠱᠤᠭᠤᠮ ᠤᠨ ᠬᠢᠵᠠᠭᠠᠷᠯᠠᠯ ᠢ ᠪᠠᠬᠢᠵᠢᠭᠦᠯᠵᠦ᠂ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ᠂ ᠤᠢ ᠰᠢᠭᠤᠶ ᠡᠪᠡᠰᠦ ᠪᠡᠯᠴᠢᠭᠡᠷ ᠤᠨ ᠳᠠᠷᠤᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠮᠡᠳᠡᠭᠡ ᠵᠠᠩᠭᠢᠵᠢᠯᠲᠠ ᠶᠢᠨ ᠬᠢᠨᠠᠯᠲᠠ ᠬᠠᠮᠢᠶᠠᠷᠤᠯᠲᠠ ᠶᠢᠨ ᠲᠠᠪᠴᠠᠩ ᠤᠨ ᠪᠠᠶᠢᠭᠤᠯᠤᠯᠲᠠ ᠶᠢ ᠲᠦᠷᠭᠡᠳᠬᠡᠨ᠎ᠡ᠃ ᠡᠨᠧᠷᠭᠢ ᠶᠢᠨ ᠬᠤᠷᠣᠭᠳᠠᠭᠤᠯᠤᠯ ᠂ ᠪᠣᠬᠢᠷᠲᠤᠯ ᠪᠣᠳᠠᠰ ᠢ ᠭᠠᠳᠠᠭᠰᠢᠯᠠᠭᠤᠯᠬᠤ‌‍ᠪᠠᠷᠢᠮᠵᠢᠶ᠎ᠠ ᠶᠢ  ᠨᠠᠶᠢᠳᠠᠪᠤᠷᠢᠵᠢᠭᠤᠯᠵᠤ᠂ ᠬᠤᠴᠣᠷᠤᠩᠭᠤᠶ ᠦᠢᠯᠡᠳᠪᠦᠷᠢᠯᠡᠬᠦ ᠴᠢᠳᠠᠪᠤᠷᠢ ᠶᠢ ᠲᠦᠷᠭᠡᠪᠴᠢᠯᠡᠨ ᠭᠡᠭᠡᠭᠳᠡᠭᠦᠯᠵᠦ᠂ ᠡᠨᠧᠷᠭᠢ ᠶᠢᠨ ᠬᠤᠷᠣᠭᠳᠠᠭᠤᠯᠤᠯ ᠤᠨ ᠲᠤᠮᠤ ᠡᠷᠦᠬᠡ ᠪᠠ ᠴᠢᠬᠤᠯᠠ ᠬᠦᠷᠢᠶ᠎ᠡ᠂ ᠭᠤᠣᠯᠳᠠᠯᠭ᠎ᠠ ᠲᠠᠢ ᠠᠵᠢᠯ ᠲᠦᠷᠦᠯ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠰᠠᠶᠢᠲᠤᠷ ᠬᠢᠵᠦ᠂ ᠡᠨᠧᠷᠭᠢ ᠶᠢᠨ ᠬᠤᠷᠣᠭᠳᠠᠭᠤᠯᠤᠯ ᠤᠨ ᠨᠡᠮᠡᠭᠳᠡᠯ ᠤᠨ ᠡᠬᠢ ᠰᠤᠷᠪᠤᠯᠵᠢ ᠶᠢᠨ ᠪᠣᠭᠤᠮᠲᠠ ᠶᠢ ᠰᠠᠶᠢᠲᠤᠷ ᠠᠳᠬᠤᠨ᠎ᠠ᠃ ᠬᠥᠷᠥᠰᠥ ᠰᠢᠷᠣᠶ ᠶᠢᠨ ᠪᠣᠬᠢᠷᠲᠤᠯ ᠢ ᠬᠠᠮᠢᠶᠠᠷᠤᠨ ᠡᠵᠡᠮᠳᠡᠬᠦ ᠪᠠ ᠵᠠᠰᠠᠨ ᠰᠡᠷᠭᠦᠭᠡᠬᠦ ᠶᠢ ᠯᠠᠪᠳᠠᠭᠤᠨ ᠪᠠᠲᠤᠲᠠᠶ ᠰᠠᠶᠢᠲᠤᠷ ᠠᠳᠬᠤᠵᠤ᠂ ᠪᠠᠷᠢᠯᠭ᠎ᠠ ᠶᠢᠨ ᠬᠤᠭ ᠨᠣᠪᠰᠢ᠂ ᠡᠮᠴᠢᠯᠡᠭᠡᠨ ᠤ ᠬᠠᠶᠠᠭᠳᠠᠮᠠᠯ ᠪᠣᠳᠠᠰ ᠤᠨ ᠪᠣᠬᠢᠷᠲᠤᠯ ᠢ ᠰᠡᠷᠭᠡᠶᠢᠯᠡᠨ ᠵᠠᠰᠠᠬᠤ ᠶᠢ ᠦᠷᠭᠦᠯᠵᠢᠯᠡᠨ ᠴᠢᠩᠭᠠᠳᠬᠠᠵᠤ᠂ ᠲᠠᠷᠢᠶᠠᠯᠠᠩ ᠤᠨ ᠪᠦᠷᠬᠦᠪᠴᠢ ᠶᠢ ᠴᠡᠪᠡᠷᠯᠡᠨ ᠵᠠᠰᠠᠬᠤ ᠠᠵᠢᠯ ᠢ ᠦᠨᠡᠨᠬᠦ ᠰᠠᠶᠢᠲᠤᠷ ᠬᠢᠵᠦ᠂ ᠲᠠᠷᠢᠶᠠᠯᠠᠩ ᠤᠨ ᠪᠦᠷᠬᠦᠪᠴᠢ ᠶᠢᠨ ᠪᠤᠴᠠᠭᠠᠨ ᠬᠤᠷᠢᠶᠠᠬᠤ ᠨᠣᠷᠮ᠎ᠠ ᠶᠢ 85%᠎ ᠠᠴᠠ ᠳᠡᠭᠡᠭᠰᠢ ᠪᠠᠶᠢᠯᠭᠠᠬᠤ ᠶᠢ ᠪᠠᠲᠤᠯᠠᠨ᠎ᠠ᠃    ︵ᠲᠤᠯᠤᠭ᠎ᠠ︶ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠠᠵᠤ ᠠᠬᠤᠶ ᠶᠢᠨ ᠬᠥᠭᠵᠢᠯᠲᠡ ᠶᠢᠨ ᠠᠮᠢᠳᠤᠯᠢᠭ ᠬᠦᠴᠦᠨ ᠢ ᠬᠥᠭᠵᠢᠭᠡᠨ᠎ᠡ     ᠭᠤᠣᠯᠳᠠᠯᠭ᠎ᠠ ᠲᠠᠢ ᠬᠦᠷᠢᠶᠡᠨ ᠳᠠᠬᠢ ᠤᠯᠤᠰ ᠤᠨ ᠥᠮᠴᠢᠯᠡᠯᠲᠦ ᠡᠳ᠋ ᠬᠥᠷᠥᠩᠭᠡ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠪᠦᠰᠡᠯᠡᠯᠲᠡ ᠶᠢ ᠰᠢᠪᠲᠤᠯᠬᠤ ᠠᠵᠢᠯᠯᠠᠭ᠎ᠠ ᠶᠢ ᠶᠡᠬᠡᠪᠡᠷ ᠥᠷᠨᠢᠭᠦᠯᠵᠦ᠂ ᠣᠲᠣ ᠦᠶ᠎ᠡ ᠶᠢᠨ ᠠᠵᠤ ᠠᠬᠤᠶᠢᠯᠠᠯ ᠤᠨ ᠲᠦᠷᠢᠮ ᠢ ᠲᠡᠭᠦᠯᠳᠡᠷᠵᠢᠭᠦᠯᠦᠨ᠂ ᠲᠤᠭᠤᠷᠢᠭ ᠤᠨ ᠬᠠᠷᠢᠶ᠎ᠠ ᠪᠥᠬᠦᠶ ᠤᠯᠤᠰ ᠤᠨ ᠥᠮᠴᠢᠯᠡᠯᠲᠦ ᠠᠵᠤ ᠠᠬᠤᠶᠢᠯᠠᠯ ᠢ ᠦᠨᠡᠨᠬᠦ ᠥᠷᠲᠡᠭ ᠡᠭᠦᠳᠬᠦ᠂ ᠨᠡᠮᠡᠭᠳᠡᠯ ᠤᠨ ᠬᠡᠮᠵᠢᠶ᠎ᠡ ᠶᠢ ᠬᠠᠩᠭᠠᠬᠤ ᠡᠵᠡᠩᠨᠡᠯᠲᠡ ᠶᠢᠨ ᠭᠤᠤᠯ ᠴᠣᠭᠴᠠ ᠪᠣᠯᠭᠠᠨ᠎ᠠ᠃ ᠡᠯ᠎ᠡ ᠲᠦᠷᠦᠯ ᠤᠨ ᠣᠨᠴᠠ ᠵᠥᠪᠰᠢᠶᠡᠷᠡᠯ ᠤᠨ ᠡᠵᠡᠩᠨᠡᠯᠲᠡ ᠶᠢᠨ ᠡᠷᠬᠡ ᠶᠢᠨ ᠥᠭᠡᠷᠡᠴᠢᠯᠡᠯᠲᠡ ᠶᠢ ᠲᠡᠭᠦᠯᠳᠡᠷᠵᠢᠭᠦᠯᠵᠦ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠪᠣᠯᠤᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠤᠯᠢᠮᠠᠭ ᠡᠵᠡᠩᠨᠡᠯᠲᠡ ᠶᠢᠨ ᠥᠭᠡᠷᠡᠴᠢᠯᠡᠯᠲᠡ ᠶᠢᠨ ᠬᠤᠷᠢᠮ ᠤᠨ ᠵᠠᠩᠰᠢᠯ ᠤᠨ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ᠪᠥᠬᠦ ᠤᠯᠤᠰ ᠤᠨ ᠬᠤᠷᠢᠮ ᠤᠨ ᠵᠠᠩᠰᠢᠯ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠣᠷᠣᠨ ᠤ ᠡᠴᠦᠰ ᠤᠨ ᠬᠤᠭᠤᠴᠠᠭᠠᠨ ᠤ ᠦᠨᠡᠯᠡᠨ ᠵᠢᠱᠢᠯᠲᠡ ᠶᠢ ᠰᠠᠶᠢᠲᠤᠷ ᠬᠢᠵᠦ᠂ ᠪᠥᠬᠦ ᠬᠥᠳᠡᠭᠡ ᠲᠣᠰᠬᠤᠨ ᠤ ᠭᠠᠵᠠᠷ ᠰᠢᠷᠣᠶ ᠶᠢᠨ ᠡᠵᠡᠩᠨᠡᠯᠲᠡ ᠶᠢᠨ ᠡᠷᠬᠡ ᠶᠢᠨ ᠡᠷᠭᠢᠯᠲᠡ ᠶᠢᠨ ᠠᠵᠢᠯᠯᠠᠭ᠎ᠠ ᠶᠢ ᠪᠦᠬᠦ ᠲᠠᠯ᠎ᠠ ᠪᠠᠷ ᠵᠢᠷᠤᠮᠵᠢᠭᠤᠯᠵᠤ᠂ ᠤᠳᠤ ᠦᠶ᠎ᠡ ᠶᠢᠨ ᠲᠠᠷᠢᠶᠠᠯᠠᠩ ᠤᠨ ᠡᠷᠴᠢᠮᠵᠢᠭᠦᠯᠦᠯᠲᠡ ᠶᠢᠨ  ᠬᠢᠷᠢ ᠲᠦᠪᠰᠢᠨ ᠢ ᠳᠡᠭᠡᠭᠰᠢᠯᠡᠭᠦᠯᠦᠨ᠎ᠡ᠃    ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠦᠨ᠎ᠡ᠃ ᠪᠠᠷᠢᠮᠵᠢᠶᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠥᠭᠡᠷᠡᠴᠢᠯᠡᠯᠲᠡ ᠶᠢ ᠲᠦᠷᠭᠡᠳᠬᠡᠵᠦ᠂ ︽ᠨᠢᠭᠡ ᠰᠦᠯᠵᠢᠶ᠎ᠡ ᠪᠠᠷ ᠨᠡᠶᠢᠳᠡᠮ ᠰᠢᠶᠳᠪᠦᠷᠢᠯᠡᠬᠦ︾ ᠵᠦᠶᠯᠡᠰ ᠤᠨ ᠬᠦᠷᠢᠶ᠎ᠡ ᠬᠡᠪᠴᠢᠶ᠎ᠡ ᠶᠢ ᠥᠷᠭᠡᠳᠬᠡᠨ᠂ ᠰᠦᠯᠵᠢᠶ᠎ᠡ ᠪᠠᠷ ᠰᠢᠶᠳᠪᠦᠷᠢᠯᠡᠬᠦ ᠨᠣᠷᠮ᠎ᠠ ᠶᠢ 80%᠎ ᠠᠴᠠ ᠳᠡᠭᠡᠭᠰᠢ ᠪᠣᠯᠲᠠᠯ᠎ᠠ ᠳᠡᠭᠡᠭᠰᠢᠯᠡᠭᠦᠯᠦᠨ᠎ᠡ᠃ ︽ᠨᠡᠶᠢᠯᠡᠭᠦᠯᠦᠨ ᠬᠢᠨᠠᠨ ᠵᠥᠪᠰᠢᠶᠡᠷᠡᠬᠦ︾᠎ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ︽ᠳᠤᠲᠠᠭᠤ ᠶᠢ ᠭᠥᠯᠢᠶᠡᠨ ᠠᠪᠴᠤ ᠰᠢᠶᠳᠪᠦᠷᠢᠯᠡᠬᠦ︾ ︽ᠮᠡᠳᠡᠭᠳᠡᠬᠦ ᠠᠮᠠᠯᠠᠯᠲᠠ︾᠎ ᠶᠢᠨ ᠬᠡᠷᠡᠭᠯᠡᠬᠦ ᠬᠡᠪᠴᠢᠶ᠎ᠡ ᠶᠢ ᠥᠷᠭᠡᠳᠬᠡᠨ᠂ ᠰᠠᠯᠠᠭ᠎ᠠ ᠮᠥᠴᠢᠷ ᠠᠯᠤᠰᠯᠠᠭᠰᠠᠨ ︽ᠨᠢᠭᠡ ᠯᠡ ᠤᠳᠠᠭ᠎ᠠ ᠳᠤ ᠭᠦᠶᠴᠡᠳᠬᠡᠬᠦ︾ ᠬᠤᠷᠠᠮᠠᠯ ᠦᠶᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠢᠨᠵᠧᠨᠧᠷᠢᠩ ᠤᠨ ᠲᠥᠷᠥᠯ ᠵᠦᠶᠯ ᠢ ᠮᠡᠳᠡᠭᠦᠯᠦᠨ ᠪᠠᠶᠢᠭᠤᠯᠬᠤ ᠶᠢᠨ ᠬᠢᠨᠠᠨ ᠵᠥᠪᠰᠢᠶᠡᠷᠡᠬᠦ ᠶᠢ ᠪᠦᠬᠦᠨ ᠢ ᠬᠠᠮᠤᠷᠬᠤ ᠶᠢ ᠪᠡᠶᠡᠯᠡᠭᠦᠯᠦᠨ᠎ᠡ᠃ ︽12345︾᠎ ᠶᠢᠨ ᠠᠷᠠᠳ ᠲᠤ ᠲᠥᠬᠦᠮ ᠦᠵᠡᠭᠦᠯᠬᠦ ᠦᠶᠯᠡᠴᠢᠯᠡᠭᠡᠨ ᠤ ᠬᠠᠯᠠᠮᠰᠢᠯ ᠤᠲᠠᠰᠤ ᠶᠢᠨ ᠵᠠᠭᠠᠯᠳᠤᠯᠭ᠎ᠠ ᠶᠢ ᠭᠥᠯᠢᠶᠡᠨ ᠠᠪᠤᠪᠠᠯ ᠳᠠᠷᠤᠶ ᠭᠦᠶᠴᠡᠳᠬᠡᠬᠦ ᠦᠶᠯᠡᠳᠦᠯ ᠢ ᠪᠠᠳᠠᠷᠠᠭᠤᠯᠵᠤ᠂ ᠭᠤᠮᠣᠳᠠᠯ ᠲᠣᠭᠠᠴᠢᠬᠤ ᠠᠷᠭ᠎ᠠ ᠵᠠᠮ ᠢ ᠰᠢᠯᠤᠭᠤᠳᠬᠠᠨ᠂ ᠠᠩᠬ᠎ᠠ ᠭᠥᠯᠢᠶᠡᠨ ᠠᠪᠬᠤ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠠᠵᠢᠯ ᠤᠨ ᠬᠠᠭᠤᠳᠠᠰᠤ ᠶᠢ ᠭᠦᠶᠴᠡᠳᠬᠡᠬᠦ ᠴᠤᠪᠤᠷᠠᠯ ᠢ ᠵᠢᠷᠤᠮᠵᠢᠭᠤᠯᠤᠨ᠂ ᠥᠨᠳᠥᠷ ᠳᠠᠪᠲᠠᠮᠵᠢ ᠲᠠᠢ ᠠᠰᠠᠭᠤᠳᠠᠯ᠂ ᠬᠦᠴᠢᠷ ᠵᠦᠶᠯᠡᠰ ᠢ ᠲᠥᠪᠯᠡᠷᠡᠭᠦᠯᠦᠨ ᠰᠢᠶᠳᠪᠦᠷᠢᠯᠡᠵᠦ᠂ ᠬᠠᠯᠠᠮᠰᠢᠯ ᠤᠲᠠᠰᠤ ᠶᠢᠨ ᠳᠠᠭᠠᠬᠤ ᠨᠣᠷᠮ᠎ᠠ᠂ ᠠᠰᠠᠭᠤᠳᠠᠯ ᠢ ᠰᠢᠶᠳᠪᠦᠷᠢᠯᠡᠬᠦ ᠨᠣᠷᠮ᠎ᠠ᠂ ᠠᠵᠢᠯ ᠤᠨ ᠬᠠᠭᠤᠳᠠᠰᠤ ᠶᠢ ᠭᠦᠶᠴᠡᠳᠬᠡᠵᠦ ᠳᠠᠭᠤᠰᠬᠠᠬᠤ ᠨᠣᠷᠮ᠎ᠠ᠂ ᠣᠯᠠᠨ ᠲᠦᠮᠡᠨ ᠤ ᠰᠡᠳᠬᠢᠯ ᠬᠠᠨᠤᠮᠵᠢᠲᠠᠶ ᠪᠠᠶᠢᠬᠤ ᠨᠣᠷᠮ᠎ᠠ ᠶᠢ ᠪᠥᠬᠦ ᠬᠦᠴᠦᠨ ᠢᠶᠠᠷ ᠢᠶᠠᠨ ᠳᠡᠭᠡᠭᠰᠢᠯᠡᠭᠦᠯᠦᠨ᠎ᠡ᠃ ︽ᠲᠥᠷᠥᠯ ᠵᠦᠶᠯ ᠤᠨ ᠬᠠᠮᠢᠶᠠᠷᠤᠭᠴᠢ︾᠎ ᠶᠢᠨ ᠦᠶᠯᠡᠴᠢᠯᠡᠭᠡᠨ ᠤ ᠲᠣᠭᠲᠠᠴᠠ ᠶᠢ ᠨᠠᠷᠢᠨ ᠨᠠᠶᠢᠳᠠᠪᠤᠷᠢᠵᠢᠭᠤᠯᠵᠤ᠂ ᠭᠤᠤᠯᠳᠠᠯᠭ᠎ᠠ ᠲᠠᠢ ᠲᠥᠷᠥᠯ ᠵᠦᠶᠯ ᠤᠨ ︽ᠬᠠᠪᠰᠤᠷᠤᠨ ᠭᠦᠶᠴᠡᠳᠬᠡᠬᠦ ᠣᠷᠣᠯᠠᠨ ᠭᠦᠶᠴᠡᠳᠬᠡᠬᠦ︾ ᠠᠵᠢᠯ ᠤᠨ ᠨᠠᠷᠢᠨ ᠲᠦᠷᠢᠮ ᠢ ᠵᠢᠷᠤᠮᠵᠢᠭᠤᠯᠤᠨ᠂ ᠠᠵᠤ ᠠᠬᠤᠶᠢᠯᠠᠯ ᠤᠨ ᠠᠵᠢᠯ ᠶᠠᠪᠤᠳᠠᠯ ᠬᠢᠬᠦ ᠳᠤ ᠰᠡᠳᠬᠢᠯ ᠵᠣᠪᠠᠭ᠋ᠤ ᠥᠬᠡᠶ ᠪᠣᠯᠭᠠᠵᠤ᠂ ᠠᠳᠠᠯ ᠦᠶᠯᠡᠰ ᠴᠣᠭᠴᠠᠯᠠᠬᠤ ᠳᠤ ᠨᠠᠩ ᠰᠠᠨᠠᠭ᠎ᠠ ᠠᠮᠤᠷ ᠪᠠᠶᠢᠯᠭᠠᠨ᠎ᠠ᠃    ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠵᠠᠰᠠᠭ ᠤᠨ ᠶᠠᠪᠤᠳᠠᠯ᠂ ᠬᠤᠳᠠᠯᠳᠤᠭᠠᠨ ᠤ ᠶᠠᠪᠤᠳᠠᠯ᠂ ᠨᠡᠶᠢᠭᠡᠮ ᠤᠨ ︽ᠭᠤᠷᠪᠠᠨ ᠶᠡᠭᠡ ᠦᠨᠡᠨᠴᠢ ᠢᠲᠡᠭᠡᠮᠵᠢ︾ ᠪᠠ ᠬᠠᠤᠯᠢ ᠪᠠᠷᠢᠬᠤ ᠤᠯᠠᠨ ᠨᠡᠶᠢᠲᠡ ᠶᠢᠨ ᠢᠲᠡᠭᠡᠮᠵᠢ ᠶᠢᠨ ᠪᠠᠶᠢᠭᠤᠯᠤᠯᠲᠠ ᠶᠢᠨ ᠲᠣᠭᠤᠷᠢᠨ ᠳᠤ᠂ ᠦᠨᠡᠨᠴᠢ ᠢᠲᠡᠭᠡᠮᠵᠢ ᠶᠢᠨ ᠰᠢᠰᠲ᠋ᠧᠮ ᠢ ᠬᠠᠮᠲᠤ ᠪᠠᠷ ᠪᠠᠶᠢᠭᠤᠯᠬᠤ ᠠᠵᠢᠯᠯᠠᠭ᠎ᠠ ᠶᠢ ᠶᠡᠭᠡ ᠪᠠᠷ ᠬᠡᠷᠡᠭᠵᠢᠭᠦᠯᠵᠦ᠂ ᠦᠨᠡᠨᠴᠢ ᠢᠲᠡᠭᠡᠮᠵᠢ ᠶᠢ ᠡᠷᠬᠢᠮᠯᠡᠬᠦ᠂ ᠢᠲᠡᠭᠡᠮᠵᠢ ᠶᠢ ᠰᠠᠬᠢᠬᠤ ᠵᠥᠪ ᠲᠠᠯ᠎ᠠ ᠶᠢᠨ ᠲᠦᠷᠢ ᠲᠥᠷᠬᠦ ᠶᠢ ᠪᠤᠢ ᠪᠣᠯᠭᠠᠨ᠎ᠠ᠃ ︽ᠵᠠᠰᠠᠭ ᠤᠨ ᠣᠷᠳᠣᠨ ᠤ ᠠᠮᠠᠯᠠᠯᠲᠠ + ᠨᠡᠶᠢᠭᠡᠮ ᠤᠨ ᠬᠢᠨᠠᠯᠲᠠ ᠲᠠᠯᠪᠢᠬᠤ + ᠢᠲᠡᠭᠡᠯ ᠠᠯᠳᠠᠭᠰᠠᠨ ᠠᠴᠠ ᠬᠠᠷᠢᠭᠤᠴᠠᠯᠭ᠎ᠠ ᠨᠡᠬᠡᠮᠵᠢᠯᠡᠬᠦ︾ ᠲᠣᠭᠲᠠᠴᠠ ᠶᠢ ᠲᠡᠭᠦᠯᠳᠡᠷᠵᠢᠭᠦᠯᠵᠦ᠂ ᠲᠥᠷᠥ ᠶᠢᠨ ᠪᠣᠳᠣᠯᠭ᠎ᠠ ᠶᠢᠨ ᠠᠮᠠᠯᠠᠯᠲᠠ ᠪᠠᠨ ᠴᠢᠩᠭ᠎ᠠ ᠪᠡᠶᠡᠯᠡᠭᠦᠯᠦᠨ᠎ᠡ᠃ ᠡᠵᠡᠩᠨᠡᠯᠲᠡ ᠶᠢᠨ ᠭᠤᠤᠯ ᠴᠣᠭᠴᠠ ᠶᠢᠨ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠦᠨᠡᠨᠴᠢ ᠢᠲᠡᠭᠡᠮᠵᠢ ᠶᠢᠨ ᠬᠥᠮᠦᠵᠢᠯ ᠪᠠ ᠢᠲᠡᠭᠡᠮᠵᠢ ᠲᠠᠢ ᠡᠵᠡᠩᠨᠡᠯᠲᠡ ᠶᠢᠨ ᠵᠢᠯᠣᠭᠤᠳᠣᠯᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠦᠨᠡᠨᠴᠢ ᠢᠲᠡᠭᠡᠮᠵᠢ ᠲᠠᠢ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠪᠣᠶ ᠪᠣᠯᠭᠠᠨ᠎ᠠ᠃ ᠨᠡᠶᠢᠭᠡᠮ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠦᠨᠡᠨᠴᠢ ᠢᠲᠡᠭᠡᠮᠵᠢ ᠶᠢᠨ ︽ᠤᠯᠠᠭᠠᠨ ᠬᠠᠷ᠎ᠠ ᠲᠠᠩᠰᠠ︾᠎ ᠶᠢᠨ ᠲᠦᠷᠢᠮ ᠢ ᠶᠡᠬᠡᠪᠡᠷ ᠳᠡᠯᠭᠡᠷᠡᠭᠦᠯᠵᠦ᠂ ᠨᠡᠶᠢᠭᠡᠮ ᠤᠨ ᠵᠠᠰᠠᠯᠲᠠ ᠶᠢᠨ ᠦᠷ᠎ᠡ ᠪᠦᠲᠦᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠢᠲᠡᠭᠡᠮᠵᠢ ᠲᠠᠢ ᠬᠥᠮᠦᠰ ᠲᠤ ᠭᠠᠵᠠᠷ ᠪᠣᠯᠭᠠᠨ ᠳᠤ ᠠᠰᠢᠭ ᠬᠦᠷᠲᠡᠭᠡᠵᠦ᠂ ᠢᠲᠡᠭᠡᠯ ᠠᠯᠳᠠᠭᠰᠠᠳ ᠲᠤ ᠨᠢᠭᠡ ᠠᠯᠬᠤᠮ ᠴᠤ ᠶᠠᠪᠤᠬᠤ ᠶᠢᠨ ᠠᠷᠭ᠎ᠠ ᠥᠬᠡᠶ ᠪᠣᠯᠭᠠᠨ᠎ᠠ᠃ ᠬᠠᠤᠯᠢ ᠪᠠᠷᠢᠬᠤ ᠵᠢᠷᠤᠮ ᠢ ᠴᠢᠩᠳᠠᠯᠠᠵᠤ᠂ ᠬᠠᠤᠯᠢ ᠪᠠᠷᠢᠬᠤ ᠦᠢᠯᠡ ᠠᠵᠢᠯᠯᠠᠭ᠎ᠠ ᠶᠢ ᠵᠢᠷᠤᠮᠵᠢᠭᠤᠯᠤᠨ᠂ ᠦᠨᠡᠨ ᠬᠦ ᠲᠥᠪ ᠭᠤᠣᠯᠴᠢ ᠪᠠᠷ ᠨᠡᠶᠢᠲᠡ ᠶᠢᠨ ᠢᠲᠡᠭᠡᠮᠵᠢ ᠶᠢ ᠠᠬᠢᠭᠤᠯᠵᠤ᠂ ᠲᠥᠪ ᠭᠤᠣᠯᠴᠢ ᠪᠠᠷ ᠡᠶ᠎ᠡ ᠵᠣᠬᠢᠴᠠᠯ ᠢ ᠠᠬᠢᠭᠤᠯᠵᠤ᠂ ᠬᠢᠨᠠᠯᠲᠠ ᠲᠠᠯᠪᠢᠬᠤ ᠠᠯᠪᠠᠳᠠᠯᠭ᠎ᠠ ᠶᠢᠨ ᠭᠡᠷ᠎ᠡ ᠪᠠᠷ ᠲᠥᠪ ᠭᠤᠣᠯᠴᠢ ᠰᠢᠳᠤᠷᠭᠤ ᠶᠣᠰᠣᠨ ᠤ ᠬᠤᠷᠢᠭ᠎ᠠ ᠱᠤᠭᠤᠮ ᠢ ᠪᠠᠲᠤ ᠰᠠᠬᠢᠨ᠎ᠠ᠃    ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠴᠢᠳᠠᠪᠤᠷᠢᠲᠠᠨ ᠢ ᠡᠯᠰᠡᠵᠦ ᠤᠶᠤᠨ ᠤᠬᠠᠭᠠᠨ ᠢ ᠲᠠᠲᠠᠨ᠎ᠠ᠃ ᠴᠢᠳᠠᠪᠤᠷᠢᠲᠠᠨ ᠢ ᠲᠠᠳᠠᠨ ᠣᠷᠣᠭᠤᠯᠵᠤ ᠴᠢᠳᠠᠪᠤᠷᠢᠲᠠᠨ ᠢ ᠬᠥᠮᠦᠵᠢᠭᠦᠯᠬᠦ ᠶᠢ ᠵᠡᠷᠭᠡ ᠪᠠᠷ ᠴᠢᠬᠤᠯᠠᠴᠢᠯᠠᠬᠤ ᠂ ᠴᠢᠳᠠᠪᠤᠷᠢᠲᠠᠨ ᠢ ᠬᠡᠷᠡᠭᠯᠡᠬᠦ ᠴᠢᠳᠠᠪᠤᠷᠢᠲᠠᠨ ᠢ ᠦᠯᠡᠳᠡᠭᠡᠬᠦ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠵᠤ᠂ ︽3+15+17︾ ᠴᠢᠳᠠᠪᠤᠷᠢᠲᠠᠨ ᠤ ᠲᠦᠷᠢᠮ ᠤᠨ ᠰᠢᠰᠲ᠋ᠧᠮ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠴᠢᠳᠠᠪᠤᠷᠢᠲᠠᠨ ᠤ ᠬᠥᠭᠵᠢᠯᠲᠡ ᠶᠢᠨ ᠣᠷᠴᠢᠨ ᠨᠥᠬᠦᠴᠡᠯ ᠢ ᠪᠦᠬᠦ ᠲᠠᠯ᠎ᠠ ᠪᠠᠷ ᠰᠢᠯᠢᠳᠡᠭᠵᠢᠭᠦᠯᠦᠨ᠎ᠡ᠃ ᠴᠢᠳᠠᠪᠤᠷᠢᠲᠠᠨ ᠤ ᠨᠡᠶᠢᠲᠡ ᠶᠢᠨ ᠪᠠᠶᠢᠷᠢ ᠶᠢᠨ ︽ᠡᠭᠦᠷ ᠪᠠᠷᠢᠵᠤ ᠭᠠᠷᠤᠳᠢ ᠶᠢ ᠲᠠᠲᠠᠬᠤ︾ ᠦᠶᠯᠡᠳᠦᠯ ᠢ ᠪᠠᠳᠠᠷᠠᠭᠤᠯᠵᠤ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠ ᠠᠳᠠᠯ ᠦᠶᠯᠡᠰ ᠴᠣᠭᠴᠠᠯᠠᠭᠴᠢ ᠶᠢᠨ ᠣᠷᠣᠨ ᠰᠠᠭᠤᠴᠠ ᠶᠢᠨ ᠠᠮᠤᠭᠤᠯᠠᠩ ᠣᠷᠣᠨ ᠰᠠᠭᠤᠴᠠ᠂ ᠭᠡᠷ ᠤᠨ ᠬᠢᠨ ᠠᠵᠢᠯ ᠤᠯᠬᠤ᠂ ᠦᠷ᠎ᠡ ᠬᠡᠤᠬᠡᠳ ᠨᠢ ᠰᠤᠷᠭᠠᠭᠤᠯᠢ ᠳᠤ ᠣᠷᠣᠬᠤ ᠵᠡᠷᠭᠡ ᠪᠣᠳᠠᠲᠠᠶ ᠠᠰᠠᠭᠤᠳᠠᠯ ᠢ ᠰᠠᠶᠢᠲᠤᠷ ᠰᠢᠶᠳᠪᠦᠷᠢᠯᠡᠵᠦ᠂ ᠴᠢᠳᠠᠪᠤᠷᠢᠲᠠᠨ ᠤ ᠬᠠᠷᠢᠶᠠᠯᠠᠭᠳᠠᠬᠤ ᠰᠡᠳᠬᠢᠯᠭᠡ ᠶᠢ ᠨᠡᠮᠡᠭᠳᠡᠭᠦᠯᠦᠨ᠂ ᠡᠯ᠎ᠡ ᠲᠥᠷᠥᠯ ᠤᠨ ᠴᠢᠳᠠᠪᠤᠷᠢᠲᠠᠨ ᠢ ᠰᠠᠨᠠᠭ᠎ᠠ ᠠᠮᠤᠷ ᠠᠵᠢᠯᠯᠠᠭᠤᠯᠵᠤ᠂ ᠰᠠᠨᠠᠭ᠎ᠠ ᠠᠮᠤᠷ ᠠᠳᠠᠯ ᠦᠶᠯᠡᠰ ᠴᠣᠭᠴᠠᠯᠠᠭᠤᠯᠤᠨ᠎ᠠ᠃    ︵  ᠨᠠᠢᠮᠠ︶ ᠬᠠᠮᠲᠤ ᠪᠠᠷ ᠡᠳ᠋ᠯᠡᠬᠦ ᠬᠥᠭᠵᠢᠯᠲᠡ ᠶᠢ ᠪᠠᠷᠢᠮᠲᠠᠯᠠᠵᠤ᠂ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠳᠠᠭᠡᠭᠰᠢᠯᠡᠭᠦᠯᠦᠨ᠎ᠡ    ᠨᠡᠶᠢᠭᠡᠮ ᠤᠨ ᠪᠠᠲᠤᠯᠠᠭ᠎ᠠ ᠶᠢᠨ ᠬᠤᠪᠢ ᠶᠢᠨ ᠵᠢᠩ ᠢ ᠨᠡᠩ ᠭᠦᠢᠴᠡᠳ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠪᠠᠶᠢᠯᠳᠤᠬᠤ ᠪᠤᠳᠤᠯᠭ᠎ᠠ ᠶᠢ ᠨᠠᠶᠢᠳᠠᠪᠤᠷᠢᠵᠢᠭᠤᠯᠤᠨ᠂ ᠳᠡᠭᠡᠳᠦ ᠰᠤᠷᠭᠠᠭᠤᠯᠢ ᠲᠡᠭᠦᠰᠦᠭᠰᠡᠨ ᠰᠤᠷᠤᠭᠴᠢ᠂ ᠬᠥᠯᠥᠰᠥᠨ ᠠᠵᠢᠯᠴᠢᠨ᠂ ᠴᠡᠷᠢᠭ ᠠᠴᠠ ᠬᠠᠯᠠᠭᠳᠠᠭᠰᠠᠳ ᠵᠡᠷᠭᠡ ᠭᠤᠣᠯᠳᠠᠯᠭ᠎ᠠ ᠲᠠᠢ ᠬᠠᠮᠲᠤᠯᠢᠭ ᠤᠨ ᠠᠵᠢᠯ ᠣᠯᠭᠤᠯᠲᠠ ᠶᠢ ᠬᠠᠪᠰᠤᠷᠤᠨ ᠲᠡᠳᠬᠦᠬᠦ ᠪᠠ ᠠᠳᠠᠯ ᠦᠢᠯᠡᠰ ᠴᠣᠭᠴᠠᠯᠠᠬᠤ ᠶᠢ ᠲᠡᠳᠬᠦᠨ ᠳᠡᠮᠵᠢᠬᠦ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠵᠦ᠂ ᠵᠢᠯ ᠤᠨ ᠳᠣᠲᠣᠷ᠎ᠠ ᠬᠤᠳᠠ ᠪᠠᠯᠭᠠᠰᠤᠨ ᠤ 1300 ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠬᠥᠳᠡᠭᠡ ᠲᠣᠰᠬᠤᠨ ᠤ 1.39 ᠲᠦᠮᠡᠨ ᠬᠥᠳᠡᠯᠮᠦᠷᠢ ᠶᠢᠨ ᠬᠦᠴᠦᠨ ᠢ ᠰᠢᠯᠵᠢᠭᠦᠯᠦᠨ ᠠᠵᠢᠯ ᠣᠯᠭᠤᠵᠤ᠂ ᠨᠢᠭᠡ ᠴᠦ ᠠᠵᠢᠯ ᠣᠯᠤᠭᠰᠠᠨ ᠦᠭᠡᠢ ᠭᠡᠷ ᠪᠦᠯᠢ ᠶᠢ ᠬᠥᠳᠡᠯᠦᠩᠭᠦᠶ ᠪᠠᠷ  ᠲᠤᠬᠢᠷᠠᠭᠤᠯᠬᠤ ᠶᠢ ᠦᠨᠡᠨ ᠬᠦ ᠪᠠᠲᠤᠯᠠᠨ᠎ᠠ᠃ ᠨᠡᠶᠢᠭᠡᠮ ᠤᠨ ᠠᠪᠤᠷᠠᠨ ᠲᠤᠰᠠᠯᠠᠬᠤ ᠪᠠᠲᠤᠯᠠᠭ᠎ᠠ ᠶᠢᠨ ᠪᠠᠷᠢᠮᠵᠢᠶ᠎ᠠ ᠶᠢ ᠦᠷᠭᠦᠯᠵᠢᠯᠡᠨ ᠳᠡᠭᠡᠭᠰᠢᠯᠡᠭᠦᠯᠵᠦ᠂ ᠲᠡᠰ ᠳᠠᠪᠬᠤᠷᠭ᠎ᠠ ᠲᠦᠷᠦᠯ ᠬᠤᠪᠢᠶᠠᠭᠰᠠᠨ ᠶᠡᠷᠦᠩᠬᠡᠶᠢᠯᠡᠭᠰᠡᠨ ᠠᠪᠤᠷᠠᠨ ᠲᠤᠰᠠᠯᠠᠬᠤ ᠰᠢᠰᠲ᠋ᠧᠮ ᠢ ᠲᠡᠭᠦᠯᠳᠡᠷᠵᠢᠭᠦᠯᠦᠨ᠎ᠡ᠃ ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠭᠦᠨᠵᠡᠭᠡᠶ ᠬᠡᠷᠡᠭᠵᠢᠭᠦᠯᠵᠦ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ᠂ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠳᠠᠭᠠᠳᠬᠠᠯ ᠳᠤ ᠣᠷᠣᠯᠴᠠᠬᠤ ᠨᠤᠷᠮ᠎ᠠ ᠶᠢ ᠲᠤᠰ ᠲᠤᠰ 90% ᠪᠠ 95%᠎ ᠠᠴᠠ ᠳᠡᠭᠡᠭᠰᠢ ᠬᠡᠮᠵᠢᠶᠡᠨ ᠳᠤ ᠲᠣᠭᠲᠠᠪᠤᠷᠢᠵᠢᠭᠤᠯᠪᠠ᠃ ︽ᠨᠠᠰᠤᠲᠠᠨ   ᠨᠢᠯᠬᠠᠰ︾᠎ ᠶᠢᠨ ᠠᠰᠠᠭᠤᠳᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠨᠠᠰᠤᠲᠠᠶᠢᠴᠤᠳ ᠲᠤ ᠳᠣᠭᠢᠷᠠᠬᠤ ᠠᠵᠤ ᠦᠶᠯᠡᠰ ᠪᠠ ᠪᠤᠭᠤᠷᠤᠯᠴᠤᠳ ᠤᠨ ᠠᠵᠤ ᠠᠬᠤᠶ ᠶᠢ ᠶᠡᠬᠡᠪᠡᠷ ᠬᠥᠭᠵᠢᠭᠦᠯᠵᠦ᠂ ᠨᠠᠰᠤᠵᠢᠯ ᠤᠨ ᠠᠰᠠᠷᠠᠮᠵᠢ ᠶᠢᠨ ᠶᠡᠷᠦᠩᠬᠡᠶᠢᠯᠡᠭᠰᠡᠨ ᠦᠶᠯᠡᠴᠢᠯᠡᠭᠡᠨ ᠤ ᠲᠥᠪ ᠢ 3 ᠰᠢᠨ᠎ᠡ ᠪᠠᠷ ᠪᠠᠶᠢᠭᠤᠯᠤᠨ᠎ᠠ︔ ᠦᠷᠡᠵᠢᠯ ᠤᠨ ᠪᠤᠶᠢᠵᠢᠯᠲᠠ ᠶᠢ ᠳᠡᠮᠵᠢᠬᠦ ᠲᠥᠷᠥ ᠶᠢᠨ ᠪᠣᠳᠣᠯᠭ᠎ᠠ ᠶᠢᠨ ᠢᠵᠢ ᠪᠦᠷᠢᠳᠦᠭᠦᠯᠬᠦ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠢᠯᠬ᠎ᠠ ᠬᠡᠤᠬᠡᠳ ᠤᠨ ᠬᠡᠤᠬᠡᠳ ᠰᠠᠭᠠᠲᠠᠭᠤᠯᠬᠤ ᠦᠶᠯᠡᠴᠢᠯᠡᠭᠡᠨ ᠤ ᠲᠥᠪ ᠤᠨ ᠪᠠᠶᠢᠭᠤᠯᠤᠯᠲᠠ ᠶᠢ ᠲᠦᠷᠭᠡᠳᠬᠡᠨ᠂ ᠣᠯᠠᠨ ᠲᠦᠮᠡᠨ ᠤ ︽ᠥᠲᠡᠯᠪᠡᠯ ᠭᠥᠷᠳᠡᠬᠦ ᠠᠰᠠᠷᠠᠮᠵᠢ ᠲᠠᠢ᠂ ᠨᠢᠯᠬ᠎ᠠ ᠬᠡᠤᠬᠡᠳ ᠤᠨ  ᠠᠰᠠᠷᠠᠮᠵᠢ ᠲᠠᠢ︾ ᠰᠢᠨ᠎ᠡ ᠬᠦᠰᠡᠯ ᠡᠷᠡᠮᠡᠯᠵᠡᠯ ᠢ ᠨᠠᠩ ᠰᠠᠶᠢᠲᠤᠷ ᠬᠠᠩᠭᠠᠨ᠎ᠠ᠃     ᠰᠠᠭᠤᠷᠢ ᠰᠤᠷᠭᠠᠨ ᠬᠥᠮᠦᠵᠢᠯ ᠤᠨ ᠶᠠᠰᠤ ᠴᠢᠨᠠᠷ ᠢ ᠨᠠᠩ ᠰᠢᠯᠢᠳᠡᠭ ᠪᠣᠯᠭᠠᠨ᠎ᠠ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢ ᠯᠠᠪᠳᠠᠭᠤᠨ ᠢᠶᠠᠷ ᠠᠬᠢᠭᠤᠯᠵᠤ᠂ ᠪᠡᠭᠡᠵᠢᠩ  ᠪᠠᠭᠰᠢ ᠶᠢᠨ ᠶᠡᠭᠡ ᠰᠤᠷᠭᠠᠭᠤᠯᠢ ᠶᠢᠨ ᠵᠢᠨᠢᠩ ᠤᠨ ᠬᠠᠷᠢᠶᠠᠲᠤ ᠳᠤᠮᠳᠠᠳᠤ ᠰᠤᠷᠭᠠᠭᠤᠯᠢ ᠶᠢᠨ ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠶ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠪᠠᠶᠢᠭᠤᠯᠬᠤ ᠪᠠᠷ ᠴᠢᠷᠮᠠᠶᠢᠬᠤ ᠶᠢ ᠳᠡᠮᠵᠢᠵᠦ᠂ ᠴᠠᠬᠠᠷ ᠪᠠᠭ᠎ᠠ ᠰᠤᠷᠭᠠᠭᠤᠯᠢ᠂ ᠶᠦᠩ ᠠᠨ ᠵᠠᠮ ᠤᠨ ᠪᠠᠭ᠎ᠠ ᠰᠤᠷᠭᠠᠭᠤᠯᠢ ᠶᠢᠨ ᠬᠤᠪᠢᠶᠠᠷᠢ ᠰᠤᠷᠭᠠᠭᠤᠯᠢ ᠪᠠ ᠠᠷᠪᠠᠨ ᠲᠠᠪᠤᠳᠤᠭᠠᠷ ᠬᠡᠤᠬᠡᠳ ᠤᠨ ᠴᠡᠴᠡᠷᠯᠢᠭ ᠢ ᠵᠢᠯ ᠤᠨ ᠳᠣᠲᠣᠷ᠎ᠠ ᠪᠠᠶᠢᠭᠤᠯᠵᠤ ᠳᠠᠭᠤᠰᠬᠠᠨ ᠠᠰᠢᠭᠯᠠᠯᠲᠠ ᠳᠤ ᠣᠷᠣᠭᠤᠯᠬᠤ ᠶᠢ ᠦᠨᠡᠨᠬᠦ ᠪᠠᠲᠤᠯᠠᠵᠤ᠂ ᠾᠧᠩ ᠳ᠋ᠡ ᠴᠡᠴᠡᠷᠯᠢᠭ᠂ ᠶᠢᠰᠦᠳᠦᠭᠡᠷ ᠴᠡᠴᠡᠷᠯᠢᠭ᠂ ᠵᠠᠩ ᠭᠠᠶ ᠶᠢᠩ ᠬᠡᠤᠬᠡᠳ ᠤᠨ ᠴᠡᠴᠡᠷᠯᠢᠭ ᠠᠴᠠ ᠡᠬᠢᠯᠡᠨ ᠰᠣᠷᠣᠭᠴᠢ ᠡᠯᠰᠡᠵᠦ᠂ ᠡᠷᠳᠡᠮ ᠤᠨ ᠴᠣᠯᠠ ᠶᠢ 3330 ᠰᠢᠨ᠎ᠡ ᠪᠠᠷ ᠨᠡᠮᠡᠭᠳᠡᠭᠦᠯᠦᠨ᠎ᠡ᠃ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ 200᠎ ᠠᠴᠠ ᠳᠡᠭᠡᠭᠰᠢ ᠲᠣᠭᠠᠨ ᠤ ᠪᠠᠭᠰᠢ ᠶᠢ ᠢᠯᠡ ᠪᠠᠷ ᠤᠷᠢᠨ ᠬᠡᠷᠡᠭᠯᠡᠨ᠎ᠡ᠃ ᠳᠤᠮᠳᠠᠳᠤ ᠰᠤᠷᠭᠠᠭᠤᠯᠢ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠵᠤ᠂ ︽ᠬᠤᠶᠠᠷ ᠢ ᠪᠠᠭᠠᠰᠬᠠᠬᠤ︾ ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ︽ᠳᠠᠷᠤᠭᠠᠰᠤ ᠶᠢ ᠬᠥᠩᠭᠡᠯᠡᠵᠦ ᠴᠢᠨᠠᠷ ᠰᠠᠶᠢᠲᠠᠶ︾ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠵᠠᠭᠪᠤᠷ ᠢ ᠬᠡᠷᠡᠭᠵᠢᠭᠦᠯᠦᠨ᠎ᠡ᠃ ᠪᠦᠯᠦᠭᠯᠡᠯᠵᠢᠭᠦᠯᠦᠨ ᠰᠤᠷᠭᠠᠭᠤᠯᠢ ᠡᠷᠭᠢᠯᠡᠬᠦ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ︽ᠢᠯᠡ ᠪᠠᠷ ᠰᠣᠷᠣᠭᠴᠢ ᠡᠯᠰᠡᠬᠦ᠂ ᠢᠯᠡ ᠪᠠᠷ ᠠᠩᠭᠢ ᠬᠤᠪᠢᠶᠠᠬᠤ︾ ᠲᠥᠷᠥ ᠶᠢᠨ ᠪᠣᠳᠣᠯᠭ᠎ᠠ ᠶᠢ ᠴᠢᠩᠭ᠎ᠠ ᠬᠡᠷᠡᠭᠵᠢᠭᠦᠯᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠪᠠ ᠰᠤᠷᠭᠠᠭᠤᠯᠢ ᠳᠤ ᠣᠷᠣᠬᠤ ᠶᠢ ᠨᠠᠩ ᠢᠯᠡ᠂  ᠲᠥᠪ ᠭᠤᠤᠯᠴᠢ ᠪᠣᠯᠭᠠᠬᠤ ᠶᠢ ᠠᠬᠢᠭᠤᠯᠤᠨ᠎ᠠ᠃ ᠠᠮᠤᠷ ᠠᠮᠤᠭᠤᠯᠠᠩ ᠰᠤᠷᠭᠠᠭᠤᠯᠢ ᠶᠢᠨ ᠬᠦᠷᠢᠶᠡᠨ ᠤ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠬᠡᠦᠬᠡᠳ ᠲᠤ ᠨᠡᠩ ᠠᠮᠤᠷ ᠲᠦᠪᠰᠢᠨ ᠣᠷᠴᠢᠨ ᠲᠣᠭᠤᠷᠢᠨ ᠳᠤ ᠴᠢᠨᠠᠷ ᠰᠠᠶᠢᠲᠠᠢ ᠰᠤᠷᠭᠠᠨ ᠬᠥᠮᠦᠵᠢᠯ ᠬᠦᠷᠲᠡᠭᠡᠨ᠎ᠡ᠃    ᠡᠮ ᠡᠮᠨᠡᠯᠭᠡ ᠶᠢᠨ ᠦᠢᠯᠡᠴᠢᠯᠡᠭᠡᠨ ᠤ ᠬᠢᠷᠢ ᠲᠦᠪᠰᠢᠨ ᠢ ᠨᠡᠩ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠭᠦᠨᠵᠡᠭᠡᠶ ᠥᠷᠨᠢᠭᠦᠯᠵᠦ᠂ ᠤᠯᠤᠰ ᠤᠨ ᠡᠷᠡᠭᠦᠯ ᠬᠠᠮᠠᠭᠠᠯᠠᠯ ᠤᠨ ᠬᠤᠳᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ᠎ᠡ᠃ ᠨᠢᠭᠲᠠ ᠬᠡᠯᠪᠡᠷᠢ ᠶᠢᠨ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ ᠱᠠᠲᠤ ᠬᠤᠪᠢᠶᠠᠨ ᠣᠨᠣᠰᠢᠯᠠᠨ ᠡᠮᠨᠡᠬᠦ ᠲᠦᠷᠢᠮ ᠢ ᠪᠦᠷᠢᠨᠰᠢᠬᠦᠯᠦᠨ᠂ ᠡᠮ ᠤᠨ ᠵᠦᠶᠯ ᠪᠠ ᠡᠮᠴᠢᠯᠡᠭᠡᠨ ᠳᠤ ᠬᠡᠷᠡᠭᠯᠡᠬᠦ ᠪᠠᠭᠠᠵᠢ ᠬᠡᠷᠡᠭᠰᠡᠯ ᠤᠨ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠲᠤᠭ᠎ᠠ ᠬᠡᠮᠵᠢᠶ᠎ᠡ ᠲᠠᠢ ᠪᠠᠷ ᠬᠤᠳᠠᠯᠳᠤᠨ ᠠᠪᠬᠤ ᠶᠢᠨ ᠬᠢᠨᠠᠯᠲᠠ ᠬᠠᠮᠢᠶᠠᠷᠤᠯᠲᠠ ᠶᠢ ᠦᠷᠭᠦᠯᠵᠢᠯᠡᠨ ᠰᠠᠶᠢᠲᠤᠷ ᠬᠢᠵᠦ᠂ ᠮᠡᠬᠡᠯᠡᠨ ᠬᠢᠬᠠᠬᠤ ᠳᠠᠭᠠᠳᠬᠠᠯ ᠢ ᠮᠡᠬᠡᠯᠡᠨ ᠠᠪᠬᠤ ᠵᠡᠷᠭᠡ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ  ᠤᠨ ᠪᠥᠳᠥᠭᠡᠨ ᠪᠠᠶᠢᠭᠤᠯᠤᠯᠲᠠ ᠶᠢ ᠢᠳᠡᠪᠬᠢᠲᠡᠶ ᠪᠠᠷ ᠠᠬᠢᠭᠤᠯᠵᠤ᠂ ᠭᠤᠷᠪᠠᠳᠤᠭᠠᠷ ᠡᠮᠨᠡᠯᠭᠡ ᠶᠢᠨ ᠬᠤᠷᠢᠶᠠᠨ ᠤ ᠴᠡᠭᠡᠵᠢ ᠡᠪᠡᠳᠬᠦ ᠲᠥᠪ᠂ ᠨᠥᠭᠴᠢᠭᠰᠡᠳ ᠤᠨ ᠲᠥᠪ᠂ ᠰᠢᠷᠬ᠎ᠠ  ᠰᠤᠷᠪᠠᠢ ᠎ ᠶᠢᠨ ᠲᠥᠪ  ᠤᠨ ᠪᠥᠳᠥᠭᠡᠨ ᠪᠠᠶᠢᠭᠤᠯᠤᠯᠲᠠ ᠶᠢ ᠪᠡᠶᠡᠯᠡᠭᠦᠯᠦᠨ᠎ᠡ᠃ ᠳᠤᠮᠳᠠᠳᠤ ᠮᠣᠩᠭᠤᠯ ᠤᠨ ᠡᠮᠨᠡᠯᠭᠡ ᠶᠢᠨ ᠬᠤᠷᠢᠶ᠎ᠠ ᠶᠢᠨ ᠰᠢᠨ᠎ᠡ ᠡᠮᠨᠡᠯᠭᠡ ᠶᠢᠨ ᠬᠤᠷᠢᠶ᠎ᠠ ᠶᠢᠨ ᠲᠣᠭᠤᠷᠢᠭ ᠢ ᠵᠢᠯ ᠤᠨ ᠳᠣᠲᠣᠷ᠎ᠠ ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠵᠤ᠂ ᠬᠤᠶᠠᠳᠤᠭᠠᠷ ᠳᠡᠰ ᠤᠨ ᠬᠥᠬᠡ ᠲᠠᠰ ᠤᠨ ᠬᠢᠲᠠᠳ ᠡᠮᠨᠡᠯᠭᠡ ᠶᠢᠨ ᠣᠷᠳᠣᠨ᠂ ᠮᠣᠩᠭᠤᠯ ᠡᠮᠨᠡᠯᠭᠡ ᠶᠢᠨ ᠣᠷᠳᠣᠨ ᠤ ᠦᠶᠯᠡᠳᠦᠯ ᠢ ᠭᠦᠶᠴᠡᠳ ᠪᠠᠳᠠᠷᠠᠭᠤᠯᠵᠤ᠂ ᠬᠢᠲᠠᠳ ᠮᠣᠩᠭᠤᠯ ᠡᠮ ᠡᠮᠨᠡᠯᠭᠡ ᠶᠢᠨ ᠦᠶᠯᠡᠰ ᠤᠨ ᠤᠯᠠᠮᠵᠢᠯᠠᠨ ᠬᠥᠭᠵᠢᠬᠦ ᠶᠢ ᠨᠠᠩ ᠰᠠᠶᠢᠲᠤᠷ ᠠᠬᠢᠭᠤᠯᠤᠨ᠎ᠠ᠃ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠬᠢᠭᠡᠳ ᠪᠥᠬᠦ ᠠᠷᠠᠳ ᠤᠨ ᠡᠷᠡᠭᠦᠯ ᠮᠡᠨᠳᠦ ᠶᠢᠨ ᠭᠦᠨᠵᠡᠭᠡᠶ ᠠᠭᠤᠰᠤᠯᠴᠠᠯ ᠢ ᠠᠬᠢᠭᠤᠯᠵᠤ᠂ ᠪᠥᠬᠦ ᠠᠷᠠᠳ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠪᠡᠶ᠎ᠡ ᠴᠢᠭᠢᠷᠠᠭᠵᠢᠭᠤᠯᠬᠤ ᠵᠢᠱᠢᠶᠡᠴᠢ ᠣᠷᠣᠨ ᠢ ᠴᠢᠷᠮᠠᠶᠢᠨ ᠪᠠᠶᠢᠭᠤᠯᠤᠨ᠎ᠠ᠃     ᠲᠥᠯᠥᠭᠡᠯᠡᠭᠴᠢᠳ ᠡ᠂ ᠠᠷᠠᠳ ᠲᠦᠮᠡᠨ ᠤ ᠬᠦᠰᠡᠯ ᠡᠷᠡᠮᠡᠯᠵᠡᠯ ᠪᠣᠯ ᠳᠠᠷᠤᠶ ᠵᠠᠰᠠᠭ ᠶᠠᠪᠤᠭᠤᠯᠬᠤ ᠬᠠᠨᠳᠤᠰᠢ ᠮᠥᠨ᠃ ᠠᠷᠠᠳ ᠤᠯᠠᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠪᠣᠯ ᠳᠠᠷᠤᠢ ᠪᠢᠳᠡᠨ ᠤ ᠲᠡᠮᠡᠴᠡᠬᠦ ᠬᠠᠷᠠᠯᠲᠠ ᠮᠥᠨ᠃ ᠡᠨᠡ ᠵᠢᠯ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠦᠷᠭᠦᠯᠵᠢᠯᠡᠨ ᠬᠡᠷᠡᠭᠵᠢᠭᠦᠯᠵᠦ᠂ ᠲᠤᠰ ᠤᠳᠠᠭ᠎ᠠ ᠶᠢᠨ ᠬᠤᠷᠠᠯ ᠤᠨ ᠪᠢᠯᠧᠲ ᠢᠶᠠᠷ ᠪᠠᠲᠤᠯᠠᠭᠰᠠᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠯᠠᠪᠳᠠᠶ᠎ᠠ ᠪᠦᠬᠦ ᠬᠦᠴᠦᠨ ᠢᠶᠠᠷ ᠢᠶᠠᠨ ᠨᠢᠭᠡᠳ ᠨᠢᠭᠡ ᠪᠠᠷ ᠰᠠᠶᠢᠲᠤᠷ ᠬᠢᠵᠦ᠂ ᠪᠣᠳᠠᠲᠠᠢ ᠪᠠᠷ ᠬᠢᠵᠦ᠂ ᠠᠷᠠᠳ ᠤᠯᠠᠨ ᠳᠤ ᠬᠠᠨᠤᠮᠵᠢᠲᠠᠢ ᠬᠠᠷᠢᠭᠤᠯᠲᠠ ᠶᠢᠨ ᠬᠠᠭᠤᠳᠠᠰᠤ ᠲᠤᠰᠢᠶᠠᠬᠤ ᠪᠠᠷ ᠴᠢᠷᠮᠠᠶᠢᠨ᠎ᠠ︕   ︵ᠶᠢᠰᠦ︶ ᠬᠤᠷᠢᠭ᠎ᠠ ᠱᠤᠭᠤᠮ ᠤᠨ ᠰᠡᠳᠬᠢᠬᠦᠢ ᠶᠢ ᠪᠠᠷᠢᠮᠲᠠᠯᠠᠵᠤ᠂ ᠨᠡᠶᠢᠭᠡᠮ ᠤᠨ ᠡᠶ᠎ᠡ ᠵᠣᠬᠢᠴᠠᠩᠭᠤᠢ ᠠᠮᠤᠷ ᠲᠣᠭᠲᠠᠭᠤᠨ ᠢ ᠪᠠᠲᠤᠯᠠᠨ᠎ᠠ     ᠦᠨᠳᠦᠰᠦᠲᠡᠨ ᠤ ᠪᠦᠯᠬᠦᠮᠳᠡᠯ ᠢ ᠦᠷᠭᠦᠯᠵᠢᠯᠡᠨ ᠴᠢᠩᠭᠠᠳᠬᠠᠨ᠎ᠠ᠃ ᠥᠪᠡᠷᠲᠡᠭᠡᠨ ᠵᠠᠰᠠᠬᠤ ᠣᠷᠣᠨ᠂ ᠤᠯᠠᠭᠠᠨᠴᠠᠪ ᠬᠤᠲᠠ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠭᠤᠣᠯ ᠱᠤᠭᠤᠮ ᠢ ᠪᠠᠲᠤ ᠪᠠᠬᠢ ᠪᠤᠶ ᠪᠣᠯᠭᠠᠬᠤ ᠲᠤᠬᠠᠶ ᠠᠷᠭ᠎ᠠ ᠬᠡᠮᠵᠢᠶ᠎ᠡ ᠨᠦᠭᠦᠳ ᠢ  ᠬᠢᠨᠠᠮᠠᠭᠠᠶ ᠨᠠᠶᠢᠳᠠᠪᠤᠷᠢᠵᠢᠭᠤᠯᠵᠤ᠂ ︽ᠳᠣᠯᠣᠭᠠᠨ ᠵᠢᠱᠢᠶᠡᠴᠢ ᠪᠣᠯᠬᠤ︾ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠰᠠᠶᠢᠲᠤᠷ ᠦᠢᠯᠡᠳᠦᠯᠭᠡᠵᠢᠭᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ︽  ᠨᠠᠢᠮᠠ +N︾᠎ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠢᠯᠡ ᠳᠦᠷᠦᠭᠳᠡᠯ ᠲᠠᠢ ᠪᠦᠲᠦᠮᠵᠢᠲᠡᠢ ᠪᠤᠢ ᠪᠣᠯᠭᠠᠵᠤ᠂ ᠦᠨᠳᠦᠰᠦᠲᠡᠨ ᠨᠦᠭᠦᠳ ᠤᠨ ᠥᠷᠭᠡᠨ ᠳᠡᠯᠭᠡᠷ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠶᠢ ᠠᠬᠢᠭᠤᠯᠵᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠢ ᠬᠥᠮᠦᠵᠢᠭᠦᠯᠦᠨ ᠳᠠᠭᠠᠭᠤᠯᠵᠤ᠂ ᠨᠠᠮ ᠤᠨ ᠠᠴᠢ ᠶᠢ ᠨᠡᠩ ᠴᠢᠩ ᠰᠡᠳᠬᠢᠯ ᠠᠴᠠ ᠪᠠᠨ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠵᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾᠎ ᠤ ᠡᠷᠬᠢᠮ ᠳᠡᠭᠡᠳᠦ ᠢᠷᠠᠭᠤ ᠠᠯᠳᠠᠷ ᠢ ᠨᠢᠮᠪᠠᠢ ᠬᠠᠮᠠᠭᠠᠯᠠᠵᠤ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ  ᠵᠢᠱᠢᠶ᠎ᠡ ᠦᠵᠡᠭᠦᠯᠬᠦ ᠣᠷᠣᠨ ᠢ ᠴᠢᠷᠮᠠᠶᠢᠨ ᠴᠣᠭᠴᠠᠯᠠᠨ᠎ᠠ᠃    ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠨ᠎ᠠ᠃ ᠵᠠᠰᠠᠭ ᠤᠨ ᠣᠷᠳᠣᠨ ᠤ ᠥᠷᠢ ᠥᠭᠴᠡᠭᠡ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠠᠤᠯᠢ ᠲᠣᠭᠲᠠᠭᠠᠯ ᠶᠣᠰᠣᠭᠠᠷ ᠡᠯ᠎ᠡ ᠲᠥᠷᠥᠯ ᠤᠨ ᠪᠠᠯᠠ ᠮᠥᠩᠭᠦ ᠡᠳ᠋ ᠬᠥᠷᠥᠩᠭᠡ ᠶᠢᠨ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠨ ᠠᠮᠢᠳᠤᠯᠢᠭ ᠪᠣᠯᠭᠠᠵᠤ᠂ ᠣᠨ ᠤ ᠥᠷᠢ ᠥᠭᠴᠡᠭᠡ ᠶᠢ ᠠᠷᠢᠯᠭᠠᠬᠤ ᠡᠭᠦᠷᠭᠡ ᠶᠢ ᠪᠡᠶᠡᠯᠡᠭᠦᠯᠦᠨ᠎ᠡ᠃ ᠣᠷᠣᠨ ᠨᠤᠲᠤᠭ ᠤᠨ ᠬᠠᠤᠯᠢ ᠶᠢᠨ ᠡᠷᠬᠡᠲᠡᠨ ᠤ ᠪᠠᠩᠬᠢ ᠶᠢᠨ ᠠᠰᠠᠭᠤᠳᠠᠯ ᠲᠠᠢ ᠡᠳ᠋ ᠬᠥᠷᠥᠩᠭᠡ ᠶᠢ ᠢᠯᠭᠠᠷᠠᠭᠤᠯᠤᠨ ᠬᠤᠷᠢᠶᠠᠵᠤ ᠰᠢᠶᠳᠪᠦᠷᠢᠯᠡᠬᠦ ᠶᠢ ᠭᠦᠨᠵᠡᠭᠡᠶ ᠠᠬᠢᠭᠤᠯᠵᠤ᠂ ᠠᠰᠠᠭᠤᠳᠠᠯ ᠲᠠᠢ ᠡᠳ᠋ ᠬᠥᠷᠥᠩᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠨ ᠪᠠᠭᠤᠷᠠᠭᠤᠯᠵᠤ᠂ ᠣᠷᠣᠨ ᠪᠦᠰᠡ ᠶᠢᠨ ᠴᠢᠨᠠᠷᠲᠠᠶ ᠰᠢᠰᠲ᠋ᠧᠮ ᠤᠨ ᠴᠢᠨᠠᠷᠲᠠᠶ ᠮᠥᠩᠭᠦᠨ ᠭᠦᠶᠯᠭᠡᠭᠡᠨ ᠤ ᠲᠦᠭᠰᠢᠭᠦᠷᠢ ᠥᠯᠥ ᠭᠠᠷᠭᠠᠬᠤ ᠬᠤᠷᠢᠭ᠎ᠠ ᠱᠤᠭᠤᠮ ᠢ ᠰᠠᠬᠢᠨ᠎ᠠ᠃ ᠬᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡ ᠶᠢᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠣᠯᠠᠨ ᠲᠦᠮᠡᠨ ᠤ ᠵᠠᠶᠢᠯᠠᠰᠢ ᠥᠬᠡᠶ ᠪᠠ ᠰᠠᠶᠢᠵᠢᠷᠠᠭᠤᠯᠬᠤ ᠴᠢᠨᠠᠷᠲᠠᠶ ᠣᠷᠣᠨ ᠰᠠᠭᠤᠴᠠ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ ᠵᠠᠮ ᠬᠠᠷᠢᠯᠴᠠᠭᠠᠨ ᠤ ᠠᠰᠠᠷ ᠢ ᠪᠠᠲᠤᠯᠠᠬᠤ᠂ ᠠᠷᠠᠳ ᠤᠨ ᠠᠮᠢᠳᠤᠷᠠᠯ ᠢ ᠪᠠᠲᠤᠯᠠᠬᠤ᠂ ᠲᠣᠭᠲᠠᠭᠤᠨ ᠪᠠᠶᠢᠳᠠᠯ ᠢ ᠪᠠᠲᠤᠯᠠᠬᠤ ᠡᠯ᠎ᠡ ᠵᠦᠶᠯ ᠤᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠵᠢᠯ ᠤᠨ ᠳᠣᠲᠣᠷ᠎ᠠ ᠬᠡᠷ ᠪᠠᠶᠢᠰᠢᠩ ᠭᠠᠵᠠᠷ ᠬᠥᠷᠥᠩᠭᠡ ᠶᠢᠨ ᠲᠡᠤᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠲᠦᠢᠯᠪᠤᠷᠢᠲᠠᠶ ᠰᠢᠶᠳᠪᠦᠷᠢᠯᠡᠨ᠎ᠡ᠃    ᠤᠯᠠᠨ ᠨᠡᠶᠢᠲᠡ ᠶᠢᠨ ᠠᠮᠤᠷ ᠲᠦᠪᠰᠢᠨ ᠢ ᠦᠨᠡᠨ ᠬᠦ ᠰᠠᠶᠢᠲᠤᠷ ᠠᠳᠬᠤᠨ᠎ᠠ᠃ ᠪᠥᠬᠦ ᠤᠯᠤᠰ ᠪᠥᠬᠦ ᠣᠷᠣᠨ ᠤ ᠤᠳᠠᠭ᠎ᠠ ᠪᠦᠷᠢ ᠶᠢᠨ ᠠᠶᠤᠯ ᠥᠬᠡᠶ ᠦᠶᠯᠡᠳᠪᠦᠷᠢᠯᠡᠯ ᠤᠨ ᠠᠳᠡᠯ ᠤᠨ ᠰᠤᠷᠭᠠᠮᠵᠢ ᠶᠢ ᠭᠦᠨᠵᠡᠭᠡᠶ ᠭᠥᠯᠢᠶᠡᠨ ᠠᠪᠴᠤ᠂ ᠠᠶᠤᠯ ᠥᠬᠡᠶ ᠦᠶᠯᠡᠳᠪᠦᠷᠢᠯᠡᠯ ᠤᠨ ᠦᠨᠳᠦᠰᠦᠨ ᠱᠠᠲᠤᠨ ᠤ ᠰᠠᠭᠤᠷᠢ ᠪᠥᠲᠥᠭᠡᠨ ᠪᠠᠶᠢᠭᠤᠯᠤᠯᠲᠠ ᠶᠢᠨ ᠣᠨ ᠤ ᠲᠤᠰᠬᠠᠶ ᠠᠵᠢᠯᠯᠠᠭ᠎ᠠ ᠶᠢ ᠭᠦᠨᠵᠡᠭᠡᠶ ᠠᠬᠢᠭᠤᠯᠵᠤ᠂ ︽ᠭᠤᠷᠪᠠ ᠶᠢ ᠬᠠᠮᠢᠶᠠᠷᠴᠤ ᠭᠤᠷᠪᠠ ᠶᠢ ᠡᠷᠬᠡᠪᠰᠢ ᠬᠢᠬᠦ︾ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠪᠣᠳᠠᠲᠠᠶᠢᠵᠢᠭᠤᠯᠵᠤ᠂ ᠠᠶᠤᠯᠲᠠᠶ ᠬᠢᠮᠢ ᠶᠢᠨ ᠪᠣᠳᠠᠰ᠂ ᠬᠤᠲᠠ ᠪᠠᠯᠭᠠᠰᠤ ᠶᠢᠨ ᠰᠢᠲᠠᠮᠠᠬᠠᠶ ᠬᠡᠶ᠂ ᠥᠨᠳᠥᠷ ᠳᠡᠭᠡᠷ᠎ᠡ ᠠᠵᠢᠯᠯᠠᠬᠤ᠂ ᠠᠵᠤ ᠦᠶᠯᠡᠳᠪᠦᠷᠢ ᠠᠷᠠᠯᠵᠢᠶ᠎ᠠ ᠂ ᠭᠠᠯ ᠤᠨᠲᠠᠷᠠᠭᠠᠬᠤ ᠵᠡᠷᠭᠡ ᠭᠤᠤᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠳᠠᠬᠢ ᠳᠠᠯᠳᠠ ᠬᠡᠮ ᠢ ᠵᠢᠭᠰᠠᠭᠠᠨ ᠪᠠᠶᠢᠴᠠᠭᠠᠵᠤ ᠵᠠᠰᠠᠬᠤ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ ᠬᠦᠨᠳᠦ ᠶᠡᠭᠡ ᠣᠨᠴᠠ ᠶᠡᠭᠡ ᠠᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠶ᠃ ᠪᠡᠯᠡᠳᠬᠡᠯ ᠬᠦᠴᠦᠨ ᠤ ᠳᠠᠶᠢᠯᠠᠯᠳᠤᠭᠠᠨ ᠳᠤ ᠣᠷᠣᠯᠴᠠᠬᠤ ᠪᠠ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠶᠢᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠵᠦ᠂ ᠣᠨᠴᠠ ᠦᠶᠯᠡᠴᠢᠯᠡᠭᠡᠨ ᠤ ᠭᠠᠯ ᠤᠨᠲᠠᠷᠠᠭᠠᠬᠤ ᠥᠷᠲᠡᠭᠡ ᠶᠢ ᠰᠢᠨ᠎ᠡ ᠪᠠᠷ ᠪᠠᠶᠢᠭᠤᠯᠵᠤ᠂ ᠭᠠᠯ ᠤᠨᠲᠠᠷᠠᠭᠠᠭᠴᠢ ᠶᠢ 30 ᠬᠥᠮᠦᠨ ᠡᠯᠰᠡᠨ᠎ᠡ᠃ ︽ᠶᠠᠰᠤ ᠴᠢᠨᠠᠷ ᠢᠶᠠᠷ  ᠲᠤᠭᠤᠷᠢᠭ ᠢᠶᠠᠨ ᠬᠦᠴᠦᠷᠬᠡᠭᠵᠢᠭᠦᠯᠬᠦ︾ ᠪᠥᠲᠥᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠲᠥᠪ ᠭᠤᠤᠯᠴᠢ ᠴᠢᠨᠠᠷ ᠤᠨ ᠥᠷᠢᠰᠥᠯᠳᠦᠭᠡᠨ ᠤ ᠬᠢᠨᠠᠨ ᠪᠠᠶᠢᠴᠠᠭᠠᠯᠲᠠ ᠶᠢ ᠭᠦᠨᠵᠡᠭᠡᠶ ᠠᠬᠢᠭᠤᠯᠤᠨ᠂ ᠲᠥᠪ ᠭᠤᠤᠯᠴᠢ ᠡᠮᠬᠢ ᠵᠢᠷᠤᠮ ᠲᠠᠢ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠪᠥᠬᠦ ᠬᠦᠴᠦᠨ ᠢᠶᠠᠷ ᠢᠶᠠᠨ ᠬᠠᠮᠠᠭᠠᠯᠠᠨ᠎ᠠ᠃     ᠨᠡᠶᠢᠭᠡᠮ ᠤᠨ ᠲᠣᠭᠲᠠᠭᠤᠨ ᠪᠠᠶᠢᠳᠠᠯ ᠢ ᠪᠥᠬᠦ ᠬᠦᠴᠦᠨ ᠢᠶᠠᠷ ᠰᠢᠨ᠎ᠡ ᠴᠠᠭ ᠦᠶ᠎ᠡ ᠶᠢᠨ ︽  ᠹᠸᠡᠭᠴᠢᠶᠤᠤ ᠶᠢᠨ ᠲᠤᠷᠰᠢᠯᠭ᠎ᠠ︾᠎ ᠶᠢ ᠪᠠᠷᠢᠮᠲᠠᠯᠠᠨ ᠬᠥᠭᠵᠢᠭᠦᠯᠵᠦ᠂ ᠵᠠᠬᠢᠳᠠᠯ ᠰᠤᠷᠪᠤᠯᠵᠢᠯᠠᠭ᠎ᠠ ᠶᠢᠨ ᠣᠷᠣᠯᠠᠨ ᠭᠦᠶᠴᠡᠳᠬᠡᠬᠦ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠦᠨ᠂ ᠵᠠᠬᠢᠳᠠᠯ ᠰᠤᠷᠪᠤᠯᠵᠢᠯᠠᠭ᠎ᠠ ᠶᠢᠨ ︽ᠬᠦᠨᠳᠦ ᠶᠢ ᠵᠠᠰᠠᠵᠤ ᠬᠤᠷᠠᠮᠳᠤᠯ ᠢ ᠪᠠᠭᠠᠰᠬᠠᠬᠤ︾ ︽ᠬᠡᠮᠵᠢᠶ᠎ᠡ ᠶᠢ ᠪᠠᠭᠤᠷᠠᠭᠤᠯᠤᠨ ᠪᠠᠶᠢᠷᠢ ᠠᠴᠠ ᠪᠠᠭᠤᠯᠭᠠᠬᠤ︾ ᠲᠤᠰᠬᠠᠶ ᠠᠵᠢᠯᠯᠠᠭ᠎ᠠ ᠶᠢ ᠶᠡᠬᠡᠪᠡᠷ ᠥᠷᠨᠢᠭᠦᠯᠵᠦ᠂ ᠣᠯᠠᠨ ᠲᠦᠮᠡᠨ ᠤ ᠭᠤᠮᠣᠳᠠᠯ ᠱᠠᠭᠠᠷᠳᠠᠯᠭ᠎ᠠ ᠪᠠᠨ ᠢᠯᠡᠳᠬᠡᠬᠦ᠂ ᠠᠰᠢᠭ ᠲᠤᠰᠠ ᠶᠢ ᠵᠣᠬᠢᠴᠠᠭᠤᠯᠬᠤ ᠪᠠ ᠡᠷᠬᠡ ᠠᠰᠢᠭ ᠢ ᠪᠠᠲᠤᠯᠠᠬᠤ ᠵᠠᠮ ᠢ ᠰᠠᠭᠠᠳ ᠥᠬᠡᠶ ᠨᠡᠪᠲᠡᠷᠡᠭᠦᠯᠦᠨ ᠵᠢᠷᠤᠮᠵᠢᠭᠤᠯᠵᠤ᠂ ᠵᠥᠷᠢᠴᠡᠯ ᠵᠢᠭᠤᠷᠠᠯᠳᠤᠭᠠᠨ ᠢ ᠴᠠᠭ ᠲᠤᠬᠠᠶ ᠳᠤᠨᠢ ᠦᠨᠳᠦᠰᠦᠨ ᠱᠠᠲᠤᠨ ᠳᠤ ᠠᠷᠢᠯᠭᠠᠵᠤ᠂ ᠰᠣᠶᠣᠭᠠᠯᠠᠯ ᠳᠤᠨᠢ ᠰᠢᠶᠳᠪᠦᠷᠢᠯᠡᠨ᠎ᠡ ᠃ ᠰᠢᠨ᠎ᠡ ᠴᠠᠭ ᠦᠶ᠎ᠡ ᠶᠢᠨ ᠬᠤᠶᠠᠷ ᠢ ᠬᠦᠷᠢᠶᠡᠯᠡᠨ ᠬᠠᠮᠲᠤᠪᠠᠷ ᠪᠠᠶᠢᠭᠤᠯᠬᠤ ᠶᠢ ᠭᠦᠨᠵᠡᠭᠡᠶ ᠥᠷᠨᠢᠭᠦᠯᠵᠦ᠂ ᠴᠡᠷᠢᠭ ᠠᠴᠠ ᠬᠠᠯᠠᠭᠳᠠᠭᠰᠠᠳ ᠲᠤ ᠦᠶᠯᠡᠴᠢᠯᠡᠬᠦ ᠪᠠᠲᠤᠯᠠᠭ᠎ᠠ ᠶᠢᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠨᠡᠶᠢᠭᠡᠮ ᠤᠨ ᠠᠮᠤᠷ ᠲᠦᠪᠰᠢᠨ ᠤ ᠪᠦᠬᠦᠯᠢ ᠴᠣᠭᠴᠠ ᠶᠢᠨ ᠰᠡᠷᠭᠡᠶᠢᠯᠡᠯᠲᠡ ᠡᠵᠡᠮᠳᠡᠯ ᠢ ᠴᠢᠩᠭᠠᠳᠬᠠᠵᠤ᠂ ᠡᠯ᠎ᠡ ᠲᠥᠷᠥᠯ ᠤᠨ ᠠᠮᠤᠷ ᠲᠦᠪᠰᠢᠨ ᠤ ᠠᠰᠠᠭᠤᠳᠠᠯ ᠪᠠ ᠣᠯᠠᠨ ᠨᠡᠶᠢᠲᠡ ᠶᠢᠨ ᠠᠮᠤᠷ ᠲᠦᠪᠰᠢᠨ ᠤ ᠬᠡᠮ ᠰᠣᠭᠤᠭ ᠢ ᠶᠡᠭᠡ ᠪᠠᠷ ᠴᠡᠭᠴᠡᠯᠡᠨ ᠵᠠᠰᠠᠵᠤ᠂ ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠥᠬᠦ ᠲᠠᠯ᠎ᠠ ᠪᠠᠷ ᠪᠠᠬᠢᠵᠢᠭᠦᠯᠵᠦ᠂ ︽ᠠᠮᠤᠷ ᠠᠮᠤᠭᠤᠯᠠᠩ ᠵᠢᠨᠢᠩ︾᠎ ᠤᠨ ᠴᠢᠨᠠᠷ ᠴᠢᠨᠰᠠᠭ᠎ᠠ ᠶᠢ ᠨᠠᠩ ᠭᠦᠶᠴᠡᠳ᠂ ᠰᠠᠭᠤᠷᠢ ᠥᠩᠭᠡ ᠶᠢ ᠨᠠᠩ ᠬᠡᠷᠡᠯ ᠲᠠᠢ ᠪᠣᠯᠭᠠᠨ᠎ᠠ᠃      ᠭᠤᠷᠪᠠ᠂ ᠵᠠᠰᠠᠭ ᠤᠨ ᠣᠷᠳᠣᠨ ᠤ ᠵᠠᠰᠠᠯᠲᠠ ᠶᠢᠨ ᠴᠢᠳᠠᠪᠤᠷᠢ ᠪᠠ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ     ᠲᠥᠯᠥᠭᠡᠯᠡᠭᠴᠢᠳ ᠡ᠂ ᠥᠭᠡᠷᠡᠴᠢᠯᠡᠯᠲᠡ ᠬᠢᠬᠦ ᠂ ᠬᠥᠭᠵᠢᠭᠦᠯᠬᠦ ᠂ ᠲᠣᠭᠲᠠᠭᠤᠨ ᠪᠠᠶᠢᠯᠭᠠᠬᠤ ᠬᠠᠲᠠᠭᠤ ᠪᠡᠷᠬᠡ ᠪᠥᠭᠡᠳ ᠨᠦᠰᠡᠷ ᠬᠦᠨᠳᠦ ᠡᠭᠦᠷᠭᠡ ᠶᠢᠨ ᠡᠮᠦᠨ᠎ᠡ᠂ ᠵᠠᠰᠠᠭ ᠤᠨ ᠣᠷᠳᠣᠨ ᠤ ᠠᠵᠢᠯ ᠢ ᠠᠯᠬᠤᠮ ᠲᠠᠷᠠᠭ᠎ᠠ ᠲᠠᠢ ᠪᠠᠷ ᠬᠢᠵᠦ ᠂ ᠶᠠᠭᠠᠬᠢᠭᠰᠠᠨ ᠴᠤ ᠨᠠᠵᠠᠭᠠᠶ ᠪᠥᠭᠡᠳ ᠰᠠᠨᠠᠭᠠᠴᠢᠯᠠᠭ᠎ᠠ ᠦᠭᠡᠢ  ᠪᠠᠶᠢᠵᠤ ᠪᠣᠯᠬᠤ ᠦᠭᠡᠢ᠂  ᠬᠤᠭᠤᠰᠣᠨ ᠤᠷᠢᠶ᠎ᠠ ᠬᠠᠰᠬᠢᠷᠴᠤ ᠶᠠᠭᠠᠬᠢᠭᠰᠠᠨ ᠴᠤ ᠪᠣᠯᠬᠤ ᠦᠭᠡᠢ᠂ ᠡᠷᠬᠡᠪᠰᠢ ᠰᠢᠨ᠎ᠡ ᠪᠠᠶᠢᠳᠠᠯ ᠰᠢᠨ᠎ᠡ ᠡᠭᠦᠷᠭᠡ ᠰᠢᠨ᠎ᠡ ᠱᠠᠭᠠᠷᠳᠠᠯᠭ᠎ᠠ ᠳᠤ ᠠᠯᠢ ᠲᠦᠷᠭᠡᠨ ᠢᠶᠠᠷ ᠵᠣᠬᠢᠴᠠᠵᠤ᠂ ᠨᠠᠶᠢᠳᠠᠪᠤᠷᠢᠵᠢᠭᠤᠯᠤᠯᠲᠠ ᠶᠢ ᠠᠳᠬᠤᠬᠤ᠂ ᠬᠥᠭᠵᠢᠯᠲᠡ ᠶᠢ ᠠᠬᠢᠭᠤᠯᠬᠤ ᠴᠢᠳᠠᠪᠤᠷᠢ ᠪᠠ ᠴᠢᠳᠠᠪᠤᠷᠢ ᠪᠠᠨ ᠦᠷᠭᠦᠯᠵᠢᠯᠡᠨ ᠳᠡᠭᠡᠭᠰᠢᠯᠡᠭᠦᠯᠵᠦ᠂ ᠰᠢᠨ᠎ᠡ ᠠᠶᠠᠨ ᠵᠠᠮ ᠳᠠᠭᠠᠨ ᠰᠢᠨ᠎ᠡ ᠠᠮᠵᠢᠯᠲᠠ ᠪᠦᠲᠦᠮᠵᠢ ᠭᠠᠷᠭᠠᠬᠤ ᠪᠠᠷ ᠴᠢᠷᠮᠠᠶᠢᠬᠤ ᠬᠡᠷᠡᠭᠲᠡᠶ᠃      ︵ᠨᠢᠭᠡ︶ ᠤᠯᠤᠰ ᠲᠦᠷᠦ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ︽ᠬᠤᠶᠠᠷ ᠢ ᠲᠣᠭᠲᠠᠭᠠᠬᠤ︾᠎ ᠶᠢᠨ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠣᠶᠢᠯᠠᠭᠠᠵᠤ  ᠪᠣᠳᠠᠲᠠᠶᠢᠵᠢᠭᠤᠯᠵᠤ᠂ ︽ᠬᠤᠶᠠᠷ ᠢ ᠲᠣᠭᠲᠠᠭᠠᠬᠤ︾᠎ ᠶᠢ ᠬᠠᠮᠠᠭᠠᠯᠠᠬᠤ᠂ ︽ᠬᠤᠶᠠᠷ ᠢ ᠬᠠᠮᠠᠭᠠᠯᠠᠬᠤ︾᠎ ᠶᠢ ᠦᠢᠯᠡᠳᠦᠯᠭᠡᠵᠢᠭᠦᠯᠬᠦ ᠲᠠᠯ᠎ᠠ ᠪᠠᠷ ᠦᠯᠢᠬᠡᠷ ᠳᠠᠭᠤᠷᠢᠶᠠᠯ ᠪᠣᠯᠬᠤ ᠪᠠᠷ ᠴᠢᠷᠮᠠᠶᠢᠬᠤ ᠬᠡᠷᠡᠭᠲᠡᠢ᠃ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠦᠵᠡᠯ ᠤᠬᠠᠮᠰᠠᠷ ᠤᠨ ᠬᠡᠯᠪᠡᠷᠢ ᠶᠢᠨ ᠵᠢᠭᠰᠠᠭᠠᠯ ᠤᠨ ᠬᠡᠵᠢᠶ᠎ᠡ ᠢᠮᠠᠭᠲᠠ ︽ᠤᠯᠤᠰ ᠤᠨ ᠶᠡᠭᠡ ᠲᠠᠯ᠎ᠠ︾᠎ ᠶᠢ ᠴᠡᠭᠡᠵᠢᠨ ᠳᠡᠭᠡᠨ ᠪᠠᠭᠲᠠᠭᠠᠵᠤ᠂ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠪᠣᠯᠤᠨ ︽ᠵᠢᠱᠢᠶᠡᠴᠢ ᠥᠪᠡᠷᠲᠡᠭᠡᠨ ᠵᠠᠰᠠᠬᠤ ᠣᠷᠣᠨ︾᠎ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂  ᠲᠤᠭᠤᠷᠢᠭ ᠤᠨ  ᠨᠠᠮ ᠤᠨ  ᠬᠤᠷᠢᠶ᠎ᠠ ᠶᠢᠨ ᠠᠷᠪᠠᠨ ᠳᠥᠷᠪᠡᠳᠦᠭᠡᠷ ᠬᠤᠭᠤᠴᠠᠭᠠᠨ ᠤ ᠳᠣᠯᠣᠳᠤᠭᠠᠷ ᠪᠦᠬᠦᠳᠡ ᠬᠤᠷᠠᠯ ᠠᠴᠠ ᠲᠣᠭᠲᠠᠭᠠᠭᠰᠠᠨ ᠬᠥᠭᠵᠢᠯᠲᠡ ᠶᠢᠨ ᠬᠠᠷᠠᠯᠲᠠ ᠶᠢ ᠲᠣᠭᠲᠠᠭᠠᠵᠤ᠂ ᠠᠵᠢᠯ ᠤᠨ ᠠᠷᠭ᠎ᠠ  ᠬᠡᠮᠵᠢᠶ᠎ᠡ ᠪᠠᠨ ᠨᠠᠷᠢᠯᠢᠬᠵᠢᠭᠤᠯᠵᠤ᠂ ᠲᠦᠷᠦᠯ ᠵᠦᠢᠯ ᠤᠨ ᠲᠤᠯᠭᠠᠭᠤᠷᠢᠯᠠᠯ ᠢ ᠴᠢᠩᠭᠠᠳᠬᠠᠵᠤ᠂ ᠠᠵᠢᠯ ᠤᠨ ᠪᠠᠲᠤᠯᠠᠭ᠎ᠠ ᠶᠢ ᠨᠠᠶᠢᠳᠠᠪᠤᠷᠢᠵᠢᠭᠤᠯᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠬᠥᠭᠵᠢᠯᠲᠡ ᠶᠢ ᠠᠳᠬᠤᠵᠤ᠂ ᠨᠢᠭᠡ ᠠᠯᠬᠤᠮ ᠢᠶᠠᠷ ᠨᠠᠶᠢᠳᠠᠪᠤᠷᠢᠵᠢᠭᠤᠯᠤᠯᠲᠠ ᠶᠢ ᠠᠳᠬᠤᠵᠤ᠂ ᠪᠣᠳᠠᠲᠤ ᠠᠮᠵᠢᠯᠲᠠ ᠪᠠᠷ ᠢᠶᠠᠨ ᠤᠯᠤᠰ ᠲᠦᠷᠦ ᠶᠢᠨ ᠦᠨᠡᠨᠴᠢ ᠰᠢᠳᠤᠷᠭᠤ ᠶᠢ ᠦᠢᠯᠡᠳᠦᠯᠭᠡᠵᠢᠭᠦᠯᠪᠡ᠃     ︵ᠬᠤᠶᠠᠷ︶ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠠᠷᠢᠮᠲᠠᠯᠠᠨ᠎ᠠ᠃ ᠰᠢ ᠶᠢᠨ ᠫᠢᠩ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠶ ᠨᠠᠶᠢᠳᠠᠪᠤᠷᠢᠵᠢᠭᠤᠯᠵᠤ᠂ ᠬᠤᠷᠠᠯ ᠠᠴᠠ ᠡᠮᠦᠨ᠎ᠡ ᠬᠠᠤᠯᠢ ᠶᠢ ᠰᠤᠷᠴᠤ᠂ ᠲᠦᠷᠦᠭᠦᠯᠡᠨ ᠬᠠᠤᠯᠢ ᠶᠢ ᠬᠦᠨᠳᠦᠳᠬᠡᠵᠦ᠂ ᠰᠠᠨᠠᠭᠠᠴᠢᠯᠠᠭ᠎ᠠ ᠠᠴᠠ ᠪᠠᠨ ᠬᠠᠤᠯᠢ ᠶᠢ ᠰᠠᠬᠢᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠬᠠᠤᠯᠢ ᠴᠠᠭᠠᠵᠠ ᠶᠢᠨ ᠬᠢᠨᠠᠯᠲᠠ᠂ ᠠᠵᠢᠯ ᠤᠨ ᠬᠢᠨᠠᠯᠲᠠ ᠪᠠ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠪᠡ᠃ ᠴᠢᠬᠤᠯᠠ ᠶᠡᠭᠡ ᠵᠠᠰᠠᠭ ᠵᠠᠬᠢᠷᠭᠠᠨ ᠤ ᠰᠢᠶᠳᠪᠦᠷᠢᠲᠦ ᠪᠤᠳᠤᠯᠭ᠎ᠠ ᠲᠣᠭᠲᠠᠭᠠᠬᠤ ᠵᠢᠷᠤᠮ ᠤᠨ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠪᠠ ᠨᠠᠮ ᠪᠦᠯᠦᠭ ᠤᠨ ᠪᠤᠰᠤ ᠬᠥᠮᠦᠰ ᠤᠨ ᠰᠠᠨᠠᠯ ᠰᠠᠨᠠᠭᠤᠯᠭ᠎ᠠ ᠶᠢ ᠬᠢᠨᠠᠮᠠᠭᠠᠶ ᠰᠣᠨᠣᠰᠴᠤ᠂ ᠠᠶᠤᠯ ᠲᠦᠭᠰᠢᠭᠦᠷᠢ ᠶᠢ ᠦᠨᠡᠯᠡᠨ ᠵᠢᠱᠢᠬᠦ ᠠᠵᠢᠯ ᠢ ᠪᠦᠬᠦ ᠲᠠᠯ᠎ᠠ ᠪᠠᠷ ᠵᠢᠷᠤᠮᠵᠢᠭᠤᠯᠵᠤ᠂ ︽ᠡᠭᠦᠳᠡ ᠪᠠᠨ ᠨᠡᠭᠡᠭᠡᠵᠦ ᠰᠢᠶᠳᠪᠦᠷᠢᠲᠦ ᠪᠤᠳᠤᠯᠭ᠎ᠠ ᠲᠣᠭᠲᠠᠭᠠᠬᠤ︾᠎ ᠶᠢᠨ ᠳᠦᠷᠢᠮᠵᠢᠯᠲᠡ ᠶᠢ ᠠᠬᠢᠭᠤᠯᠤᠨ᠎ᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ︽ᠭᠤᠷᠪᠠᠨ ᠵᠦᠢᠯ ᠤᠨ ᠲᠦᠷᠢᠮ︾᠎ ᠢ ᠨᠠᠶᠢᠳᠠᠪᠤᠷᠢᠵᠢᠭᠤᠯᠵᠤ᠂ ᠲᠥᠪ ᠭᠤᠣᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠵᠢ‌ᠠᠬᠢᠭᠤᠯᠵᠤ᠂ ᠵᠠᠰᠠᠭ ᠤᠨ ᠣᠷᠳᠣᠨ ᠤ ᠠᠵᠢᠯᠳᠠᠨ ᠤ ᠬᠠᠤᠯᠢ ᠶᠣᠰᠣᠭᠠᠷ ᠵᠠᠰᠠᠭ ᠶᠠᠪᠤᠭᠤᠯᠬᠤ ᠬᠦᠴᠦᠨ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃     ︵ᠭᠤᠷᠪᠠ︶ ᠴᠠᠭᠠᠷᠠᠭᠰᠠᠨ ᠴᠢᠳᠠᠪᠤᠷᠢ ᠶᠢ ᠳᠠᠪᠲᠠᠨ ᠪᠣᠯᠪᠠᠰᠤᠷᠠᠭᠤᠯᠤᠨ᠎ᠠ᠃ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠡᠭᠦᠷᠭᠡ᠂ ᠰᠢᠨ᠎ᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠺᠠᠳ᠋ᠷᠴᠤᠳ ᠤᠨ ᠰᠤᠷᠤᠯᠴᠠᠯᠭ᠎ᠠ ᠪᠣᠯᠪᠠᠰᠤᠷᠠᠯ ᠢ ᠪᠠᠶᠢᠩᠭᠤᠵᠢᠭᠤᠯᠤᠨ ᠴᠢᠩᠭᠠᠳᠬᠠᠵᠤ᠂ ᠮᠡᠳᠡᠯᠭᠡ ᠪᠠ ᠦᠵᠡᠯᠲᠡ ᠶᠢᠨ ᠰᠢᠨᠡᠴᠢᠯᠡᠯᠲᠡ ᠶᠢ ᠲᠦᠷᠭᠡᠳᠬᠡᠵᠦ᠂ ᠶᠡᠷᠦᠩᠬᠡᠶᠢᠯᠡᠭᠰᠡᠨ ᠬᠡᠪ ᠪᠣᠯᠪᠠᠰᠤᠷᠠᠯ ᠪᠠ ᠲᠤᠰᠬᠠᠢ ᠮᠡᠷᠭᠡᠵᠢᠯ ᠤᠨ ᠲᠦᠪᠰᠢᠨ ᠢ ᠳᠡᠭᠡᠭᠰᠢᠯᠡᠭᠦᠯᠦᠨ᠎ᠡ᠃ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠰᠢᠯᠢᠳᠡᠭ ᠤᠯᠠᠮᠵᠢᠯᠠᠯ ᠢ ᠤᠯᠠᠮᠵᠢᠯᠠᠨ ᠪᠠᠳᠠᠷᠠᠭᠤᠯᠵᠤ᠂ ︽ᠨᠢᠭᠡᠳᠦᠭᠡᠷ ᠹᠷᠣᠨᠲ ᠤᠨ ᠠᠵᠢᠯ ᠤᠨ ᠠᠷᠭ᠎ᠠ︾᠎ ᠶᠢ ᠬᠡᠷᠡᠭᠵᠢᠭᠦᠯᠦᠨ᠂ ᠺᠠᠳ᠋ᠷᠴᠤᠳ ᠢ ᠬᠥᠲᠥᠯᠦᠨ ᠵᠢᠯᠣᠭᠤᠳᠴᠤ ᠪᠠᠶᠢᠭᠠᠳ ᠠᠵᠤ ᠠᠬᠤᠶ ᠶᠢᠨ ᠬᠥᠭᠵᠢᠯᠲᠡ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ᠂ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠭᠤᠤᠯ ᠲᠡᠶᠢᠨ ᠤ ᠲᠠᠯᠠᠪᠤᠷ ᠲᠤ ᠣᠷᠣᠯᠴᠠᠭᠤᠯᠵᠤ᠂ ᠠᠵᠤ ᠠᠬᠤᠶᠢᠯᠠᠯ ᠳᠤ ᠭᠦᠨᠵᠡᠭᠡᠶᠢᠷᠡᠭᠦᠯᠦᠨ᠂ ᠨᠢᠭᠡᠳᠦᠭᠡᠷ ᠹᠷᠣᠨᠲ ᠲᠤ ᠣᠴᠢᠭᠤᠯᠤᠨ᠂ ᠠᠰᠠᠭᠤᠳᠠᠯ ᠤᠨ ᠳᠤᠮᠳᠠ ᠣᠴᠢᠭᠤᠯᠵᠤ᠂ ᠦᠶᠯᠡᠳᠦᠯᠭᠡ ᠶᠢᠨ ᠳᠤᠮᠳᠠ ᠬᠠᠲᠠᠭᠤᠵᠢᠭᠤᠯᠤᠨ ᠪᠣᠯᠪᠠᠰᠤᠷᠠᠭᠤᠯᠤᠨ᠎ᠠ᠃ ︽ᠳᠣᠯᠤᠭ᠎ᠠ ᠶᠢ ᠲᠠᠶᠠᠭᠳᠠᠬᠤ︾᠎ ᠶᠢ ᠪᠡᠶᠡᠯᠡᠭᠦᠯᠵᠦ᠂ ᠠᠯᠤᠰ ᠬᠡᠲᠦ ᠶᠢᠨ ᠰᠡᠳᠬᠢᠬᠦᠶ ᠶᠢ ᠪᠣᠶ ᠪᠣᠯᠭᠠᠵᠤ᠂ ᠦᠷ᠎ᠡ ᠳ᠋ᠦᠩ ᠤᠨ ᠤᠳᠤᠷᠢᠳᠤᠮᠵᠢ ᠶᠢ ᠳᠣᠪᠤᠶᠢᠯᠭᠠᠨ᠂ ᠵᠣᠷᠢᠭᠲᠠᠶ ᠪᠠᠷ ᠰᠢᠨ᠎ᠡ ᠶᠢ ᠡᠭᠦᠳᠦᠨ ᠰᠢᠪᠲᠤᠯᠤᠯᠲᠠ ᠬᠢᠵᠦ᠂ ᠨᠠᠩ ᠣᠯᠠᠨ ᠠᠵᠢᠯ ᠢ ᠪᠥᠬᠦ ᠬᠤᠲᠠ ᠪᠥᠬᠦ ᠣᠷᠣᠨ ᠤ ᠲᠡᠷᠢᠭᠦᠨ ᠤ ᠡᠩᠨᠡᠭᠡᠨ ᠳᠤ ᠣᠷᠣᠭᠤᠯᠬᠤ ᠶᠢ ᠠᠬᠢᠭᠤᠯᠤᠨ᠎ᠠ᠃     ︵ᠳᠥᠷᠪᠡ︶ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠨ᠎ᠠ᠃ ︽ᠪᠠᠷᠢᠮᠵᠢᠶ᠎ᠠ ᠶᠢ ᠳᠡᠭᠡᠭᠰᠢᠯᠡᠭᠦᠯᠬᠦ᠂ ᠬᠤᠷᠳᠤᠴᠠ ᠶᠢ ᠳᠡᠭᠡᠭᠰᠢᠯᠡᠭᠦᠯᠬᠦ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ︾ ᠲᠤᠰᠬᠠᠢ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ︽ᠭᠤᠷᠪᠠᠨ ᠤᠯᠠᠨ᠂ ᠭᠤᠷᠪᠠᠨ ᠴᠥᠭᠡᠨ᠂ ᠭᠤᠷᠪᠠᠨ ᠤᠳᠠᠭᠠᠨ︾᠎ ᠤ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠬᠠᠷᠠᠯᠲᠠ ᠪᠠᠨ ᠲᠣᠭᠲᠠᠭᠠᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠨᠠᠶᠢᠳᠠᠪᠤᠷᠢᠵᠢᠭᠤᠯᠤᠯᠲᠠ ᠶᠢ ᠵᠣᠷᠢᠭᠲᠠᠢ ᠠᠳᠬᠤᠵᠤ᠂ ᠬᠤᠷᠳᠤᠴᠠ ᠶᠢ ᠳᠡᠭᠡᠭᠰᠢᠯᠡᠭᠦᠯᠦᠨ ᠦᠷ᠎ᠡ ᠪᠦᠲᠦᠮᠵᠢ ᠶᠢ ᠳᠡᠭᠡᠭᠰᠢᠯᠡᠭᠦᠯᠵᠦ ᠨᠠᠶᠢᠳᠠᠪᠤᠷᠢᠵᠢᠭᠤᠯᠤᠯᠲᠠ ᠶᠢ ᠠᠳᠬᠤᠵᠤ᠂ ᠠᠵᠢᠯ ᠤᠨ ᠦᠢᠯᠡᠳᠦᠯᠭᠡ ᠳᠤᠮᠳᠠ ᠺᠠᠳ᠋ᠷ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠰᠢᠯᠭᠠᠪᠠ᠃ ᠲᠠᠩᠰᠠ ᠮᠡᠳᠡᠭᠦᠯᠬᠦ ᠦᠵᠡᠯ ᠤᠬᠠᠮᠰᠠᠷ᠂ ᠡᠪᠬᠡᠮᠡᠯ ᠲᠤᠰᠢᠶᠠᠬᠤ ᠦᠵᠡᠯ ᠤᠬᠠᠮᠰᠠᠷ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ᠂ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠵᠡᠷᠭᠡ ᠣᠨ ᠤ ᠡᠯ᠎ᠡ ᠵᠦᠶᠯ ᠤᠨ ᠭᠤᠤᠯᠳᠠᠯᠭ᠎ᠠ ᠲᠠᠢ ᠠᠵᠢᠯ ᠳᠤ ᠡᠭᠦᠷᠭᠡ ᠪᠠᠨ ᠨᠢᠭᠡᠳ ᠨᠢᠭᠡ ᠪᠠᠷ ᠬᠡᠮᠵᠢᠶᠡᠯᠡᠵᠦ᠂ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠤᠨ᠂ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠠᠵᠢᠯ ᠤᠨ ᠪᠢᠲᠡᠭᠦᠦ ᠴᠠᠭᠠᠷᠢᠭ ᠢ ᠪᠣᠶ ᠪᠣᠯᠭᠠᠵᠤ᠂ ᠨᠢᠭᠡ ᠠᠵᠢᠯ ᠬᠢᠪᠡᠯ ᠨᠢᠭᠡ ᠠᠵᠢᠯ ᠬᠢᠵᠦ᠂ ᠨᠢᠭᠡ ᠠᠵᠢᠯ ᠨᠠᠶᠢᠳᠠᠪᠤᠷᠢᠵᠢᠭᠤᠯᠪᠠᠯ ᠨᠢᠭᠡ ᠠᠵᠢᠯ ᠬᠢᠬᠦ ᠶᠢ ᠪᠠᠲᠤᠯᠠᠨ᠎ᠠ᠃      ︵ᠲᠠᠪᠤ︶ ᠠᠷᠢᠭᠤᠨ ᠴᠢᠬᠡᠴᠢ ᠶᠢᠨ ᠬᠤᠷᠢᠭ᠎ᠠ ᠱᠤᠭᠤᠮ ᠢ ᠬᠢᠴᠢᠶᠡᠩᠭᠦ᠋ᠢᠯᠡᠨ ᠰᠠᠬᠢᠨ᠎ᠠ᠃ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠠᠵᠢᠯ ᠢ ᠭᠦᠨᠵᠡᠭᠡᠶ ᠲᠥᠯᠬᠢᠨ ᠠᠬᠢᠭᠤᠯᠵᠤ᠂ ᠬᠢᠨᠠᠨ ᠵᠥᠪᠰᠢᠶᠡᠷᠡᠬᠦ ᠦᠢᠯᠡᠴᠢᠯᠡᠭᠡ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ᠂ ᠢᠨᠵᠧᠨᠧᠷᠢᠩ ᠤᠨ ᠪᠥᠳᠥᠭᠡᠨ ᠪᠠᠶᠢᠭᠤᠯᠤᠯᠲᠠ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠵᠡᠷᠭᠡ ᠭᠤᠣᠯᠳᠠᠯᠭ᠎ᠠ ᠲᠠᠢ ᠬᠦᠷᠢᠶᠡᠨ ᠳᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠭᠤᠣᠯᠳᠠᠯᠭ᠎ᠠ ᠲᠠᠢ ᠬᠦᠷᠢᠶ᠎ᠡ᠂ ᠴᠢᠬᠤᠯᠠ ᠰᠠᠯᠠᠭ᠎ᠠ ᠮᠥᠴᠢᠷ᠂ ᠵᠠᠩᠭᠢᠯᠠᠭ᠎ᠠ ᠶᠢᠨ ᠠᠵᠢᠯ ᠤᠨ ᠪᠠᠶᠢᠷᠢ ᠶᠢᠨ ᠠᠷᠢᠭᠤᠨ ᠴᠢᠬᠡᠴᠢ ᠪᠠᠷ ᠵᠠᠰᠠᠭ ᠪᠠᠷᠢᠬᠤ ᠬᠢᠵᠠᠭᠠᠷ ᠱᠤᠭᠤᠮ ᠢ ᠪᠠᠲᠤ ᠰᠠᠬᠢᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠥᠷᠥ ᠶᠢᠨ ᠠᠮᠢ ᠠᠬᠤᠶ ᠶᠢ ᠪᠣᠢ ᠪᠣᠯᠭᠠᠬᠤ ᠶᠢ ᠲᠥᠯᠬᠢᠨ ᠠᠬᠢᠭᠤᠯᠤᠨ᠎ᠠ᠃ ︽ᠳᠥᠷᠪᠡᠨ ᠰᠤᠷᠲᠠᠯ︾᠎ ᠢ ᠵᠠᠯᠠᠷᠠᠭᠤᠯᠤᠨ ᠵᠠᠰᠠᠬᠤ ᠶᠢ ᠴᠥᠬᠦᠷᠡᠰᠢ ᠥᠬᠡᠶ ᠪᠠᠷᠢᠮᠲᠠᠯᠠᠨ᠂ ︽ᠰᠢᠨ᠎ᠡ ᠳᠦᠷᠢ ᠲᠥᠷᠬᠦ ᠶᠢᠨ ᠢᠨᠵᠧᠨᠧᠷᠢᠩ︾᠎ ᠢ ᠬᠤᠷᠢᠭᠯᠠᠵᠤ᠂ ᠠᠷᠠᠳ ᠤᠨ ᠠᠮᠢᠳᠤᠷᠠᠯ ᠤᠨ ᠬᠦᠷᠢᠶᠡᠨ ᠳᠠᠬᠢ ︽ᠪᠢᠴᠢᠯ ᠢᠯᠵᠠᠷᠠᠯ︾᠎ ᠢ ᠭᠦᠨᠵᠡᠭᠡᠶ ᠴᠡᠭᠴᠡᠯᠡᠨ ᠵᠠᠰᠠᠵᠤ᠂ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠬᠠᠷᠰᠢᠯᠠᠵᠤ ᠪᠠᠶᠢᠭ᠎ᠠ ︽ᠬᠠᠷᠰᠢ ᠰᠠᠭᠠᠳ︾᠎ ᠢ ᠠᠷᠢᠯᠭᠠᠬᠤ ᠬᠡᠷᠡᠭᠲᠡᠶ᠃ ︽ᠭᠤᠷᠪᠠᠨ ᠵᠦᠢᠯ ᠤᠨ ᠠᠯᠪᠠᠨ ᠤ ᠵᠠᠷᠤᠳᠠᠯ︾ ᠪᠠ ᠡᠩ ᠤᠨ ᠴᠢᠨᠠᠷᠲᠠᠶ ᠵᠠᠷᠤᠯᠭ᠎ᠠ ᠶᠢ ᠴᠢᠩᠭ᠎ᠠ ᠬᠢᠵᠠᠭᠠᠷᠯᠠᠵᠤ᠂ ᠡᠷᠬᠢᠮ ᠨᠠᠨᠳᠢᠨ ᠪᠡᠯᠡ ᠮᠥᠩᠭᠦ ᠶᠢ ᠬᠥᠭᠵᠢᠯᠲᠡ ᠶᠢᠨ ᠪᠠᠴᠢᠮ ᠬᠡᠷᠡᠭᠴᠡᠭᠡ ᠲᠠᠢ ᠭᠠᠵᠠᠷ᠂ ᠠᠷᠠᠳ ᠤᠨ ᠠᠮᠢᠳᠤᠷᠠᠯ ᠤᠨ ᠪᠠᠴᠢᠮ ᠬᠡᠷᠡᠭᠴᠡᠭᠡ ᠲᠠᠢ ᠭᠠᠵᠠᠷ ᠲᠤ ᠬᠡᠷᠡᠭᠯᠡᠵᠦ᠂ ᠵᠠᠰᠠᠭ ᠤᠨ ᠣᠷᠳᠣᠨ ᠤ ︽ᠭᠠᠮᠲᠠᠶ ᠠᠮᠢᠳᠤᠷᠠᠯ︾᠎ ᠢᠶᠠᠷ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ︽ᠲᠣᠭᠲᠠᠭᠤᠨ ᠠᠮᠢᠳᠤᠷᠠᠯ︾᠂ ᠠᠷᠠᠳ ᠤᠯᠠᠨ ᠤ ︽ᠰᠠᠶᠢᠨ ᠠᠮᠢᠳᠤᠷᠠᠯ︾᠎ ᠢ ᠰᠣᠯᠢᠵᠤ ᠠᠪᠴᠢᠷᠠᠨ᠎ᠠ᠃     ᠲᠥᠯᠥᠭᠡᠯᠡᠭᠴᠢᠳ ᠡ᠂ ᠪᠢᠳᠡ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠲᠤᠭᠤᠷᠢᠭ ᠤᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠶᠢᠨ ᠳᠣᠣᠷ᠎ᠠ ᠡᠷᠡᠯᠬᠡᠭᠯᠡᠨ ᠲᠡᠮᠡᠴᠡᠵᠦ᠂ ᠰᠢᠨᠲᠠᠷᠠᠰᠢ ᠦᠭᠡᠢ ᠴᠢᠷᠮᠠᠶᠢᠨ ᠠᠵᠢᠯᠯᠠᠵᠤ᠂ ᠦᠨᠡᠨ ᠬᠦ ᠠᠳᠬᠤᠨ ᠪᠣᠳᠠᠲᠠᠶ ᠪᠠᠷ ᠠᠵᠢᠯᠯᠠᠵᠤ᠂ ᠪᠦᠯᠬᠦᠮᠳᠡᠨ ᠲᠡᠮᠡᠴᠡᠵᠦ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠵᠢᠨᠢᠩ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠵᠡᠭᠡᠶ᠎ᠡ︕ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2