| | | | 4 ᠰᠠᠷ᠎ᠠ ᠶᠢᠨ 9 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ | ᠶᠡᠭᠡ ᠬᠤᠷᠠᠯ ᠤᠨ ᠲᠠᠩᠬᠢᠮ ᠳᠤ ᠤᠷᠤᠰ ᠤᠨ ᠭᠠᠳᠠᠭᠠᠳᠤ ᠶᠠᠪᠤᠳᠠᠯ ᠤᠨ ᠶᠠᠮᠤᠨ ᠤ ᠰᠠᠶᠢᠳ ᠯᠠᠹᠯᠤᠹ ᠲᠠᠢ ᠠᠭᠤᠯᠵᠠᠪᠠ᠃ | ᠰᠢ ᠶᠢᠨ ᠫᠢᠩ ᠯᠠᠹᠯᠤᠹ ᠢᠶᠠᠷ ᠳᠠᠮᠵᠢᠭᠤᠯᠵᠤ ᠶᠡᠷᠦᠩᠬᠡᠶᠢᠯᠡᠭᠴᠢ ᠫᠦᠲ᠋ᠢᠨ ᠳᠤ ᠴᠢᠩ ᠰᠡᠳᠬᠢᠯ ᠤᠨ ᠮᠡᠨᠳᠦᠴᠢᠯᠡᠯ | ᠳᠡᠪᠰᠢᠭᠦᠯᠪᠡ᠃ ᠰᠢ ᠶᠢᠨ ᠫᠢᠩ᠂ ᠡᠨᠡ ᠵᠢᠯ ᠪᠣᠯ ᠳᠤᠮᠳᠠᠳᠤ ᠤᠷᠤᠰ ᠤᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 75 | ᠵᠢᠯ ᠤᠨ ᠤᠢ ᠪᠣᠯᠣᠨ᠎ᠠ᠃ ᠳᠤᠮᠳᠠᠳᠤ ᠤᠷᠤᠰ ᠬᠤᠶᠠᠷ ᠤᠯᠤᠰ ᠭᠠᠷ ᠬᠤᠯᠪᠣᠯᠴᠠᠨ ᠲᠣᠮᠣ ᠤᠯᠤᠰ᠂ ᠬᠥᠷᠰᠢ ᠤᠯᠤᠰ ᠤᠨ | ᠡᠶ᠎ᠡ ᠨᠠᠶᠢᠷᠲᠠᠢ ᠬᠠᠮᠲᠤ ᠣᠷᠣᠰᠢᠬᠤ᠂ ᠬᠠᠮᠲᠤᠷᠠᠯᠴᠠᠭ᠎ᠠ ᠬᠢᠵᠦ ᠬᠠᠮᠲᠤ ᠪᠠᠷ ᠠᠰᠢᠭ ᠭᠦᠷᠳᠡᠭᠦ ᠰᠢᠨ᠎ᠡ ᠵᠠᠮ ᠢᠶᠠᠷ ᠵᠠᠮᠨᠠᠵᠤ᠂ | ᠬᠤᠶᠠᠷ ᠤᠯᠤᠰ ᠪᠣᠯᠣᠨ ᠬᠤᠶᠠᠷ ᠤᠯᠤᠰ ᠤᠨ ᠠᠷᠠᠳ ᠲᠦᠮᠡᠨ ᠳᠤ ᠪᠤᠶᠠᠨ ᠦᠢᠯᠡᠳᠦᠭᠰᠡᠨ ᠪᠥᠭᠡᠳ ᠳᠡᠯᠡᠬᠡᠢ ᠶᠢᠨ ᠲᠥᠪ | ᠭᠤᠣᠯᠴᠢ ᠰᠢᠳᠤᠷᠭᠤ ᠶᠣᠰᠣᠨ ᠤ ᠲᠥᠯᠥᠭᠡ ᠤᠶᠤᠨ ᠤᠬᠠᠭᠠᠨ ᠪᠣᠯᠣᠨ ᠬᠦᠴᠦᠨ ᠴᠢᠳᠠᠯ ᠢᠶᠠᠨ ᠡᠷᠭᠦᠭᠰᠡᠨ ᠶᠤᠮ᠃ ᠪᠢ | ᠶᠡᠷᠦᠩᠬᠡᠶᠢᠯᠡᠭᠴᠢ ᠫᠦᠲ᠋ᠢᠨ ᠲᠠᠢ ᠨᠢᠭᠲᠠ ᠶᠠᠪᠤᠯᠴᠠᠭ᠎ᠠ ᠪᠠᠨ ᠦᠷᠭᠦᠯᠵᠢᠯᠡᠨ ᠪᠠᠲᠤᠯᠠᠵᠤ᠂ ᠳᠤᠮᠳᠠᠳᠤ ᠤᠷᠤᠰ ᠤᠨ ᠬᠠᠷᠢᠯᠴᠠᠭ᠎ᠠ | ᠢᠮᠠᠭᠲᠠ ᠤᠷᠤᠭᠰᠢᠲᠠᠢ ᠲᠣᠭᠲᠠᠭᠤᠨ ᠢᠶᠠᠷ ᠤᠷᠤᠭᠰᠢ ᠬᠥᠭᠵᠢᠬᠦ ᠶᠢ ᠪᠠᠲᠤᠯᠠᠨ᠎ᠠ ᠭᠡᠵᠦ ᠰᠠᠨᠠᠯ ᠨᠢᠭᠡᠲᠡᠢ ᠵᠥᠪᠰᠢᠶᠡᠷᠡᠪᠡ᠃ | ᠬᠤᠶᠠᠷ ᠲᠠᠯ᠎ᠠ ᠪᠠᠷ ᠢᠶᠠᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠤᠢ ᠶᠢ ᠪᠡᠯᠭᠡᠯᠡᠬᠦ ᠪᠠ ᠳᠤᠮᠳᠠᠳᠤ | ᠤᠷᠤᠰ ᠤᠨ ᠰᠣᠶᠣᠯ ᠤᠨ ᠣᠨ ᠢ ᠡᠷᠭᠢᠯᠡᠭᠦ ᠪᠠᠷ ᠠᠵᠠ ᠲᠣᠭᠢᠶᠠᠯ ᠪᠤᠯᠭᠠᠵᠤ᠂ ᠮᠢᠨᠤ ᠶᠡᠷᠦᠩᠬᠡᠶᠢᠯᠡᠭᠴᠢ ᠫᠦᠲ᠋ᠢᠨ ᠲᠠᠢ | ᠲᠣᠬᠢᠷᠠᠯᠴᠠᠭᠰᠠᠨ ᠠᠯᠢ ᠤᠯᠠᠨ ᠴᠢᠬᠤᠯᠠ ᠬᠠᠮᠲᠤ ᠶᠢᠨ ᠲᠠᠨᠢᠯᠲᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠤᠨ᠎ᠠ ᠭᠡᠵᠦ | ᠵᠢᠭᠠᠵᠤ ᠭᠠᠷᠭᠠᠪᠠ᠃ | ᠰᠢ ᠶᠢᠨ ᠫᠢᠩ᠂ ᠳᠤᠮᠳᠠᠳᠤ ᠤᠯᠤᠰ ᠤᠨ ᠬᠢᠨ ᠤᠷᠤᠰ ᠤᠨ ᠠᠷᠠᠳ ᠲᠦᠮᠡᠨ ᠤ ᠲᠤᠰ ᠤᠯᠤᠰ ᠤᠨ ᠢᠶᠠᠨ ᠪᠠᠶᠢᠳᠠᠯ ᠳᠤ | ᠨᠡᠶᠢᠴᠡᠭᠰᠡᠨ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠲᠡᠮᠵᠢᠵᠥ᠂ ᠤᠷᠤᠰ ᠤᠨ ᠬᠢᠨ ᠤ ᠰᠦᠷᠳᠡᠭᠦᠯᠬᠦ ᠦᠵᠡᠯ ᠳᠤ ᠴᠣᠬᠢᠯᠲᠠ | ᠥᠭᠴᠦ᠂ ᠨᠡᠶᠢᠭᠡᠮ ᠤᠨ ᠠᠮᠤᠷ ᠲᠦᠪᠰᠢᠨ ᠲᠣᠭᠲᠠᠭᠤᠨ ᠢ ᠬᠠᠮᠠᠭᠠᠯᠠᠬᠤ ᠶᠢ ᠲᠡᠮᠵᠢᠨ᠎ᠡ᠃ ᠳᠤᠮᠳᠠᠳᠤ ᠶᠢᠨ ᠲᠠᠯ᠎ᠠ ᠶᠢᠨ ᠬᠢᠨ | ᠳᠤᠮᠳᠠᠳᠤ ᠤᠷᠤᠰ ᠤᠨ ᠬᠠᠷᠢᠯᠴᠠᠭ᠎ᠠ ᠶᠢᠨ ᠬᠥᠭᠵᠢᠯᠲᠡ ᠶᠢ ᠢᠮᠠᠭᠲᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠳᠤᠷᠠᠲᠠᠶ᠎ᠠ | ᠤᠷᠤᠰ ᠯᠤᠭ᠎ᠠ ᠬᠤᠶᠠᠷ ᠲᠠᠯ᠎ᠠ ᠶᠢᠨ ᠣᠯᠣᠯᠴᠠᠭ᠎ᠠ ᠪᠠᠨ ᠨᠢᠭᠲᠠᠷᠠᠭᠤᠯᠵᠤ᠂ ᠠᠯᠳᠠᠨ ᠲᠣᠭᠤᠰᠭ᠋᠎ᠠ ᠤᠯᠤᠰ ᠤᠳ᠂ | ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠵᠡᠷᠭᠡ ᠤᠯᠠᠨ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ | ᠬᠠᠮᠵᠢᠯᠴᠠᠭ᠎ᠠ ᠪᠠᠨ ᠴᠢᠩᠭᠠᠳᠬᠠᠵᠤ᠂ ᠨᠡᠩ ᠤᠯᠠᠨ ᠬᠠᠷᠢᠭᠤᠴᠠᠯᠭ᠎ᠠ ᠶᠢ ᠢᠯᠡᠷᠡᠭᠦᠯᠵᠦ᠂ ᠡᠷᠬᠡ ᠲᠡᠭᠰᠢ᠂ ᠨᠡᠭᠡᠭᠡᠯᠲᠡᠲᠡᠢ᠂ | ᠢᠯᠡ ᠲᠣᠳᠣ᠂ ᠪᠠᠭᠲᠠᠭᠠᠮᠵᠢᠲᠠᠢ ᠵᠣᠷᠢᠭ ᠰᠠᠨᠠᠭ᠎ᠠ ᠪᠠᠷ ︽ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ︾ ᠤᠯᠤᠰ ᠤᠳ ᠲᠠᠢ | ᠪᠦᠯᠬᠦᠮᠳᠡᠵᠦ᠂ ᠪᠦᠭᠦ ᠪᠥᠮᠪᠥᠷᠴᠡᠭ ᠤᠨ ᠵᠠᠰᠠᠯᠲᠠ ᠶᠢᠨ ᠰᠢᠰᠲ᠋ᠧᠮ ᠤᠨ ᠬᠤᠪᠢᠰᠤᠯᠲᠠ ᠶᠢ ᠠᠬᠢᠭᠤᠯᠵᠤ᠂ ᠬᠥᠮᠥᠨ | ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠬᠦᠴᠦᠲᠡᠢ ᠬᠥᠲᠥᠯᠥᠨ ᠳᠠᠭᠠᠭᠤᠯᠤᠨ᠎ᠠ | ᠭᠡᠵᠦ ᠴᠢᠬᠤᠯᠠᠴᠢᠯᠠᠪᠠ᠃ | ᠯᠠᠹᠯᠤᠹ ᠶᠡᠷᠦᠩᠬᠡᠶᠢᠯᠡᠭᠴᠢ ᠫᠦᠲ᠋ᠢᠨ ᠤ ᠲᠡᠷᠢᠭᠦᠯᠡᠭᠴᠢ ᠰᠢ ᠶᠢᠨ ᠫᠢᠩ ᠳᠤ ᠳᠡᠪᠰᠢᠭᠦᠯᠦᠭᠰᠡᠨ ᠳᠣᠲᠣᠨᠣ ᠮᠡᠨᠳᠦᠴᠢᠯᠡᠯ | ᠪᠣᠯᠣᠨ ᠰᠠᠶᠢᠨ ᠰᠠᠶᠢᠬᠠᠨ ᠵᠥᠩᠨᠡᠯ ᠢ ᠳᠠᠮᠵᠢᠭᠤᠯᠪᠠ᠃ ᠲᠡᠷᠢᠭᠦᠯᠡᠭᠴᠢ ᠰᠢ ᠶᠢᠨ ᠫᠢᠩ ᠤᠨ ᠪᠠᠲᠤ ᠴᠢᠩᠭ᠎ᠠ ᠤᠳᠤᠷᠢᠳᠤᠯᠭ᠎ᠠ | ᠳᠣᠣᠷ᠎ᠠ᠂ ᠳᠤᠮᠳᠠᠳᠤ ᠤᠯᠤᠰ ᠳᠡᠯᠡᠬᠡᠢ ᠳ᠋ᠠᠬᠢᠨ ᠤ ᠠᠩᠬᠠᠷᠤᠯ ᠢ ᠲᠠᠲᠠᠭᠰᠠᠨ ᠠᠮᠵᠢᠯᠲᠠ ᠣᠯᠵᠤ᠂ ᠪᠤᠰᠤᠳ ᠤᠯᠤᠰ ᠤᠨ | ᠬᠠᠮᠲᠤ ᠶᠢᠨ ᠬᠥᠭᠵᠢᠯᠲᠡ ᠶᠢ ᠪᠡᠶᠡᠯᠡᠭᠦᠯᠬᠦ ᠳᠤ ᠴᠢᠬᠤᠯᠠ ᠠᠵᠠ ᠲᠣᠭᠢᠶᠠᠯ ᠬᠠᠩᠭᠠᠵᠠᠢ᠂ ᠤᠷᠤᠰ ᠤᠨ ᠬᠢᠨ ᠡᠭᠦᠨ ᠢ ᠶᠡᠬᠡᠳᠡ | ᠪᠢᠰᠢᠷᠡᠵᠦ ᠪᠠᠶᠢᠨ᠎ᠠ᠃ ᠤᠷᠤᠰ ᠤᠨ ᠭᠠᠳᠠᠭᠠᠳᠤ ᠲᠦᠷᠦ ᠶᠢᠨ ᠪᠣᠳᠣᠯᠭ᠎ᠠ ᠶᠢᠨ ᠲᠡᠷᠢᠭᠦᠨ ᠴᠢᠬᠤᠯᠠ ᠴᠢᠭᠯᠡᠯᠲᠡ ᠪᠣᠯ | ᠳᠤᠮᠳᠠᠳᠤ ᠤᠯᠤᠰ ᠯᠤᠭ᠎ᠠ ᠶᠢᠨ ᠬᠠᠷᠢᠯᠴᠠᠭ᠎ᠠ ᠶᠢ ᠪᠦᠭᠦ ᠲᠠᠯ᠎ᠠ ᠪᠠᠷ ᠪᠠᠬᠢᠵᠢᠭᠦᠯᠦᠨ ᠳᠡᠭᠡᠭᠰᠢᠯᠡᠭᠦᠯᠦᠨ᠎ᠡ᠃ ᠶᠡᠷᠦᠩᠬᠡᠶᠢᠯᠡᠭᠴᠢ | ᠫᠦᠲ᠋ᠢᠨ ᠤᠷᠤᠭᠰᠢᠲᠠᠢ ᠪᠠᠷ ᠰᠣᠩᠭᠤᠭᠳᠠᠵᠤ ᠦᠷᠭᠦᠯᠵᠢᠯᠡᠨ ᠲᠤᠰᠢᠶᠠᠯ ᠡᠭᠦᠷᠭᠡᠯᠡᠬᠦ ᠪᠣᠯᠤᠭᠰᠠᠨ ᠨᠢ ᠤᠷᠤᠰ ᠳᠤᠮᠳᠠᠳᠤ ᠶᠢᠨ | ᠬᠠᠷᠢᠯᠴᠠᠭᠠᠨ ᠤ ᠦᠷᠭᠦᠯᠵᠢᠯᠡᠬᠦ ᠴᠢᠨᠠᠷ ᠢ ᠪᠠᠲᠤᠯᠠᠪᠠ᠃ ᠤᠷᠤᠰ ᠳᠤᠮᠳᠠᠳᠤ ᠶᠢᠨ ᠬᠠᠷᠢᠯᠴᠠᠭ᠎ᠠ ᠡᠷᠬᠡ ᠲᠡᠭᠰᠢ ᠬᠠᠷᠢᠯᠴᠠᠨ | ᠠᠰᠢᠭᠲᠠᠢ ᠪᠠᠶᠢᠬᠤ ᠰᠠᠭᠤᠷᠢᠨ ᠳᠡᠭᠡᠷ᠎ᠡ ᠪᠠᠶᠢᠭᠤᠯᠤᠭᠳᠠᠵᠤ᠂ ᠬᠦᠢᠲᠡᠨ ᠲᠠᠶᠢᠨ ᠤ ᠦᠶ᠎ᠡ ᠶᠢᠨ ᠬᠤᠯᠪᠣᠭᠠᠨ ᠤ ᠬᠠᠷᠢᠴᠠᠭ᠎ᠠ ᠶᠢ | ᠳᠠᠪᠠᠵᠤ᠂ ᠬᠦᠴᠦᠷᠬᠡᠭ ᠶᠡᠭᠡ ᠤᠶᠠᠨ ᠬᠠᠳᠠᠨ ᠴᠢᠨᠠᠷ ᠢᠶᠠᠨ ᠢᠯᠡᠷᠡᠭᠦᠯᠪᠡ᠃ ᠤᠷᠤᠰ ᠤᠨ ᠬᠢᠨ ᠳᠤᠷᠠᠲᠠᠶ᠎ᠠ ᠳᠤᠮᠳᠠᠳᠤ | ᠤᠯᠤᠰ ᠯᠤᠭ᠎ᠠ ᠬᠤᠶᠠᠷ ᠤᠯᠤᠰ ᠤᠨ ᠲᠡᠷᠢᠭᠦᠨ ᠤ ᠴᠢᠬᠤᠯᠠ ᠬᠠᠮᠲᠤ ᠶᠢᠨ ᠲᠠᠨᠢᠯᠲᠠ ᠶᠢ ᠨᠠᠷᠢᠨ ᠬᠢᠨᠠᠮᠠᠭᠠᠢ | ᠨᠠᠶᠢᠳᠠᠪᠤᠷᠢᠵᠢᠭᠤᠯᠵᠤ᠂ ᠬᠤᠶᠠᠷ ᠲᠠᠯ᠎ᠠ ᠶᠢᠨ ᠪᠠ ᠤᠯᠠᠨ ᠲᠠᠯ᠎ᠠ ᠶᠢᠨ ᠬᠠᠮᠵᠢᠯᠴᠠᠭ᠎ᠠ ᠪᠠᠨ ᠴᠢᠩᠭᠠᠳᠬᠠᠵᠤ᠂ ᠪᠤᠰᠤᠳ ︽ | ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ︾ ᠤᠯᠤᠰ ᠤᠳ ᠲᠠᠢ ᠬᠠᠮᠲᠤ ᠪᠠᠷ ᠪᠦᠯᠬᠦᠮᠳᠡᠯ ᠬᠠᠮᠲᠤᠷᠠᠯᠴᠠᠭ᠎ᠠ ᠪᠠᠨ | ᠴᠢᠩᠭᠠᠳᠬᠠᠵᠤ᠂ ᠨᠡᠩ ᠡᠷᠬᠡ ᠲᠡᠭᠰᠢ ᠲᠥᠪ ᠭᠤᠣᠯᠴᠢ ᠤᠯᠠᠨ ᠤᠯᠤᠰ ᠤᠨ ᠡᠮᠬᠢ ᠳᠢᠭᠯᠢᠮ ᠢ ᠠᠬᠢᠭᠤᠯᠤᠨ | ᠪᠦᠷᠢᠯᠳᠦᠭᠦᠯᠬᠦ ᠳᠤ ᠬᠤᠪᠢ ᠨᠡᠮᠡᠷᠢ ᠦᠵᠡᠭᠦᠯᠦᠨ᠎ᠡ ᠭᠡᠵᠦ ᠢᠯᠡᠳᠬᠡᠪᠡ᠃ | ᠸᠠᠩ ᠢ ᠠᠭᠤᠯᠵᠠᠯᠲᠠ ᠳᠤ ᠣᠷᠣᠯᠴᠠᠵᠠᠢ᠃ | |