ᠳᠤᠮᠳᠠᠳᠤ ᠤᠯᠤᠰ ᠤᠨ ᠡᠪ ᠬᠠᠮᠲᠤ ᠨᠠᠮ ᠤᠨ ᠵᠢᠨᠢᠩ ᠲᠣᠭᠤᠷᠢᠭ ‍ᠤᠨ‌ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠺᠠᠩ ᠬᠠᠢ ᠷᠦᠢ ᠴᠠᠭᠠᠨ ᠰᠠᠷ᠎ᠠ ᠶᠢᠨ ᠪᠠᠶᠠᠷ ᠤᠨ ᠦᠭᠡ ᠢᠯᠡᠭᠡᠵᠡᠢ
ᠨᠡᠶᠢᠲᠡᠯᠡᠭᠰᠡᠨ ᠴᠠᠭ᠄
2024/3/6
 ᠰᠤᠷᠪᠤᠯᠵᠢᠯᠠᠭᠰᠠᠨ ᠵᠣᠴᠢᠨ ᠄ ᠺᠠᠩ ᠬᠠᠢ ᠷᠦᠢ ᠰᠤᠷᠪᠤᠯᠵᠢᠯᠠᠭᠰᠠᠨ ᠴᠠᠭ ᠄ 2024-02-05 09: 56       ᠬᠠᠭᠤᠴᠢᠨ ᠵᠢᠯ ᠢᠶᠠᠨ ᠦᠳᠡᠵᠦ ᠰᠢᠨ᠎ᠡ ᠵᠢᠯ ᠢᠶᠠᠨ ᠤᠭᠲᠤᠬᠤ ᠰᠠᠶᠢᠨ ᠰᠠᠶᠢᠬᠠᠨ ᠴᠠᠭ ᠮᠥᠴᠡ ᠳᠤ᠂ ᠪᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠢᠨᠢᠩ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ᠂ ᠪᠦᠬᠦ  ᠲᠤᠭᠤᠷᠢᠭ ᠤᠨ ᠠᠬᠠᠰ ᠵᠠᠬᠠᠰ ᠨᠤᠲᠤᠭ ᠤᠨ ᠠᠬ᠎ᠠ ᠳᠡᠭᠦᠦ ᠨᠡᠷ᠂ ᠡᠯ᠎ᠡ ᠹᠷᠣᠨᠲ ᠲᠤ ᠰᠢᠷᠭᠠᠭᠤ ᠬᠠᠲᠠᠭᠤᠵᠢᠯᠲᠠᠢ ᠲᠡᠮᠡᠴᠡᠵᠦ ᠪᠠᠶᠢᠭ᠎ᠠ ᠥᠷᠭᠡᠨ ᠤᠯᠠᠨ ᠺᠠᠳ᠋ᠷ ᠤᠯᠠᠨ ᠲᠦᠮᠡᠨ ᠳᠤ᠂ ᠵᠢᠨᠢᠩ ᠲᠣᠭᠤᠷᠢᠭ ᠤᠨ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠪᠤᠢ ᠪᠦᠬᠦᠢ ᠨᠠᠶᠢᠵᠠ ᠨᠠᠷ ᠲᠤ ᠴᠠᠭᠠᠨ ᠰᠠᠷ᠎ᠠ ᠶᠢᠨ ᠬᠠᠮᠤᠭ ᠤᠨ ᠰᠠᠶᠢᠨ ᠰᠠᠶᠢᠬᠠᠨ ᠵᠥᠩᠨᠡᠯ ᠪᠠ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠵᠦ ᠪᠠᠶᠢᠨ᠎ᠠ︕ ᠴᠠᠭ ᠮᠥᠴᠡ ᠤᠷᠤᠭᠰᠢᠯᠠᠯᠲᠠ ᠶᠢᠨ ᠠᠯᠬᠤᠮ ᠢ ᠭᠡᠷᠡᠴᠢᠯᠡᠵᠦ᠂ ᠣᠨ ᠰᠠᠷ᠎ᠠ ᠲᠡᠮᠡᠴᠡᠯ ᠤᠨ ᠤᠯᠠ ᠮᠥᠷ ᠢ ᠰᠡᠶᠢᠯᠪᠡ᠃ ᠥᠩᠭᠡᠷᠡᠭᠰᠡᠨ ᠨᠢᠭᠡ ᠵᠢᠯ ᠢᠶᠠᠨ ᠡᠷᠭᠢᠴᠡᠭᠦᠯᠬᠦᠶ᠎ᠡ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠮᠵᠢ ᠪᠣᠯᠭᠠᠬᠤ ᠶᠢ ᠪᠠᠷᠢᠮᠲᠠᠯᠠᠵᠤ᠂ ᠪᠦᠯᠬᠦᠮᠳᠡᠨ ᠨᠢᠭᠡᠳᠴᠦ᠂ ᠰᠢᠷᠭᠠᠭᠤ ᠬᠠᠲᠠᠭᠤᠵᠢᠯᠲᠠᠢ ᠠᠵᠢᠯᠯᠠᠵᠤ᠂ ᠬᠦᠴᠢᠷ ᠪᠡᠷᠬᠡᠰᠢᠶᠡᠯ ᠤᠨ ᠳᠤᠮᠳᠠ ᠳᠠᠷᠤᠯᠲᠠ ᠶᠢ ᠳᠠᠭᠠᠭᠠᠨ ᠤᠷᠤᠭᠰᠢᠯᠠᠵᠤ᠂ ᠥᠷᠢᠰᠥᠯᠳᠦᠭᠡᠨ ᠤ ᠳᠤᠮᠳᠠ ᠪᠠᠶᠢᠳᠠᠯ ᠢ ᠰᠥᠷᠥᠨ ᠤᠷᠤᠭᠰᠢᠯᠠᠵᠤ᠂ ᠠᠯᠢ ᠤᠯᠠᠨ ᠬᠠᠲᠠᠭᠤ ᠳᠠᠶᠢᠯᠠᠯᠳᠤᠭᠠᠨ ᠤ ᠢᠯᠠᠯᠲᠠ ᠶᠢ ᠣᠯᠵᠤ᠂ ᠠᠯᠢ ᠤᠯᠠᠨ ᠪᠣᠳᠠᠲᠤ ᠶᠠᠪᠤᠳᠠᠯ ᠴᠢᠬᠤᠯᠠ ᠶᠠᠪᠤᠳᠠᠯ ᠢ ᠪᠦᠲᠦᠭᠡᠵᠦ᠂ ᠠᠵᠤ ᠠᠬᠤᠢ ᠶᠢᠨ ᠬᠥᠭᠵᠢᠯᠲᠡ ᠶᠢ ᠲᠣᠭᠲᠠᠭᠤᠨ ᠪᠠᠶᠢᠯᠭᠠᠬᠤ ᠶᠢᠨ ᠳᠤᠮᠳᠠ ᠶᠠᠰᠤ ᠴᠢᠨᠠᠷ ᠢ ᠳᠡᠭᠡᠭᠰᠢᠯᠡᠭᠦᠯᠵᠦ᠂ ᠰᠢᠨ᠎ᠡ ᠬᠠᠭᠤᠴᠢᠨ ᠬᠥᠳᠡᠯᠭᠡᠬᠦ ᠡᠨᠧᠷᠭᠢ ᠶᠢ ᠲᠦᠷᠭᠡᠨ ᠬᠤᠪᠢᠷᠠᠭᠤᠯᠵᠤ᠂ ᠴᠢᠬᠤᠯᠠ ᠶᠡᠭᠡ ᠲᠦᠷᠦᠯ ᠵᠦᠢᠯ ᠢ ᠪᠦᠬᠦ ᠲᠠᠯ᠎ᠠ ᠪᠠᠷ ᠲᠦᠷᠭᠡᠳᠬᠡᠵᠦ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠦᠷᠭᠦᠯᠵᠢᠯᠡᠨ ᠨᠡᠮᠡᠭᠳᠡᠭᠦᠯᠵᠦ᠂ ᠡᠷᠡᠮᠡᠬᠡᠶᠢᠯᠡᠨ ᠳᠠᠪᠰᠢᠬᠤ ᠶᠠᠪᠤᠴᠠ ᠳᠤ ᠲᠤᠭ᠎ᠠ  ᠬᠡᠮᠵᠢᠶ᠎ᠡ ᠶᠠᠰᠤ ᠴᠢᠨᠠᠷ ᠢ ᠵᠡᠷᠭᠡᠪᠡᠷ ᠳᠡᠭᠡᠭᠰᠢᠯᠡᠭᠦᠯᠦᠭᠰᠡᠨ᠂ ᠮᠠᠭᠲᠠᠨ ᠰᠠᠶᠢᠰᠢᠶᠠᠭᠤᠰᠢᠲᠠᠢ ᠭᠤᠶᠢᠳᠠ ᠰᠠᠶᠢᠬᠠᠨ ᠰᠢᠯᠭᠠᠯᠲᠠ ᠶᠢᠨ ᠬᠠᠭᠤᠳᠠᠰᠤ ᠶᠢ ᠲᠤᠰᠢᠶᠠᠭᠰᠠᠨ ᠪᠠᠶᠢᠨ᠎ᠠ᠃       ᠪᠥᠬᠦ  ᠲᠤᠭᠤᠷᠢᠭ ᠤᠨ ᠡᠯ᠎ᠡ ᠦᠨᠳᠦᠰᠦᠲᠡᠨ ᠡᠯ᠎ᠡ ᠡᠲᠡᠭᠡᠳ ᠤᠨ ᠺᠠᠳ᠋ᠷ ᠣᠯᠠᠨ ᠲᠦᠮᠡᠨ᠂ ᠨᠥᠬᠦᠳ᠂ ᠨᠠᠶᠢᠵᠠ ᠨᠠᠷ  ᠡ ᠄      ᠯᠣᠣ ᠳᠡᠭᠦᠯᠢᠨ ᠪᠡᠯᠭᠡᠲᠦ ᠠᠭᠤᠷ ᠠᠮᠢᠰᠬᠤᠯ ᠢᠶᠠᠷ ᠬᠠᠪᠤᠷ ᠤᠨ ᠤᠯᠠᠷᠢᠯ ᠳᠤ ᠢᠷᠠᠭᠤ ᠬᠠᠭᠤᠳᠠᠰᠤ ᠶᠢ ᠳᠠᠭᠤᠷᠢᠰᠤᠭᠤᠯᠤᠮᠤᠢ᠃ ᠡᠨᠡᠬᠦ ᠲᠦᠮᠡᠨ ᠡᠷᠦᠬᠡ ᠪᠠᠷ ᠢᠶᠠᠨ ᠴᠤᠭᠯᠠᠷᠠᠵᠤ᠂ ᠬᠠᠭᠤᠴᠢᠨ ᠵᠢᠯ ᠢᠶᠠᠨ ᠦᠳᠡᠵᠦ ᠰᠢᠨ᠎ᠡ ᠵᠢᠯ ᠢᠶᠠᠨ ᠤᠭᠲᠤᠬᠤ ᠰᠠᠶᠢᠨ ᠰᠠᠶᠢᠬᠠᠨ ᠴᠠᠭ ᠮᠥᠴᠡ ᠳᠤ᠂ ᠪᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠢᠨᠢᠩ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ᠂ ᠪᠦᠬᠦ  ᠲᠤᠭᠤᠷᠢᠭ ᠤᠨ ᠠᠬᠠᠰ ᠵᠠᠬᠠᠰ ᠨᠤᠲᠤᠭ ᠤᠨ ᠠᠬ᠎ᠠ ᠳᠡᠭᠦᠦ ᠨᠡᠷ᠂ ᠡᠯ᠎ᠡ ᠹᠷᠣᠨᠲ ᠲᠤ ᠰᠢᠷᠭᠠᠭᠤ ᠬᠠᠲᠠᠭᠤᠵᠢᠯᠲᠠᠢ ᠲᠡᠮᠡᠴᠡᠵᠦ ᠪᠠᠶᠢᠭ᠎ᠠ ᠥᠷᠭᠡᠨ ᠤᠯᠠᠨ ᠺᠠᠳ᠋ᠷ ᠤᠯᠠᠨ ᠲᠦᠮᠡᠨ ᠳᠤ᠂ ᠵᠢᠨᠢᠩ ᠲᠣᠭᠤᠷᠢᠭ ᠤᠨ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠪᠤᠢ ᠪᠦᠬᠦᠢ ᠨᠠᠶᠢᠵᠠ ᠨᠠᠷ ᠲᠤ ᠴᠠᠭᠠᠨ ᠰᠠᠷ᠎ᠠ ᠶᠢᠨ ᠬᠠᠮᠤᠭ ᠤᠨ ᠰᠠᠶᠢᠨ ᠰᠠᠶᠢᠬᠠᠨ ᠵᠥᠩᠨᠡᠯ ᠪᠠ  ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠵᠦ ᠪᠠᠶᠢᠨ᠎ᠠ︕       ᠴᠠᠭ ᠮᠥᠴᠡ ᠤᠷᠤᠭᠰᠢᠯᠠᠯᠲᠠ ᠶᠢᠨ ᠠᠯᠬᠤᠮ ᠢ ᠭᠡᠷᠡᠴᠢᠯᠡᠵᠦ᠂ ᠣᠨ ᠰᠠᠷ᠎ᠠ ᠲᠡᠮᠡᠴᠡᠯ ᠤᠨ ᠤᠯᠠ ᠮᠥᠷ ᠢ ᠰᠡᠶᠢᠯᠪᠡ᠃ ᠥᠩᠭᠡᠷᠡᠭᠰᠡᠨ ᠨᠢᠭᠡ ᠵᠢᠯ ᠢᠶᠠᠨ ᠡᠷᠭᠢᠴᠡᠭᠦᠯᠬᠦᠶ᠎ᠡ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠮᠵᠢ ᠪᠣᠯᠭᠠᠬᠤ ᠶᠢ ᠪᠠᠷᠢᠮᠲᠠᠯᠠᠵᠤ᠂ ᠪᠦᠯᠬᠦᠮᠳᠡᠨ ᠨᠢᠭᠡᠳᠴᠦ᠂ ᠰᠢᠷᠭᠠᠭᠤ ᠬᠠᠲᠠᠭᠤᠵᠢᠯᠲᠠᠢ ᠠᠵᠢᠯᠯᠠᠵᠤ᠂ ᠬᠦᠴᠢᠷ ᠪᠡᠷᠬᠡᠰᠢᠶᠡᠯ ᠤᠨ ᠳᠤᠮᠳᠠ ᠳᠠᠷᠤᠯᠲᠠ ᠶᠢ ᠳᠠᠭᠠᠭᠠᠨ ᠤᠷᠤᠭᠰᠢᠯᠠᠵᠤ᠂ ᠥᠷᠢᠰᠥᠯᠳᠦᠭᠡᠨ ᠤ ᠳᠤᠮᠳᠠ ᠪᠠᠶᠢᠳᠠᠯ ᠢ ᠰᠥᠷᠥᠨ ᠤᠷᠤᠭᠰᠢᠯᠠᠵᠤ᠂ ᠠᠯᠢ ᠤᠯᠠᠨ ᠶᠡᠭᠡ ᠳᠠᠶᠢᠯᠠᠯᠳᠤᠭᠠᠨ ᠬᠠᠲᠠᠭᠤ ᠳᠠᠶᠢᠯᠠᠯᠳᠤᠭᠠᠨ ᠤ ᠢᠯᠠᠯᠲᠠ ᠶᠢ ᠣᠯᠵᠤ᠂ ᠠᠯᠢ ᠤᠯᠠᠨ ᠪᠣᠳᠠᠲᠤ ᠶᠠᠪᠤᠳᠠᠯ ᠴᠢᠬᠤᠯᠠ ᠶᠠᠪᠤᠳᠠᠯ ᠢ ᠪᠦᠲᠦᠭᠡᠵᠦ᠂ ᠠᠵᠤ ᠠᠬᠤᠢ ᠶᠢᠨ ᠬᠥᠭᠵᠢᠯᠲᠡ ᠶᠢ ᠲᠣᠭᠲᠠᠭᠤᠨ ᠪᠠᠶᠢᠯᠭᠠᠬᠤ ᠶᠢᠨ ᠳᠤᠮᠳᠠ ᠶᠠᠰᠤ ᠴᠢᠨᠠᠷ ᠢ ᠳᠡᠭᠡᠭᠰᠢᠯᠡᠭᠦᠯᠵᠦ᠂ ᠰᠢᠨ᠎ᠡ ᠬᠠᠭᠤᠴᠢᠨ ᠬᠥᠳᠡᠯᠭᠡᠬᠦ ᠡᠨᠧᠷᠭᠢ ᠶᠢ ᠬᠤᠪᠢᠷᠠᠭᠤᠯᠵᠤ᠂ ᠴᠢᠬᠤᠯᠠ ᠶᠡᠭᠡ ᠲᠦᠷᠦᠯ ᠵᠦᠢᠯ ᠢ ᠪᠦᠬᠦ ᠲᠠᠯ᠎ᠠ ᠪᠠᠷ ᠲᠦᠷᠭᠡᠳᠬᠡᠵᠦ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠦᠷᠭᠦᠯᠵᠢᠯᠡᠨ ᠨᠡᠮᠡᠭᠳᠡᠭᠦᠯᠵᠦ᠂ ᠡᠷᠡᠮᠡᠬᠡᠶᠢᠯᠡᠨ ᠳᠠᠪᠰᠢᠬᠤ ᠶᠠᠪᠤᠴᠠ ᠳᠤ ᠲᠤᠭ᠎ᠠ ᠬᠡᠮᠵᠢᠶ᠎ᠡ ᠶᠠᠰᠤ ᠴᠢᠨᠠᠷ ᠢ ᠵᠡᠷᠭᠡᠪᠡᠷ ᠳᠡᠭᠡᠭᠰᠢᠯᠡᠭᠦᠯᠦᠭᠰᠡᠨ᠂ ᠮᠠᠭᠲᠠᠨ ᠰᠠᠶᠢᠰᠢᠶᠠᠭᠤᠰᠢᠲᠠᠢ ᠭᠤᠶᠢᠳᠠ ᠰᠠᠶᠢᠬᠠᠨ ᠰᠢᠯᠭᠠᠯᠲᠠ ᠶᠢᠨ ᠬᠠᠭᠤᠳᠠᠰᠤ ᠶᠢ ᠲᠤᠰᠢᠶᠠᠭᠰᠠᠨ ᠪᠠᠶᠢᠨ᠎ᠠ᠃       ᠠᠮᠵᠢᠯᠲᠠ ᠪᠦᠲᠦᠮᠵᠢ ᠨᠢ ᠡᠷᠡᠯᠬᠡᠭ ᠪᠠᠭᠠᠲᠤᠷᠯᠢᠭ ᠢᠶᠠᠷ ᠤᠷᠤᠭᠰᠢᠯᠠᠭᠰᠠᠨ 42 ᠲᠦᠮᠡᠨ ᠵᠢᠨᠢᠩ ᠤᠨ ᠠᠷᠠᠳ ᠲᠦᠮᠡᠨ ᠤ ᠬᠢ ᠶᠤᠮ︕ ᠰᠢᠨ᠎ᠡ ᠴᠠᠭ ᠦᠶ᠎ᠡ ᠶᠢᠨ ᠰᠢᠨ᠎ᠡ ᠵᠢᠨᠢᠩ ᠢ ᠪᠦᠲᠦᠭᠡᠨ ᠪᠠᠶᠢᠭᠤᠯᠬᠤ ᠠᠶᠠᠨ ᠵᠠᠮ ᠳᠤ᠂ ᠡᠯ᠎ᠡ ᠱᠠᠲᠤᠨ ᠤ ᠨᠠᠮ ᠤᠨ ᠭᠡᠰᠢᠭᠦᠨ ᠺᠠᠳ᠋ᠷᠴᠤᠳ ᠤᠨ ᠣᠶᠤᠨ ᠤᠬᠠᠭᠠᠨ ᠪᠠ ᠬᠦᠴᠦ ᠬᠥᠯᠥᠰᠥ ᠶᠢ ᠰᠢᠩᠭᠡᠭᠡᠵᠦ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠤᠪᠢ ᠨᠡᠮᠡᠷᠢ ᠪᠠ ᠳᠡᠮᠵᠢᠯᠭᠡ ᠶᠢ ᠬᠤᠷᠠᠮᠳᠤᠭᠤᠯᠵᠤ᠂ ᠨᠡᠩ ᠴᠤ ᠰᠢᠷᠭᠠᠭᠤ ᠬᠠᠲᠠᠭᠤᠵᠢᠯᠲᠠᠢ ᠠᠵᠢᠯᠯᠠᠵᠤ ᠪᠠᠶᠢᠭ᠎ᠠ ᠠᠵᠢᠯᠴᠢᠨ ᠲᠠᠷᠢᠶᠠᠴᠢᠨ᠂ ᠨᠤᠲᠤᠭ ᠤᠰᠤ ᠲᠠᠢ ᠪᠠᠨ ᠰᠡᠳᠬᠢᠯ ᠵᠢᠷᠦᠬᠡ ᠪᠠᠨ ᠬᠤᠯᠪᠣᠭᠰᠠᠨ᠂ ᠠᠮᠤᠷ ᠠᠮᠤᠭᠤᠯᠠᠩ ᠢ ᠰᠠᠬᠢᠨ ᠬᠠᠮᠠᠭᠠᠯᠠᠵᠤ ᠪᠠᠶᠢᠭ᠎ᠠ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ᠂ ᠦᠨᠡᠨᠴᠢ ᠰᠢᠳᠤᠷᠭᠤ ᠪᠠᠷ ᠬᠠᠷᠢᠭᠤᠴᠠᠯᠭ᠎ᠠ ᠡᠭᠦᠷᠭᠡᠯᠡᠳᠡᠭ ᠲᠣᠭᠤᠷᠢᠭ ᠲᠤ ᠰᠠᠭᠤᠭ᠎ᠠ ᠳᠠᠷᠤᠭ᠎ᠠ ᠪᠠᠶᠢᠯᠳᠤᠭᠴᠢ ᠪᠣᠯᠤᠨ ᠭᠠᠯ ᠤᠨᠲᠠᠷᠠᠭᠠᠬᠤ ᠠᠩᠬᠢ ᠶᠢᠨ ᠭᠡᠰᠢᠭᠦᠨ ᠵᠢᠴᠢ ᠡᠭᠡᠯ ᠵᠢᠷ ᠤᠨ ᠠᠵᠢᠯ ᠤᠨ ᠪᠠᠶᠢᠷᠢ ᠳᠡᠭᠡᠷ᠎ᠡ ᠪᠠᠨ ᠦᠭᠡ ᠳᠠᠭᠤᠨ ᠦᠭᠡᠢ ᠪᠠᠲᠤ ᠰᠠᠬᠢᠵᠤ ᠪᠠᠶᠢᠭ᠎ᠠ ᠲᠦᠷᠭᠡᠨ ᠬᠦᠷᠭᠡᠯᠲᠡ ᠶᠢᠨ ᠪᠢᠴᠢᠬᠠᠨ ᠠᠬ᠎ᠠ ᠁ ᠲᠠᠨᠠᠷ ᠶᠡᠭᠡ ᠬᠠᠶᠢᠷ᠎ᠠ ᠪᠠᠷ ︽ᠵᠢᠨᠢᠩ ᠤᠨ ᠰᠠᠭᠤᠷᠢ ᠦᠩᠭᠡ︾᠎ ᠶᠢ ᠲᠠᠶᠢᠯᠪᠤᠷᠢᠯᠠᠵᠤ᠂ ᠡᠭᠦᠷᠭᠡᠯᠡᠯ ᠢᠶᠠᠷ ︽ᠵᠢᠨᠢᠩ ᠤᠨ ᠬᠦᠨᠳᠦ ᠡᠭᠦᠷᠭᠡ︾᠎ ᠶᠢ ᠡᠭᠦᠷᠭᠡᠯᠡᠪᠡ᠃ ᠡᠨᠡ ᠬᠦ ᠴᠠᠭ ᠮᠥᠴᠡ ᠳᠤ᠂ ᠲᠠ ᠶᠠᠭ ᠭᠡᠷ ᠤᠨ ᠬᠥᠮᠦᠰ ᠲᠠᠢ ᠪᠠᠨ ᠪᠢᠲᠡᠭᠦᠨ ᠤ ᠬᠤᠭᠤᠯᠠ ᠪᠠᠵᠠᠭᠠᠬᠤ ᠪᠠᠷ ᠪᠡᠯᠡᠳᠬᠡᠵᠦ ᠪᠠᠶᠢᠬᠤ ᠮᠠᠭᠠᠳ᠂ ᠲᠠ ᠪᠠᠰᠠ ᠭᠡᠷ ᠲᠡᠭᠡᠨ ᠬᠠᠷᠢᠬᠤ ᠵᠠᠮ ᠳᠠᠭᠠᠨ ᠪᠠᠶᠢᠬᠤ ᠮᠠᠭᠠᠳ᠂ ᠲᠠ ᠮᠥᠨ ᠯᠡ ᠠᠵᠢᠯ ᠤᠨ ᠪᠠᠶᠢᠷᠢ ᠪᠠᠨ ᠪᠠᠲᠤ ᠰᠠᠬᠢᠵᠤ ᠪᠠᠶᠢᠬᠤ ᠮᠠᠭᠠᠳ᠂ ᠡᠰᠡᠬᠦᠯ᠎ᠡ ᠲᠠ ᠭᠡᠷ ᠤᠨ ᠬᠥᠮᠦᠰ ᠲᠠᠢ ᠪᠠᠨ ᠬᠠᠮᠲᠤ ᠪᠢᠲᠡᠭᠦᠨ ᠤ ᠬᠤᠭᠤᠯᠠ ᠪᠠᠨ ᠪᠡᠯᠡᠳᠬᠡᠵᠦ ᠪᠠᠶᠢᠬᠤ ᠮᠠᠭᠠᠳ᠂ ᠡᠰᠡᠬᠦᠯ᠎ᠡ ᠲᠠ ᠭᠡᠷ ᠲᠡᠭᠡᠨ ᠬᠠᠷᠢᠬᠤ ᠵᠠᠮ ᠳᠠᠭᠠᠨ ᠪᠠᠶᠢᠬᠤ ᠮᠠᠭᠠᠳ᠂ ᠠᠵᠢᠯ ᠤᠨ ᠪᠠᠶᠢᠷᠢ ᠪᠠᠨ ᠪᠠᠲᠤ ᠰᠠᠬᠢᠵᠤ ᠪᠠᠶᠢᠬᠤ ᠮᠠᠭᠠᠳ᠃ ᠪᠢᠳᠡ ᠰᠠᠨᠠᠭᠠᠯᠵᠠᠵᠤ ᠪᠠᠶᠢᠬᠤ ᠮᠥᠷᠲᠡᠭᠡᠨ ᠰᠡᠳᠬᠢᠯ ᠬᠥᠳᠡᠯᠵᠦ᠂ ᠲᠠ ᠨᠠᠷ ᠢ ᠮᠠᠭᠲᠠᠨ ᠰᠠᠶᠢᠰᠢᠶᠠᠵᠤ᠂ ᠲᠠ ᠨᠠᠷ ᠲᠤ ᠬᠦᠨᠳᠦᠳᠬᠡᠯ ᠳᠡᠪᠰᠢᠭᠦᠯᠵᠦ ᠪᠠᠶᠢᠨ᠎ᠠ︕      ᠬᠠᠪᠤᠷ ᠤᠨ ᠤᠷᠢᠬᠠᠨ ᠰᠠᠯᠬᠢᠨ ᠤ ᠠᠶᠠᠰ ᠢᠶᠠᠷ ᠳᠠᠷᠪᠠᠭᠤᠯ ᠬᠡᠶᠢᠰᠬᠡᠨ ᠤᠷᠤᠭᠰᠢᠯᠠᠨᠠᠮ︕ 2024 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠥᠪᠵᠢᠭᠦᠯᠭᠡ ᠶᠢ ᠬᠡᠷᠡᠭᠵᠢᠭᠦᠯᠬᠦ ᠵᠠᠩᠭᠢᠯᠠᠭ᠎ᠠ ᠶᠢᠨ ᠵᠢᠯ ᠪᠣᠯᠤᠨ᠎ᠠ᠂ ᠥᠪᠡᠷᠲᠡᠭᠡᠨ ᠵᠠᠰᠠᠬᠤ ᠣᠷᠣᠨ ᠤ ᠨᠠᠮ ‍ᠤᠨ‌ᠬᠤᠷᠢᠶ᠎ᠠ ᠶᠢᠨ ᠠᠷᠪᠠᠨ ᠳᠥᠷᠪᠡᠳᠦᠭᠡᠷ ᠬᠤᠭᠤᠴᠠᠭᠠᠨ ᠤ ᠳᠣᠯᠣᠳᠤᠭᠠᠷ ᠪᠦᠬᠦᠳᠡ ᠬᠤᠷᠠᠯ ᠪᠣᠯᠤᠨ ᠪᠦᠬᠦ  ᠲᠤᠭᠤᠷᠢᠭ ᠤᠨ ︽ᠬᠤᠶᠠᠷ ᠬᠤᠷᠠᠯ︾᠎ ᠨᠢ ᠰᠢᠨ᠎ᠡ ᠠᠶᠠᠨ ᠵᠠᠮ ᠳᠠᠬᠢ ᠵᠣᠯ ᠵᠢᠷᠭᠠᠯᠲᠤ ᠵᠢᠨᠢᠩ ᠤᠨ ᠠᠤᠭ᠎ᠠ ᠲᠥᠰᠦᠪ ᠢ ᠵᠢᠷᠤᠭᠯᠠᠵᠠᠢ᠃ ᠪᠢᠳᠡ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠶ ᠪᠣᠯᠭᠠᠬᠤ ᠡᠨᠡ ᠬᠦ ᠭᠤᠣᠯ ᠰᠢᠵᠢᠮ ᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ᠬᠤᠶᠠᠷ ᠶᠡᠭᠡ ᠶᠠᠪᠤᠳᠠᠯ ᠢ ᠪᠥᠬᠦ ᠬᠦᠴᠦᠨ ᠢᠶᠠᠷ ᠢᠶᠠᠨ ᠰᠠᠶᠢᠲᠤᠷ ᠪᠡᠶᠡᠯᠡᠭᠦᠯᠵᠦ᠂ ᠴᠢᠨᠠᠷ ᠰᠠᠶᠢᠲᠠᠶ ᠬᠥᠭᠵᠢᠯᠲᠡ ᠳᠤ ᠬᠤᠯᠪᠣᠭᠳᠠᠬᠤ ︽ᠵᠢᠷᠭᠤᠭᠠᠨ ᠢᠨᠵᠧᠨᠧᠷᠢᠩ︾᠎ ᠢ ᠬᠢᠨᠠᠮᠠᠭᠠᠶ ᠰᠠᠶᠢᠲᠤᠷ ᠠᠳᠬᠤᠨ᠂ ︽ᠲᠠᠪᠤᠨ ᠵᠦᠶᠯ ᠤᠨ ᠠᠵᠢᠯᠯᠠᠭ᠎ᠠ︾᠎ ᠶᠢ ᠶᠡᠬᠡᠪᠡᠷ ᠬᠡᠷᠡᠭᠵᠢᠭᠦᠯᠵᠦ᠂ ᠠᠵᠤ ᠠᠬᠤᠶ ᠶᠢᠨ ᠶᠠᠰᠤ ᠴᠢᠨᠠᠷ ᠢ ᠪᠦᠲᠦᠮᠵᠢᠲᠡᠶ ᠳᠡᠭᠡᠭᠰᠢᠯᠡᠭᠦᠯᠬᠦ ᠪᠠ ᠲᠤᠭ᠎ᠠ ᠬᠡᠮᠵᠢᠶ᠎ᠡ ᠶᠢ ᠵᠣᠬᠢᠰᠲᠠᠶ ᠨᠡᠮᠡᠭᠳᠡᠭᠦᠯᠬᠦ ᠶᠢ ᠠᠬᠢᠭᠤᠯᠤᠨ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠪᠡᠶᠡᠯᠡᠭᠦᠯᠬᠦ ᠳᠤ ᠵᠢᠨᠢᠩ ᠳᠤ ᠬᠤᠪᠢ ᠨᠡᠮᠡᠷᠢ ᠦᠵᠡᠭᠦᠯᠵᠦ᠂ ᠰᠢᠯᠢᠳᠡᠭ ᠬᠢᠷᠢ ᠪᠦᠲᠦᠮᠵᠢ ᠪᠠᠷ ᠢᠶᠠᠨ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠶ ᠶᠢ ᠤᠭᠲᠤᠨ᠎ᠠ︕        ᠪᠢᠳᠡ ᠬᠠᠮᠲᠤ ᠪᠠᠷ ᠠᠭᠤᠤ ᠶᠡᠭᠡ ᠡᠬᠡ ᠣᠷᠣᠨ ᠤ ᠪᠠᠨ ᠴᠡᠴᠡᠭᠯᠡᠨ ᠮᠠᠨᠳᠤᠵᠤ᠂ ᠲᠦᠷᠦ ᠲᠦᠪᠰᠢᠨ ᠲᠦᠮᠡᠨ ᠠᠮᠤᠭᠤᠯᠠᠩ ᠪᠠᠶᠢᠬᠤ ᠶᠢ ᠢᠷᠥᠭᠡᠶ᠎ᠡ︕ ᠪᠢᠳᠠ ᠬᠠᠮᠲᠤ ᠪᠠᠷ ᠠᠭᠤᠤ ᠶᠡᠭᠡ ᠡᠬᠡ ᠣᠷᠣᠨ ᠤ ᠪᠠᠨ ᠴᠡᠴᠡᠭᠯᠡᠨ ᠮᠠᠨᠳᠤᠬᠤ ᠶᠢ ᠢᠷᠥᠭᠡᠶ᠎ᠡ︕ ᠵᠢᠨᠢᠩ ᠤᠨ ᠮᠠᠷᠭᠠᠰᠢ ᠨᠡᠩ ᠴᠡᠴᠡᠭᠯᠡᠨ ᠬᠥᠭᠵᠢᠵᠦ᠂ ᠨᠡᠩ ᠰᠠᠶᠢᠨ ᠰᠠᠶᠢᠬᠠᠨ ᠪᠣᠯᠬᠤ ᠶᠢ ᠢᠷᠥᠭᠡᠶ᠎ᠡ︕ ᠪᠦᠬᠦ  ᠲᠤᠭᠤᠷᠢᠭ ᠤᠨ ᠠᠷᠠᠳ ᠲᠦᠮᠡᠨ ᠤ ᠠᠮᠤᠷ ᠵᠢᠷᠭᠠᠯ ᠢ ᠲᠦᠷᠪᠡᠨ ᠤᠯᠠᠷᠢᠯ ᠳᠤ ᠬᠦᠷᠭᠡᠵᠦ᠂ ᠠᠮᠤᠷ ᠠᠮᠤᠭᠤᠯᠠᠩ᠂ ᠯᠣᠣ ᠵᠢᠯ ᠤᠨ ᠪᠠᠶᠠᠷ ᠢ ᠪᠡᠯᠭᠡᠯᠡᠬᠦ ᠶᠢ ᠢᠷᠥᠭᠡᠶ᠎ᠡ︕ 
 
ᠢᠷᠡᠯᠲᠡ᠄ ᠵᠢᠨᠢᠩ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2