| | | ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 8 ᠤ ᠴᠠᠭᠢᠯᠭᠠᠨ ᠮᠡᠳᠡᠭᠡ 4 ᠰᠠᠷ᠎ᠠ ᠶᠢᠨ 8 ᠤ ᠡᠳᠦᠷ᠂ | ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠸᠢᠶᠧᠳ᠋ᠨᠠᠮ ᠤᠨ | ᠤᠯᠤᠰ ᠤᠨ ᠬᠤᠷᠠᠯ ᠤᠨ ᠲᠡᠷᠢᠭᠦᠯᠡᠭᠴᠢ ᠸᠠᠩ ᠲᠢᠩ ᠬᠤᠢ ᠲᠠᠢ ᠠᠭᠤᠯᠵᠠᠪᠠ᠃ | ᠰᠢ ᠶᠢᠨ ᠫᠢᠩ ᠸᠠᠩ ᠲᠢᠩ ᠬᠤᠢ ᠪᠠᠷ ᠳᠠᠮᠵᠢᠭᠤᠯᠤᠨ ᠶᠡᠷᠦᠩᠬᠡᠢ ᠱᠦᠵᠢ ᠷᠤᠸᠠᠨ ᠹᠦ᠋ ᠵᠦᠩ ᠳᠤ ᠳᠣᠲᠣᠨᠣ | ᠮᠡᠨᠳᠦᠴᠢᠯᠡᠯ ᠳᠡᠪᠰᠢᠭᠦᠯᠪᠡ᠃ ᠰᠢ ᠶᠢᠨ ᠫᠢᠩ᠂ ᠨᠢᠳᠤᠨᠤᠨ ᠵᠢᠯ ᠤᠨ ᠰᠡᠭᠦᠯᠴᠢ ᠪᠠᠷ ᠪᠢ ᠸᠢᠶᠧᠳ᠋ᠨᠠᠮ ᠳᠤ ᠠᠶᠢᠯᠴᠢᠯᠠᠯᠲᠠ | ᠬᠢᠬᠦ ᠬᠤᠭᠤᠴᠠᠭᠠᠨ ᠳᠤ᠂ ᠶᠡᠷᠦᠩᠬᠡᠢ ᠱᠦᠵᠢ ᠷᠤᠸᠠᠨ ᠹᠦ᠋ ᠵᠦᠩ ᠲᠠᠢ ᠬᠠᠮᠲᠤ ᠪᠠᠷ ᠪᠠᠶᠢᠯᠳᠤᠬᠤ ᠪᠣᠳᠣᠯᠭ᠎ᠠ ᠶᠢᠨ ᠠᠴᠢ | ᠬᠤᠯᠪᠣᠭᠳᠠᠯ ᠲᠠᠢ ᠳᠤᠮᠳᠠᠳᠤ ᠸᠢᠶᠧᠳ᠋ᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠤᠨ᠎ᠠ ᠭᠡᠵᠦ | ᠨᠡᠶᠢᠲᠡᠯᠡᠵᠦ᠂ ᠳᠤᠮᠳᠠᠳᠤ ᠸᠢᠶᠧᠳ᠋ᠨᠠᠮ ᠤᠨ ᠬᠠᠷᠢᠯᠴᠠᠭᠠᠨ ᠤ ᠰᠢᠨ᠎ᠡ ᠬᠠᠭᠤᠳᠠᠰᠤ ᠶᠢ ᠨᠡᠭᠡᠭᠡᠪᠡ᠃ ᠬᠤᠶᠠᠷ ᠲᠠᠯ᠎ᠠ ᠶᠢᠨ | ᠬᠠᠮᠲᠤ ᠶᠢᠨ ᠴᠢᠷᠮᠠᠶᠢᠯᠭ᠎ᠠ ᠪᠠᠷ᠂ ᠮᠢᠨᠤ ᠶᠡᠷᠦᠩᠬᠡᠢ ᠱᠦᠵᠢ ᠷᠤᠸᠠᠨ ᠹᠦ᠋ ᠵᠦᠩ ᠯᠦᠭᠡ ᠲᠣᠬᠢᠷᠠᠯᠴᠠᠭᠰᠠᠨ ᠬᠠᠮᠲᠤ ᠶᠢᠨ | ᠲᠠᠨᠢᠯᠲᠠ ᠶᠠᠭ ᠨᠠᠶᠢᠳᠠᠪᠤᠷᠢᠵᠢᠭᠤᠯᠤᠭᠳᠠᠵᠤ ᠪᠠᠶᠢᠨ᠎ᠠ᠃ ᠵᠣᠷᠢᠭ ᠨᠢᠭᠡ ᠵᠣᠷᠢᠯᠲᠠ ᠠᠳᠠᠯᠢ᠂ ᠬᠤᠪᠢ ᠵᠠᠶᠠᠭ᠎ᠠ ᠨᠢᠭᠡᠲᠡᠢ | ᠪᠠᠶᠢᠬᠤ ᠪᠣᠯ ᠳᠤᠮᠳᠠᠳᠤ ᠸᠢᠶᠧᠳ᠋ᠨᠠᠮ ᠤᠨ ᠬᠠᠷᠢᠯᠴᠠᠭ᠎ᠠ ᠶᠢᠨ ᠬᠠᠮᠤᠭ ᠤᠨ ᠢᠯᠡ ᠲᠣᠳᠣ ᠣᠨᠴᠠᠯᠢᠭ ᠪᠣᠯᠣᠨ᠎ᠠ᠂ ︽ᠨᠥᠬᠦᠷ | ᠪᠥᠭᠡᠳ ᠠᠬ᠎ᠠ ᠳᠡᠭᠦᠦ︾ ᠪᠣᠯ ᠳᠤᠮᠳᠠᠳᠤ ᠸᠢᠶᠧᠳ᠋ᠨᠠᠮ ᠤᠨ ᠬᠤᠶᠠᠷ ᠨᠠᠮ ᠬᠤᠶᠠᠷ ᠤᠯᠤᠰ ᠤᠨ ᠤᠯᠠᠮᠵᠢᠯᠠᠯᠲᠤ | ᠨᠥᠬᠦᠷᠯᠡᠯ ᠤᠨ ᠬᠠᠮᠤᠭ ᠤᠨ ᠠᠮᠢᠳᠤᠯᠢᠭ ᠵᠢᠷᠤᠭᠯᠠᠯ ᠮᠥᠨ᠃ ᠬᠤᠶᠠᠷ ᠲᠠᠯ᠎ᠠ ᠪᠠᠷ ᠢᠶᠠᠨ ᠬᠠᠮᠲᠤ ᠪᠠᠷ ᠴᠢᠷᠮᠠᠶᠢᠵᠤ᠂ | ᠳᠤᠮᠳᠠᠳᠤ ᠸᠢᠶᠧᠳ᠋ᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠨᠡᠩ ᠤᠯᠠᠨ ᠦᠷ᠎ᠡ | ᠪᠦᠲᠦᠭᠡᠯ ᠣᠯᠬᠤ ᠶᠢ ᠠᠬᠢᠭᠤᠯᠵᠤ᠂ ᠲᠤᠰ ᠲᠤᠰ ᠤᠨ ᠢᠶᠠᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤ | ᠦᠢᠯᠡᠴᠢᠯᠡᠵᠦ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠰᠠᠶᠢᠨ ᠪᠤᠶᠠᠨ ᠦᠢᠯᠡᠳᠬᠦ ᠶᠢᠨ ᠬᠠᠮᠲᠤ ᠳᠡᠯᠡᠬᠡᠢ ᠶᠢᠨ | ᠨᠡᠶᠢᠭᠡᠮ ᠵᠢᠷᠤᠮ ᠤᠨ ᠦᠢᠯᠡᠰ ᠲᠤ ᠨᠡᠩ ᠶᠡᠭᠡ ᠬᠤᠪᠢ ᠨᠡᠮᠡᠷᠢ ᠦᠵᠡᠭᠦᠯᠦᠶ᠎ᠡ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠣᠳᠣᠬᠠᠨ ᠳᠤ ᠳᠡᠯᠡᠬᠡᠢ ᠶᠢᠨ ᠪᠠ ᠭᠠᠵᠠᠷ ᠣᠷᠣᠨ ᠤ ᠪᠠᠶᠢᠳᠠᠯ ᠳᠤ ᠭᠦᠨᠵᠡᠭᠡᠢ ᠪᠤᠳᠤᠯᠢᠶᠠᠨᠲᠠᠢ | ᠬᠤᠪᠢᠷᠠᠯᠲᠠ ᠭᠠᠷᠴᠤ ᠪᠤᠢ᠂ ᠨᠡᠶᠢᠭᠡᠮ ᠵᠢᠷᠤᠮ ᠤᠨ ᠪᠠᠶᠢᠭᠤᠯᠤᠯ ᠢ ᠬᠠᠮᠠᠭᠠᠯᠠᠵᠤ᠂ ᠤᠯᠤᠰ ᠤᠨ ᠲᠣᠭᠲᠠᠭᠤᠨ ᠪᠠ | ᠬᠥᠭᠵᠢᠯᠲᠡ ᠶᠢ ᠬᠠᠮᠠᠭᠠᠯᠠᠬᠤ ᠪᠣᠯ ᠳᠤᠮᠳᠠᠳᠤ ᠸᠢᠶᠧᠳ᠋ᠨᠠᠮ ᠬᠤᠶᠠᠷ ᠲᠠᠯ᠎ᠠ ᠶᠢᠨ ᠬᠠᠮᠲᠤ ᠶᠢᠨ ᠠᠰᠢᠭ ᠲᠤᠰᠠ ᠪᠣᠯᠣᠨ᠎ᠠ᠃ | ᠬᠤᠶᠠᠷ ᠲᠠᠯ᠎ᠠ ᠪᠠᠷ ᠢᠶᠠᠨ ᠥᠨᠳᠥᠷ ᠲᠦᠪᠰᠢᠨ ᠪᠦᠬᠦᠢ ᠢᠲᠡᠭᠡᠯᠴᠡᠭᠡ ᠪᠠᠷ ᠳᠤᠮᠳᠠᠳᠤ ᠸᠢᠶᠧᠳ᠋ᠨᠠᠮ ᠤᠨ ᠬᠤᠪᠢ ᠵᠠᠶᠠᠭᠠᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠵᠤ᠂ ᠴᠢᠨᠠᠷ ᠰᠠᠶᠢᠲᠠᠢ ᠬᠠᠮᠲᠤᠷᠠᠯᠴᠠᠭ᠎ᠠ ᠪᠠᠷ ᠳᠤᠮᠳᠠᠳᠤ | ᠸᠢᠶᠧᠳ᠋ᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠰᠠᠭᠤᠷᠢ ᠶᠢ ᠪᠠᠬᠢᠵᠢᠭᠦᠯᠵᠦ᠂ ᠳᠡᠭᠡᠳᠦ ᠬᠡᠮᠵᠢᠶᠡᠨ ᠤ | ᠤᠯᠤᠰ ᠲᠦᠷᠦ ᠶᠢᠨ ᠤᠶᠤᠨ ᠤᠬᠠᠭᠠᠨ ᠢᠶᠠᠷ ᠳᠤᠮᠳᠠᠳᠤ ᠸᠢᠶᠧᠳ᠋ᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ | ᠪᠠᠶᠢᠭᠤᠯᠤᠯᠲᠠ ᠶᠢ ᠠᠬᠢᠭᠤᠯᠤᠶ᠎ᠠ᠃ ᠳᠤᠮᠳᠠᠳᠤ ᠤᠯᠤᠰ ᠳᠤᠷᠠᠲᠠᠶ᠎ᠠ ᠸᠢᠶᠧᠳ᠋ᠨᠠᠮ ᠤᠨ ᠬᠢᠨ ᠲᠠᠢ ᠨᠠᠮ ᠢ ᠵᠠᠰᠠᠵᠤ ᠲᠦᠷᠦ ᠶᠢ | ᠵᠠᠰᠠᠵᠤ ᠵᠠᠰᠠᠭ ᠢ ᠡᠷᠭᠢᠯᠡᠭᠦ ᠲᠤᠷᠰᠢᠯᠭ᠎ᠠ ᠶᠢᠨ ᠰᠣᠯᠢᠯᠴᠠᠭ᠎ᠠ ᠪᠠᠨ ᠴᠢᠩᠭᠠᠳᠬᠠᠵᠤ᠂ ᠳᠤᠮᠳᠠᠳᠤ ᠸᠢᠶᠧᠳ᠋ᠨᠠᠮ ᠤᠨ ᠬᠤᠶᠠᠷ | ᠲᠠᠯ᠎ᠠ ᠶᠢᠨ ᠬᠠᠮᠲᠤᠷᠠᠯᠴᠠᠭᠠᠨ ᠤ ᠵᠢᠯᠤᠭᠤᠳᠬᠤ ᠵᠥᠪᠯᠡᠯ ᠤᠨ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠦᠢᠯᠡᠳᠦᠯ ᠢ | ᠰᠠᠶᠢᠲᠤᠷ ᠪᠠᠳᠠᠷᠠᠭᠤᠯᠵᠤ᠂ ︽ ᠨᠢᠭᠡ ᠪᠦᠰᠡ ᠨᠢᠭᠡ ᠵᠠᠮ ︾ ᠢ ᠬᠠᠮᠲᠤ ᠪᠠᠷ ᠪᠦᠲᠦᠭᠡᠨ ᠪᠠᠶᠢᠭᠤᠯᠬᠤ ᠰᠠᠨᠠᠭᠠᠴᠢᠯᠠᠭ᠎ᠠ ᠪᠣᠯᠣᠨ | ︽ ᠬᠤᠶᠠᠷ ᠬᠤᠩᠭᠢᠯ ᠨᠢᠭᠡ ᠲᠣᠭᠤᠷᠢᠭ ︾ ᠤᠨ ᠪᠠᠶᠢᠯᠳᠤᠬᠤ ᠪᠣᠳᠣᠯᠭ᠎ᠠ ᠶᠢᠨ ᠵᠣᠯᠭᠠᠯᠴᠠᠭ᠎ᠠ ᠶᠢ ᠲᠦᠷᠭᠡᠳᠬᠡᠨ ᠠᠬᠢᠭᠤᠯᠵᠤ᠂ | ᠵᠠᠯᠠᠭᠤᠴᠤᠳ᠂ ᠨᠥᠭᠦᠷᠰᠡᠭ ᠬᠤᠳᠠ ᠵᠡᠷᠭᠡ ᠠᠷᠭ᠎ᠠ ᠵᠠᠮ ᠤᠨ ᠰᠣᠯᠢᠯᠴᠠᠭ᠎ᠠ ᠶᠢ ᠪᠠᠶᠠᠯᠢᠭᠵᠢᠭᠤᠯᠤᠨ᠎ᠠ᠃ ᠬᠤᠶᠠᠷ ᠲᠠᠯ᠎ᠠ ᠶᠢᠨ | ᠬᠠᠤᠯᠢ ᠲᠣᠭᠲᠠᠭᠠᠬᠤ ᠪᠠᠶᠢᠭᠤᠯᠤᠮᠵᠢ᠂ ᠡᠯ᠎ᠡ ᠲᠡᠰ ᠳᠠᠪᠬᠤᠷᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ | ᠬᠠᠤᠯᠢ ᠲᠣᠭᠲᠠᠭᠠᠬᠤ ᠬᠢᠨᠠᠯᠲᠠ ᠲᠠᠯᠪᠢᠬᠤ ᠲᠤᠷᠰᠢᠯᠭ᠎ᠠ ᠵᠡᠷᠭᠡ ᠲᠠᠯ᠎ᠠ ᠪᠠᠷ ᠬᠠᠷᠢᠯᠴᠠᠨ ᠰᠤᠷᠤᠯᠴᠠᠵᠤ ᠬᠠᠷᠢᠯᠴᠠᠨ | ᠲᠣᠯᠢᠳᠠᠬᠤ ᠪᠠᠨ ᠴᠢᠩᠭᠠᠳᠬᠠᠵᠤ᠂ ᠬᠤᠶᠠᠷ ᠤᠯᠤᠰ ᠤᠨ ᠠᠷᠠᠳ ᠤᠨ ᠬᠤᠭᠤᠷᠣᠨᠳᠣᠭᠢ ᠨᠥᠬᠦᠷᠯᠡᠯ ᠢ ᠵᠤᠵᠠᠭᠠᠳᠬᠠᠬᠤ ᠳᠤ | ᠴᠢᠬᠤᠯᠠ ᠦᠢᠯᠡᠳᠦᠯ ᠦᠵᠡᠭᠦᠯᠭᠦ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ᠃ | ᠸᠠᠩ ᠲᠢᠩ ᠬᠤᠢ ᠶᠡᠷᠦᠩᠬᠡᠢ ᠱᠦᠵᠢ ᠷᠤᠸᠠᠨ ᠹᠦ᠋ ᠵᠦᠩ ᠤᠨ ᠶᠡᠷᠦᠩᠬᠡᠢ ᠱᠦᠵᠢ ᠰᠢ ᠶᠢᠨ ᠫᠢᠩ ᠳᠤ ᠳᠡᠪᠰᠢᠭᠦᠯᠦᠭᠰᠡᠨ | ᠳᠣᠲᠣᠨᠣ ᠮᠡᠨᠳᠦᠴᠢᠯᠡᠯ ᠪᠣᠯᠣᠨ ᠰᠠᠶᠢᠨ ᠰᠠᠶᠢᠬᠠᠨ ᠵᠥᠩᠨᠡᠯ ᠢ ᠳᠠᠮᠵᠢᠭᠤᠯᠪᠠ᠃ ᠳᠡᠷᠡ᠂ ᠨᠥᠬᠦᠷ ᠪᠥᠭᠡᠳ ᠠᠬ᠎ᠠ ᠳᠡᠭᠦᠦ | ᠪᠣᠯᠤᠭᠰᠠᠨ ᠤ ᠬᠤᠪᠢ ᠳᠤ᠂ ᠸᠢᠶᠧᠳ᠋ᠨᠠᠮ ᠤᠨ ᠨᠠᠮ ᠪᠠ ᠵᠠᠰᠠᠭ ᠤᠨ ᠣᠷᠳᠣᠨ ᠳᠤᠮᠳᠠᠳᠤ ᠤᠯᠤᠰ ᠤᠨ ᠬᠥᠭᠵᠢᠯᠲᠡ | ᠳᠠᠪᠰᠢᠯᠲᠠ ᠶᠢ ᠳᠡᠭᠡᠳᠦ ᠬᠡᠮᠵᠢᠶ᠎ᠡ ᠪᠠᠷ ᠮᠠᠭᠲᠠᠨ ᠰᠠᠶᠢᠰᠢᠶᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠᠨ | ᠨᠠᠶᠢᠮᠠᠳᠤᠭᠠᠷ ᠶᠡᠭᠡ ᠬᠤᠷᠠᠯ ᠠᠴᠠ ᠨᠠᠭᠠᠰᠢᠬᠢ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠣᠯᠣᠭᠰᠠᠨ | ᠲᠡᠦᠬᠡᠲᠦ ᠴᠢᠨᠠᠷᠲᠠᠢ ᠠᠮᠵᠢᠯᠲᠠ ᠪᠦᠲᠦᠮᠵᠢ ᠶᠢ ᠴᠢᠩ ᠰᠡᠳᠬᠢᠯ ᠠᠴᠠ ᠪᠠᠨ ᠪᠢᠰᠢᠷᠡᠵᠦ ᠪᠠᠶᠢᠨ᠎ᠠ᠃ ᠡᠨᠡ ᠵᠢᠯ ᠤᠨ ᠳᠤᠮᠳᠠᠳᠤ | ᠤᠯᠤᠰ ᠤᠨ ᠬᠤᠶᠠᠷ ᠬᠤᠷᠠᠯ ᠠᠴᠠ ᠲᠣᠭᠲᠠᠭᠠᠭᠰᠠᠨ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ | ᠵᠡᠷᠭᠡ ᠬᠠᠷᠠᠯᠲᠠ ᠪᠣᠯ ᠨᠡᠶᠢᠭᠡᠮ ᠵᠢᠷᠤᠮ ᠤᠨ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠪᠠᠶᠢᠵᠤ᠂ ᠸᠢᠶᠧᠳ᠋ᠨᠠᠮ ᠳᠤ ᠠᠰᠢᠭᠲᠠᠢ | ᠯᠠᠪᠯᠠᠯᠲᠠ ᠬᠠᠩᠭᠠᠪᠠ᠃ ᠳᠤᠮᠳᠠᠳᠤ ᠤᠯᠤᠰ ᠯᠠᠪᠲᠠᠢ ᠲᠣᠭᠲᠠᠭᠰᠠᠨ ᠬᠤᠭᠤᠴᠠᠭᠠᠨ ᠳᠠᠭᠠᠨ ᠨᠡᠶᠢᠭᠡᠮ ᠵᠢᠷᠤᠮᠲᠤ | ᠣᠳᠣᠬᠢᠴᠢᠯᠠᠭᠰᠠᠨ ᠬᠦᠴᠦᠷᠬᠡᠭ ᠤᠯᠤᠰ ᠢ ᠪᠦᠭᠦ ᠲᠠᠯ᠎ᠠ ᠪᠠᠷ ᠪᠡᠶᠡᠯᠡᠭᠦᠯᠵᠦ᠂ ᠳᠡᠯᠡᠬᠡᠢ ᠶᠢᠨ ᠡᠩᠬᠡ ᠲᠠᠶᠢᠪᠤᠩ᠂ ᠲᠣᠭᠲᠠᠭᠤᠨ | ᠪᠣᠯᠣᠨ ᠬᠥᠭᠵᠢᠯᠲᠡ ᠶᠢ ᠠᠬᠢᠭᠤᠯᠬᠤ ᠳᠤ ᠴᠢᠬᠤᠯᠠ ᠬᠤᠪᠢ ᠨᠡᠮᠡᠷᠢ ᠦᠵᠡᠭᠦᠯᠭᠦ ᠶᠢ ᠢᠲᠡᠭᠡᠵᠦ ᠪᠠᠶᠢᠨ᠎ᠠ᠃ ᠸᠢᠶᠧᠳ᠋ᠨᠠᠮ ᠨᠢᠭᠡ | ᠳᠤᠮᠳᠠᠳᠤ ᠤᠯᠤᠰ ᠪᠠᠶᠢᠬᠤ ᠲᠦᠷᠦ ᠶᠢᠨ ᠪᠣᠳᠣᠯᠭ᠎ᠠ ᠶᠢ ᠡᠷᠡᠰ ᠬᠡᠷᠡᠭᠵᠢᠭᠦᠯᠵᠦ᠂ ᠲᠠᠶᠢᠸᠠᠨ ᠪᠣᠯ ᠳᠤᠮᠳᠠᠳᠤ ᠤᠯᠤᠰ ᠤᠨ | ᠨᠤᠲᠤᠭ ᠳᠡᠪᠢᠰᠬᠡᠷ ᠤᠨ ᠰᠠᠯᠵᠤ ᠪᠣᠯᠣᠰᠢ ᠦᠭᠡᠢ ᠨᠢᠭᠡ ᠬᠡᠰᠡᠭ ᠮᠥᠨ᠂ ᠶᠠᠮᠠᠷᠪᠠ ᠭᠡᠯᠪᠡᠷᠢ ᠶᠢᠨ ︽ ᠲᠠᠶᠢᠸᠠᠨ ᠢ ᠲᠤᠰᠠᠭᠠᠷ | ᠲᠣᠭᠲᠠᠨᠢᠭᠤᠯᠬᠤ ︾ ᠬᠠᠭᠠᠴᠠᠭᠤᠯᠬᠤ ᠠᠵᠢᠯᠯᠠᠭ᠎ᠠ ᠶᠢ ᠡᠷᠡᠰ ᠡᠰᠡᠷᠭᠦᠴᠡᠨ᠎ᠡ᠂ ᠰᠢᠶᠠᠩᠭᠠᠩ᠂ ᠰᠢᠨᠵᠢᠶᠠᠩ᠂ ᠲᠥᠪᠡᠳ ᠤᠨ | ᠬᠡᠷᠡᠭ ᠶᠠᠪᠤᠳᠠᠯ ᠪᠣᠯ ᠴᠥᠮ ᠳᠤᠮᠳᠠᠳᠤ ᠤᠯᠤᠰ ᠤᠨ ᠳᠣᠲᠣᠭᠠᠳᠤ ᠶᠠᠪᠤᠳᠠᠯ ᠮᠥᠨ᠂ ᠳᠤᠮᠳᠠᠳᠤ ᠤᠯᠤᠰ ᠯᠠᠪᠲᠠᠢ ᠤᠷᠳᠤ | ᠬᠤᠭᠤᠴᠠᠭᠠᠨ ᠤ ᠲᠣᠭᠲᠠᠭᠤᠨ ᠴᠡᠴᠡᠭᠯᠡᠯ ᠬᠥᠭᠵᠢᠯ ᠢᠶᠠᠨ ᠪᠠᠲᠤᠯᠠᠨ᠎ᠠ ᠭᠡᠵᠦ ᠦᠵᠡᠵᠦ ᠪᠠᠶᠢᠨ᠎ᠠ᠃ ᠸᠢᠶᠧᠳ᠋ᠨᠠᠮ ᠪᠡᠶ᠎ᠡ ᠪᠠᠨ | ᠳᠠᠭᠠᠭᠠᠵᠤ ᠡᠵᠡᠨ ᠮᠡᠳᠡᠬᠦ ᠭᠠᠳᠠᠭᠠᠳᠤ ᠬᠠᠷᠢᠯᠴᠠᠭᠠᠨ ᠤ ᠲᠥᠷᠥ ᠶᠢᠨ ᠪᠣᠳᠣᠯᠭ᠎ᠠ ᠶᠢ ᠪᠠᠷᠢᠮᠲᠠᠯᠠᠵᠤ᠂ ᠳᠤᠮᠳᠠᠳᠤ ᠤᠯᠤᠰ ᠢ | ᠸᠢᠶᠧᠳ᠋ᠨᠠᠮ ᠤᠨ ᠭᠠᠳᠠᠭᠠᠳᠤ ᠬᠠᠷᠢᠯᠴᠠᠭᠠᠨ ᠤ ᠲᠡᠷᠢᠭᠦᠨ ᠴᠢᠬᠤᠯᠠ ᠪᠠᠶᠢᠯᠳᠤᠬᠤ ᠪᠣᠳᠣᠯᠭ᠎ᠠ ᠶᠢᠨ ᠰᠣᠩᠭᠤᠯᠲᠠ ᠪᠤᠯᠭᠠᠵᠤ᠂ | ᠶᠡᠷᠦᠩᠬᠡᠢ ᠱᠦᠵᠢ ᠷᠤᠸᠠᠨ ᠹᠦ᠋ ᠵᠥᠩ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠲᠣᠭᠲᠠᠭᠠᠭᠰᠠᠨ ︽ ᠵᠢᠷᠭᠤᠭᠠᠨ ᠨᠠᠩ | ᠢᠯᠡᠭᠦᠦ ︾ ᠶᠢᠨ ᠬᠠᠷᠠᠯᠲᠠ ᠶᠣᠰᠣᠭᠠᠷ᠂ ᠳᠤᠮᠳᠠᠳᠤ ᠶᠢᠨ ᠲᠠᠯ᠎ᠠ ᠲᠠᠢ ᠡᠯ᠎ᠡ ᠲᠠᠰ ᠳᠠᠪᠬᠤᠷᠭ᠎ᠠ ᠶᠢᠨ ᠰᠣᠯᠢᠯᠴᠠᠭ᠎ᠠ | ᠬᠠᠮᠲᠤᠷᠠᠯᠴᠠᠭ᠎ᠠ ᠪᠠᠨ ᠨᠢᠭᠲᠠᠷᠠᠭᠤᠯᠵᠤ᠂ ᠥᠨᠳᠥᠷ ᠲᠦᠪᠰᠢᠨ ᠪᠦᠬᠦᠢ ᠤᠯᠤᠰ ᠲᠥᠷᠥ ᠶᠢᠨ ᠢᠲᠡᠭᠡᠯᠴᠡᠭᠡ ᠪᠠᠨ | ᠦᠷᠭᠦᠯᠵᠢᠯᠡᠨ ᠪᠠᠬᠢᠵᠢᠭᠦᠯᠵᠦ᠂ ︽ ᠬᠤᠶᠠᠷ ᠬᠤᠩᠭᠢᠯ ᠨᠢᠭᠡ ᠲᠣᠭᠤᠷᠢᠭ ︾ ᠪᠣᠯᠣᠨ ︽ ᠨᠢᠭᠡ ᠪᠦᠰᠡ ᠨᠢᠭᠡ ᠵᠠᠮ ︾ ᠤᠨ | ᠵᠣᠯᠭᠠᠯᠴᠠᠭ᠎ᠠ ᠶᠢ ᠢᠳᠡᠪᠬᠢᠲᠡᠢ ᠠᠬᠢᠭᠤᠯᠤᠨ᠎ᠠ᠃ ᠸᠢᠶᠧᠳ᠋ᠨᠠᠮ ᠤᠨ ᠤᠯᠤᠰ ᠤᠨ ᠬᠤᠷᠠᠯ ᠳᠤᠷᠠᠲᠠᠶ᠎ᠠ ᠳᠤᠮᠳᠠᠳᠤ ᠤᠯᠤᠰ ᠤᠨ | ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠯᠤᠭ᠎ᠠ ᠨᠢᠭᠲᠠ ᠶᠠᠪᠤᠯᠴᠠᠭ᠎ᠠ ᠰᠣᠯᠢᠯᠴᠠᠭ᠎ᠠ ᠪᠠᠨ | ᠪᠠᠲᠤᠯᠠᠵᠤ᠂ ᠬᠤᠶᠠᠷ ᠤᠯᠤᠰ ᠤᠨ ᠠᠷᠠᠳ ᠤᠨ ᠬᠤᠭᠤᠷᠣᠨᠳᠣᠭᠢ ᠨᠥᠬᠦᠷᠯᠡᠯ ᠢ ᠪᠠᠬᠢᠵᠢᠭᠦᠯᠬᠦ᠂ ᠪᠠᠶᠢᠯᠳᠤᠬᠤ ᠪᠣᠳᠣᠯᠭ᠎ᠠ ᠶᠢᠨ | ᠠᠴᠢ ᠬᠤᠯᠪᠣᠭᠳᠠᠯ ᠲᠠᠢ ᠸᠢᠶᠧᠳ᠋ᠨᠠᠮ ᠳᠤᠮᠳᠠᠳᠤ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ | ᠠᠬᠢᠭᠤᠯᠬᠤ ᠳᠤ ᠢᠳᠡᠪᠬᠢᠲᠡᠢ ᠦᠢᠯᠡᠳᠦᠯ ᠦᠵᠡᠭᠦᠯᠦᠨ᠎ᠡ ᠭᠡᠵᠦ ᠢᠯᠡᠳᠬᠡᠪᠡ᠃ | ᠸᠠᠩ ᠢ᠂ ᠸᠠᠩ ᠳ᠋ᠦᠩ ᠮᠢᠩ ᠠᠭᠤᠯᠵᠠᠯᠲᠠ ᠳᠤ ᠣᠷᠣᠯᠴᠠᠵᠠᠢ᠃ | |