| | | | | | | | | 4 ᠰᠠᠷ᠎ᠠ ᠶᠢᠨ 7 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ | ᠬᠡᠯᠲᠡᠰ ᠠᠴᠠ ᠵᠢᠯᠤᠭᠤᠳᠴᠤ᠂ ᠥᠪᠥᠷ ᠮᠣᠩᠭᠤᠯ ᠤᠨ ᠤᠳᠬ᠎ᠠ ᠤᠷᠠᠯᠢᠭ ᠤᠨ ᠬᠢᠨ ᠤ ᠬᠤᠯᠪᠤᠭ᠎ᠠ ᠵᠡᠷᠭᠡ | ᠨᠢᠭᠡᠴᠢ ᠠᠴᠠ ᠵᠣᠬᠢᠶᠠᠨ ᠪᠠᠶᠢᠭᠤᠯᠤᠨ ᠵᠢᠷᠤᠵᠤ ᠲᠥᠯᠥᠪᠯᠡᠵᠦ ᠴᠤᠭᠯᠠᠭᠤᠯᠤᠭᠰᠠᠨ ᠤᠮᠠᠷᠠᠲᠤ ᠬᠢᠯᠢ ᠶᠢᠨ ᠰᠣᠶᠣᠯ ᠤᠨ | ᠢᠯᠡᠷᠬᠡᠶᠢᠯᠡᠯ ᠲᠡᠮᠳᠡᠭ ᠢ ᠵᠢᠩᠬᠢᠨᠢ ᠪᠠᠷ ᠨᠡᠶᠢᠲᠡᠯᠡᠪᠡ᠃ ᠤᠮᠠᠷᠠᠲᠤ ᠬᠢᠯᠢ ᠶᠢᠨ ᠰᠣᠶᠣᠯ ᠤᠨ ᠢᠯᠡᠷᠬᠡᠶᠢᠯᠡᠯ ᠲᠡᠮᠳᠡᠭ | ᠤᠮᠠᠷᠠᠲᠤ ᠬᠢᠯᠢ ᠶᠢᠨ ᠰᠣᠶᠣᠯ ᠤᠨ ᠢᠯᠡᠷᠬᠡᠶᠢᠯᠡᠯ ᠲᠡᠮᠳᠡᠭ ᠢ ᠵᠢᠷᠤᠵᠤ ᠲᠥᠯᠥᠪᠯᠡᠬᠦ ᠠᠵᠢᠯ ᠢ ᠥᠷᠨᠢᠭᠦᠯᠦᠭᠰᠡᠨ ᠠᠴᠠ | ᠨᠠᠭᠠᠰᠢ᠂ ᠴᠢᠩᠬᠤᠸᠠ ᠶᠡᠭᠡ ᠰᠤᠷᠭᠠᠭᠤᠯᠢ ᠶᠢᠨ ᠤᠷᠠᠨ ᠵᠢᠷᠤᠭ ᠤᠨ ᠳᠡᠭᠡᠳᠦ ᠰᠤᠷᠭᠠᠭᠤᠯᠢ᠂ ᠪᠡᠭᠡᠵᠢᠩ ᠤᠨ | ᠪᠠᠭᠰᠢ ᠶᠢᠨ ᠶᠡᠭᠡ ᠰᠤᠷᠭᠠᠭᠤᠯᠢ ᠶᠢᠨ ᠤᠷᠠᠯᠢᠭ ᠬᠢᠭᠡᠳ ᠵᠠᠭᠤᠴᠢᠯᠠᠭᠤᠷ ᠤᠨ ᠳᠡᠭᠡᠳᠦ ᠰᠤᠷᠭᠠᠭᠤᠯᠢ᠂ ᠥᠪᠥᠷ | ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠤᠷᠠᠨ ᠵᠢᠷᠤᠭ ᠤᠨ ᠳᠡᠭᠡᠳᠦ ᠰᠤᠷᠭᠠᠭᠤᠯᠢ ᠵᠡᠷᠭᠡ ᠨᠢᠭᠡ ᠪᠦᠯᠦᠭ | ᠲᠤᠰᠬᠠᠢ ᠮᠡᠷᠭᠡᠵᠢᠯ ᠤᠨ ᠪᠦᠯᠭᠦᠮ ᠲᠥᠰᠥᠯ ᠤᠨ ᠵᠢᠷᠤᠵᠤ ᠲᠥᠯᠥᠪᠯᠡᠬᠦ ᠳᠤ ᠣᠷᠣᠯᠴᠠᠵᠤ᠂ ᠨᠡᠶᠢᠳᠠ 234 | ᠤᠮᠠᠷᠠᠲᠤ ᠬᠢᠯᠢ ᠶᠢᠨ ᠰᠣᠶᠣᠯ ᠤᠨ ᠢᠯᠡᠷᠬᠡᠶᠢᠯᠡᠯ ᠲᠡᠮᠳᠡᠭ ᠢ ᠵᠢᠷᠤᠵᠤ ᠲᠥᠯᠥᠪᠯᠡᠭᠰᠡᠨ ᠲᠥᠰᠥᠯ ᠢ ᠴᠤᠭᠯᠠᠭᠤᠯᠪᠠ᠃ | ᠲᠤᠰᠬᠠᠢ ᠮᠡᠷᠭᠡᠵᠢᠯᠲᠡᠨ ᠤ ᠣᠯᠠᠨ ᠤᠳᠠᠭᠠᠨ ᠤ ᠰᠢᠯᠭᠠᠷᠠᠭᠤᠯᠤᠯᠲᠠ ᠪᠠᠷ ᠳᠡᠮᠵᠢᠵᠤ᠂ ᠴᠢᠩᠬᠤᠸᠠ ᠶᠡᠭᠡ | ᠰᠤᠷᠭᠠᠭᠤᠯᠢ ᠶᠢᠨ ᠤᠷᠠᠨ ᠵᠢᠷᠤᠭ ᠤᠨ ᠳᠡᠭᠡᠳᠦ ᠰᠤᠷᠭᠠᠭᠤᠯᠢ ᠶᠢᠨ ᠵᠢᠷᠤᠵᠤ ᠲᠥᠯᠥᠪᠯᠡᠭᠰᠡᠨ ᠤᠮᠠᠷᠠᠲᠤ ᠬᠢᠯᠢ ᠶᠢᠨ | ᠰᠣᠶᠣᠯ ᠤᠨ ᠢᠯᠡᠷᠬᠡᠶᠢᠯᠡᠯ ᠲᠡᠮᠳᠡᠭ ᠡᠴᠦᠰ ᠲᠡᠭᠡᠨ ᠰᠢᠯᠭᠠᠷᠠᠭᠤᠯᠤᠭᠳᠠᠪᠠ᠃ ᠤᠮᠠᠷᠠᠲᠤ ᠬᠢᠯᠢ ᠶᠢᠨ ᠰᠣᠶᠣᠯ ᠤᠨ | ᠢᠯᠡᠷᠬᠡᠶᠢᠯᠡᠯ ᠲᠡᠮᠳᠡᠭ ᠨᠢ ᠪᠦᠬᠦᠯᠢ ᠴᠣᠭᠴᠠ ᠪᠠᠷ ᠢᠶᠠᠨ ᠤᠯᠠᠭᠠᠨ ᠲᠤᠭ ᠤᠨ ᠭᠡᠯᠪᠡᠷᠢ ᠲᠠᠢ ᠪᠠᠶᠢᠵᠤ᠂ ᠤᠯᠠᠭᠠᠨ | ᠥᠩᠭᠡ ᠪᠠᠷ ᠭᠤᠣᠯᠯᠠᠵᠤ᠂ ᠨᠠᠮ ᠤᠨ ᠤᠳᠤᠷᠢᠳᠤᠯᠭ᠎ᠠ ᠳᠣᠣᠷ᠎ᠠ᠂ ᠥᠪᠥᠷ ᠮᠣᠩᠭᠤᠯ ᠤᠨ | ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠤᠪᠢᠰᠬᠠᠯ ᠤᠨ ᠤᠳᠤᠮᠰᠢᠯ ᠢᠶᠠᠨ ᠤᠯᠠᠮᠵᠢᠯᠠᠨ ᠵᠠᠯᠭᠠᠮᠵᠢᠯᠠᠬᠤ ᠶᠢ | ᠪᠡᠯᠭᠡᠳᠡᠭᠰᠡᠨ ᠪᠠᠶᠢᠨ᠎ᠠ᠃ ᠵᠡᠭᠦᠨ ᠠᠴᠠ ᠪᠠᠷᠠᠭᠤᠨᠰᠢ ᠢᠯᠡᠷᠬᠡᠶᠢᠯᠡᠯ ᠲᠡᠮᠳᠡᠭ ᠤᠨ ᠡᠮᠦᠨ᠎ᠡ ᠦᠵᠦᠭᠦᠷ ᠨᠢ ᠮᠣᠷᠢᠨ ᠤ | ᠲᠣᠯᠣᠭᠠᠢ᠂ ᠬᠤᠶᠢᠲᠤ ᠦᠵᠦᠭᠦᠷ ᠨᠢ ᠬᠡᠶᠢᠰᠴᠦ ᠪᠠᠶᠢᠭ᠎ᠠ ᠲᠠᠯ ᠪᠠᠶᠢᠵᠤ᠂ ᠬᠠᠷᠠᠭᠠᠨ ᠰᠡᠷᠡᠯ ᠤᠨ ᠲᠠᠯ᠎ᠠ ᠪᠠᠷ ᠳᠠᠪᠬᠢᠨ | ᠤᠷᠤᠭᠰᠢᠯᠠᠵᠤ ᠪᠠᠶᠢᠭ᠎ᠠ ᠮᠣᠩᠭᠤᠯ ᠮᠣᠷᠢᠨ ᠤ ᠳᠦᠷᠰᠦ ᠪᠠᠶᠢᠳᠠᠯ ᠢᠯᠡᠷᠡᠵᠦ᠂ ︽ᠬᠦᠴᠢᠷ ᠪᠡᠷᠬᠡᠰᠢᠶᠡᠯ ᠢ ᠳᠠᠭᠠᠭᠠᠵᠤ᠂ | ᠴᠤᠴᠠᠰᠢ ᠦᠭᠡᠢ ᠤᠷᠤᠭᠰᠢᠯᠠᠵᠤ᠂ ᠵᠣᠷᠢᠭᠰᠠᠨ ᠳᠠᠭᠠᠨ ᠵᠠᠪᠠᠯ ᠬᠦᠷᠬᠦ︾ ᠮᠣᠩᠭᠤᠯ ᠮᠣᠷᠢᠨ ᠤ ᠵᠣᠷᠢᠭ ᠰᠠᠨᠠᠭ᠎ᠠ ᠶᠢ | ᠪᠡᠯᠭᠡᠳᠡᠵᠡᠢ᠃ ᠤᠯᠠᠭᠠᠨ ᠲᠤᠭ ᠢᠯᠡᠷᠬᠡᠶᠢᠯᠡᠯ ᠲᠡᠮᠳᠡᠭ ᠤᠨ ᠳᠣᠣᠷ᠎ᠠ ᠦᠵᠦᠭᠦᠷ ᠨᠢ ᠤᠷᠲᠤ ᠴᠠᠭᠠᠨ ᠬᠡᠷᠡᠮ᠂ | ᠬᠠᠲᠤᠨ ᠭᠤᠣᠯ ᠤᠨ ︽ᠲᠣᠬᠤᠢ ᠶᠢᠨ ᠬᠡᠰᠡᠭ︾ ᠪᠠ ᠲᠠᠯ᠎ᠠ ᠨᠤᠲᠤᠭ ᠪᠣᠯᠣᠨ᠎ᠠ᠃ ᠣᠷᠳᠣ ᠴᠠᠭᠠᠨ ᠬᠡᠷᠡᠮ ᠪᠣᠯᠣᠨ | ᠬᠠᠲᠤᠨ ᠭᠤᠣᠯ ᠥᠪᠥᠷ ᠮᠣᠩᠭᠤᠯ ᠳᠤ ᠲᠠᠪᠤᠳᠠ ᠵᠣᠯᠭᠠᠵᠤ᠂ ᠳᠤᠮᠳᠠᠳᠤ ᠶᠢᠨ ᠪᠣᠯᠪᠠᠰᠤᠨ ᠤ ᠭᠡᠷᠡᠯ ᠰᠠᠴᠤᠷᠠᠩᠭᠤᠢ | ᠠᠮᠵᠢᠯᠲᠠ ᠶᠢ ᠠᠴᠢᠶᠠᠯᠠᠵᠤ᠂ ᠤᠮᠠᠷᠠᠲᠤ ᠬᠢᠯᠢ ᠶᠢᠨ ᠡᠬᠡ ᠭᠠᠵᠠᠷ ᠳᠡᠭᠡᠷᠡᠬᠢ ᠭᠦᠨ ᠵᠤᠵᠠᠭᠠᠨ ᠲᠡᠦᠬᠡ ᠰᠣᠶᠣᠯ ᠪᠠ | ᠡᠯᠪᠡᠭ ᠪᠠᠶᠠᠯᠢᠭ ᠰᠣᠶᠣᠯ ᠢᠷᠭᠡᠨᠰᠢᠯ ᠤᠨ ᠡᠬᠢ ᠪᠠᠶᠠᠯᠢᠭ ᠢ ᠢᠯᠡᠷᠡᠭᠦᠯᠪᠡ᠃ ᠤᠯᠠᠭᠠᠨ ᠲᠤᠭ ᠤᠨ ᠵᠢᠭᠠᠭᠰᠠᠨ ᠴᠢᠭᠯᠡᠯ | ᠪᠣᠯ ᠮᠣᠩᠭᠤᠯ ᠮᠣᠷᠢᠨ ᠤ ᠳᠡᠭᠦᠯᠢᠨ ᠤᠷᠤᠭᠰᠢᠯᠠᠬᠤ ᠴᠢᠭᠯᠡᠯ ᠮᠥᠨ᠂ ᠨᠠᠮ ᠤᠨ ᠤᠳᠤᠷᠢᠳᠤᠯᠭ᠎ᠠ ᠳᠣᠣᠷ᠎ᠠ ᠥᠪᠥᠷ | ᠮᠣᠩᠭᠤᠯ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠵᠤ᠂ | ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠥᠪᠥᠷ | ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠶᠢ ᠪᠡᠯᠭᠡᠳᠡᠪᠡ᠃ ᠢᠯᠡᠷᠬᠡᠶᠢᠯᠡᠯ ᠲᠡᠮᠳᠡᠭ ᠤᠨ ᠪᠠᠷᠠᠭᠤᠨ | ᠳᠡᠭᠡᠷ᠎ᠡ ᠲᠠᠯ᠎ᠠ ᠳᠠᠬᠢ ︽ᠤᠮᠠᠷᠠᠲᠤ ᠬᠢᠯᠢ ᠶᠢᠨ ᠰᠣᠶᠣᠯ︾ ᠤᠨ ᠲᠠᠮᠠᠭ᠎ᠠ ᠨᠢ ᠳᠤᠮᠳᠠᠳᠤ ᠶᠢᠨ ᠰᠢᠯᠢᠳᠡᠭ | ᠤᠯᠠᠮᠵᠢᠯᠠᠯᠲᠤ ᠰᠣᠶᠣᠯ ᠤᠨ ᠠᠭᠤᠯᠤᠭᠳᠠᠬᠤᠨ ᠪᠠ ᠭᠦᠭ ᠠᠶᠠᠰ ᠢ ᠬᠦᠴᠦᠯᠡᠨ ᠢᠯᠡᠷᠡᠭᠦᠯᠵᠡᠢ᠃ | ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ |