ᠵᠠᠩ ᠶᠦᠩ ᠸᠧᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ ᠲᠤᠬᠠᠢ ᠲᠤᠰᠬᠠᠢ ᠰᠡᠳᠦᠪ ᠢᠶᠠᠷ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/4/10
705470.jpg
    4 ᠰᠠᠷ᠎ᠠ ᠶᠢᠨ 9᠎ ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠵᠠᠩ ᠶᠦᠩ ᠸᠧᠨ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ ᠲᠤᠬᠠᠶ ᠲᠤᠰᠬᠠᠶ ᠰᠡᠳᠦᠪ ᠢᠶᠠᠷ  ᠪᠠᠶᠢᠴᠠᠭᠠᠨ ᠰᠤᠳᠤᠯᠤᠯᠲᠠ ᠬᠢᠪᠠ᠃     ᠵᠠᠩ ᠶᠦᠩ ᠸᠧᠨ ᠤᠷᠢᠳ ᠬᠤᠵᠢᠳ ᠰᠢᠨᠬᠤᠸᠠ ᠵᠡᠭᠡᠯᠢ ᠶᠢᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠂ ᠲᠣᠭᠤᠷᠢᠭ ᠤᠨ ᠠᠷᠠᠳ ᠤᠨ ᠰᠢᠭᠦᠬᠦ ᠬᠤᠷᠢᠶ᠎ᠠ᠂ ᠲᠣᠭᠤᠷᠢᠭ ᠤᠨ ᠬᠤᠳᠠ ᠶᠢᠨ ᠪᠡᠯᠡ ᠣᠷᠣᠭᠤᠯᠤᠯᠲᠠ ᠶᠢᠨ ᠺᠣᠮᠫᠠᠨᠢ ᠳᠤ ᠬᠦᠷᠴᠦ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠬᠠᠷᠢᠭᠤ ᠮᠡᠳᠡᠭᠦᠯᠦᠯᠲᠡ ᠰᠣᠨᠣᠰᠬᠤ᠂ ᠮᠠᠲ᠋ᠧᠷᠢᠶᠠᠯ ᠪᠠᠶᠢᠴᠠᠭᠠᠨ ᠦᠵᠡᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠡᠯ᠎ᠡ ᠨᠢᠭᠡᠴᠢ ᠶᠢᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ᠂ ᠨᠠᠮ ᠤᠨ ᠪᠠᠶᠢᠭᠤᠯᠤᠯᠲᠠ ᠶᠢᠨ ᠠᠵᠢᠯ ᠢ ᠥᠷᠨᠢᠭᠦᠯᠦᠭᠰᠡᠨ ᠵᠡᠷᠭᠡ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ ᠲᠤᠬᠠᠢ ᠪᠣᠳᠠᠲᠠᠢ ᠱᠠᠭᠠᠷᠳᠠᠯᠭ᠎ᠠ ᠳᠤᠷᠠᠳᠴᠠᠢ᠃     ᠵᠠᠩ ᠶᠦᠩ ᠸᠧᠨ ᠬᠡᠯᠡᠭᠰᠡᠨ ᠨᠢ ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠶᠡᠷᠦᠩᠬᠡᠢ ᠱᠦᠵᠢ ᠰᠢ ᠶᠢᠨ ᠫᠢᠩ ᠎ ᠤᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠲᠤᠬᠠᠢ ᠴᠢᠬᠤᠯᠠ ᠥᠭᠦᠯᠡᠯᠲᠡ ᠶᠢ  ᠭᠤᠶᠢᠪᠢᠰᠢ ᠦᠭᠡᠢ ᠨᠠᠶᠢᠳᠠᠪᠤᠷᠢᠵᠢᠭᠤᠯᠵᠤ᠂ ︽ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶᠎ ᠶᠢᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠲᠣᠭᠲᠠᠭᠠᠯ︾᠎ ᠢ  ᠬᠢᠨᠠᠮᠠᠭᠠᠢ ᠰᠤᠷᠤᠯᠴᠠᠵᠤ᠂ ᠡᠷᠡᠰ ᠴᠢᠩᠭ᠎ᠠ ᠣᠪᠣᠷ᠂  ᠯᠠᠪᠳᠠᠭᠤᠨ ᠪᠠᠲᠤᠲᠠᠢ ᠠᠷᠭ᠎ᠠ ᠬᠡᠮᠵᠢᠶ᠎ᠡ ᠪᠠᠷ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠬᠤ ᠬᠡᠷᠡᠭᠲᠡᠢ᠃ ᠨᠠᠮ ᠢ ᠬᠠᠮᠢᠶᠠᠷᠴᠤ ᠨᠠᠮ ᠢ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠪᠠᠲᠤ ᠡᠭᠦᠷᠭᠡᠯᠡᠵᠦ᠂ ︽ᠬᠤᠶᠠᠷ ᠬᠠᠷᠢᠭᠤᠴᠠᠯᠭ᠎ᠠ︾᠎ ᠶᠢ ᠨᠠᠶᠢᠳᠠᠪᠤᠷᠢᠵᠢᠭᠤᠯᠵᠤ᠂ ︽ᠨᠢᠭᠡ ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ︾᠎ ᠶᠢ ᠦᠨᠡᠨᠬᠦ ᠭᠦᠢᠴᠡᠳᠬᠡᠵᠦ᠂ ᠪᠡᠶ᠎ᠡ ᠪᠠᠷ ᠢᠶᠠᠨ ᠬᠡᠪ ᠲᠦᠷᠢᠮ ᠪᠤᠯᠵᠤ᠂ ᠳᠡᠭᠡᠳᠦ ᠱᠠᠳᠤ ᠨᠢ ᠲᠤᠤᠷᠠᠳᠤ ᠱᠠᠳᠤ ᠪᠠᠨ ᠳᠠᠭᠠᠭᠤᠯᠵᠤ᠂ ᠲᠥᠪ ᠤᠨ  ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠲᠦᠷᠦᠭᠦᠯᠡᠨ ᠴᠢᠩᠭ᠎ᠠ ᠬᠡᠷᠡᠭᠵᠢᠭᠦᠯᠵᠦ᠂ ᠪᠡᠶ᠎ᠡ ᠪᠠᠨ ᠴᠢᠩᠭ᠎ᠠ ᠱᠠᠭᠠᠷᠳᠠᠵᠤ᠂ ᠬᠠᠷᠢᠶᠠᠯᠠᠵᠤ ᠪᠠᠶᠢᠭ᠎ᠠ ᠵᠦᠢᠯ ᠢᠶᠠᠨ ᠴᠢᠩᠭ᠎ᠠ ᠬᠠᠮᠢᠶᠠᠷᠬᠤ ᠶᠢ ᠦᠨᠡᠨᠬᠦ ᠪᠡᠶᠡᠯᠡᠭᠦᠯᠬᠦ ᠬᠡᠷᠡᠭᠲᠡᠢ᠃ ᠤᠨᠤᠯ ᠤᠨ ᠰᠤᠷᠤᠯᠴᠠᠯᠭ᠎ᠠ ᠶᠢ ᠴᠢᠩᠭᠠᠳᠬᠠᠵᠤ᠂ ᠠᠷᠠᠳ ᠲᠦᠮᠡᠨ ᠳᠤ ᠦᠢᠯᠡᠴᠢᠯᠡᠬᠦ ᠶᠢ ᠰᠠᠶᠢᠲᠤᠷ ᠠᠳᠬᠤᠵᠤ᠂ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠠᠷᠠᠳ ᠲᠦᠮᠡᠨ ᠳᠤ ᠦᠢᠯᠡᠴᠢᠯᠡᠬᠦ ᠳᠤᠮᠳᠠ ᠨᠡᠩ ᠪᠠᠲᠤ ᠴᠢᠩᠭ᠎ᠠ ᠬᠦᠴᠦᠨ ᠲᠠᠢ ᠪᠣᠯᠭᠠᠬᠤ ᠬᠡᠷᠡᠭᠲᠡᠢ᠃ ᠨᠠᠮ ᠤᠨ ᠬᠠᠤᠯᠢ ᠴᠠᠭᠠᠵᠠ ᠶᠢᠨ ᠠᠵᠢᠯ ᠳᠠᠬᠢ ᠬᠠᠷᠢᠴᠠᠯᠠᠰᠢ ᠦᠭᠡᠢ ᠤᠳᠤᠷᠢᠳᠤᠯᠭ᠎ᠠ ᠶᠢ ᠴᠢᠩᠭᠠᠳᠬᠠᠵᠤ᠂ ᠰᠢᠭᠦᠨ ᠲᠠᠰᠤᠯᠬᠤ᠂ ᠭᠦᠢᠴᠡᠳᠬᠡᠬᠦ ᠵᠡᠷᠭᠡ ᠡᠯ᠎ᠡ ᠵᠦᠢᠯ ᠤᠨ ᠠᠵᠢᠯ ᠢ ᠰᠠᠶᠢᠲᠤᠷ ᠬᠢᠵᠦ᠂ ᠠᠷᠠᠳ ᠤᠯᠠᠨ ᠤ ᠤᠯᠠᠨ ᠡᠰᠢᠲᠦ ᠬᠠᠤᠯᠢ ᠴᠠᠭᠠᠵᠠ ᠶᠢᠨ ᠬᠡᠷᠡᠭᠴᠡᠭᠡ ᠶᠢ ᠨᠡᠩ ᠰᠠᠶᠢᠲᠤᠷ ᠬᠠᠩᠭᠠᠵᠤ᠂ ᠠᠷᠠᠳ ᠤᠯᠠᠨ ᠳᠤ ᠲᠥᠪ ᠭᠤᠣᠯᠴᠢ ᠰᠢᠳᠤᠷᠭᠤ ᠶᠣᠰᠣ ᠶᠢ ᠦᠨᠡᠨ ᠬᠦ ᠮᠡᠳᠡᠷᠡᠭᠦᠯᠬᠦ ᠬᠡᠷᠡᠭᠲᠡᠢ᠃ ᠠᠵᠤ ᠠᠬᠤᠶᠢᠯᠠᠯ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠴᠢᠳᠠᠮᠵᠢ ᠶᠢ ᠭᠦᠢᠴᠡᠳ ᠪᠠᠳᠠᠷᠠᠭᠤᠯᠵᠤ᠂ ᠨᠠᠮ ᠤᠨ ᠤᠳᠤᠷᠢᠳᠤᠯᠭ᠎ᠠ ᠶᠢ ᠺᠣᠮᠫᠠᠨᠢ ᠶᠢᠨ ᠵᠠᠰᠠᠯᠲᠠ ᠶᠢᠨ ᠡᠯ᠎ᠡ ᠭᠤᠭᠴᠤᠭ᠎ᠠ ᠳᠤ ᠨᠠᠶᠢᠳᠠᠪᠤᠷᠢᠵᠢᠭᠤᠯᠵᠤ᠂ ︽ᠭᠤᠷᠪᠠᠨ ᠴᠢᠬᠤᠯᠠ ᠨᠢᠭᠡ ᠶᠡᠭᠡ︾ ᠬᠠᠮᠲᠤ ᠎ ᠶᠢᠨ ᠰᠢᠢᠳᠪᠦᠷᠢᠲᠦ ᠪᠤᠳᠤᠯᠭ᠎ᠠ ᠲᠣᠭᠲᠠᠭᠠᠬᠤ ᠵᠡᠷᠭᠡ ᠲᠦᠷᠢᠮ ᠢ  ᠬᠢᠨᠠᠮᠠᠭᠠᠢ ᠨᠠᠶᠢᠳᠠᠪᠤᠷᠢᠵᠢᠭᠤᠯᠵᠤ᠂ ᠨᠠᠮ ᠤᠨ ᠪᠠᠶᠢᠭᠤᠯᠤᠯᠲᠠ ᠶᠢᠨ ᠳᠠᠪᠠᠭᠤᠯᠢᠭ ᠢ ᠠᠵᠤ ᠠᠬᠤᠶᠢᠯᠠᠯ ᠤᠨ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠬᠤ ᠪᠠᠷ ᠴᠢᠷᠮᠠᠶᠢᠬᠤ ᠬᠡᠷᠡᠭᠲᠡᠢ᠃        ᠨᠠᠶᠢᠷᠠᠭᠤᠯᠤᠭᠴᠢ᠄ ᠸᠠᠩ ᠵᠢᠩ ᠵᠢᠩ᠂ ᠴᠢᠶᠤᠤ ᠮᠢᠨ ᠮᠢᠨ        ᠵᠢᠷᠤᠭ᠄ ᠸᠠᠩ ᠵᠢᠩ ᠵᠢᠩ᠂ ᠴᠢᠶᠤᠤ ᠮᠢᠨ ᠮᠢᠨ        ᠤᠷᠴᠢᠭᠤᠯᠤᠭᠴᠢ᠄  ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2