| ᠥᠨᠥ ᠵᠢᠯ ᠤᠨ ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠳᠤ᠂ ︽ᠮᠢᠩᠭᠠᠨ ᠲᠦᠮᠡ ᠶᠢᠨ ᠢᠨᠵᠧᠨᠧᠷᠢᠩ ︾ | ᠳᠤ ᠠᠭᠤᠯᠤᠭᠳᠠᠵᠤ ᠪᠠᠶᠢᠭ᠎ᠠ ᠬᠥᠭᠵᠢᠯᠲᠡ ᠶᠢᠨ ᠤᠬᠠᠭᠳᠠᠬᠤᠨ ᠂ ᠠᠵᠢᠯ ᠤᠨ ᠠᠷᠭ᠎ᠠ ᠪᠠ ᠠᠬᠢᠭᠤᠯᠬᠤ | ᠲᠣᠭᠲᠠᠴᠠ ᠶᠢ ᠰᠤᠷᠤᠯᠴᠠᠨ ᠬᠡᠷᠡᠭᠯᠡᠵᠦ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ | ᠰᠢᠨ᠎ᠡ ᠴᠠᠭ ᠦᠶ᠎ᠡ ᠰᠢᠨ᠎ᠡ ᠠᠶᠠᠨ ᠵᠠᠮ ᠤᠨ ︽ᠲᠠᠷᠢᠶᠠᠴᠢᠨ ᠬᠥᠳᠡᠭᠡ ᠠᠵᠤ ᠠᠬᠤᠢ ᠬᠥᠳᠡᠭᠡ ᠲᠣᠰᠬᠤᠨ ︾ ᠤ | ᠠᠵᠢᠯ ᠤᠨ ᠶᠡᠷᠦᠩᠬᠡᠢ ᠭᠠᠷᠳᠠᠴᠠ ᠪᠣᠯᠭᠠᠨ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ | ᠰᠠᠨᠠᠭ᠎ᠠ ᠶᠢ ᠪᠠᠷᠢᠮᠲᠠᠯᠠᠵᠤ ᠂ ᠰᠢᠨ᠎ᠡ ᠬᠥᠭᠵᠢᠯᠲᠡ ᠶᠢᠨ ᠤᠬᠠᠭᠳᠠᠬᠤᠨ ᠢ ᠪᠦᠷᠢᠨ ᠪᠦᠲᠦᠨ ᠂ ᠵᠥᠪ ᠣᠨᠣᠪᠴᠢᠲᠠᠢ ᠂ | ᠪᠦᠬᠦ ᠲᠠᠯ᠎ᠠ ᠪᠠᠷ ᠲᠤᠭᠤᠰᠢᠯᠠᠭᠤᠯᠵᠤ᠂ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠤᠨ ᠂ ᠳᠦᠷᠦ ᠶᠢᠨ | ᠪᠣᠳᠣᠯᠭ᠎ᠠ ᠶᠢ ᠳᠦᠷᠦᠯ ᠬᠤᠪᠢᠶᠠᠨ ᠬᠡᠷᠡᠭᠵᠢᠭᠦᠯᠵᠦ ᠂ ᠠᠯᠬᠤᠮ ᠳᠠᠷᠠᠭᠠᠯᠠᠯ ᠲᠠᠢ ᠪᠠᠷ ᠣᠷᠣᠭᠰᠢᠯᠠᠨ᠂ ᠤᠷᠳᠤ | ᠬᠤᠭᠤᠴᠠᠭ᠎ᠠ ᠪᠠᠷ ᠴᠢᠷᠮᠠᠶᠢᠨ ᠠᠵᠢᠯᠯᠠᠵᠤ ᠂ ᠤᠯᠠᠨ ᠲᠦᠮᠡᠨ ᠳᠤ ᠮᠡᠳᠡᠷᠡᠭᠳᠡᠬᠦ ᠨᠢᠭᠡ ᠪᠦᠯᠦᠭ ᠪᠣᠳᠠᠲᠤ ᠠᠵᠢᠯ | ᠶᠠᠪᠤᠳᠠᠯ ᠬᠢᠬᠦ ᠶᠢ ᠬᠦᠴᠦᠨ ᠢᠶᠠᠨ ᠲᠥᠪᠯᠡᠷᠡᠭᠦᠯᠦᠨ ᠰᠠᠶᠢᠲᠤᠷ ᠠᠳᠬᠤᠵᠤ ᠂ ᠮᠥᠨ ᠴᠢᠨᠠᠷ ᠤᠨ ᠠᠬᠢᠯᠲᠠ ᠲᠠᠢ ᠂ | ᠱᠠᠲᠤᠴᠢ ᠴᠢᠨᠠᠷᠲᠠᠢ ᠦᠷ᠎ᠡ ᠪᠦᠲᠦᠭᠡᠯ ᠢ ᠳᠠᠰᠤᠷᠠᠯᠳᠠ ᠦᠭᠡᠢ ᠣᠯᠬᠤ ᠬᠡᠷᠡᠭᠲᠡᠢ ᠭᠡᠵᠦ ᠳᠤᠷᠠᠳᠪᠠ᠃ | ᠬᠡᠷᠬᠢᠨ ᠬᠦᠴᠦᠨ ᠢᠶᠠᠨ ᠲᠥᠪᠯᠡᠷᠡᠭᠦᠯᠵᠦ ᠪᠠᠶᠢᠭᠠᠳ ᠤᠯᠠᠨ ᠲᠦᠮᠡᠨ ᠳᠤ ᠮᠡᠳᠡᠷᠡᠭᠳᠡᠬᠦ ᠨᠢᠭᠡ ᠪᠦᠯᠦᠭ ᠪᠣᠳᠠᠲᠤ ᠠᠵᠢᠯ | ᠶᠠᠪᠤᠳᠠᠯ ᠬᠢᠬᠦ ᠶᠢ ᠰᠠᠶᠢᠲᠤᠷ ᠠᠳᠬᠤᠬᠤ ᠪᠤᠢ ︖ | ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠳᠤ ᠂ ᠬᠥᠳᠡᠭᠡ ᠲᠣᠰᠬᠤᠨ ᠤ ᠰᠠᠭᠤᠷᠢ ᠪᠡᠯᠡᠳᠬᠡᠮᠵᠢ ᠶᠢᠨ | ᠲᠤᠲᠠᠭᠳᠠᠯ ᠢ ᠨᠥᠬᠦᠪᠦᠷᠢᠯᠡᠬᠦ ᠶᠢ ᠠᠬᠢᠭᠤᠯᠤᠨ᠎ᠠ ᠭᠡᠵᠦ ᠲᠣᠳᠣᠷᠬᠠᠶᠢᠯᠠᠪᠠ ᠃ ᠡᠯ᠎ᠡ ᠭᠠᠵᠠᠷ ᠤᠨ ᠪᠣᠳᠠᠲᠤ ᠪᠠᠶᠢᠳᠠᠯ | ᠬᠢᠭᠡᠳ ᠲᠠᠷᠢᠶᠠᠴᠢᠳ ᠤᠨ ᠬᠡᠷᠡᠭᠴᠡᠭᠡᠨ ᠠᠴᠠ ᠭᠠᠷᠳᠠᠵᠤ᠂ ᠲᠦᠭᠡᠮᠡᠯ ᠬᠠᠷᠠᠭᠠᠯᠵᠠᠯ ᠢ ᠲᠦᠭᠡᠮᠡᠯᠵᠢᠭᠦᠯᠬᠦ ᠶᠠᠪᠤᠳᠠᠯ ᠢ | ᠠᠳᠬᠤᠨ᠂ ᠨᠢᠭᠡ ᠵᠦᠢᠯ ᠢ ᠬᠢᠪᠡᠯ ᠨᠢᠭᠡ ᠵᠦᠢᠯ ᠢ ᠪᠦᠲᠦᠭᠡᠨ᠎ᠡ᠃ | ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠢ ᠲᠤᠭᠤᠷᠪᠢᠨ ᠪᠢᠴᠢᠬᠦ ᠳᠤᠭᠤᠶᠢᠯᠠᠩ ᠤᠨ ᠬᠤᠯᠪᠣᠭᠳᠠᠯ | ᠪᠦᠬᠦᠢ ᠭᠡᠰᠢᠭᠦᠨ ᠤ ᠬᠡᠯᠡᠬᠦ ᠪᠠᠷ ᠂ ᠵᠢᠱᠢᠶᠡᠯᠡᠪᠡᠯ ᠂ ᠬᠥᠳᠡᠭᠡ ᠲᠣᠰᠬᠤᠨ ᠤ ᠤᠰᠤ ᠬᠠᠩᠭᠠᠬᠤ ᠢᠨᠵᠧᠨᠧᠷᠢᠩ ᠤᠨ | ᠲᠣᠭᠲᠠᠯᠴᠠᠭ᠎ᠠ ᠶᠢ ᠲᠡᠭᠦᠯᠳᠡᠷᠵᠢᠭᠦᠯᠦᠨ᠎ᠡ ᠂ ᠨᠥᠬᠦᠴᠡᠯ ᠲᠠᠢ ᠨᠢ ᠬᠤᠳᠠ ᠬᠦᠳᠡᠭᠡᠨ ᠤ ᠤᠰᠤᠨ ᠤ ᠬᠠᠩᠭᠠᠯᠲᠠ ᠶᠢ | ᠨᠢᠭᠡ ᠴᠣᠭᠴᠠᠵᠢᠭᠤᠯᠬᠤ ᠂ ᠲᠥᠪᠯᠡᠷᠡᠭᠦᠯᠦᠨ ᠤᠰᠤ ᠬᠠᠩᠭᠠᠬᠤ ᠶᠢ ᠬᠡᠪᠴᠢᠶᠡᠵᠢᠭᠦᠯᠬᠦ ᠪᠠᠨ ᠠᠬᠢᠭᠤᠯᠵᠤ ᠂ ᠬᠠᠷᠠᠬᠠᠨ | ᠨᠥᠬᠦᠴᠡᠯ ᠪᠦᠷᠢᠯᠳᠦᠭᠦᠯᠦᠭᠡ ᠦᠭᠡᠢ ᠨᠢ ᠪᠠᠭ᠎ᠠ ᠬᠡᠯᠪᠡᠷᠢ ᠶᠢᠨ ᠤᠰᠤ ᠬᠠᠩᠭᠠᠬᠤ ᠢᠨᠵᠧᠨᠧᠷᠢᠩ ᠤᠨ ᠵᠢᠷᠤᠮᠵᠢᠭᠰᠠᠨ | ᠪᠦᠲᠦᠭᠡᠨ ᠪᠠᠶᠢᠭᠤᠯᠤᠯᠲᠠ ᠪᠠ ᠥᠭᠡᠷᠡᠴᠢᠯᠡᠯᠲᠡ ᠪᠠᠨ ᠴᠢᠩᠭᠠᠳᠬᠠᠵᠤ ᠂ ᠲᠤᠰᠬᠠᠢ ᠮᠡᠷᠭᠡᠵᠢᠭᠰᠡᠨ ᠬᠠᠮᠢᠶᠠᠷᠤᠯᠲᠠ | ᠬᠠᠮᠠᠭᠠᠯᠠᠯᠲᠠ ᠶᠢ ᠴᠢᠩᠭᠠᠳᠬᠠᠨ᠂ ᠬᠥᠳᠡᠭᠡ ᠲᠣᠰᠬᠤᠨ ᠤ ᠬᠠᠩᠭᠠᠬᠤ ᠤᠰᠤᠨ ᠤ ᠴᠢᠨᠠᠷ ᠢ ᠳᠡᠭᠡᠭᠰᠢᠯᠡᠭᠦᠯᠬᠦ ᠲᠤᠰᠬᠠᠢ | ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠦᠨ᠎ᠡ᠃ ᠬᠥᠳᠡᠭᠡ ᠲᠣᠰᠬᠤᠨ ᠤ ᠴᠠᠬᠢᠯᠭᠠᠨ ᠲᠣᠣᠷ ᠢ ᠪᠠᠬᠢᠵᠢᠭᠦᠯᠦᠨ | ᠳᠡᠪᠰᠢᠭᠦᠯᠬᠦ ᠢᠨᠵᠧᠨᠧᠷᠢᠩ ᠢ ᠠᠬᠢᠭᠤᠯᠤᠨ᠎ᠠ ᠃ ᠬᠥᠳᠡᠭᠡ ᠲᠣᠰᠬᠤᠨ ᠤ ᠲᠠᠷᠠᠬᠠᠢ ᠮᠠᠶ᠋ᠢᠭ ᠤᠨ ᠰᠢᠨ᠎ᠡ ᠡᠨᠧᠷᠭᠢ ᠶᠢᠨ | ᠬᠥᠭᠵᠢᠯᠲᠡ ᠶᠢ ᠠᠬᠢᠭᠤᠯᠵᠤ ᠂ ᠭᠤᠣᠯᠳᠠᠯᠭ᠎ᠠ ᠲᠠᠢ ᠭᠠᠴᠠᠭ᠎ᠠ ᠪᠠᠯᠭᠠᠰᠤᠨ ᠤ ᠰᠢᠨ᠎ᠡ ᠡᠨᠧᠷᠭᠢ ᠶᠢᠨ ᠮᠠᠰᠢᠨ ᠲᠡᠷᠭᠡᠨ ᠤ | ᠴᠡᠨᠡᠭᠯᠡᠬᠦ ᠪᠠ ᠴᠡᠨᠡᠭ ᠰᠣᠯᠢᠬᠤ ᠪᠡᠯᠡᠳᠬᠡᠮᠵᠢ ᠶᠢ ᠲᠥᠯᠥᠪᠯᠡᠨ ᠪᠠᠶᠢᠭᠤᠯᠬᠤ ᠶᠢ ᠴᠢᠩᠭᠠᠳᠬᠠᠨ᠎ᠠ᠃ ︽ᠬᠥᠳᠡᠭᠡ | ᠲᠣᠰᠬᠤᠨ ᠤ ᠳᠥᠷᠪᠡᠨ ᠰᠠᠶᠢᠨ ᠵᠠᠮ︾ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠵᠤ᠂ ᠵᠠᠮ | ᠬᠠᠷᠢᠯᠴᠠᠭᠠᠨ ᠤ ᠬᠠᠮᠢᠶᠠᠷᠤᠯᠲᠠ ᠪᠠ ᠠᠮᠤᠷ ᠲᠦᠪᠰᠢᠨ ᠤ ᠬᠠᠮᠠᠭᠠᠯᠠᠯᠲᠠ ᠶᠢᠨ ᠪᠡᠯᠡᠳᠬᠡᠮᠵᠢ ᠶᠢ ᠲᠡᠭᠦᠯᠳᠡᠷᠵᠢᠭᠦᠯᠦᠨ ᠂ | ᠬᠥᠳᠡᠭᠡ ᠲᠣᠰᠬᠤᠨ ᠤ ᠵᠠᠰᠠᠮᠠᠯ ᠵᠠᠮ ᠪᠠ ᠬᠦᠭᠦᠷᠭᠡᠨ ᠤ ︽ᠠᠶᠤᠯ ᠲᠦᠭᠰᠢᠭᠦᠷᠢ ᠶᠢ ᠠᠷᠢᠯᠭᠠᠬᠤ︾ ᠠᠵᠢᠯᠯᠠᠭ᠎ᠠ ᠶᠢ | ᠲᠦᠷᠭᠡᠳᠬᠡᠨ ᠬᠡᠷᠡᠭᠵᠢᠭᠦᠯᠦᠨ᠎ᠡ᠃ ᠬᠥᠳᠡᠭᠡ ᠲᠣᠰᠬᠤᠨ ᠤ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ | ᠪᠠᠷᠢᠬᠤ ᠪᠠ ᠬᠥᠳᠡᠭᠡ ᠲᠣᠰᠬᠤᠨ ᠤ ᠭᠠᠵᠠᠷ ᠬᠥᠳᠡᠯᠦᠯᠲᠡ ᠳᠤ ᠳᠠᠭᠠᠭᠠᠮᠠᠭᠠᠢ ᠭᠡᠷ ᠪᠠᠶᠢᠰᠢᠩ ᠤᠨ ᠥᠭᠡᠷᠡᠴᠢᠯᠡᠯᠲᠡ ᠶᠢ | ᠦᠷᠭᠦᠯᠵᠢᠯᠡᠨ ᠬᠡᠷᠡᠭᠵᠢᠭᠦᠯᠵᠦ ᠂ ᠬᠥᠳᠡᠭᠡ ᠲᠣᠰᠬᠤᠨ ᠤ ᠭᠡᠷ ᠪᠠᠶᠢᠰᠢᠩ ᠤᠨ ᠠᠮᠤᠷ ᠲᠦᠪᠰᠢᠨ ᠤ ᠭᠡᠮ ᠢ ᠵᠢᠭᠰᠠᠭᠠᠨ | ᠪᠠᠶᠢᠴᠠᠭᠠᠵᠤ ᠴᠡᠭᠴᠡᠯᠡᠨ ᠵᠠᠰᠠᠭᠰᠠᠨ ᠦᠷ᠎ᠡ ᠪᠦᠲᠦᠮᠵᠢ ᠶᠢ ᠪᠠᠬᠢᠵᠢᠭᠦᠯᠦᠨ᠎ᠡ ᠭᠡᠵᠡᠢ᠃ | ᠬᠥᠳᠡᠭᠡ ᠲᠣᠰᠬᠤᠨ ᠤ ᠣᠯᠠᠨ ᠨᠡᠶᠢᠲᠡ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢ ᠲᠡᠭᠦᠯᠳᠡᠷᠵᠢᠭᠦᠯᠬᠦ ᠲᠠᠯ᠎ᠠ ᠪᠠᠷ᠂ | ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠳᠤ᠂ ᠣᠯᠠᠨ ᠨᠡᠶᠢᠲᠡ ᠶᠢᠨ ᠰᠤᠷᠭᠠᠨ ᠬᠥᠮᠦᠵᠢᠯ ᠤᠨ | ᠦᠢᠯᠡᠴᠢᠯᠡᠭᠡᠨ ᠤ ᠬᠠᠩᠭᠠᠯᠭ᠎ᠠ ᠶᠢ ᠰᠢᠯᠢᠳᠡᠭᠵᠢᠭᠦᠯᠵᠦ᠂ ᠪᠠᠶᠢᠷᠢ ᠳᠤ ᠰᠠᠭᠤᠬᠤ ᠳᠦᠷᠢᠮᠲᠦ ᠰᠤᠷᠭᠠᠭᠤᠯᠢ ᠶᠢᠨ | ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠴᠢᠬᠤᠯᠠ ᠪᠦᠬᠦᠢ ᠬᠥᠳᠡᠭᠡ ᠲᠣᠰᠬᠤᠨ ᠤ ᠪᠠᠭ᠎ᠠ ᠬᠡᠪᠴᠢᠶᠡᠲᠦ | ᠰᠤᠷᠭᠠᠭᠤᠯᠢ ᠶᠢ ᠰᠠᠶᠢᠲᠤᠷ ᠡᠷᠭᠢᠯᠡᠨ᠎ᠡ᠃ ᠰᠢᠶᠠᠨ ᠤ ᠬᠡᠪᠴᠢᠶᠡᠨ ᠤ ᠡᠩ ᠤᠨ ᠥᠨᠳᠥᠷ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠬᠥᠭᠵᠢᠯᠲᠡ ᠶᠢ ᠳᠡᠭᠡᠭᠰᠢᠯᠡᠭᠦᠯᠬᠦ ᠠᠵᠢᠯᠯᠠᠭᠠᠨ ᠢ ᠬᠡᠷᠡᠭᠵᠢᠭᠦᠯᠦᠨ᠎ᠡ ᠃ ᠰᠢᠶᠠᠩ ᠪᠠᠯᠭᠠᠰᠤᠨ ᠤ | ᠡᠷᠡᠭᠦᠯ ᠬᠠᠮᠠᠭᠠᠯᠠᠯ ᠤᠨ ᠬᠤᠷᠢᠶ᠎ᠠ ᠪᠠ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠤᠨ ᠦᠢᠯᠡᠴᠢᠯᠡᠬᠦ | ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠥᠳᠡᠭᠡ ᠲᠣᠰᠬᠤᠨ ᠤ ᠡᠮᠴᠢ ᠨᠠᠷ ᠤᠨ ᠳᠣᠲᠣᠷᠠᠬᠢ ᠠᠵᠢᠯ | ᠡᠷᠭᠢᠯᠡᠬᠦ ︵ᠲᠤᠰᠠᠯᠠᠭᠴᠢ︶ ᠡᠮᠴᠢ ᠶᠢᠨ ᠬᠢᠷᠢ ᠬᠡᠮ ᠢ ᠪᠦᠷᠢᠯᠳᠦᠭᠦᠯᠦᠭᠰᠡᠨ ᠠᠵᠢᠯᠲᠠᠨ ᠤ ᠬᠠᠷᠢᠴᠠᠯ ᠢ | ᠲᠣᠭᠲᠠᠭᠤᠨ ᠢᠶᠠᠷ ᠳᠡᠭᠡᠭᠰᠢᠯᠡᠭᠦᠯᠦᠨ᠎ᠡ ᠃ ᠬᠥᠳᠡᠭᠡ ᠲᠣᠰᠬᠤᠨ ᠤ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ | ᠬᠢᠵᠠᠭᠠᠷᠯᠠᠬᠤ ᠪᠠ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠶᠢ ᠨᠢ ᠦᠷᠭᠦᠯᠵᠢᠯᠡᠨ | ᠳᠡᠭᠡᠭᠰᠢᠯᠡᠭᠦᠯᠦᠨ᠎ᠡ ᠭᠡᠵᠦ ᠳᠤᠷᠠᠳᠴᠠᠢ᠃ | ᠡᠨᠡ ᠵᠢᠯ ᠰᠢᠶᠠᠨ ᠤ ᠬᠡᠪᠴᠢᠶᠡᠨ ᠳᠠᠬᠢ ᠬᠥᠳᠡᠭᠡ ᠲᠣᠰᠬᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ | ᠪᠠᠶᠢᠭᠤᠯᠤᠮᠵᠢ ᠳᠤ ᠬᠡᠷᠡᠭᠯᠡᠬᠦ ᠡᠮᠴᠢᠯᠡᠭᠡᠨ ᠤ ᠳᠠᠭᠠᠳᠬᠠᠯ ᠤᠨ ᠰᠠᠭᠤᠷᠢ ᠮᠦᠩᠭᠦᠨ ᠤ ᠬᠠᠷᠢᠴᠠᠯ ᠢ ᠠᠯᠬᠤᠮ | ᠠᠯᠬᠤᠮ ᠢᠶᠠᠷ ᠨᠡᠮᠡᠭᠳᠡᠭᠦᠯᠵᠦ᠂ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠢ ᠡᠮᠴᠢᠯᠡᠭᠡᠨ ᠤ ᠳᠠᠭᠠᠳᠬᠠᠯ ᠤᠨ | ᠲᠣᠭᠲᠠᠭᠰᠠᠨ ᠴᠡᠭ ᠤᠨ ᠬᠠᠮᠢᠶᠠᠷᠤᠯᠲᠠ ᠳᠤ ᠣᠷᠣᠭᠤᠯᠬᠤ ᠶᠢ ᠲᠦᠷᠭᠡᠳᠬᠡᠨ᠎ᠡ ᠃ ᠬᠥᠳᠡᠭᠡ ᠲᠣᠰᠬᠤᠨ ᠤ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢ ᠪᠦᠷᠢᠨᠰᠢᠭᠦᠯᠵᠦ ᠂ ᠣᠷᠣᠨ ᠪᠦᠰᠡ ᠶᠢᠨ | ᠴᠢᠨᠠᠷᠲᠠᠢ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠤᠨ ᠪᠠᠶᠢᠭᠤᠯᠤᠯᠲᠠ ᠶᠢ ᠭᠠᠵᠠᠷ ᠣᠷᠣᠨ ᠤ | ᠪᠠᠶᠢᠳᠠᠯ ᠳᠤ ᠨᠢ ᠲᠣᠬᠢᠷᠠᠭᠤᠯᠤᠨ ᠠᠬᠢᠭᠤᠯᠵᠤ ᠂ ᠬᠥᠳᠡᠭᠡ ᠲᠣᠰᠬᠤᠨ ᠤ ᠨᠠᠰᠤᠲᠠᠶᠢᠴᠤᠳ ᠤᠨ ᠬᠤᠭᠤᠯᠠᠨ ᠤ | ᠳᠡᠳᠬᠦᠮᠵᠢ ᠪᠠ ᠬᠠᠷᠢᠯᠴᠠᠨ ᠲᠤᠰᠠᠯᠠᠯᠴᠠᠬᠤ ᠦᠢᠯᠡᠴᠢᠯᠡᠭᠡ ᠶᠢ ᠵᠣᠷᠢᠭᠵᠢᠭᠤᠯᠤᠨ᠎ᠠ᠃ ᠬᠤᠳᠠ ᠬᠥᠳᠡᠭᠡᠨ ᠤ | ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ ᠤᠨ ︽ ᠢᠯᠡᠭᠦᠦ ᠲᠤᠰᠢᠶᠠᠪᠠᠯ ᠢᠯᠡᠭᠦᠦ ᠣᠯᠬᠤ ᠂ | ᠤᠳᠠᠭᠠᠨ ᠲᠤᠰᠢᠶᠠᠪᠠᠯ ᠢᠯᠡᠭᠦᠦ ᠣᠯᠬᠤ ︾ ᠤᠷᠮᠠᠰᠢᠭᠤᠯᠬᠤ ᠲᠣᠭᠲᠠᠴᠠ ᠶᠢ ᠪᠦᠷᠢᠨᠰᠢᠭᠦᠯᠦᠨ᠎ᠡ ᠃ ᠬᠥᠳᠡᠭᠡ | ᠲᠣᠰᠬᠤᠨ ᠤ ᠦᠷᠡᠵᠢᠯ ᠤᠨ ᠳᠡᠮᠵᠢᠯᠭᠡ ᠪᠠ ᠨᠢᠯᠬ᠎ᠠ ᠬᠡᠦᠬᠡᠳ ᠢ ᠬᠠᠷᠠᠭᠠᠯᠵᠠᠨ ᠠᠰᠠᠷᠠᠬᠤ ᠦᠢᠯᠡᠴᠢᠯᠡᠭᠡ ᠶᠢ | ᠴᠢᠩᠭᠠᠳᠬᠠᠵᠤ ᠂ ᠨᠡᠭᠦᠳᠡᠯ ᠬᠡᠦᠬᠡᠳ ᠂ ᠭᠡᠷ ᠢᠶᠠᠨ ᠰᠠᠬᠢᠵᠤ ᠬᠤᠴᠣᠷᠤᠭᠰᠠᠨ ᠬᠡᠦᠬᠡᠳ ᠂ ᠡᠮᠡᠭᠲᠡᠶᠢᠴᠦᠳ ᠂ | ᠨᠠᠰᠤᠲᠠᠶᠢᠴᠤᠳ ᠂ ᠵᠡᠮᠳᠡᠭᠴᠦᠳ ᠵᠡᠷᠭᠡ ᠬᠦᠮᠦᠰ ᠢ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡ ᠶᠢ ᠰᠠᠶᠢᠲᠤᠷ ᠬᠢᠨ᠎ᠡ | ᠭᠡᠵᠦ ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠢ ᠲᠤᠭᠤᠷᠪᠢᠬᠤ ᠳᠤᠭᠤᠶᠢᠯᠠᠩ ᠤᠨ ᠬᠤᠯᠪᠣᠭᠳᠠᠯ | ᠪᠦᠬᠦᠢ ᠭᠡᠰᠢᠭᠦᠨ ᠬᠡᠯᠡᠪᠡ᠃ | ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠢ ᠲᠤᠭᠤᠷᠪᠢᠬᠤ ᠳᠤᠭᠤᠶᠢᠯᠠᠩ ᠤᠨ ᠬᠤᠯᠪᠣᠭᠳᠠᠯ ᠪᠦᠬᠦᠢ | ᠭᠡᠰᠢᠭᠦᠨ ᠢᠯᠡᠷᠬᠡᠶᠢᠯᠡᠬᠦ ᠳᠤ ᠪᠠᠨ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ ᠂ ᠬᠥᠳᠡᠭᠡ | ᠲᠣᠰᠬᠤᠨ ᠤ ᠤᠰᠤ ᠂ ᠴᠠᠬᠢᠯᠭᠠᠨ ᠂ ᠵᠠᠮ ᠂ ᠬᠡᠢ ᠂ ᠭᠡᠷ ᠪᠠᠶᠢᠰᠢᠩ᠂ ᠮᠡᠳᠡᠭᠡ ᠵᠠᠩᠭᠢ ᠵᠡᠷᠭᠡ ᠰᠠᠭᠤᠷᠢ | ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠨ ᠠᠬᠢᠭᠤᠯᠵᠤ ᠂ ᠰᠤᠷᠭᠠᠨ ᠬᠥᠮᠦᠵᠢᠯ ᠂ | ᠡᠮ ᠡᠮᠨᠡᠯᠭᠡ ᠂ ᠨᠠᠰᠤᠵᠢᠯ ᠤᠨ ᠠᠰᠠᠷᠠᠮᠵᠢ ᠵᠡᠷᠭᠡ ᠬᠥᠳᠡᠭᠡ ᠲᠣᠰᠬᠤᠨ ᠤ ᠤᠯᠠᠨ ᠨᠡᠶᠢᠲᠡ ᠶᠢᠨ ᠦᠢᠯᠡᠴᠢᠯᠡᠭᠡᠨ ᠤ | ᠲᠣᠭᠲᠠᠯᠴᠠᠭ᠎ᠠ ᠶᠢ ᠲᠡᠭᠦᠯᠳᠡᠷᠰᠢᠭᠦᠯᠵᠦ ᠂ ︽ ᠪᠠᠶᠢᠬᠤ ᠡᠰᠡᠬᠦ ︾ ᠶᠢ ᠤᠷᠢᠳ ᠢᠶᠠᠷ ᠰᠢᠢᠳᠪᠦᠷᠢᠯᠡᠵᠦ ᠂ ︽ ᠰᠠᠶᠢᠨ | ᠡᠰᠡᠬᠦ ︾ ᠶᠢ ᠳᠠᠷᠠᠭ᠎ᠠ ᠨᠢ ᠰᠢᠢᠳᠪᠦᠷᠢᠯᠡᠨ᠎ᠡ ᠃ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠳᠤ ᠤᠯᠠᠮᠵᠢᠯᠠᠯᠲᠤ | ᠠᠶᠢᠯ ᠲᠣᠰᠬᠤᠨ ᠪᠠ ᠬᠥᠳᠡᠭᠡ ᠲᠣᠰᠬᠤᠨ ᠤ ᠣᠨᠴᠠᠯᠢᠭ ᠳᠦᠷᠰᠦ ᠪᠠᠶᠢᠳᠠᠯ ᠢ ᠬᠠᠮᠠᠭᠠᠯᠠᠬᠤ ᠶᠢ ᠠᠩᠬᠠᠷᠬᠤ ᠬᠡᠷᠡᠭᠲᠡᠢ ᠂ | ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢᠨ ᠬᠡᠪ ᠵᠠᠭᠪᠤᠷ ᠢ ᠲᠡᠷᠡ ᠬᠡᠪ ᠢᠶᠠᠷ ᠨᠢ ᠰᠣᠬᠤᠷ ᠪᠠᠯᠠᠢ ᠪᠠᠷ | ᠨᠡᠭᠦᠯᠭᠡᠨ ᠬᠡᠷᠡᠭᠯᠡᠵᠦ ᠂ ᠬᠥᠳᠡᠭᠡ ᠲᠣᠰᠬᠤᠨ ᠤ ᠬᠡᠪ ᠨᠠᠮᠪᠠ ᠶᠢ ᠠᠯᠳᠠᠭᠳᠠᠭᠤᠯᠵᠤ ᠪᠣᠯᠬᠤ ᠦᠭᠡᠢ ᠭᠡᠵᠡᠢ᠃ | ︽ᠲᠠᠷᠢᠶᠠᠴᠢᠨ ᠬᠥᠳᠡᠭᠡ ᠠᠵᠤ ᠠᠬᠤᠢ ᠬᠥᠳᠡᠭᠡ ᠲᠣᠰᠬᠤᠨ ︾ ᠤ ᠠᠵᠢᠯ ᠢ ᠰᠠᠶᠢᠨ ᠬᠢᠭᠰᠡᠨ ᠡᠰᠡᠬᠦ ᠶᠢᠨ | ᠵᠠᠩᠭᠢᠯᠠᠭ᠎ᠠ ᠨᠢ ᠲᠠᠷᠢᠶᠠᠴᠢᠳ ᠤᠨ ᠪᠠᠶᠠᠷᠯᠠᠭᠰᠠᠨ ᠡᠰᠡᠬᠦ ᠂ ᠰᠡᠳᠬᠢᠯ ᠬᠠᠨᠤᠭᠰᠠᠨ ᠡᠰᠡᠬᠦ ᠳᠤ ᠪᠠᠶᠢᠨ᠎ᠠ ᠃ ᠬᠥᠳᠡᠭᠡ | ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ ᠡᠷᠬᠡᠪᠰᠢ ᠦᠨᠡᠨ ᠠᠴᠠ ᠵᠥᠪ ᠢ | ᠡᠷᠢᠬᠦ ᠂ ᠪᠣᠳᠠᠲᠤ ᠠᠵᠢᠯ ᠬᠢᠬᠦ ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠬᠦ ᠶᠢ ᠪᠠᠷᠢᠮᠲᠠᠯᠠᠨ᠂ ᠦᠨᠡᠨ ᠬᠦ ᠠᠷᠠᠳ ᠤᠨ | ᠠᠮᠢᠳᠤᠷᠠᠯ ᠳᠤ ᠠᠰᠢᠭ ᠬᠦᠷᠲᠡᠭᠡᠵᠦ ᠂ ᠠᠷᠠᠳ ᠤᠨ ᠰᠡᠳᠬᠢᠯ ᠢ ᠳᠤᠯᠠᠭᠠᠴᠠᠭᠤᠯᠵᠤ ᠂ ᠦᠩᠭᠡᠨ ᠲᠠᠯ᠎ᠠ ᠶᠢᠨ ᠠᠵᠢᠯ | ᠬᠢᠬᠦ ᠶᠢ ᠡᠷᠡᠰ ᠡᠰᠡᠷᠭᠦᠴᠡᠨ᠎ᠡ᠃ ᠪᠣᠳᠠᠲᠤ ᠠᠰᠢᠭ ᠬᠦᠷᠲᠡᠭᠡᠬᠦ ᠠᠵᠢᠯ ᠢ ᠢᠯᠡᠭᠦᠬᠡᠨ ᠬᠢᠵᠦ ᠂ ᠲᠠᠷᠢᠶᠠᠴᠢᠳ ᠤᠨ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠣᠷᠣᠯᠴᠠᠬᠤ ᠢᠳᠡᠪᠬᠢᠵᠢᠯ ᠰᠠᠨᠠᠭᠠᠴᠢᠯᠠᠭᠠᠲᠤ ᠴᠢᠨᠠᠷ | ᠪᠦᠲᠦᠭᠡᠯᠴᠢ ᠴᠢᠨᠠᠷ ᠢ ᠳᠠᠶᠢᠴᠢᠯᠠᠨ᠂ ᠲᠠᠷᠢᠶᠠᠴᠢᠳ ᠢ ᠦᠨᠡᠨ ᠬᠦ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠳᠤ ᠣᠷᠣᠯᠴᠠᠭᠴᠢ ᠪᠠ ᠠᠰᠢᠭ ᠬᠦᠷᠳᠡᠭᠴᠢ ᠪᠣᠯᠭᠠᠨ᠎ᠠ ᠭᠡᠵᠦ ᠲᠥᠪ ᠤᠨ ᠨᠢᠭᠡᠳᠦᠭᠡᠷ ᠲᠣᠭᠠᠲᠤ | ᠪᠢᠴᠢᠭ ᠮᠠᠲ᠋ᠧᠷᠢᠶᠠᠯ ᠢ ᠲᠤᠭᠤᠷᠪᠢᠨ ᠪᠢᠴᠢᠬᠦ ᠳᠤᠭᠤᠶᠢᠯᠠᠩ ᠤᠨ ᠬᠤᠯᠪᠣᠭᠳᠠᠯ ᠪᠦᠬᠦᠢ ᠭᠡᠰᠢᠭᠦᠨ ᠬᠡᠯᠡᠪᠡ᠃ |