ᠵᠢᠨᠢᠩ ᠲᠣᠭᠤᠷᠢᠭ ᠤᠳᠤᠷᠢᠳᠬᠤ ᠺᠠᠳ᠋ᠷᠴᠤᠳ ᠲᠤ ᠰᠡᠷᠡᠮᠵᠢᠯᠡᠭᠦᠯᠬᠦ ᠬᠥᠮᠦᠵᠢᠯ ᠤᠨ ᠶᠡᠭᠡ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/5
705470.jpg
        3 ᠰᠠᠷ᠎ᠠ ᠶᠢᠨ 4᠎ ᠤ ᠡᠳᠦᠷ᠂ ᠵᠢᠨᠢᠩ ᠲᠣᠭᠤᠷᠢᠭ ᠤᠳᠤᠷᠢᠳᠬᠤ ᠺᠠᠳ᠋ᠷᠴᠤᠳ ᠤᠨ ᠰᠡᠷᠡᠮᠵᠢᠯᠡᠭᠦᠯᠬᠦ ᠬᠥᠮᠦᠵᠢᠯ ᠤᠨ ᠶᠡᠭᠡ ᠬᠤᠷᠠᠯ ᠬᠤᠷᠠᠯᠳᠤᠪᠠ᠃        ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠺᠠᠩ ᠬᠠᠶ ᠷᠦᠢ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠰᠢᠤᠢ ᠯᠦᠩ᠂ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠲᠦᠩ ᠢ᠂ ᠲᠣᠭᠤᠷᠢᠭ ᠤᠨ ᠨᠠᠮ ᠤᠨ ᠬᠤᠷᠢᠶᠠᠨ ᠤ ᠡᠯ᠎ᠡ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠤ ᠤᠳᠤᠷᠢᠳᠬᠤ ᠪᠠᠭ ᠤᠨ ᠪᠦᠷᠢᠯᠳᠦᠬᠦᠨ ᠵᠢᠴᠢ ᠲᠣᠭᠤᠷᠢᠭ ᠤᠨ ᠰᠢᠭᠦᠬᠦ ᠬᠤᠷᠢᠶ᠎ᠠ ᠪᠠᠶᠢᠴᠠᠭᠠᠬᠤ ᠬᠤᠷᠢᠶᠠᠨ ᠤ ︽ᠬᠤᠶᠠᠷ ᠳᠠᠷᠤᠭ᠎ᠠ︾ ᠪᠣᠯᠤᠨ ᠪᠤᠰᠤᠳ ᠳᠡᠳ᠋ ᠭᠠᠵᠠᠷ ᠤᠨ ᠲᠠᠰ ᠠᠴᠠ ᠳᠡᠭᠡᠭᠰᠢᠬᠢ ᠤᠳᠤᠷᠢᠳᠬᠤ ᠺᠠᠳ᠋ᠷᠴᠤᠳ ᠬᠤᠷᠠᠯ ᠳᠤ ᠣᠷᠣᠯᠴᠠᠵᠠᠶ᠃      ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠵᠠᠩ ᠱᠧᠩ ᠵᠢᠶᠠᠩ ᠬᠤᠷᠠᠯ ᠡᠷᠭᠢᠯᠡᠪᠡ᠃      ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠳ ᠰᠡᠷᠡᠮᠵᠢᠯᠡᠭᠦᠯᠬᠦ ᠬᠥᠮᠦᠵᠢᠯ ᠤᠨ ᠺᠢᠨᠣ᠋ ︽ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ︽ᠬᠠᠷᠰᠢ ᠰᠠᠭᠠᠳ︾᠎ ᠢ ᠡᠷᠡᠰ ᠠᠷᠢᠯᠭᠠᠶ᠎ᠠ︾ ᠪᠣᠯᠤᠨ ︽ᠭᠤᠨᠢᠭᠲᠤ ᠵᠦᠴᠦᠭᠡ ᠶᠢ ᠲᠠᠬᠢᠵᠤ ᠭᠠᠷᠭᠠᠬᠤ ᠦᠭᠡᠢ︾ ᠭᠡᠬᠦ ᠺᠢᠨᠣ᠋ ᠶᠢ ᠲᠥᠪᠯᠡᠷᠡᠭᠦᠯᠦᠨ ᠦᠵᠡᠵᠦ᠂ ᠬᠡᠷᠡᠭ ᠢᠶᠠᠷ ᠬᠠᠤᠯᠢ ᠶᠢ ᠬᠡᠯᠡᠬᠦ᠂ ᠬᠡᠷᠡᠭ ᠢᠶᠠᠷ ᠰᠡᠷᠡᠮᠵᠢ ᠶᠢᠨ ᠲᠤᠬᠢᠶ᠎ᠠ ᠶᠢ ᠮᠡᠳᠡᠭᠦᠯᠬᠦ᠂ ᠬᠡᠷᠡᠭ ᠢᠶᠠᠷ ᠰᠠᠬᠢᠯᠭ᠎ᠠ ᠪᠠᠲᠤ ᠶᠢ ᠲᠣᠳᠣᠷᠬᠠᠶᠢᠯᠠᠬᠤ ᠪᠠᠷ ᠳᠠᠮᠵᠢᠭᠤᠯᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠤᠨ ᠰᠡᠷᠡᠮᠵᠢᠯᠡᠨ ᠰᠡᠷᠭᠡᠶᠢᠯᠡᠬᠦ᠂ ᠬᠤᠷᠢᠭ᠎ᠠ ᠱᠤᠭᠤᠮ ᠢ ᠰᠠᠬᠢᠬᠤ ᠶᠢ ᠬᠦᠳᠦᠯᠦᠨ ᠵᠢᠯᠣᠭᠤᠳᠪᠠ᠃     ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠰᠠᠯᠠᠭ᠎ᠠ ᠮᠥᠴᠢᠷ ᠤᠨ ᠪᠠᠶᠢᠩᠭᠤ ᠶᠢᠨ ᠳᠡᠳ᠋ ᠲᠤᠰᠢᠶᠠᠯᠲᠠᠨ᠂  ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ  ᠨᠢᠭᠡᠴᠢ ᠵᠢᠴᠢ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠭᠤᠣᠯ ᠬᠠᠷᠢᠭᠤᠴᠠᠯᠭᠠᠲᠠᠨ᠂ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠨᠠᠮ ᠵᠠᠰᠠᠭ ᠤᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃                      ᠤᠷᠴᠢᠭᠤᠯᠤᠭᠴᠢ᠄ ᠲᠤᠶᠠᠭ᠎ᠠ
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2